ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ 1 — 7 ᠳ᠋ᠤᠭ᠋ᠠᠷ ᠰᠠᠷ᠎ᠠ ᠵᠢᠨ ᠪᠥᠬᠥ ᠣᠷᠣᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠥᠭᠭᠦᠭᠰᠡᠨ ᠦᠷ᠎ᠡ ᠪᠦᠲᠦᠭᠡᠯ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2021-10-08

      ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ

     1 — 7 ᠳ᠋ᠤᠭ᠋ᠠᠷ ᠰᠠᠷ᠎ᠠ ᠵᠢᠨ ᠪᠥᠬᠥ ᠣᠷᠣᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ

      ᠮᠡᠬᠡᠯᠡᠯ᠎ᠳᠤ ᠴᠣᠬᠢᠯᠲᠠ ᠥᠭᠭᠦᠭᠰᠡᠨ ᠦᠷ᠎ᠡ ᠪᠦᠲᠦᠭᠡᠯ᠎ᠢ ᠨᠡᠶ᠋ᠢᠲᠡᠯᠡᠪᠡ


     8 ᠰᠠᠷ᠎ᠠ ᠵᠢᠨ 19᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ   ᠬᠤᠷᠠᠯᠳᠤᠭᠤᠯᠵᠤ᠂ 1 ᠳ᠋ᠦᠭᠡᠷ ᠰᠠᠷ᠎ᠠ᠎ᠠᠴᠠ 7 ᠳ᠋ᠤᠭ᠋ᠠᠷ ᠰᠠᠷ᠎ᠠ ᠪᠣᠯᠲᠠᠯᠠᠬᠢ ᠪᠦᠬᠦ ᠣᠷᠣᠨ᠎ᠤ ᠴᠠᠬᠢᠯᠭ᠋ᠠᠨ ᠬᠣᠯᠪᠣᠭ᠎ᠠ ᠰᠦᠯᠵᠢᠶ᠎ᠡ ᠵᠢᠨ ᠰᠢᠨ᠎ᠡ ᠬᠡᠯᠪᠡᠷᠢ ᠵᠢᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠭᠰᠠᠨ ᠬᠠᠮᠢᠶ᠎ᠠ ᠪᠦᠬᠦᠢ ᠪᠠᠶ᠋ᠢᠳᠠᠯ ᠵᠢᠴᠢ ᠠᠵᠢᠯ᠎ᠤᠨ ᠠᠷᠭ᠎ᠠ ᠬᠡᠮᠵᠢᠶ᠎ᠡ ᠵᠢ ᠲᠠᠨᠢᠯᠴᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠳᠡᠳ᠋ ᠳᠠᠷᠤᠭ᠎ᠠ ᠯᠢᠶᠠᠩ ᡁᠢ ᠵᠥᠩ᠂ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠰᠢᠨ᠎ᠡ ᠬᠡᠯᠪᠡᠷᠢ ᠵᠢᠨ ᠰᠠᠯᠪᠤᠷᠢ ᠠᠩᠭᠢ ᠵᠢᠨ ᠳᠥᠷᠪᠡᠳᠦᠭᠡᠷ ᠳᠡᠰ᠎ᠤᠨ ᠡᠷᠬᠢᠯᠡᠭᠴᠢ ᠯᠢ ᠾᠧ᠂ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠰᠢᠨ᠎ᠡ ᠬᠡᠯᠪᠡᠷᠢ ᠵᠢᠨ ᠰᠠᠯᠪᠤᠷᠢ ᠠᠩᠭᠢ ᠵᠢᠨ ᠲᠠᠩᠨᠠᠭᠴᠢ ᠳᠠᠷᠤᠭ᠎ᠠ ᠰᠢᠤᠢ ᠰᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠣᠷᠣᠨ᠎ᠳᠤ ᠰᠠᠭᠤᠭ᠎ᠠ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠵᠢᠨ ᠡᠯ᠎ᠡ ᠭᠣᠤᠯ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃



      ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠤᠯᠤᠰ ᠲᠥᠷᠥ ᠵᠢᠨ ᠬᠡᠯᠲᠡᠰ᠎ᠤᠨ ᠰᠣᠨᠢᠨ ᠮᠡᠳᠡᠭᠡ ᠤᠬᠠᠭᠤᠯᠬᠤ ᠭᠠᠵᠠᠷ᠎ᠤᠨ ᠳᠡᠳ᠋ ᠳᠠᠷᠤᠭ᠎ᠠ ᠢᠦᠶ ᠰᠢᠶᠤᠤ ᠼᠦᠨ ᠡᠷᠭᠢᠯᠡᠪᠡ᠃
     1 ᠳ᠋ᠦᠭᠡᠷ ᠰᠠᠷ᠎ᠠ᠎ᠠᠴᠠ 7 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠥᠭᠭᠦᠭᠰᠡᠨ ᠦᠷ᠎ᠡ ᠪᠦᠲᠦᠮᠵᠢ
      ᠡᠨᠡ ᠵᠢᠯ᠎ᠤᠨ 1 — 7 ᠰᠠᠷ᠎ᠠ᠎ᠳᠤ᠂ ᠪᠥᠬᠥ ᠣᠷᠣᠨ᠎ᠳᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ ᠨᠡᠶ᠋ᠢᠲᠡ 2585 ᠢᠯᠡᠷᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 63.3%᠎ᠪᠠᠷ ᠳᠡᠭᠡᠭᠰᠢᠯᠡᠵᠡᠶ; ᠶᠠᠯ᠎ᠠ ᠬᠢᠭᠰᠡᠨ ᠰᠡᠵᠢᠭᠯᠡᠯᠲᠡᠶ 3197 ᠬᠥᠮᠦᠨ᠎ᠢ ᠪᠠᠷᠢᠪᠴᠢᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 193.3%᠎ᠪᠠᠷ ᠨᠡᠮᠡᠭᠳᠡᠪᠡ; ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 35.4 ᠳ᠋ᠦᠩᠰᠢᠭᠤᠷ ᠲᠥᠭᠥᠷᠢᠭ᠎ᠲᠤ ᠬᠦᠷᠴᠦ᠂   ᠠᠳᠠᠯᠢ   ᠬᠤᠭᠤᠴᠠᠭ᠋ᠠᠨ ᠎ᠤ ᠎ᠬᠢ ᠴᠠ 669.5% ᠎ᠪᠠᠷ ᠨᠡᠮᠡᠭᠳᠡᠪᠡ᠃


     1. ᠬᠢᠵᠢᠭ᠎ᠤᠨ ᠪᠠᠶ᠋ᠢᠳᠠᠯ᠎ᠤᠨ ᠮᠡᠬᠡᠯᠡᠯ᠎ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ᠎ᠳᠤ ᠬᠦᠨᠳᠦ ᠪᠥᠭᠡᠳ ᠲᠦᠷᠭᠡᠨ ᠴᠣᠬᠢᠯᠲᠠ ᠥᠭᠭᠦᠨ᠎ᠡ
    ᠤᠯᠤᠰ ᠳᠠᠶᠠᠭ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠢᠵᠢᠭ᠎ᠤᠨ ᠪᠠᠶ᠋ᠢᠳᠠᠯ᠎ᠢ ᠡᠰᠡᠷᠭᠦᠴᠡᠵᠦ ᠪᠠᠶ᠋ᠢᠭ᠎ᠠ ᠵᠠᠩᠭᠢᠯᠠᠭ᠎ᠠ ᠵᠢᠨ ᠦᠶ᠎ᠡ᠎ᠳᠤ᠂ ᠴᠥᠭᠡᠨ ᠲᠣᠭ᠋ᠠᠨ᠎ᠤ ᠬᠠᠤᠯᠢ ᠪᠤᠰᠤ ᠡᠲᠡᠭᠡᠳ ᠬᠢᠵᠢᠭ᠎ᠤᠨ ᠪᠠᠶ᠋ᠢᠳᠠᠯ᠎ᠤᠨ ᠨᠡᠷ᠎ᠡ ᠵᠢ ᠠᠰᠢᠭᠯᠠᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠬᠢᠵᠦ᠂ ᠰᠢᠨᠵᠢ ᠴᠢᠨᠠᠷ᠎ᠨᠢ ᠲᠤᠶ᠋ᠢᠯ᠎ᠤᠨ ᠮᠠᠭᠤ ᠪᠠᠶ᠋ᠢᠳᠠᠭ᠃ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠲᠣᠰ ᠭᠠᠵᠠᠷ ᠣᠷᠣᠨ᠎ᠤ᠎ᠪᠠᠨ ᠬᠢᠵᠢᠭ᠎ᠲᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠢ ᠡᠮᠬᠢᠯᠡᠨ ᠳᠢᠭᠯᠡᠬᠦ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠲᠤᠷᠰᠢᠨ ᠪᠠᠶ᠋ᠢᠴᠠᠭ᠋ᠠᠬᠤ ᠠᠷᠭ᠎ᠠ ᠪᠠᠷᠢᠯ ᠵᠶ᠋ᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠷᠡᠭ᠎ᠤᠨ ᠰᠦᠪᠡᠭᠴᠢ ᠵᠢᠨ ᠡᠵᠡᠩᠨᠡᠯᠲᠡ ᠰᠢᠪᠲᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠪᠥᠬᠥ ᠣᠷᠣᠨ᠎ᠤ ᠬᠡᠪᠴᠢᠶᠡᠨ᠎ᠳᠤ ᠬᠢᠵᠢᠭ᠎ᠲᠤ ᠬᠣᠯᠪᠣᠭᠳᠠᠭᠰᠠᠨ ᠮᠡᠬᠡᠯᠡᠯ᠂ ᠴᠠᠬᠢᠯᠭ᠋ᠠᠨ ᠬᠣᠯᠪᠣᠭ᠎ᠠ ᠰᠦᠯᠵᠢᠶ᠎ᠡ ᠵᠢᠨ ᠮᠡᠬᠡᠯᠡᠯ᠎ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠪᠠ᠃ ᠪᠥᠬᠥ ᠣᠷᠣᠨ᠎ᠳᠤ ᠬᠢᠵᠢᠭ᠎ᠲᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠢ ᠨᠡᠶ᠋ᠢᠲᠡ 276 ᠢᠯᠡᠷᠡᠭᠦᠯᠵᠦ᠂ 120   ᠶᠠᠯ᠎ᠠ   ᠬᠢᠭᠰᠡᠨ   ᠰᠡᠵᠢᠭᠳᠡᠨ᠎ᠢ ᠪᠠᠷᠢᠪᠴᠢᠯᠠᠪᠠ᠃


     2. ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠲᠣᠪᠣᠶ᠋ᠢᠮ᠎ᠠ ᠶᠠᠯᠠᠲᠤ ᠠᠵᠢᠯᠯᠠᠭ᠎ᠠ᠎ᠳᠤ ᠲᠥᠪᠯᠡᠷᠡᠭᠦᠯᠦᠨ ᠴᠣᠬᠢᠯᠲᠠ ᠥᠭᠭᠦᠨ᠎ᠡ
      ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠠᠯᠢ ᠲᠦᠷᠦᠯ᠎ᠤᠨ ᠶᠠᠯᠠᠲᠤ ᠠᠵᠢᠯᠯᠠᠭ᠎ᠠ ᠲᠤᠪᠤᠢ᠍ᠢ᠍ᠮ᠎ᠠ ᠪᠠᠢ᠌ᠪᠠᠯ᠂ ᠲᠡᠷᠡ ᠲᠦᠷᠦᠯ᠎ᠤᠨ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠪᠠᠷᠢᠮᠲᠠᠯᠠᠨ᠎ᠠ᠃ ᠵᠢᠭᠡᠯᠡᠯᠭᠡ ᠵᠢᠨ ᠮᠥᠩᠭᠥ᠂ ᠳᠠᠩᠰᠠ ᠬᠢᠯᠭᠡᠬᠦ᠂ ᠭᠠᠬᠠᠢ ᠲᠡᠵᠢᠭᠡᠬᠦ ᠮᠡᠬᠡᠯᠡᠯ᠂ ᠦᠢ᠍ᠯᠡᠴᠢᠯᠡᠭᠴᠢ᠎ᠪᠠᠷ ᠣᠪᠯᠠᠬᠤ ᠵᠡᠷᠭᠡ 4 ᠲᠥᠷᠥᠯ᠎ᠤᠨ ᠰᠦᠯᠵᠢᠶᠡᠨ᠎ᠤ ᠮᠡᠬᠡᠯᠡᠯ᠎ᠤᠨ ᠬᠡᠷᠡᠭ᠎ᠲᠤ ᠴᠢᠭᠯᠡᠭᠦᠯᠦᠨ᠂ ᠤᠯᠠᠨ ᠲᠦᠮᠡᠨ᠎ᠳᠤ ᠯᠤᠲᠤ ᠶᠡᠬᠡ ᠬᠣᠬᠢᠷᠠᠯ ᠤᠴᠠᠷᠠᠭᠤᠯᠤᠭᠰᠠᠨ ᠲᠤᠪᠤᠢ᠍ᠢ᠍ᠮ᠎ᠠ ᠪᠠᠶ᠋ᠢᠳᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠡᠭᠦᠯᠡᠨ ᠰᠡᠯᠡᠮ᠎ᠡ 2021》 ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶ᠋ᠢᠳᠠᠯ᠎ᠢ ᠦᠷᠭᠦᠯᠵᠢᠯᠡᠨ ᠪᠠᠲᠤᠯᠠᠵᠤ᠂ ᠴᠠᠬᠢᠯᠭ᠋ᠠᠨ ᠬᠣᠯᠪᠣᠭ᠎ᠠ ᠰᠦᠯᠵᠢᠶ᠎ᠡ᠎ᠪᠠᠷ ᠮᠡᠬᠡᠯᠡᠬᠦ ᠶᠠᠯᠠᠲᠤ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠵᠦ᠂ ᠲᠦᠷᠪᠡᠨ ᠶᠡᠬᠡ ᠲᠦᠷᠦᠯ᠎ᠤᠨ ᠤᠯᠠᠨ ᠡᠭᠦᠰᠳᠡᠭ ᠬᠡᠷᠡᠭ᠎ᠢ ᠲᠥᠪᠯᠡᠷᠡᠭᠦᠯᠦᠨ ᠰᠤᠳᠤᠯᠤᠨ ᠮᠠᠭ᠋ᠠᠳᠯᠠᠵᠤ᠂ ᠪᠦᠬᠦ ᠬᠡᠯᠬᠢᠶ᠎ᠡ᠎ᠪᠠᠷ ᠪᠦᠯᠦᠭᠯᠡᠨ ᠴᠣᠬᠢᠯᠲᠠ ᠥᠭᠴᠦ᠂ ᠭᠦᠨᠵᠡᠭᠡᠢ ᠲᠤᠭᠤᠰᠢᠲᠠᠢ ᠴᠣᠬᠢᠯᠲᠠ ᠥᠭᠬᠦ ᠵᠢ   ᠪᠠᠲᠤᠯᠠᠵᠤ  ᠂   ᠬᠦᠴᠦᠲᠡᠢ   ᠰᠦᠷᠳᠡᠭᠦᠯᠦᠯ ᠎ᠢ ᠪᠤᠢ ᠪᠣᠯᠭ᠋ᠠᠵᠤ᠂ ᠶᠠᠯᠠᠲᠤ ᠡᠲᠡᠭᠡᠳ᠎ᠤᠨ ᠭᠠᠯᠵᠠᠭᠤ ᠠᠭ᠋ᠠᠰᠢᠯᠠᠵᠤ ᠪᠠᠢ᠌ᠭ᠎ᠠ ᠣᠮᠣᠭ ᠰᠦᠷ᠎ᠢ ᠡᠷᠡᠰ ᠳᠠᠷᠤᠪᠠ᠃ ᠣᠲᠣ ᠪᠣᠯᠲᠠᠯ᠎ᠠ᠂ ᠪᠥᠬᠥ ᠣᠷᠣᠨ᠎ᠳᠤ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 50 ᠲᠦᠮᠡᠨ ᠲᠥᠭᠥᠷᠢᠭ᠎ᠠᠴᠠ ᠳᠡᠭᠡᠭᠰᠢᠬᠢ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ ᠨᠡᠶ᠋ᠢᠲᠡ 122᠂ 100 ᠲᠦᠮᠡᠨ ᠲᠥᠭᠥᠷᠢᠭ᠎ᠠᠴᠠ ᠳᠡᠭᠡᠭᠰᠢᠬᠢ ᠬᠡᠷᠡᠭ᠎ᠢ 31 ᠢᠯᠡᠷᠡᠭᠦᠯᠵᠡᠶ᠃


     3. ᠳᠡᠭᠡᠳᠦ ᠳᠤᠤᠷᠠᠳᠤ ᠤᠷᠤᠰᠬᠠᠯ᠎ᠤᠨ ᠬᠠᠷ᠎ᠠ ᠪᠣᠷᠣ ᠠᠵᠤ ᠦᠢ᠍ᠯᠡᠰ᠎ᠲᠤ ᠬᠣᠯᠪᠣᠭᠳᠠᠭᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ
      ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠦᠳᠲᠡᠷ ᠲᠦᠷᠭᠡᠨ ᠬᠥᠭᠵᠢᠯᠲᠡ᠎ᠳᠤ᠂ ᠮᠤᠨᠳᠠᠭ ᠶᠡᠬᠡ ᠬᠠᠷ᠎ᠠ ᠪᠣᠷᠣ ᠠᠵᠤ ᠦᠢ᠍ᠯᠡᠰ ᠪᠣᠯ ᠬᠥᠰᠢᠭᠡ ᠵᠢᠨ ᠠᠷᠤ᠎ᠳᠠᠬᠢ ᠴᠢᠬᠤᠯᠠ ᠲᠦᠯᠬᠢᠭᠴᠢ ᠪᠠ ᠡᠬᠢ ᠰᠤᠷᠪᠤᠯᠵᠢ ᠮᠥᠨ᠂ ᠵᠠᠷᠢᠮ᠎ᠨᠢ ᠶᠠᠯᠠᠲᠤ ᠡᠲᠡᠭᠡᠳ᠎ᠲᠤ ᠶᠠᠯ᠎ᠠ ᠬᠢᠬᠦ ᠠᠷᠭ᠎ᠠ ᠪᠠᠷᠢᠯ᠎ᠢ ᠤᠯᠠᠮᠵᠢᠯᠠᠨ ᠲᠠᠷᠬᠠᠭ᠋ᠠᠵᠤ᠂ ᠵᠠᠷᠢᠮ᠎ᠨᠢ ᠬᠡᠷᠡᠭ ᠦᠢ᠍ᠯᠡᠳᠬᠦ ᠪᠠᠭ᠋ᠠᠵᠢ ᠪᠤᠯᠵᠤ᠂ ᠵᠠᠷᠢᠮ᠎ᠨᠢ ᠲᠠᠨᠭ᠌ᠰᠠ ᠰᠢᠯᠵᠢᠭᠦᠯᠦᠨ ᠵᠣᠭᠣᠰ ᠤᠬᠢᠶᠠᠬᠤ᠎ᠳᠤ ᠬᠡᠷᠡᠭᠯᠡᠭᠳᠡᠵᠦ᠂ ᠵᠠᠷᠢᠮ᠎ᠨᠢ ᠶᠠᠯᠠᠲᠤ ᠡᠲᠡᠭᠡᠳ᠎ᠲᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ ᠪᠠᠶ᠋ᠢᠨ᠎ᠠ᠃ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠬᠠᠷ᠎ᠠ ᠪᠣᠷᠣ ᠠᠵᠤ ᠦᠢ᠍ᠯᠡᠰ ᠎ᠲᠤ   ᠬᠣᠯᠪᠣᠭᠳᠠᠭᠰᠠᠨ   ᠶᠠᠯᠠᠲᠤ   ᠠᠵᠢᠯᠯᠠᠭ᠎ᠠ᠎ᠳᠤ 《ᠥᠴᠦᠬᠡᠨ ᠴᠦ᠍ ᠢᠯᠳᠠᠷ ᠬᠠᠶᠠᠬᠤ ᠦᠭᠡᠶ》 ᠪᠠᠶ᠋ᠢᠬᠤ ᠵᠢ ᠪᠠᠷᠢᠮᠲᠠᠯᠠᠵᠤ᠂ ᠮᠡᠬᠡᠯᠡᠬᠦ ᠠᠵᠢᠯᠯᠠᠭ᠎ᠠ᠎ᠳᠤ ᠬᠣᠯᠪᠣᠭᠳᠠᠭᠰᠠᠨ ᠬᠠᠷ᠎ᠠ ᠪᠣᠷᠣ ᠠᠵᠤ ᠦᠢ᠍ᠯᠡᠰ᠎ᠤᠨ ᠰᠦᠪᠡᠭᠴᠢ ᠵᠢ ᠲᠥᠪᠯᠡᠷᠡᠭᠦᠯᠦᠨ ᠰᠤᠳᠤᠯᠤᠨ ᠮᠠᠭ᠋ᠠᠳᠯᠠᠵᠤ᠂ ᠬᠥᠰᠢᠭᠡ ᠵᠢᠨ ᠠᠷᠤ᠎ᠢ ᠭᠦᠨ ᠮᠠᠯᠲᠠᠵᠤ ᠴᠣᠬᠢᠯᠲᠠ ᠥᠭᠬᠦ᠂ ᠶᠠᠯᠠᠲᠤ   ᠬᠡᠷᠡᠭ ᠎ᠤᠨ   ᠭᠢᠨᠵᠢ ᠵᠢ   ᠲᠡᠰᠦᠯᠵᠦ᠂ ᠬᠢᠨᠠᠨ ᠬᠠᠮᠢᠶᠠᠷᠤᠯᠲᠠ ᠵᠢᠨ ᠠᠯᠳᠠᠰᠢ ᠭᠠᠷᠬᠤ ᠵᠢ ᠬᠣᠷᠢᠭᠯᠠᠵᠤ᠂ ᠰᠠᠭᠤᠷᠢ ᠡᠵᠡᠩᠨᠡᠯᠲᠡ ᠵᠢᠨ ᠬᠤᠳᠠᠯᠳᠤᠭ᠋ᠠᠴᠢᠨ᠂ ᠪᠠᠩᠬᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠲᠠᠢ ᠬᠠᠮᠵᠢᠯᠴᠠᠨ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠴᠡᠭᠴᠡᠯᠡᠨ ᠵᠠᠰᠠᠬᠤ ᠵᠢ ᠭᠦᠨᠵᠡᠭᠡᠢ ᠥᠷᠨᠢᠭᠦᠯᠵᠦ᠂ 《ᠺᠠᠷᠲ ᠲᠠᠰᠤᠯᠬᠤ》 ᠲᠤᠰᠬᠠᠢ ᠠᠵᠢᠯᠯᠠᠭ᠎ᠠ ᠵᠢ ᠬᠦᠴᠦᠲᠡᠢ ᠠᠬᠢᠭᠤᠯᠵᠤ᠂ ᠪᠦᠬᠦ ᠠᠵᠢᠯ ᠲᠦᠷᠦᠯ᠂ ᠪᠦᠬᠦ ᠬᠦᠷᠢᠶᠡᠨ᠎ᠤ ᠠᠰᠠᠭᠤᠳᠠᠯ ᠲᠦᠭᠰᠢᠭᠦᠷᠢ ᠵᠢ ᠶᠡᠬᠡᠪᠡᠷ ᠵᠢᠭᠰᠠᠭ᠋ᠠᠨ ᠪᠠᠶ᠋ᠢᠴᠠᠭ᠋ᠠᠬᠤ ᠵᠢ ᠥᠷᠨᠢᠭᠦᠯᠵᠦ᠂   ᠠᠵᠢᠯ   ᠲᠦᠷᠦᠯ ᠎ᠤᠨ   ᠠᠯᠳᠠᠰᠢ ᠭᠠᠷᠬᠤ ᠵᠢ ᠬᠣᠷᠢᠭᠯᠠᠵᠤ᠂ 《ᠬᠣᠶᠠᠷ ᠺᠠᠷᠲ》᠎ᠢ ᠬᠠᠤᠯᠢ ᠪᠤᠰᠤ᠎ᠪᠠᠷ ᠬᠤᠳᠠᠯᠳᠤᠭ᠋ᠠᠯᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠢ ᠪᠠᠶ᠋ᠢᠩᠭᠤᠵᠢᠭᠤᠯᠤᠨ ᠵᠠᠯᠬᠠᠭ᠋ᠠᠨ ᠴᠡᠭᠡᠷᠯᠡᠭᠦᠯᠵᠦ᠂ ᠬᠦᠴᠦᠲᠡᠢ ᠰᠦᠷᠳᠡᠭᠦᠯᠦᠯ᠎ᠢ ᠪᠤᠢ ᠪᠣᠯᠭ᠋ᠠᠨ᠎ᠠ᠃ ᠣᠲᠣ ᠪᠣᠯᠲᠠᠯ᠎ᠠ᠂ ᠨᠡᠶ᠋ᠢᠲᠡ 19 ᠵᠣᠭᠣᠰ ᠤᠬᠢᠶᠠᠬᠤ ᠪᠦᠯᠬᠦᠮ᠎ᠢ ᠤᠰᠠᠳᠬᠠᠵᠤ᠂ 24 ᠵᠣᠭᠣᠰ ᠤᠬᠢᠶᠠᠬᠤ ᠡᠭᠦᠷ᠎ᠢ ᠠᠷᠢᠯᠭ᠋ᠠᠵᠤ᠂ 132 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 217 ᠬᠥᠮᠦᠨ᠎ᠢ ᠵᠠᠯᠬᠠᠭ᠋ᠠᠨ ᠴᠡᠭᠡᠷᠯᠡᠭᠦᠯᠵᠡᠶ᠃


     4. ᠠᠷᠠᠳ ᠤᠯᠠᠨ᠎ᠤ ᠮᠡᠬᠡᠯᠡᠭᠳᠡᠬᠦ ᠬᠣᠬᠢᠷᠠᠯ ᠠᠮᠰᠠᠬᠤ ᠵᠢ ᠪᠦᠬᠦ ᠲᠠᠯ᠎ᠠ᠎ᠪᠠᠷ ᠭᠦᠨᠵᠡᠭᠡᠢ ᠬᠣᠷᠢᠭᠯᠠᠵᠤ ᠪᠠᠶ᠋ᠢᠨ᠎ᠠ
      ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠢᠮᠠᠭᠲᠠ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠠᠰᠢᠭ ᠲᠤᠰᠠ ᠵᠢᠨ ᠲᠥᠯᠥᠭᠡ ᠲᠡᠮᠡᠴᠡᠵᠦ᠂ ᠠᠷᠭ᠎ᠠ ᠪᠦᠬᠦᠨ᠎ᠢ ᠰᠦᠪᠡᠭᠴᠢᠯᠡᠨ ᠬᠡᠷᠡᠭ ᠭᠠᠷᠬᠤ ᠵᠢ ᠪᠠᠭ᠋ᠠᠰᠬᠠᠵᠤ᠂ ᠬᠠᠮᠤᠭ᠎ᠤᠨ ᠶᠡᠬᠡ ᠬᠡᠮᠵᠢᠶ᠎ᠡ᠎ᠪᠠᠷ ᠤᠯᠠᠨ ᠲᠦᠮᠡᠨ᠎ᠢ ᠬᠣᠬᠢᠷᠠᠯ᠎ᠠᠴᠠ ᠵᠠᠶ᠋ᠢᠯᠠᠭᠤᠯᠪᠠ᠃ ᠶᠠᠯ᠎ᠠ ᠬᠢᠬᠦ ᠠᠷᠭ᠎ᠠ ᠪᠠᠷᠢᠯ᠎ᠤᠨ ᠲᠠᠰᠤᠷᠠᠯᠲᠠ ᠦᠭᠡᠶ ᠬᠤᠪᠢᠷᠠᠵᠤ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠴᠣᠬᠢᠯᠲᠠ ᠥᠭᠴᠦ ᠰᠡᠷᠭᠡᠶ᠋ᠢᠯᠡᠬᠦ ᠠᠷᠭ᠎ᠠ ᠪᠣᠳᠣᠯᠭ᠎ᠠ᠎ᠳᠤ ᠴᠠᠭ ᠲᠤᠬᠠᠶ᠎ᠳᠤ᠎ᠨᠢ ᠲᠣᠬᠢᠷᠠᠭᠤᠯᠤᠯᠲᠠ ᠬᠢᠵᠦ᠂ 《ᠬᠠᠮᠲᠤᠷᠠᠭᠰᠠᠨ ᠲᠦᠷᠢᠮ + ᠮᠡᠬᠡᠯᠡᠯ᠎ᠢ ᠡᠰᠡᠷᠭᠦᠴᠡᠬᠦ ᠲᠤᠰᠬᠠᠶ ᠠᠩᠭᠢ》᠎ᠪᠠᠷ ᠬᠣᠯᠪᠣᠭ᠋ᠠᠯᠠᠨ ᠬᠥᠳᠡᠯᠦᠯᠴᠡᠵᠦ᠂ 《ᠴᠠᠭᠳᠠᠭ᠋ᠠᠨ᠎ᠤ ᠲᠥᠷᠥᠯ + ᠰᠠᠯᠠᠭ᠎ᠠ ᠮᠥᠴᠢᠷ》᠎ᠢ ᠬᠣᠶᠠᠷ ᠡᠭᠡᠯᠵᠢ᠎ᠪᠠᠷ ᠬᠥᠳᠡᠯᠭᠡᠨ᠂ ᠲᠦᠷᠭᠡᠨ ᠪᠠᠶ᠋ᠢᠴᠠᠭ᠋ᠠᠨ ᠯᠠᠪᠯᠠᠬᠤ᠂ ᠥᠭᠬᠦ ᠵᠢ ᠵᠣᠭᠰᠣᠭ᠋ᠠᠬᠤ᠂ ᠥᠯᠥ ᠬᠥᠳᠡᠯᠭᠡᠯᠭᠡᠬᠦ ᠠᠵᠢᠯ᠎ᠢ ᠦᠷᠭᠦᠯᠵᠢᠯᠡᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠡᠷᠡᠮᠵᠢᠯᠡᠭᠦᠯᠦᠨ ᠬᠣᠷᠢᠭᠯᠠᠬᠤ ᠲᠣᠭᠲᠠᠴᠠ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠠᠮᠤᠭ᠎ᠤᠨ ᠶᠡᠬᠡ ᠬᠡᠮᠵᠢᠶ᠎ᠡ᠎ᠪᠠᠷ ᠮᠡᠬᠡᠯᠡᠯ᠎ᠳᠤ ᠬᠣᠯᠪᠣᠭᠳᠠᠭᠰᠠᠨ ᠳ᠋ᠢᠶᠠᠩᠬᠤᠸᠠ ᠵᠢ ᠤᠲᠠᠰᠤᠳᠠᠵᠤ ᠳᠡᠶ᠋ᠢᠯᠬᠦ ᠥᠬᠡᠶ᠂ ᠬᠣᠤᠷ ᠬᠥᠨᠥᠭᠡᠯ᠎ᠲᠠᠢ ᠮᠡᠳᠡᠭᠡ ᠵᠠᠩᠭᠢ ᠵᠢ ᠲᠠᠷᠬᠠᠭ᠋ᠠᠵᠤ ᠳᠡᠶ᠋ᠢᠯᠬᠦ ᠥᠬᠡᠶ᠂ ᠮᠡᠬᠡᠯᠡᠯ᠎ᠳᠤ ᠬᠣᠯᠪᠣᠭᠳᠠᠭᠰᠠᠨ ᠰᠦᠯᠵᠢᠶᠡᠨ᠎ᠤ ᠨᠡᠷ᠎ᠡ ᠪᠠ ᠰᠦᠯᠵᠢᠶᠡᠨ᠎ᠤ ᠬᠠᠶᠢᠭ᠎ᠢ ᠮᠠᠨ᠎ᠤ ᠣᠷᠣᠨ᠎ᠳᠤ ᠨᠡᠶ᠋ᠢᠲᠡᠯᠡᠵᠦ ᠳᠡᠶ᠋ᠢᠯᠬᠦ ᠥᠬᠡᠶ ᠪᠣᠯᠭ᠋ᠠᠨ᠎ᠠ᠃ ᠣᠲᠣ ᠪᠣᠯᠲᠠᠯ᠎ᠠ᠂ ᠤᠷᠢᠳᠴᠢᠯᠠᠨ ᠰᠡᠷᠡᠮᠵᠢᠯᠡᠭᠦᠯᠬᠦ ᠰᠦᠪᠡᠭᠴᠢ ᠵᠢ ᠨᠡᠶ᠋ᠢᠲᠡ 40.4 ᠲᠦᠮᠡᠨ ᠵᠤᠷᠪᠤᠰ ᠬᠦᠷᠭᠡᠵᠦ᠂  96110 ᠮᠡᠬᠡᠯᠡᠯ᠎ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠲᠤᠰᠬᠠᠶ ᠨᠣᠮᠧᠷ᠎ᠢ ᠠᠰᠢᠭᠯᠠᠨ᠂ ᠰᠦᠯᠵᠢᠶᠡᠨ ᠳᠡᠭᠡᠷ᠎ᠡ ᠤᠷᠢᠳᠴᠢᠯᠠᠨ ᠰᠡᠷᠡᠮᠵᠢᠯᠡᠭᠦᠯᠬᠦ ᠪᠠ ᠰᠦᠯᠵᠢᠶᠡᠨ ᠭᠠᠳᠠᠨ᠎ᠠ ᠢᠳᠬᠠᠨ ᠬᠣᠷᠢᠭᠯᠠᠬᠤ ᠵᠢ ᠤᠶᠠᠯᠳᠤᠭᠤᠯᠵᠤ᠂ ᠡᠳᠦᠷ ᠪᠦᠷᠢ ᠳᠤᠮᠳᠠᠴᠢ᠎ᠪᠠᠷ 3000 ᠭᠠᠷᠤᠶ ᠵᠤᠷᠪᠤᠰ ᠤᠷᠢᠳᠴᠢᠯᠠᠨ ᠰᠡᠷᠡᠮᠵᠢᠯᠡᠭᠦᠯᠬᠦ ᠲᠣᠭ᠎ᠠ ᠪᠠᠷᠢᠮᠲᠠ ᠵᠢ ᠬᠦᠷᠭᠡᠵᠦ ᠪᠠᠶ᠋ᠢᠨ᠎ᠠ᠃ ᠮᠡᠬᠡᠯᠡᠭᠳᠡᠨ ᠬᠡᠷᠡᠭ ᠮᠡᠳᠡᠭᠦᠯᠦᠭᠰᠡᠳ᠎ᠤᠨ ᠬᠡᠷᠡᠭ᠎ᠲᠤ ᠬᠣᠯᠪᠣᠭᠳᠠᠭᠰᠠᠨ ᠲᠠᠨᠭ᠌ᠰᠠᠨ ᠡᠷᠤᠭᠡ ᠵᠢ ᠲᠡᠷᠡ ᠳᠠᠷᠤᠶ᠎ᠳᠤ᠎ᠨᠢ ᠪᠠᠴᠢᠮ ᠵᠣᠭᠰᠣᠭ᠋ᠠᠵᠤ᠂ ᠤᠯᠠᠨ ᠲᠦᠮᠡᠨ᠎ᠤ ᠠᠵᠤ ᠠᠬᠤᠶ ᠵᠢᠨ ᠬᠣᠬᠢᠷᠠᠯ᠎ᠠᠴᠠ 35.4 ᠳ᠋ᠦᠩᠰᠢᠭᠤᠷ ᠲᠥᠭᠥᠷᠢᠭ ᠵᠠᠶ᠋ᠢᠯᠠᠭᠤᠯᠪᠠ᠃



    ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠬᠢᠵᠢᠭ᠎ᠤᠨ ᠬᠢᠵᠢᠭ᠎ᠤᠨ ᠮᠡᠬᠡᠯᠡᠯ᠎ᠤᠨ ᠶᠠᠯᠠᠲᠤ ᠠᠵᠢᠯᠯᠠᠭ᠎ᠠ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠂ ᠮᠡᠬᠡᠯᠡᠯ᠎ᠤᠨ ᠳᠡᠭᠡᠳᠦ ᠳᠣᠤᠷᠠᠳᠤ ᠤᠷᠤᠰᠬᠠᠯ᠎ᠳᠤ ᠬᠣᠯᠪᠣᠭᠳᠠᠭᠰᠠᠨ ᠬᠠᠷ᠎ᠠ ᠦᠨᠡᠰᠦᠨ ᠭᠠᠷᠤᠯᠲᠠ ᠵᠢᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ ᠪᠠ ᠠᠷᠠᠳ ᠣᠯᠠᠨ᠎ᠤ ᠮᠡᠬᠡᠯᠡᠯ᠎ᠢ ᠬᠣᠷᠢᠭᠯᠠᠵᠤ ᠬᠣᠬᠢᠷᠠᠯ᠎ᠢ ᠳᠠᠷᠤᠭᠰᠠᠨ ᠦᠷ᠎ᠡ ᠪᠦᠲᠦᠮᠵᠢ ᠵᠢ ᠨᠡᠶ᠋ᠢᠲᠡᠯᠡᠪᠡ᠃ 
    ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠴᠠᠬᠢᠯᠭ᠋ᠠᠨ ᠬᠣᠯᠪᠣᠭ᠋ᠠᠨ᠎ᠤ ᠰᠦᠯᠵᠢᠶᠡᠨ᠎ᠤ ᠮᠡᠬᠡᠯᠡᠯ᠎ᠤᠨ ᠬᠡᠷᠡᠭ᠎ᠤᠨ ᠶᠠᠯᠠᠲᠤ ᠠᠵᠢᠯᠯᠠᠭ᠎ᠠ ᠵᠢᠨ ᠪᠠᠶ᠋ᠢᠳᠠᠯ ᠣᠨᠴᠠᠯᠢᠭ᠂ ᠴᠠᠬᠢᠯᠭ᠋ᠠᠨ ᠬᠣᠯᠪᠣᠭ᠋ᠠᠨ᠎ᠤ ᠰᠦᠯᠵᠢᠶᠡᠨ᠎ᠤ ᠮᠡᠬᠡᠯᠡᠯ᠎ᠢ ᠬᠡᠷᠬᠢᠨ ᠰᠡᠷᠭᠡᠶ᠋ᠢᠯᠡᠬᠦ ᠵᠢᠴᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠭᠣᠤᠯ ᠠᠷᠭ᠎ᠠ ᠬᠢᠳᠡᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃

ᠢᠷᠡᠯᠲᠡ᠄ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ᠎ᠤᠨ ᠠᠯᠪᠠᠨ ᠰᠦᠯᠵᠢᠶ᠎ᠡ