ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ
2020 ᠤᠨ᠎ᠤ ᠦᠪᠡᠷᠲᠡᠭᠡᠨ ᠵᠠᠰᠠᠬᠤ ᠤᠷᠤᠨ᠎ᠤ ᠫᠤᠤ ᠳᠡᠯᠪᠡᠷᠡᠬᠦ ᠡᠳ᠋᠎ᠲᠤ
ᠬᠤᠯᠪᠤᠭᠳᠠᠭᠰᠠᠨ ᠲᠠᠪᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠨᠢᠭᠡ)
ᠡᠨᠡ ᠵᠢᠯ᠂ ᠪᠦᠬᠦ ᠤᠷᠤᠨ᠎ᠤ ᠫᠤᠤ ᠳᠡᠯᠪᠡᠷᠡᠬᠦ ᠡᠳ᠋᠎ᠲᠤ ᠬᠤᠯᠪᠤᠭᠳᠠᠭᠰᠠᠨ ᠬᠡᠷᠡᠭ ᠵᠢᠴᠢ ᠬᠦᠨᠳᠦ ᠶᠠᠬᠡ ᠫᠤᠤ ᠳᠡᠯᠪᠡᠷᠡᠬᠦ ᠡᠳ᠋᠎ᠤᠨ ᠬᠠᠷᠬᠢᠰ ᠬᠡᠷᠡᠭ ᠡᠭᠦᠰᠬᠦ ᠨᠤᠷᠮ᠎ᠠ ᠢᠯᠡᠳᠲᠡ ᠳᠤᠷᠤᠭᠰᠢᠯᠠᠵᠤ᠂ ᠬᠠᠤᠯᠢ ᠪᠤᠰᠤ᠎ᠪᠠᠷ ᠫᠤᠤ᠎ᠪᠠᠷ ᠠᠪᠠ ᠬᠢᠬᠦ᠂ ᠳᠡᠯᠪᠡᠷᠡᠬᠦ ᠡᠳ᠋ ᠪᠤᠳᠠᠰ᠎ᠢ ᠬᠠᠤᠯᠢ ᠪᠤᠰᠤ᠎ᠪᠠᠷ ᠠᠷᠠᠯᠵᠢᠶᠠᠬᠤ ᠬᠡᠷᠡᠭ ᠵᠢᠭ᠋ᠠᠬᠠᠨ ᠨᠡᠮᠡᠭᠳᠡᠪᠡ᠃ 2020 ᠤᠨ᠎ᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠭᠤᠤᠯᠳᠠᠭᠤ ᠳᠤᠤᠷᠠᠬᠢ ᠮᠡᠲᠦ᠄
ᠯᠢ ᠤᠪᠤᠭᠳᠠᠨ ᠵᠡᠷᠭᠡ ᠬᠦᠮᠦᠰ ᠳᠡᠯᠪᠡᠷᠡᠬᠦ ᠡᠳ᠋᠎ᠢ ᠬᠠᠤᠯᠢ
ᠪᠤᠰᠤ᠎ᠪᠠᠷ ᠦᠢ᠍ᠯᠡᠳᠴᠦ ᠫᠠᠨᠽᠠᠯᠠᠵᠤ ᠬᠠᠳᠠᠭ᠋ᠠᠯᠠᠭᠰᠠᠨ ᠬᠡᠷᠡᠭ
ᠪᠤᠭᠤᠲᠦ ᠬᠤᠲᠠ ᠵᠢᠨ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠢᠭᠡᠨ ᠠᠭᠤᠷᠬᠠᠢ ᠵᠢᠨ ᠲᠤᠭᠤᠷᠢᠭ᠎ᠲᠤ ᠭᠡᠨᠡᠳᠲᠡ ᠵᠢᠨ ᠪᠠᠢ᠌ᠴᠠᠭ᠋ᠠᠯᠳᠠ ᠵᠢᠨ ᠳᠤᠮᠳᠠ 1173 ᠳᠠᠮᠵᠢᠭᠤᠯᠤᠭᠴᠢ ᠳᠡᠯᠪᠡᠷᠡᠬᠦ ᠲᠡᠰᠦᠷᠡᠭᠦᠯᠥᠭᠴᠢ ᠵᠢ ᠪᠠᠢ᠌ᠴᠠᠭ᠋ᠠᠨ ᠬᠤᠷᠢᠶᠠᠨ ᠠᠪᠴᠦ᠂ ᠲᠡᠷᠡ ᠳᠠᠷᠤᠢ ᠬᠤᠯᠪᠤᠭᠳᠠᠯ ᠪᠦᠬᠦᠢ ᠬᠦᠮᠦᠰ ᠵᠢᠴᠢ ᠲᠡᠰᠦᠷᠡᠭᠦᠯᠦᠭᠴᠢ ᠵᠢᠨ ᠳᠠᠮᠵᠢᠭᠳᠠᠵᠤ ᠪᠠᠢ᠌ᠭ᠎ᠠ ᠴᠡᠭ᠎ᠲᠤ ᠭᠡᠷᠡᠴᠢ ᠠᠪᠬᠤ ᠪᠠᠢ᠌ᠴᠠᠭ᠋ᠠᠯᠲᠠ ᠵᠢᠨ ᠠᠵᠢᠯ ᠦᠷᠨᠢᠭᠦᠯᠪᠡ᠃ ᠪᠠᠢ᠌ᠴᠠᠭ᠋ᠠᠯᠲᠠ᠎ᠳᠤ᠂ ᠶᠠᠯ᠎ᠠ ᠬᠢᠭᠡᠰᠡᠨ ᠰᠡᠵᠢᠭᠲᠡᠨ ᠯᠢ ᠤᠪᠤᠭᠲᠠᠨ 2012 ᠤᠨ᠎ᠠᠴᠠ ᠤᠳᠤ ᠪᠤᠯᠲᠠᠯ᠎ᠠ ᠪᠤᠰᠤᠳ᠎ᠲᠠᠢ ᠬᠤᠷᠰᠢᠵᠤ ᠬᠠᠤᠯᠢ ᠪᠤᠰᠤ᠎ᠪᠠᠷ 470 ᠭᠠᠷᠤᠢ ᠲᠤᠨ ᠳᠡᠯᠪᠡᠷᠡᠬᠦ ᠡᠳ᠋ ᠦᠢ᠍ᠯᠡᠳᠬᠦ ᠵᠢᠨ ᠬᠠᠮᠲᠦ ᠨᠢᠭᠡᠨ ᠳᠡᠯᠪᠡᠴᠢᠬᠦ ᠺᠤᠮᠫᠠᠨᠢ᠎ᠪᠠᠷ ᠳᠠᠮᠵᠢᠨ 1300 ᠭᠠᠷᠤᠢ ᠳᠠᠮᠵᠢᠭᠤᠯᠤᠭᠴᠢ ᠳᠡᠯᠪᠡᠷᠡᠬᠦ ᠲᠡᠰᠦᠷᠡᠭᠦᠯᠦᠭᠴᠢ᠂ 1900 ᠭᠠᠷᠤᠢ ᠴᠠᠬᠢᠯᠭ᠋ᠠᠨ ᠲᠡᠰᠦᠷᠡᠭᠦᠯᠦᠭᠴᠢ᠂ 45 ᠲᠤᠨ ᠴᠢᠢ᠍ᠳᠡᠮᠡᠭ ᠳᠡᠯᠪᠡᠷᠡᠬᠦ ᠡᠳ᠋ ᠪᠠ ᠠᠮᠮᠤᠨᠢ ᠵᠢᠨ ᠲᠤᠰ᠎ᠤᠨ ᠳᠡᠯᠪᠡᠷᠡᠬᠦ ᠡᠳ᠋᠎ᠢ ᠳᠤᠭᠳᠠᠭ᠋ᠠᠯ᠎ᠠᠴᠠ ᠵᠦᠷᠢᠴᠡᠨ ᠠᠪᠴᠤ᠂ ᠪᠦᠬᠦᠨ᠎ᠢ ᠠᠭᠤᠷᠬᠠᠢ ᠵᠢᠨ ᠤᠷᠤᠨ᠎ᠳᠤ ᠨᠡᠭᠡᠭᠡᠯᠲᠡ ᠳᠡᠯᠪᠡᠴᠢᠵᠦ ᠬᠠᠤᠯᠢ ᠪᠤᠰᠤ ᠠᠰᠢᠭ ᠤᠯᠬᠤ᠎ᠳᠤ ᠬᠡᠷᠡᠭᠯᠡᠪᠡ᠃ ᠲᠤᠬᠠᠢ ᠵᠢᠨ ᠭᠠᠵᠠᠷ᠎ᠤᠨ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 21 ᠶᠠᠯ᠎ᠠ ᠬᠢᠭᠰᠡᠨ ᠰᠡᠵᠢᠭᠲᠡᠨ᠎ᠢ ᠪᠠᠷᠢᠪᠴᠢᠯᠠᠵᠦ᠂ ᠬᠠᠤᠯᠢ ᠪᠤᠰᠤ᠎ᠪᠠᠷ ᠳᠡᠯᠪᠡᠷᠡᠬᠦ ᠡᠳ᠋ ᠪᠤᠳᠡᠰ ᠦᠢ᠍ᠯᠡᠳᠴᠦ ᠫᠠᠨᠽᠠᠯᠠᠵᠤ ᠬᠠᠳᠠᠭ᠋ᠠᠯᠠᠭᠰᠠᠨ ᠶᠠᠯᠠᠳᠤ ᠬᠤᠯᠪᠤᠭᠳᠠᠭᠰᠠᠨ ᠵᠶ᠋ᠠᠷ ᠪᠠᠢ᠌ᠴᠠᠭ᠋ᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠬᠤ ᠵᠢᠨ ᠬᠠᠮᠲᠦ ᠬᠠᠤᠯᠢ ᠪᠤᠰᠤ ᠠᠵᠢᠯᠯᠠᠭ᠎ᠠ᠎ᠳᠤ ᠤᠷᠤᠯᠴᠠᠭᠰᠠᠨ ᠳᠡᠯᠪᠡᠴᠢᠬᠦ ᠺᠤᠮᠫᠠᠨᠢ ᠵᠢᠨ ᠡᠵᠡᠩᠨᠡᠯᠲᠡ ᠵᠢᠨ ᠴᠢᠨᠡᠷᠲᠡᠢ ᠳᠡᠯᠪᠡᠴᠢᠬᠦ ᠠᠵᠢᠯ᠎ᠤᠨ ᠨᠢᠭᠡᠴᠡ ᠵᠢᠨ ᠵᠦᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠤᠯᠭ᠋ᠠᠪᠠ᠃