ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠬᠦ ᠬᠣᠷᠢᠨ ᠵᠢᠷᠭᠣᠭ᠋ᠠᠨ ᠵᠦᠢ᠍ᠯ᠎ᠢ ᠰᠢᠨ᠎ᠡ ᠣᠨ᠎ᠠᠴᠠ ᠡᠬᠢᠯᠡᠨ ᠬᠡᠷᠡᠭᠵᠢᠭᠦᠯᠦᠨ᠎ᠡ!
ᠨᠡᠶ᠋ᠢᠲᠡᠯᠡᠭᠰᠡᠨ ᠴᠠᠭ᠄ 2021-01-20

      ᠣᠢ᠌ᠷ᠎ᠠ᠎ᠳᠤ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ 《ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠠᠷᠠᠳ᠎ᠲᠤ ᠲᠥᠬᠥᠮ ᠦᠵᠡᠭᠦᠯᠵᠦ ᠠᠵᠤ ᠠᠬᠣᠢ᠌ᠯᠠᠯ᠎ᠳᠤ ᠬᠠᠷᠠᠭ᠋ᠠᠯᠵᠠᠯ ᠦᠵᠡᠭᠦᠯᠬᠦ ᠬᠣᠷᠢᠨ ᠵᠢᠷᠭᠤᠭ᠋ᠠᠨ ᠵᠦᠢ᠍ᠯ᠎ᠤᠨ ᠠᠷᠭ᠎ᠠ ᠬᠡᠮᠵᠢᠶ᠎ᠡ》 ᠵᠢ ᠨᠡᠶ᠋ᠢᠲᠡᠯᠡᠵᠦ᠂ ᠣᠯᠠᠨ ᠲᠦᠮᠡᠨ᠎ᠳᠤ ᠬᠠᠮᠤᠭ᠎ᠤᠨ ᠶᠡᠬᠡ ᠬᠡᠮᠵᠢᠶ᠎ᠡ᠎ᠪᠠᠷ ᠲᠥᠬᠥᠮ ᠦᠵᠡᠭᠦᠯᠵᠦ᠂ ᠠᠵᠤ ᠠᠬᠤᠶ᠋ᠢᠯᠠᠯ᠎ᠤᠨ ᠠᠵᠢᠯ ᠬᠢᠵᠦ ᠠᠳᠠᠯ ᠦᠢ᠍ᠯᠡᠰ ᠪᠣᠰᠬᠠᠬᠣ ᠵᠢ ᠳᠡᠮᠵᠢᠭᠰᠡᠨ ᠪᠠᠢ᠌ᠨ᠎ᠠ᠃


ᠮᠠᠲ᠋ᠧᠷᠢᠶᠠᠯ᠎ᠢ ᠬᠠᠰᠤᠬᠤ ᠲᠠᠯ᠎ᠠ᠎ᠪᠠᠷ 8 ᠵᠤᠷᠪᠤᠰ ᠠᠷᠭ᠎ᠠ ᠬᠡᠮᠵᠢᠶ᠎ᠡ ᠳᠣᠷᠠᠳᠪᠠ᠄
      ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ ᠵᠢᠨ ᠨᠥᠬᠥᠴᠡᠯ ᠶᠣᠰᠣᠭ᠋ᠠᠷ ᠡᠷᠦᠬᠡ ᠠᠮᠠ ᠣᠷᠣᠬᠤ ᠵᠢ ᠭᠦᠢ᠍ᠴᠡᠳᠬᠡᠬᠦ᠎ᠳᠤ᠂ ᠬᠤᠪᠢ ᠬᠥᠮᠦᠨ᠎ᠤ ᠭᠤᠶᠤᠴᠢᠯᠠᠯ᠎ᠤᠨ ᠪᠢᠴᠢᠭ᠂ ᠭᠡᠷ ᠪᠠᠶ᠋ᠢᠰᠢᠩ᠎ᠤᠨ ᠥᠮᠴᠢᠯᠡᠬᠦ ᠡᠷᠬᠡ ᠵᠢᠨ ᠬᠠᠷᠢᠶᠠᠯᠠᠯ᠎ᠤᠨ ᠭᠡᠷᠡᠴᠢ ᠪᠤᠶᠤ ᠭᠡᠷ ᠪᠠᠶ᠋ᠢᠰᠢᠩ ᠲᠦᠷᠢᠶᠡᠰᠦᠯᠡᠬᠦ ᠭᠡᠷ᠎ᠡ ᠵᠢ ᠬᠠᠩᠭ᠋ᠠᠪᠠᠯ ᠳᠠᠷᠤᠶ ᠭᠦᠢ᠍ᠴᠡᠳᠬᠡᠵᠦ ᠪᠣᠯᠤᠨ᠎ᠠ᠃ ᠠᠳᠠᠯ ᠠᠬᠤᠢ ᠵᠢᠨ ᠭᠡᠷᠡᠴᠢ᠂ ᠰᠠᠭᠤᠭ᠋ᠠᠯᠢ ᠠᠷᠠᠳ᠎ᠤᠨ ᠵᠥᠪᠯᠡᠯ᠎ᠤᠨ ᠭᠡᠷᠡᠴᠢ᠂ ᠵᠡᠭᠡᠯᠢ ᠭᠤᠳᠤᠮᠵᠢ ᠵᠢᠨ ᠭᠡᠷᠡᠴᠢ᠂ ᠬᠣᠲᠠ ᠪᠠᠯᠭ᠋ᠠᠰᠤ ᠵᠢᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠣᠭᠣᠴᠠᠭ᠎ᠠ ᠵᠢᠯ᠎ᠤᠨ ᠭᠡᠷᠡᠴᠢ ᠵᠡᠷᠭᠡ ᠵᠢ ᠬᠠᠩᠭ᠋ᠠᠬᠤ ᠴᠢᠬᠤᠯᠠ ᠦᠭᠡᠢ᠃
      ᠬᠠᠤᠯᠢ ᠶᠣᠰᠣᠨ᠎ᠤ ᠲᠣᠭᠲᠠᠪᠤᠷᠢᠲᠠᠶ ᠠᠵᠢᠯ ᠣᠯᠣᠭᠰᠠᠨ ᠨᠥᠬᠥᠴᠡᠯ ᠶᠣᠰᠣᠭ᠋ᠠᠷ ᠡᠷᠦᠬᠡ ᠠᠮᠠ ᠣᠷᠣᠬᠣ ᠵᠢ ᠭᠦᠢ᠍ᠴᠡᠳᠬᠡᠬᠦ᠎ᠳᠤ᠂ ᠬᠣᠪᠢ ᠬᠥᠮᠦᠨ᠎ᠤ ᠭᠤᠶᠤᠴᠢᠯᠠᠯ᠎ᠤᠨ ᠪᠢᠴᠢᠭ᠂ ᠠᠵᠢᠯᠯᠠᠬᠣ ᠪᠠᠢ᠌ᠭᠣᠯᠭ᠎ᠠ ᠨᠢᠭᠡᠴᠢ᠎ᠲᠠᠢ ᠲᠣᠭᠲᠠᠭ᠋ᠠᠭᠰᠠᠨ ᠬᠦᠳᠡᠯᠮᠦᠷᠢ ᠵᠢᠨ ᠭᠡᠷ᠎ᠡ ᠪᠤᠶᠤ ᠦᠢ᠍ᠯᠡᠳᠪᠦᠷᠢ ᠬᠤᠳᠠᠯᠳᠤᠭ᠋ᠠᠨ᠎ᠤ ᠦᠨᠡᠮᠯᠡᠯ᠎ᠢ ᠬᠠᠩᠭ᠋ᠠᠪᠠᠯ ᠳᠠᠷᠤᠢ ᠭᠦᠢ᠍ᠴᠡᠳᠬᠡᠯ ᠬᠢᠵᠦ ᠪᠣᠯᠤᠨ᠎ᠠ᠃ ᠠᠳᠠᠯ ᠠᠬᠤᠢ ᠵᠢᠨ ᠭᠡᠷᠡᠴᠢ᠂ ᠰᠠᠭᠤᠭ᠋ᠠᠯᠢ ᠠᠷᠠᠳ᠎ᠤᠨ ᠵᠥᠪᠯᠡᠯ᠎ᠤᠨ ᠭᠡᠷᠡᠴᠢ᠂ ᠵᠡᠭᠡᠯᠢ ᠭᠤᠳᠤᠮᠵᠢ ᠵᠢᠨ ᠭᠡᠷᠡᠴᠢ᠂ ᠬᠣᠲᠠ ᠪᠠᠯᠭ᠋ᠠᠰᠤ ᠵᠢᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠣᠭᠣᠴᠠᠭ᠎ᠠ ᠵᠢᠯ᠎ᠤᠨ ᠭᠡᠷᠡᠴᠢ ᠵᠡᠷᠭᠡ ᠵᠢ ᠬᠠᠩᠭ᠋ᠠᠬᠤ ᠴᠢᠬᠤᠯᠠ ᠦᠭᠡᠢ᠃
      ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠡᠷᠭᠡᠵᠢᠯ᠎ᠤᠨ ᠠᠵᠢᠯᠴᠢᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ ᠲᠣᠮᠣ ᠳᠤᠮᠳᠠ ᠪᠠᠭ᠎ᠠ ᠬᠣᠲᠠ᠂ ᠪᠠᠶ᠋ᠢᠭᠤᠯᠤᠮᠵᠢᠲᠤ ᠪᠠᠯᠭ᠋ᠠᠰᠤᠨ᠎ᠳᠤ ᠡᠷᠦᠬᠡ ᠠᠮᠠ ᠣᠷᠣᠬᠤ᠎ᠪᠠᠷ ᠭᠣᠶᠣᠴᠢᠯᠠᠬᠣ᠎ᠳᠤ᠂ ᠬᠤᠪᠢ ᠬᠥᠮᠦᠨ᠎ᠤ ᠭᠤᠶᠤᠴᠢᠯᠠᠯ᠎ᠤᠨ ᠪᠢᠴᠢᠭ᠂ ᠰᠤᠷᠤᠯᠭ᠎ᠠ ᠲᠡᠭᠦᠰᠦᠭᠰᠡᠨ ᠦᠨᠡᠮᠯᠡᠯ᠂ ᠮᠡᠷᠭᠡᠵᠢᠯ᠎ᠤᠨ ᠵᠡᠷᠭᠡ ᠳᠡᠰ᠎ᠤᠨ ᠦᠨᠡᠮᠯᠡᠯ ᠪᠤᠶᠤ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠢ ᠬᠠᠩᠭ᠋ᠠᠵᠤ ᠭᠦᠢ᠍ᠴᠡᠳᠬᠡᠯ ᠬᠢᠵᠦ ᠪᠣᠯᠤᠨ᠎ᠠ᠃ ᠣᠷᠣᠨ ᠰᠠᠭᠤᠴᠠ ᠵᠢᠨ ᠭᠡᠷᠡᠴᠢ᠂ ᠠᠵᠢᠯ ᠣᠯᠤᠭᠰᠠᠨ ᠭᠡᠷᠡᠴᠢ᠂ ᠬᠣᠲᠠ ᠪᠠᠯᠭ᠋ᠠᠰᠤ ᠵᠢᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠭᠡᠷᠡᠴᠢ᠂ ᠣᠷᠣᠰᠢᠨ ᠰᠠᠭᠤᠭᠰᠠᠨ ᠬᠣᠭᠣᠴᠠᠭ᠎ᠠ ᠵᠢᠯ᠎ᠤᠨ ᠭᠡᠷᠡᠴᠢ ᠵᠡᠷᠭᠡ ᠵᠢ ᠬᠠᠩᠭ᠋ᠠᠬᠤ ᠴᠢᠬᠤᠯᠠ ᠥᠬᠡᠶ᠃
      ᠠᠳᠠᠯᠢ ᠨᠢᠭᠡᠨ ᠬᠣᠲᠠ᠂ ᠪᠠᠶ᠋ᠢᠭᠤᠯᠤᠮᠵᠢᠲᠤ ᠪᠠᠯᠭ᠋ᠠᠰᠤᠨ᠎ᠳᠤ ᠵᠠᠯᠭ᠋ᠠᠭ᠎ᠠ᠎ᠪᠠᠷ 6 ᠰᠠᠷ᠎ᠠ᠎ᠠᠴᠠ ᠳᠡᠭᠡᠭᠰᠢ ᠰᠠᠭᠣᠭᠰᠠᠨ ᠬᠥᠮᠦᠰ ᠡᠷᠦᠬᠡ ᠠᠮᠠ ᠣᠷᠣᠬᠤ᠎ᠪᠠᠷ ᠭᠣᠶᠣᠴᠢᠯᠠᠬᠣ᠎ᠳᠤ᠂ ᠪᠠᠶ᠋ᠢᠩᠭᠤ ᠰᠠᠭᠤᠭ᠎ᠠ ᠭᠠᠵᠠᠷ᠎ᠤᠨ ᠡᠷᠦᠬᠡ ᠠᠮᠠ ᠳᠠᠩᠰᠠᠯᠠᠬᠤ ᠵᠠᠷᠴᠢᠮ ᠶᠣᠰᠣᠭ᠋ᠠᠷ᠂ ᠲᠤᠰ ᠬᠥᠮᠦᠨ᠎ᠤ ᠭᠤᠶᠤᠴᠢᠯᠠᠯ᠎ᠤᠨ ᠪᠢᠴᠢᠭ᠂ ᠦᠷᠭᠦᠯᠵᠢᠯᠡᠨ ᠣᠷᠣᠰᠢᠨ ᠰᠠᠭᠤᠭᠰᠠᠨ ᠭᠡᠷᠡᠴᠢ ᠵᠢ ᠬᠠᠩᠭ᠋ᠠᠪᠠᠯ ᠳᠠᠷᠤᠶ ᠭᠦᠢ᠍ᠴᠡᠳᠬᠡᠵᠦ ᠪᠣᠯᠤᠨ᠎ᠠ᠃ ᠣᠷᠣᠨ ᠰᠠᠭᠤᠴᠠ ᠵᠢᠨ ᠭᠡᠷᠡᠴᠢ᠂ ᠠᠵᠢᠯ ᠣᠯᠤᠭᠰᠠᠨ ᠭᠡᠷᠡᠴᠢ᠂ ᠬᠣᠲᠠ ᠪᠠᠯᠭ᠋ᠠᠰᠤ ᠵᠢᠨ ᠨᠡᠶ᠋ᠢᠭᠡᠮ ᠎ᠤᠨ   ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠵᠡᠷᠭᠡ ᠵᠢ ᠬᠠᠩᠭ᠋ᠠᠬᠤ ᠴᠢᠬᠤᠯᠠ ᠥᠬᠡᠶ᠃
      ᠡᠴᠢᠭᠡ ᠡᠬᠡ᠂ ᠦᠷ᠎ᠡ ᠬᠡᠦᠬᠡᠳ᠎ᠨᠢ ᠲᠦᠰᠢᠭ ᠪᠣᠯᠵᠤ ᠡᠷᠦᠬᠡ ᠠᠮᠠ ᠣᠷᠣᠬᠣ ᠵᠢ ᠭᠦᠢ᠍ᠴᠡᠳᠬᠡᠬᠦ᠎ᠳᠤ᠂ ᠲᠤᠰ ᠬᠥᠮᠦᠨ᠎ᠤ ᠭᠤᠶᠤᠴᠢᠯᠠᠯ᠎ᠤᠨ ᠪᠢᠴᠢᠭ᠂ ᠬᠠᠷᠢᠴᠠᠭ᠋ᠠᠨ᠎ᠤ ᠭᠡᠷᠡᠴᠢ ᠵᠢ ᠬᠠᠩᠭ᠋ᠠᠪᠠᠯ ᠳᠠᠷᠤᠶ ᠭᠦᠢ᠍ᠴᠡᠳᠬᠡᠵᠦ ᠪᠣᠯᠣᠨ᠎ᠠ᠃ ᠣᠷᠣᠭ᠎ᠤᠨ ᠪᠠᠶ᠋ᠢᠳᠠᠯ᠎ᠤᠨ ᠭᠡᠷᠡᠴᠢ᠂ ᠬᠣᠲᠠ ᠪᠠᠯᠭ᠋ᠠᠰᠤ ᠵᠢᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠪᠠ ᠣᠷᠣᠨ ᠰᠠᠭᠤᠴᠠ ᠵᠢᠨ ᠲᠠᠯᠠᠪᠠᠶ ᠵᠢᠨ ᠭᠡᠷᠡᠴᠢ ᠬᠠᠩᠭ᠋ᠠᠬᠤ ᠴᠢᠬᠤᠯᠠ ᠥᠬᠡᠶ᠃
      ᠣᠷᠣᠨ᠎ᠤ ᠳᠣᠲᠣᠷ᠎ᠠ ᠠᠶ᠋ᠢᠮᠠᠭ ᠬᠣᠲᠠ ᠠᠯᠤᠰᠯᠠᠨ ᠡᠷᠦᠬᠡ ᠠᠮᠠ ᠰᠢᠯᠵᠢᠭᠦᠯᠬᠦ᠎ᠳᠤ 《ᠨᠢᠭᠡ ᠥᠷᠲᠡᠭᠡ

ᠮᠠᠶᠢᠭ》᠎ᠢ ᠬᠡᠷᠡᠭᠵᠢᠭᠦᠯᠦᠨ᠎ᠡ᠃ ᠣᠷᠣᠨ᠎ᠤ ᠳᠣᠲᠣᠷ᠎ᠠ ᠡᠷᠦᠬᠡ ᠠᠮᠠ ᠰᠢᠯᠵᠢᠭᠦᠯᠬᠦ ᠵᠢ ᠭᠦᠢ᠍ᠴᠡᠳᠬᠡᠬᠦ ᠬᠥᠮᠦᠰ ᠰᠢᠯᠵᠢᠨ ᠣᠷᠣᠭᠤᠯᠬᠤ ᠭᠠᠵᠠᠷ᠎ᠤᠨ ᠲᠣᠮᠢᠯᠠᠭᠰᠠᠨ ᠰᠠᠯᠪᠤᠷᠢ᠎ᠳᠤ ᠣᠴᠢᠵᠤ ᠭᠤᠶᠤᠴᠢᠯᠠᠨ ᠭᠦᠢ᠍ᠴᠡᠳᠬᠡᠵᠦ᠂ ᠡᠷᠦᠬᠡ ᠠᠮᠠ ᠵᠢ ᠵᠥᠪᠰᠢᠶᠡᠷᠡᠨ ᠰᠢᠯᠵᠢᠭᠦᠯᠬᠦ ᠪᠠ ᠰᠢᠯᠵᠢᠭᠦᠯᠬᠦ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠳᠠᠮᠵᠢᠭᠣᠯᠣᠨ᠎ᠠ᠃ ᠴᠠᠭ᠋ᠠᠰᠤᠨ 《ᠡᠷᠦᠬᠡ ᠠᠮᠠ ᠰᠢᠯᠵᠢᠭᠦᠯᠬᠦ ᠵᠥᠪᠰᠢᠶᠡᠷᠡᠯ᠎ᠤᠨ ᠦᠨᠡᠮᠯᠡᠯ》 ᠪᠠ 《ᠡᠷᠦᠬᠡ ᠠᠮᠠ ᠰᠢᠯᠵᠢᠭᠦᠯᠬᠦ ᠦᠨᠡᠮᠯᠡᠯ》᠎ᠢ ᠬᠦᠴᠦᠨ ᠦᠭᠡᠢ ᠪᠣᠯᠭ᠋ᠠᠨ᠎ᠠ᠃
      ᠡᠷᠦᠬᠡ ᠠᠮᠠ ᠣᠷᠣᠬᠤ ᠲᠤᠬᠠᠶ᠋ᠢᠯᠠᠭᠰᠠᠨ ᠭᠠᠷ ᠭᠦᠢ᠍ᠴᠡᠳᠬᠡᠯ ᠬᠢᠬᠦ ᠦᠶ᠎ᠡ᠎ᠳᠤ᠂ ᠡᠷᠦᠬᠡ ᠠᠮᠠ ᠣᠷᠣᠭᠣᠯᠬᠣ ᠭᠠᠵᠠᠷ᠎ᠤᠨ ᠪᠣᠳᠠᠲᠠᠶ ᠰᠠᠭᠤᠭ᠎ᠠ (ᠭᠡᠷ ᠪᠠᠶ᠋ᠢᠰᠢᠩ᠎ᠤᠨ ᠣᠷᠣᠵᠤ ᠰᠠᠭᠤᠭᠰᠠᠨ) ᠪᠠᠶ᠋ᠢᠳᠠᠯ᠎ᠤᠨ ᠪᠠᠢ᠌ᠴᠠᠭ᠋ᠠᠯᠲᠠ᠎ᠳᠤ ᠨᠡᠶ᠋ᠢᠭᠡᠮ ᠲᠣᠭᠣᠷᠢᠭ᠎ᠤᠨ ᠠᠷᠠᠳ  ᠎ᠤᠨ   ᠴᠠᠭᠳᠠᠭ᠎ᠠ ᠬᠢᠨᠠᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠵᠦ᠂ ᠨᠡᠶ᠋ᠢᠭᠡᠮ ᠲᠣᠭᠣᠷᠢᠭ᠎ᠤᠨ ᠠᠷᠠᠳ᠎ᠤᠨ ᠴᠠᠭᠳᠠᠭ᠎ᠠ᠎ᠠᠴᠠ ᠪᠠᠶ᠋ᠢᠴᠠᠭ᠋ᠠᠬᠤ ᠵᠢᠨ ᠬᠠᠮᠲᠤ ᠴᠠᠭ ᠲᠤᠬᠠᠶ᠎ᠳᠤ᠎ᠨᠢ ᠡᠷᠦᠬᠡ ᠠᠮᠠ ᠵᠢᠨ ᠳᠠᠩᠰᠠ ᠬᠠᠷᠢᠭᠣᠴᠠᠬᠣ ᠠᠵᠢᠯᠲᠠᠨ᠎ᠳᠤ ᠬᠠᠩᠭ᠋ᠠᠵᠤ᠂ ᠣᠯᠠᠨ ᠲᠦᠮᠡᠨ ᠣᠷᠣᠰᠢᠨ ᠰᠠᠭᠤᠬᠤ ᠭᠠᠵᠠᠷ᠎ᠤᠨ ᠭᠡᠷᠡᠴᠢ ᠮᠠᠲ᠋ᠧᠷᠢᠶᠠᠯ ᠬᠠᠩᠭ᠋ᠠᠬᠤ ᠴᠢᠬᠤᠯᠠ ᠦᠭᠡᠶ᠂ ᠣᠯᠠᠨ ᠲᠦᠮᠡᠨ᠎ᠢ ᠨᠡᠶ᠋ᠢᠭᠡᠮ ᠲᠣᠭᠣᠷᠢᠭ᠎ᠤᠨ ᠠᠷᠠᠳ᠎ᠤᠨ ᠴᠠᠭᠳᠠᠭ᠎ᠠ ᠵᠢ ᠡᠷᠢᠵᠦ ᠭᠠᠷ᠎ᠤᠨ ᠦᠰᠦᠭ ᠵᠢᠷᠤᠭᠤᠯᠵᠤ ᠨᠤᠲᠠᠯᠠᠭᠤᠯᠬᠤ᠎ᠪᠠᠷ ᠱᠠᠭ᠋ᠠᠷᠳᠠᠵᠤ ᠪᠣᠯᠬᠤ ᠦᠭᠡᠶ᠃
      ᠬᠤᠪᠢ ᠬᠥᠮᠦᠨ᠎ᠤ ᠮᠠᠰᠢᠨ ᠲᠡᠷᠭᠡ ᠵᠢ ᠳᠠᠩᠰᠠᠯᠠᠭᠤᠯᠬᠤ᠎ᠳᠤ ᠪᠡᠶ᠎ᠡ ᠵᠢᠨ ᠦᠨᠡᠮᠯᠡᠯ ᠵᠢᠡᠷ ᠪᠦᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ ᠵᠢ ᠬᠡᠷᠡᠭᠵᠢᠭᠦᠯᠵᠦ᠂ ᠡᠷᠦᠬᠡ ᠠᠮᠠ᠎ᠨᠢ ᠣᠷᠣᠨ᠎ᠤ ᠳᠣᠲᠣᠷ᠎ᠠ ᠭᠠᠵᠠᠷ ᠪᠠᠶ᠋ᠢᠭ᠎ᠠ ᠰᠠᠭᠤᠭ᠋ᠠᠯᠢ ᠠᠷᠠᠳ ᠬᠣᠲᠠ ᠠᠯᠤᠰᠯᠠᠨ ᠡᠵᠡᠩᠨᠡᠯᠲᠡ ᠵᠢᠨ ᠪᠤᠰᠤ ᠵᠢᠵᠢᠭ ᠬᠡᠯᠪᠡᠷᠢ ᠵᠢᠨ ᠰᠠᠭᠣᠳᠠᠯ᠎ᠤᠨ ᠮᠠᠰᠢᠨ ᠲᠡᠷᠭᠡ ᠵᠢ ᠳᠠᠩᠰᠠᠯᠠᠭᠤᠯᠬᠤ᠎ᠪᠠᠷ ᠭᠣᠶᠣᠴᠢᠯᠠᠬᠣ᠎ᠳᠤ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠷ ᠰᠢᠭᠤᠳ ᠭᠦᠢ᠍ᠴᠡᠳᠬᠡᠵᠦ ᠪᠣᠯᠤᠨ᠎ᠠ᠃ ᠣᠷᠣᠰᠢᠨ ᠰᠠᠭᠤᠬᠤ ᠦᠨᠡᠮᠯᠡᠯ ᠪᠤᠶᠤ ᠣᠷᠣᠰᠢᠨ ᠰᠠᠭᠤᠬᠤ ᠳᠠᠩᠰᠠᠯᠠᠯ᠎ᠤᠨ ᠭᠡᠷᠡᠴᠢ ᠪᠠᠷᠢᠮᠲᠠ ᠲᠤᠰᠢᠶᠠᠬᠤ ᠴᠢᠬᠤᠯᠠ ᠦᠭᠡᠢ; ᠮᠠᠨ᠎ᠤ ᠣᠷᠣᠨ᠎ᠤ ᠬᠢᠨᠠᠨ ᠣᠯᠭᠣᠭᠰᠠᠨ ᠰᠢᠶᠠᠩᠭ᠋ᠠᠩ ᠣᠣᠮᠧᠨ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠦᠨᠡᠮᠯᠠᠯ᠎ᠲᠠᠢ ᠪᠠᠶ᠋ᠢᠪᠠᠯ᠂ ᠵᠥᠪᠬᠡᠨ ᠰᠢᠶᠠᠩᠭ᠋ᠠᠩ ᠣᠣᠮᠧᠨ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠦᠨᠡᠮᠯᠠᠯ ᠵᠶ᠋ᠠᠨ ᠲᠣᠰᠢᠶᠠᠪᠠᠯ ᠪᠣᠯᠴᠢᠬᠠᠨ᠎ᠠ; ᠣᠯᠠᠨ ᠲᠦᠮᠡᠨ᠎ᠤ ᠣᠷᠣᠨ᠎ᠤ ᠳᠣᠲᠣᠷ᠎ᠠ ᠣᠨᠳᠣᠤ ᠭᠠᠵᠠᠷ᠎ᠲᠤ ᠲᠡᠷᠭᠡ ᠬᠤᠳᠠᠯᠳᠤᠨ ᠠᠪᠴᠤ ᠳᠠᠩᠰᠠᠯᠠᠭᠤᠯᠬᠤ᠎ᠳᠤ ᠦᠨᠡᠨ ᠬᠦ᠌ ᠲᠥᠬᠥᠮ ᠦᠵᠡᠭᠦᠯᠦᠨ᠎ᠡ᠃


ᠠᠯᠬᠣᠮ ᠳᠠᠷᠠᠭ᠎ᠠ ᠵᠢ ᠪᠠᠭ᠋ᠠᠰᠬᠠᠬᠤ ᠲᠠᠯ᠎ᠠ᠎ᠪᠠᠷ 4 ᠵᠤᠷᠪᠤᠰ ᠠᠷᠭ᠎ᠠ ᠬᠡᠮᠵᠢᠶ᠎ᠡ ᠳᠣᠷᠠᠳᠪᠠ᠄
      ᠡᠩ᠎ᠤᠨ ᠠᠮᠤᠷ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠺᠣᠮᠫᠠᠨᠢ ᠣᠷᠣᠨ᠎ᠤ ᠳᠣᠲᠣᠷ᠎ᠠ ᠬᠤᠪᠢᠶᠠᠷᠢ ᠺᠣᠮᠫᠠᠨᠢ ᠪᠠᠶ᠋ᠢᠭᠤᠯᠵᠤ ᠳᠠᠩᠰᠠᠯᠠᠭᠤᠯᠬᠤ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠣᠯᠭ᠎ᠠ᠎ᠳᠤ ᠣᠴᠢᠵᠤ ᠭᠦᠢ᠍ᠴᠡᠳᠬᠡᠬᠦ ᠴᠢᠬᠣᠯᠠ ᠦᠭᠡᠶ᠃ ᠬᠠᠮᠢᠶ᠎ᠠ ᠪᠦᠬᠦᠢ ᠠᠵᠤ ᠠᠬᠤᠶ᠋ᠢᠯᠠᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠬᠤᠪᠢᠶᠠᠷᠢ ᠺᠣᠮᠫᠠᠨᠢ ᠪᠠᠶ᠋ᠢᠭᠤᠯᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠦᠶᠡᠰ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠡᠳᠡᠭᠡ ᠵᠠᠩᠭᠢ ᠴᠤᠭᠯᠠᠭᠤᠯᠬᠤ ᠵᠢ ᠬᠠᠷᠢᠭᠤᠴᠠᠬᠤ ᠵᠢᠨ ᠬᠠᠮᠲᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠣᠯᠭ᠎ᠠ᠎ᠳᠤ ᠬᠦᠷᠭᠡᠵᠦ᠂ ᠠᠵᠢᠯ ᠡᠷᠬᠢᠯᠡᠬᠦ ᠠᠵᠤ ᠠᠬᠤᠶ᠋ᠢᠯᠠᠯ᠎ᠨᠢ ᠬᠤᠪᠢᠶᠠᠷᠢ ᠺᠣᠮᠫᠠᠨᠢ ᠵᠢᠨ ᠪᠠᠶ᠋ᠢᠭ᠎ᠠ ᠭᠠᠵᠠᠷ᠎ᠲᠤ ᠬᠠᠷᠢᠶ᠎ᠠ ᠣᠷᠣᠨ ᠲᠣᠭᠲᠠᠭ᠋ᠠᠭᠰᠠᠨ ᠬᠣᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠣᠯᠭ᠎ᠠ᠎ᠳᠤ ᠮᠠᠲ᠋ᠧᠷᠢᠶᠠᠯ ᠵᠶ᠋ᠠᠨ ᠲᠤᠰᠢᠶᠠᠵᠤ ᠳᠠᠩᠰᠠᠯᠠᠭᠤᠯᠬᠤ ᠴᠢᠬᠣᠯᠠ ᠦᠭᠡᠶ᠃
     《ᠵᠠᠮ ᠬᠠᠷᠢᠯᠴᠠᠭ᠋ᠠᠨ᠎ᠤ ᠬᠠᠮᠢᠶᠠᠷᠤᠯᠲᠠ 12123》 ᠭᠠᠷ ᠤᠲᠠᠰᠤᠨ᠎ᠤ APP ᠵᠡᠷᠭᠡ ᠠᠷᠭ᠎ᠠ ᠮᠠᠶᠢᠭ ᠵᠶ᠋ᠠᠷ ᠳᠠᠮᠵᠢᠭᠣᠯᠣᠨ ᠳᠦᠷᠢᠶᠡᠰᠦᠯᠡᠭᠰᠡᠨ ᠬᠤᠭᠤᠴᠠᠭ᠋ᠠᠨ᠎ᠤ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠲᠡᠮᠳᠡᠭᠯᠡᠯ᠎ᠢ ᠲᠦᠷᠢᠶᠡᠰᠦᠯᠡᠵᠦ ᠪᠠᠢ᠌ᠭ᠎ᠠ ᠵᠢᠯᠣᠭᠣᠴᠢ᠎ᠳᠤ ᠴᠠᠭ ᠲᠤᠬᠠᠶ᠎ᠳᠤ᠎ᠨᠢ ᠮᠡᠳᠡᠭᠳᠡᠵᠦ᠂ ᠵᠢᠯᠣᠭᠣᠴᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠰᠢᠢ᠍ᠳᠪᠦᠷᠢᠯᠡᠵᠦ᠂ ᠵᠢᠯᠣᠭᠣᠴᠢ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠲᠡᠮᠳᠡᠭᠯᠡᠯ᠎ᠢ ᠰᠢᠢ᠍ᠳᠪᠦᠷᠢᠯᠡᠬᠦ᠎ᠳᠤ ᠬᠡᠷᠡᠭᠰᠡᠬᠦ ᠵᠠᠷᠣᠳᠠᠯ ᠪᠣᠯᠤᠨ ᠴᠠᠭ ᠬᠤᠭᠤᠴᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠳᠦᠷᠢᠶᠡᠰᠦᠯᠡᠭᠰᠡᠨ ᠮᠠᠰᠢᠨ ᠲᠡᠷᠭᠡᠨ᠎ᠤ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠲᠡᠮᠳᠡᠭᠯᠡᠯ᠎ᠢ ᠰᠢᠢ᠍ᠳᠪᠦᠷᠢᠯᠡᠬᠦ ᠨᠣᠷᠮ᠎ᠠ ᠵᠢ ᠳᠡᠭᠡᠭᠰᠢᠯᠡᠭᠦᠯᠦᠨ᠎ᠡ᠃
      ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123 ᠢᠨᠲᠸᠷ ᠰᠦᠯᠵᠢᠶᠡᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠠᠪᠴᠠᠩ᠎ᠤᠨ ᠬᠠᠤᠯᠢ᠎ᠠᠴᠠ ᠵᠥᠷᠢᠴᠡᠭᠰᠡᠨ ᠲᠣᠷᠭ᠋ᠠᠭᠣᠯᠢ ᠵᠢᠨ ᠮᠦᠩᠬᠦ ᠵᠢ ᠲᠤᠰᠢᠶᠠᠬᠤ ᠠᠷᠭ᠎ᠠ ᠵᠠᠮ᠎ᠢ ᠦᠷᠭᠡᠳᠬᠡᠨ᠂ ᠸᠢᠴᠠᠲ᠂ ᠲᠣᠭ᠋ᠠᠴᠠᠭ᠎ᠠ ᠬᠢᠬᠦ ᠡᠷᠳᠡᠨᠢ᠂ ᠪᠠᠩᠬᠢ ᠵᠢᠨ ᠺᠠᠷᠲ ᠵᠶ᠋ᠡᠷ ᠴᠥᠮ ᠲᠤᠰᠢᠶᠠᠵᠤ   ᠪᠣᠯᠬᠣ ᠪᠣᠯᠭ᠋ᠠᠨ᠎ᠠ᠃
      ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠮᠠᠰᠢᠨᠲᠤ ᠲᠡᠷᠭᠡᠨ᠎ᠤ ᠵᠠᠮ ᠬᠠᠷᠢᠯᠴᠠᠭ᠋ᠠᠨ᠎ᠤ ᠠᠯᠪᠠᠳᠠᠯᠭ᠎ᠠ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠪᠣᠳᠠᠲᠠᠶ ᠬᠡᠷᠡᠭᠵᠢᠭᠦᠯᠬᠦ ᠬᠡᠪᠴᠢᠶ᠎ᠡ᠎ᠨᠢ ᠮᠣᠲ᠋ᠣᠷ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ᠂ ᠭᠤᠷᠪᠠᠨ ᠬᠦᠷᠳᠦᠲᠦ ᠲᠡᠷᠭᠡ᠎ᠠᠴᠠ ᠪᠤᠰᠤᠳ ᠬᠡᠯᠪᠡᠷᠢ ᠵᠢᠨ ᠮᠠᠰᠢᠨ ᠲᠡᠷᠭᠡᠨ᠎ᠤ ᠵᠠᠮ ᠬᠠᠷᠢᠯᠴᠠᠭ᠋ᠠᠨ᠎ᠤ ᠠᠯᠪᠠᠳᠠᠯᠭ᠎ᠠ ᠵᠢᠨ ᠳᠠᠭ᠋ᠠᠳᠬᠠᠯ᠎ᠤᠨ ᠮᠡᠳᠡᠭᠡ ᠵᠠᠩᠭᠢ ᠪᠣᠯᠤᠨ᠎ᠠ᠃


ᠴᠠᠭ᠎ᠤᠨ ᠬᠢᠵᠠᠭ᠋ᠠᠷ᠎ᠢ ᠬᠠᠰᠤᠬᠤ ᠲᠠᠯ᠎ᠠ᠎ᠪᠠᠷ 4 ᠠᠷᠭ᠎ᠠ ᠬᠡᠮᠵᠢᠶ᠎ᠡ ᠳᠤᠷᠠᠳᠪᠠ᠄
      ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠡᠵᠡᠩᠨᠡᠯᠲᠡ ᠵᠢᠨ ᠭᠠᠵᠠᠷ ᠪᠣᠯᠤᠨ ᠲᠤᠬᠠᠶ᠋ᠢᠯᠠᠭᠰᠠᠨ ᠠᠵᠢᠯ᠎ᠤᠨ ᠬᠥᠮᠥᠷᠭᠡ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠵᠥᠪᠰᠢᠶᠡᠷᠡᠯ᠎ᠤᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠡᠵᠡᠩᠨᠡᠯᠲᠡ ᠵᠢᠨ ᠭᠠᠵᠠᠷ ᠪᠣᠯᠤᠨ ᠲᠤᠬᠠᠶ᠋ᠢᠯᠠᠭᠰᠠᠨ ᠠᠵᠢᠯ᠎ᠤᠨ ᠬᠥᠮᠥᠷᠭᠡ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠦᠯ᠎ᠢ ᠬᠢᠨᠠᠨ ᠵᠥᠪᠰᠢᠶᠡᠷᠡᠬᠦ ᠪᠠ ᠪᠠᠷᠢᠯᠭ᠎ᠠ ᠵᠢ ᠰᠢᠯᠭ᠋ᠠᠨ ᠠᠪᠬᠤ ᠴᠠᠭ ᠬᠤᠭᠤᠴᠠᠭ᠎ᠠ ᠵᠢ 20 ᠡᠳᠦᠷ ᠪᠠᠶ᠋ᠢᠭᠰᠠᠨ᠎ᠠᠴᠠ᠎ᠨᠢ 15 ᠡᠳᠦᠷ ᠪᠣᠯᠭ᠋ᠠᠨ ᠪᠣᠭᠣᠨᠢᠰᠬᠠᠨ᠎ᠠ᠃
      ᠰᠢᠨ᠎ᠡ᠎ᠪᠠᠷ ᠡᠷᠭᠢᠯᠡᠨ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠲᠠᠮᠠᠭ᠎ᠠ ᠰᠡᠶ᠋ᠢᠯᠬᠦ ᠴᠠᠭ᠎ᠢ 1 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠨ᠎ᠠ᠃
      ᠥᠪᠡᠰᠦᠪᠡᠨ ᠡᠯᠰᠡᠭᠰᠡᠨ ᠠᠮᠤᠷ᠎ᠢ ᠬᠠᠮᠠᠭ᠋ᠠᠯᠠᠭᠴᠢ ᠵᠢ ᠪᠦᠷᠢᠳᠬᠡᠨ ᠳᠠᠩᠰᠠᠯᠠᠬᠤ᠂ ᠠᠮᠤᠷ᠎ᠢ ᠬᠠᠮᠠᠭ᠋ᠠᠯᠠᠬᠤ ᠺᠣᠮᠫᠠᠨᠢ᠎ᠨᠢ ᠲᠣᠰ ᠠᠶ᠋ᠢᠮᠠᠭ ᠬᠣᠲᠠ ᠵᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠦᠢᠯᠡᠴᠢᠯᠡᠭᠡ ᠵᠢ ᠪᠦᠷᠢᠳᠬᠡᠨ ᠳᠠᠩᠰᠠᠯᠠᠬᠤ᠂ ᠠᠮᠤᠷ᠎ᠢ ᠬᠠᠮᠠᠭ᠋ᠠᠯᠠᠬᠤ ᠦᠨᠡᠮᠯᠡᠯ᠎ᠢ ᠨᠥᠬᠥᠨ ᠭᠦᠢᠴᠡᠳᠬᠡᠬᠦ ᠵᠡᠷᠭᠡ ᠲᠤᠬᠠᠶ᠋ᠢᠯᠠᠭᠰᠠᠨ ᠠᠵᠢᠯ᠎ᠢ ᠬᠡᠷᠡᠭᠵᠢᠭᠦᠯᠵᠦ᠂ ᠭᠤᠶᠤᠴᠢᠯᠠᠭᠴᠢ ᠵᠢᠨ ᠬᠠᠮᠢᠶ᠎ᠠ ᠪᠥᠬᠥᠶ ᠮᠠᠲ᠋ᠧᠷᠢᠶᠠᠯ᠎ᠨᠢ ᠪᠦᠷᠢᠨ ᠭᠦᠢᠴᠡᠳ ᠪᠠᠶ᠋ᠢᠬᠤ ᠪᠠᠶ᠋ᠢᠳᠠᠯ ᠳᠣᠤᠷ᠎ᠠ᠂ ᠣᠣᠯ᠎ᠤᠨ 20 ᠠᠵᠢᠯᠯᠠᠬᠤ ᠡᠳᠦᠷ᠎ᠢ ᠪᠣᠭᠣᠨᠢᠰᠬᠠᠭ᠋ᠠᠳ ᠪᠠᠷᠢᠨ ᠭᠦᠢᠴᠡᠳᠬᠡᠬᠦ ᠪᠣᠯᠭ᠋ᠠᠨ᠎ᠠ᠃
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠰᠠᠭᠤᠭ᠋ᠠᠯᠢ ᠠᠷᠠᠳ᠎ᠤᠨ ᠬᠢᠯᠢ᠎ᠪᠠᠷ ᠣᠷᠣᠵᠤ ᠭᠠᠷᠬᠤ ᠦᠨᠡᠮᠯᠡᠯ ᠭᠦᠢᠴᠡᠳᠬᠡᠬᠦ᠎ᠪᠠᠷ ᠭᠤᠶᠤᠴᠢᠯᠠᠬᠤ ᠴᠠᠭ ᠬᠤᠭᠤᠴᠠᠭ᠎ᠠ ᠵᠢ 7 ᠠᠵᠢᠯᠯᠠᠬᠤ ᠡᠳᠦᠷ᠎ᠠᠴᠠ 5 ᠠᠵᠢᠯᠯᠠᠬᠤ ᠡᠳᠦᠷ (ᠰᠢᠤᠳᠠᠨ ᠵᠶ᠋ᠠᠷ ᠢᠯᠡᠭᠡᠬᠦ ᠴᠠᠭ ᠪᠠᠭᠲᠠᠬᠤ ᠥᠬᠡᠶ) ᠪᠣᠯᠭ᠋ᠠᠨ ᠨᠢᠭᠡᠳᠦᠯᠲᠡᠶ ᠳᠣᠭᠢᠷᠠᠭᠤᠯᠤᠨ᠎ᠠ᠃


ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠲᠠᠯ᠎ᠠ᠎ᠪᠠᠷ 4 ᠵᠦᠢᠯ᠎ᠤᠨ ᠠᠷᠭ᠎ᠠ ᠬᠡᠮᠵᠢᠶ᠎ᠡ ᠳᠤᠷᠠᠳᠪᠠ᠄
      ᠪᠠᠭᠤᠳᠠᠯ᠎ᠤᠨ ᠦᠢ᠍ᠯᠡᠰ᠂ ᠠᠯᠪᠠᠨ ᠲᠠᠮᠠᠭ᠎ᠠ ᠰᠡᠶ᠋ᠢᠯᠦᠨ ᠦᠢ᠍ᠯᠡᠳᠬᠦ ᠦᠢ᠍ᠯᠡᠰ᠎ᠤᠨ ᠣᠨᠴᠠ ᠲᠥᠷᠥᠯ᠎ᠤᠨ ᠠᠵᠢᠯ ᠲᠥᠷᠥᠯ᠎ᠤᠨ ᠵᠥᠪᠰᠢᠶᠡᠷᠡᠯ᠎ᠢ ᠮᠡᠳᠡᠭᠳᠡᠬᠦ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠵᠦ᠂ ᠭᠤᠶᠤᠴᠢᠯᠠᠭᠴᠢ᠎ᠳᠤ ᠬᠡᠷᠡᠭᠰᠡᠬᠦ ᠮᠠᠲ᠋ᠧᠷᠢᠶᠠᠯ᠂ ᠵᠠᠩᠭᠢᠯᠠᠭ᠎ᠠ ᠵᠢᠨ ᠪᠤᠰᠤ ᠭᠣᠤᠯ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ ᠮᠡᠳᠡᠭᠳᠡᠬᠦ ᠵᠢᠨ ᠬᠠᠮᠲᠤ᠂ ᠵᠣᠬᠢᠬᠤ ᠬᠤᠭᠤᠴᠠᠭ᠋ᠠᠨ ᠳᠣᠲᠣᠷ᠎ᠠ ᠮᠠᠲ᠋ᠧᠷᠢᠶᠠᠯ ᠵᠶ᠋ᠠᠨ ᠨᠥᠬᠥᠵᠦ ᠪᠦᠷᠢᠳᠦᠭᠦᠯᠬᠦ᠎ᠪᠠᠷ ᠭᠤᠶᠤᠴᠢᠯᠠᠭᠴᠢ ᠠᠮᠠᠯᠠᠭᠰᠠᠨ ᠪᠠᠶ᠋ᠢᠪᠠᠯ᠂ ᠣᠨᠴᠠᠭ᠋ᠠᠢ ᠠᠵᠢᠯ ᠲᠥᠷᠥᠯ᠎ᠤᠨ ᠵᠥᠪᠰᠢᠶᠡᠷᠡᠯ᠎ᠤᠨ ᠦᠨᠡᠮᠯᠡᠯ᠎ᠢ ᠲᠡᠷᠡ ᠳᠣᠤᠷ᠎ᠠ᠎ᠨᠢ ᠬᠢᠨᠠᠨ ᠵᠥᠪᠰᠢᠶᠡᠷᠡᠵᠦ ᠬᠠᠷᠭᠤᠭᠤᠯᠤᠨ ᠣᠯᠭᠣᠨ᠎ᠠ᠃ ᠠᠯᠪᠠᠨ ᠲᠠᠮᠠᠭ᠎ᠠ ᠰᠡᠶ᠋ᠢᠯᠬᠦ ᠵᠥᠪᠰᠢᠶᠡᠷᠡᠯ᠎ᠳᠤ ᠲᠣᠭ᠎ᠠ ᠬᠡᠮᠵᠢᠶᠡᠨ᠎ᠤ ᠬᠢᠵᠠᠭ᠋ᠠᠷᠯᠠᠯ ᠲᠣᠭᠲᠠᠭ᠋ᠠᠬᠤ ᠦᠭᠡᠢ᠃
      ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠵᠢᠨ 《ᠰᠠᠭ᠋ᠠᠳ ᠥᠬᠡᠶ ᠨᠡᠪᠲᠡᠷᠡᠬᠦ ᠵᠠᠮ》᠎ᠢ ᠨᠡᠪᠲᠡᠷᠡᠭᠦᠯᠵᠦ᠂ ᠮᠠᠨ᠎ᠤ ᠣᠷᠣᠨ᠎ᠤ ᠲᠥᠪᠯᠡᠷᠡᠭᠦᠯᠦᠨ ᠠᠵᠢᠯᠴᠢᠨ ᠬᠡᠷᠡᠭᠯᠡᠬᠦ ᠠᠵᠤ ᠠᠬᠤᠶ᠋ᠢᠯᠠᠯ ᠪᠣᠯᠤᠨ ᠦᠨᠡᠮᠯᠡᠯ ᠬᠡᠷᠡᠭᠯᠡᠬᠦ ᠪᠠᠴᠢᠮ ᠬᠡᠷᠡᠭᠴᠡᠭᠡ᠎ᠲᠠᠢ ᠭᠠᠳᠠᠨ᠎ᠠ᠎ᠠᠴᠠ ᠢᠷᠡᠵᠦ ᠬᠤᠳᠠᠯᠳᠤᠭ᠎ᠠ ᠡᠷᠭᠢᠯᠡᠭᠰᠡᠳ᠎ᠲᠤ ᠤᠷᠢᠳᠴᠢᠯᠠᠨ ᠪᠣᠯᠵᠣᠵᠤ ᠦᠨᠡᠮᠯᠡᠯ ᠭᠦᠢᠴᠡᠳᠬᠡᠬᠦ ᠦᠢᠯᠡᠴᠢᠯᠡᠭᠡ ᠬᠠᠩᠭ᠋ᠠᠨ᠎ᠠ᠃
      ᠭᠠᠳᠠᠭ᠋ᠠᠳᠤ᠎ᠳᠤ (ᠬᠢᠯᠢ) ᠭᠠᠷᠬᠤ ᠪᠠᠴᠢᠮ ᠬᠡᠷᠡᠭᠴᠡᠭᠡ᠎ᠲᠠᠢ ᠬᠦᠨᠳᠦ ᠡᠪᠡᠳᠴᠢᠲᠡᠨ᠎ᠳᠤ ᠬᠡᠷ᠎ᠲᠤ᠎ᠨᠢ ᠬᠦᠷᠴᠦ   ᠬᠢᠯᠢ ᠎ᠪᠠᠷ   ᠣᠷᠣᠵᠤ   ᠭᠠᠷᠬᠤ   ᠭᠡᠷᠡᠴᠢ ᠦᠨᠡᠮᠯᠡᠯ ᠭᠦᠢᠴᠡᠳᠬᠡᠬᠦ ᠦᠢᠯᠡᠴᠢᠯᠡᠭᠡ ᠬᠠᠩᠭ᠋ᠠᠵᠤ᠂ ᠰᠦᠯᠵᠢᠶᠡᠨ ᠳᠡᠭᠡᠷ᠎ᠡ (ᠤᠲᠠᠰᠤ᠎ᠪᠠᠷ) ᠤᠷᠢᠳᠴᠢᠯᠠᠨ ᠪᠣᠯᠵᠣᠬᠤ᠎ᠪᠠᠷ ᠳᠡᠮᠵᠢᠨ᠂ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠤᠷᠢᠳᠴᠢᠯᠠᠨ ᠪᠣᠯᠵᠣᠬᠤ ᠰᠠᠨᠠᠭᠤᠯᠭ᠎ᠠ ᠵᠢ ᠣᠯᠤᠭᠰᠠᠨ᠎ᠤ ᠳᠠᠷᠠᠭ᠎ᠠ 24 ᠴᠠᠭ᠎ᠤᠨ ᠳᠣᠲᠣᠷ᠎ᠠ ᠬᠡᠷ᠎ᠲᠤ᠎ᠨᠢ ᠬᠦᠷᠴᠦ ᠭᠦᠢᠴᠡᠳᠬᠡᠨ᠎ᠡ᠃
      ᠮᠠᠰᠢᠨᠲᠤ ᠲᠡᠷᠭᠡ ᠵᠢ ᠦᠯᠡᠳᠡᠭᠡᠵᠦ ᠠᠪᠬᠤ᠎ᠳᠤ᠎ᠪᠠᠨ ᠬᠠᠤᠯᠢ᠎ᠪᠠᠷ ᠲᠣᠭᠲᠠᠭ᠋ᠠᠭᠰᠠᠨ ᠤᠴᠢᠷ ᠰᠢᠯᠲᠠᠭ᠋ᠠᠨ᠎ᠢ ᠴᠢᠩᠭ᠎ᠠ ᠵᠢᠷᠣᠮᠯᠠᠵᠣ᠂ ᠡᠷᠡᠭᠦᠦ ᠵᠢᠨ ᠬᠡᠷᠡᠭ᠎ᠲᠤ ᠬᠣᠯᠪᠣᠭᠳᠠᠬᠤ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠴᠢᠬᠤᠯᠠ᠎ᠲᠠᠢ ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ ᠪᠦᠬᠦᠢ ᠪᠠᠶ᠋ᠢᠳᠠᠯ᠎ᠳᠤ ᠦᠯᠡᠳᠡᠭᠡᠵᠦ ᠠᠪᠬᠤ ᠴᠢᠬᠤᠯᠠ᠎ᠲᠠᠢ ᠵᠢ ᠭᠠᠷᠭ᠋ᠠᠪᠠᠯ᠂ ᠡᠩ᠎ᠤᠨ ᠬᠠᠤᠯᠢ᠎ᠠᠴᠠ ᠵᠥᠷᠢᠴᠡᠭᠰᠡᠨ ᠪᠤᠶᠤ ᠵᠠᠮ ᠬᠠᠷᠢᠯᠴᠠᠭ᠋ᠠᠨ᠎ᠤ ᠡᠨᠳᠡᠯ᠎ᠤᠨ ᠮᠠᠰᠢᠨᠲᠤ ᠲᠡᠷᠭᠡ ᠵᠢ ᠲᠦᠷ ᠦᠯᠡᠳᠡᠭᠡᠵᠦ ᠠᠪᠴᠣ ᠪᠣᠯᠬᠣ ᠦᠭᠡᠶ᠃


ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ 6 ᠵᠦᠢᠯ᠎ᠤᠨ ᠠᠷᠭ᠎ᠠ ᠬᠡᠮᠵᠢᠶ᠎ᠡ ᠳᠣᠷᠠᠳᠪᠠ᠄
      ᠠᠵᠦ ᠠᠬᠤᠢ ᠵᠢᠨ ᠶᠠᠯᠠᠲᠦ ᠬᠡᠷᠡᠭ ᠠᠵᠤ ᠠᠬᠤᠶ ᠵᠢᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠨ ᠡᠵᠡᠮᠳᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠠᠵᠦ ᠠᠬᠤᠢ ᠵᠢᠨ ᠶᠠᠯᠠᠲᠦ ᠬᠡᠷᠡᠭ᠎ᠲᠤ ᠰᠠᠭ᠋ᠠᠳ ᠥᠬᠡᠶ ᠨᠡᠪᠲᠡᠷᠡᠬᠦ ᠵᠠᠮ᠎ᠢ ᠪᠠᠶ᠋ᠢᠭᠤᠯᠤᠨ᠂ ᠺᠣᠮᠫᠠᠨᠢ᠂ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠡᠮᠬᠢ ᠵᠢᠷᠤᠮ᠎ᠢ ᠬᠠᠷᠰᠢᠯᠠᠭᠰᠠᠨ ᠵᠡᠷᠭᠡ ᠠᠵᠤ ᠠᠬᠤᠶ᠋ᠢᠯᠠᠯ᠎ᠤᠨ ᠬᠠᠤᠯᠢ ᠶᠤᠰᠤᠨ᠎ᠤ ᠡᠷᠭᠡ ᠠᠰᠢᠭ᠎ᠢ ᠬᠣᠬᠢᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠠᠮᠤᠷ ᠲᠦᠪᠰᠢᠨ ᠪᠥᠭᠡᠳ ᠲᠣᠭᠲᠠᠭᠤᠨ ᠠᠵᠤ ᠠᠬᠤᠢ ᠵᠢᠨ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃
      ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠠᠵᠤ ᠠᠬᠤᠶ᠋ᠢᠯᠠᠯ ᠪᠠ ᠠᠵᠢᠯ ᠲᠥᠷᠥᠯ᠎ᠤᠨ ᠨᠡᠶ᠋ᠢᠭᠡᠮᠯᠢᠭ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠨ᠂ ᠴᠠᠭᠳᠠᠭ᠎ᠠ ᠠᠵᠤ ᠠᠬᠤᠶ᠋ᠢᠯᠠᠯ᠎ᠤᠨ ᠬᠠᠮᠵᠢᠯᠴᠠᠬᠤ ᠳᠦᠷᠢᠮ ᠠᠷᠭ᠎ᠠ ᠬᠡᠮᠵᠢᠶ᠎ᠡ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ ᠪᠠ ᠬᠥᠳᠡᠯᠭᠡᠬᠦ ᠬᠦᠴᠦᠨ᠎ᠢ ᠬᠠᠮᠠᠭ᠋ᠠᠯᠠᠨ᠎ᠠ᠃
      ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠵᠢᠷᠤᠮᠵᠢᠭᠤᠯᠤᠨ᠎ᠠ᠃ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠡᠷᠡᠭ᠎ᠲᠤ ᠪᠠᠶ᠋ᠢᠴᠠᠭ᠋ᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ᠂ ᠴᠡᠪᠳᠡᠭᠰᠢᠭᠦᠯᠬᠦ ᠵᠡᠷᠭᠡ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠪᠣᠯᠭᠣᠮᠵᠢᠲᠠᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠂ ᠬᠡᠷᠡᠭ᠎ᠲᠤ ᠬᠣᠯᠪᠣᠭᠳᠠᠭᠰᠠᠨ ᠪᠤᠰᠤᠳ ᠡᠳ᠋ ᠬᠦᠷᠦᠨᠭᠭᠡ ᠪᠣᠯᠤᠨ ᠬᠠᠤᠯᠢ ᠶᠣᠰᠣᠨ᠎ᠤ ᠡᠳ᠋ ᠬᠦᠷᠦᠨᠭᠭᠡ᠂ ᠠᠵᠤ ᠠᠬᠤᠶ᠋ᠢᠯᠠᠯ ᠬᠠᠤᠯᠢ ᠵᠢᠨ ᠡᠷᠬᠡᠲᠡᠨ᠎ᠤ ᠡᠳ᠋ ᠬᠦᠷᠦᠨᠭᠭᠡ ᠪᠣᠯᠤᠨ ᠬᠤᠪᠢ ᠣᠷᠣᠭᠤᠯᠤᠭᠴᠢ ᠵᠢᠨ ᠬᠤᠪᠢ ᠬᠥᠮᠦᠨ᠎ᠤ ᠡᠳ᠋ ᠬᠦᠷᠦᠨᠭᠭᠡ᠂ ᠬᠡᠷᠡᠭ᠎ᠲᠤ ᠬᠣᠯᠪᠣᠭᠳᠠᠭᠰᠠᠨ ᠬᠥᠮᠦᠰ᠎ᠤᠨ ᠬᠤᠪᠢ ᠬᠥᠮᠦᠨ᠎ᠤ ᠡᠳ᠋ ᠬᠦᠷᠦᠨᠭᠭᠡ ᠪᠣᠯᠤᠨ ᠭᠡᠷ ᠪᠦᠯᠢ ᠵᠢᠨ ᠪᠦᠷᠢᠯᠳᠦᠬᠦᠨ᠎ᠤ ᠡᠳ᠋ ᠬᠦᠷᠦᠨᠭᠭᠡ ᠵᠢ ᠬᠠᠤᠯᠢ ᠶᠣᠰᠣᠭ᠋ᠠᠷ ᠴᠢᠩᠭ᠎ᠠ ᠢᠯᠭ᠋ᠠᠨ᠎ᠠ᠃
      ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠡᠵᠡᠩᠨᠡᠭᠴᠢ ᠪᠠᠶ᠋ᠢᠭ᠋ᠠᠯᠢ ᠬᠥᠮᠦᠨ᠎ᠤ ᠶᠠᠯᠠᠲᠤ ᠠᠵᠢᠯᠯᠠᠭ᠎ᠠ ᠬᠢᠭᠡᠳ ᠨᠢᠭᠡᠴᠢ ᠵᠢᠨ ᠶᠠᠯᠠᠲᠤ ᠠᠵᠢᠯᠯᠠᠭ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠵᠦᠢ ᠶᠣᠰᠣᠨ᠎ᠤ ᠪᠡᠯᠡ ᠲᠤᠬᠢᠷᠠᠭᠤᠯᠭ᠎ᠠ ᠬᠢᠭᠡᠳ ᠬᠠᠤᠯᠢ ᠪᠤᠰᠤ᠎ᠪᠠᠷ ᠪᠡᠯᠡ ᠴᠤᠭᠯᠠᠭᠤᠯᠬᠤ᠂ ᠠᠵᠤ ᠠᠬᠤᠢ ᠵᠢᠨ ᠵᠢᠭᠤᠷᠠᠯᠳᠤᠭ᠋ᠠᠨ ᠬᠢᠭᠡᠳ ᠠᠵᠤ ᠠᠬᠤᠢ ᠵᠢᠨ ᠶᠠᠯᠠᠲᠤ ᠠᠵᠢᠯᠯᠠᠭ᠎ᠠ ᠵᠡᠷᠭᠡ ᠵᠢᠨ ᠵᠠᠭ᠋ᠠᠭ ᠬᠢᠵᠠᠭ᠋ᠠᠷ᠎ᠢ ᠬᠠᠤᠯᠢ ᠶᠣᠰᠣᠭ᠋ᠠᠷ ᠴᠢᠩᠭ᠎ᠠ ᠢᠯᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠪᠡᠯᠡ ᠣᠷᠣᠭᠤᠯᠤᠭᠴᠢ᠂ ᠬᠠᠮᠢᠶᠠᠷᠤᠭᠴᠢ ᠪᠣᠯᠤᠨ ᠠᠵᠢᠯᠯᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠳᠬᠡᠨ᠎ᠡ᠃
      ᠳᠤᠮᠳᠠ ᠪᠠᠭ᠎ᠠ ᠠᠵᠤ ᠠᠬᠤᠶ᠋ᠢᠯᠠᠯ ᠪᠣᠯᠤᠨ ᠠᠵᠤ ᠠᠬᠤᠶ᠋ᠢᠯᠠᠯᠲᠠᠨ᠎ᠤ ᠬᠠᠤᠯᠢ ᠶᠣᠰᠣᠨ᠎ᠤ ᠡᠳ᠋ ᠬᠦᠷᠦᠩᠭᠡ ᠵᠢᠨ ᠡᠷᠬᠡ ᠵᠢ ᠡᠷᠡᠰ ᠬᠠᠮᠠᠭ᠋ᠠᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠪᠣᠯᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠯᠤᠭ᠎ᠠ ᠵᠢᠨ ᠶᠠᠷᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠬᠦᠯᠢᠶᠡᠨ ᠠᠪᠣᠨ᠎ᠠ᠃
      ᠬᠠᠤᠯᠢ ᠬᠡᠷᠡᠭᠵᠢᠭᠦᠯᠦᠨ ᠬᠡᠷᠡᠭ ᠰᠢᠢ᠍ᠳᠪᠦᠷᠢᠯᠡᠬᠦ ᠳᠣᠲᠣᠭ᠋ᠠᠳᠤ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠷᠠᠳ ᠎ᠤᠨ   ᠡᠵᠡᠩᠨᠡᠭᠰᠡᠨ   ᠠᠵᠤ   ᠠᠬᠤᠶ᠋ᠢᠯᠠᠯ ᠎ᠳᠤ   ᠬᠣᠯᠪᠣᠭᠳᠠᠭᠰᠠᠨ ᠡᠷᠡᠭᠦᠦ ᠵᠢᠨ ᠵᠠᠷᠭᠤ ᠵᠢᠨ 《ᠬᠡᠷᠡᠭ ᠪᠣᠯᠭ᠋ᠠᠨ ᠳᠠᠩᠰᠠᠯᠠᠭᠤᠯᠬᠤ》 ᠲᠤᠰᠬᠠᠢ ᠵᠦᠢ᠍ᠯᠡᠰ᠎ᠤᠨ ᠢᠯᠭ᠋ᠠᠷᠠᠭᠤᠯᠤᠨ ᠲᠢᠭᠯᠡᠬᠦ ᠠᠵᠢᠯ᠎ᠢ ᠥᠷᠨᠢᠭᠦᠯᠵᠦ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯᠲᠠᠨ᠎ᠢ ᠰᠡᠳᠬᠢᠯ ᠠᠮᠤᠷ ᠠᠳᠠᠯ ᠦᠢ᠍ᠯᠡᠰ ᠴᠣᠭᠴᠠᠯᠠᠵᠤ᠂ ᠰᠡᠳᠬᠢᠯ ᠠᠮᠤᠷ ᠡᠵᠡᠩᠨᠡᠭᠦᠯᠵᠦ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠬᠠᠤᠯᠢ᠎ᠪᠠᠷ ᠵᠠᠰᠠᠬᠤ ᠰᠠᠢ᠌ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
     《ᠬᠣᠷᠢᠨ ᠵᠢᠷᠭᠤᠭ᠋ᠠᠨ ᠵᠦᠢᠯ᠎ᠤᠨ ᠠᠷᠭ᠎ᠠ ᠬᠡᠮᠵᠢᠶ᠎ᠡ》 ᠵᠢ 2021 ᠣᠨ᠎ᠤ 1 ᠳ᠋ᠣᠭᠡᠷ ᠰᠠᠷ᠎ᠠ ᠵᠢᠨ 1᠎ᠤ ᠡᠳᠦᠷ᠎ᠠᠴᠠ ᠪᠥᠬᠥ ᠣᠷᠣᠨ᠎ᠳᠤ ᠪᠥᠬᠥ ᠲᠠᠯ᠎ᠠ᠎ᠪᠠᠷ ᠬᠡᠷᠡᠭᠵᠢᠭᠦᠯᠬᠦ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠴᠠᠭ᠎ᠲᠤ᠎ᠨᠢ ᠳᠣᠭᠢᠷᠠᠭᠤᠯᠤᠨ ᠪᠢᠴᠢᠭ᠎ᠤᠨ ᠪᠠ ᠲᠤᠬᠠᠶ ᠵᠢᠨ ᠭᠠᠵᠠᠷ᠎ᠢ ᠤᠶᠠᠯᠳᠤᠭᠤᠯᠬᠤ᠂ ᠢᠯᠡ᠎ᠪᠠᠷ ᠪᠠᠶ᠋ᠢᠴᠠᠭ᠋ᠠᠬᠤ ᠪᠠ ᠳᠠᠯᠳᠠᠭᠤᠷ ᠰᠤᠷᠪᠤᠯᠵᠢᠯᠠᠬᠤ ᠵᠢ ᠤᠶᠠᠯᠳᠤᠭᠤᠯᠬᠤ ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢ ᠠᠪᠴᠤ᠂ 《ᠬᠣᠷᠢᠨ ᠵᠢᠷᠭᠤᠭ᠋ᠠᠨ ᠵᠦᠢᠯ᠎ᠤᠨ ᠠᠷᠭ᠎ᠠ ᠬᠡᠮᠵᠢᠶ᠎ᠡ》 ᠵᠢ ᠬᠡᠷᠡᠭᠵᠢᠭᠦᠯᠦᠭᠰᠡᠨ ᠪᠠᠶ᠋ᠢᠳᠠᠯ ᠎ᠳᠤ   ᠰᠢᠮᠳᠠᠭᠤᠯᠤᠨ ᠵᠢᠯᠣᠭᠣᠳᠴᠤ ᠪᠠᠶ᠋ᠢᠴᠠᠭ᠋ᠠᠯᠲᠠ ᠬᠢᠵᠦ᠂ ᠠᠷᠭ᠎ᠠ ᠬᠡᠮᠵᠢᠶ᠎ᠡ ᠨᠢᠭᠡᠪᠦᠷᠢ ᠵᠢ ᠴᠠᠭ ᠲᠤᠬᠠᠶ᠎ᠳᠤ᠎ᠨᠢ ᠴᠢᠨᠠᠷ ᠰᠠᠶ᠋ᠢᠲᠠᠶ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠪᠠᠲᠣᠯᠠᠬᠣ ᠬᠡᠷᠡᠭᠲᠡᠢ᠃

ᠢᠷᠡᠯᠲᠡ᠄ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ