ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ 2020 ᠤᠨ᠎ᠤ ᠦᠪᠡᠷᠲᠡᠭᠡᠨ ᠵᠠᠰᠠᠬᠤ ᠤᠷᠤᠨ᠎ᠤ ᠫᠤᠤ ᠳᠡᠯᠪᠡᠷᠡᠬᠦ ᠡᠳ᠋᠎ᠲᠤ ᠬᠤᠯᠪᠤᠭᠳᠠᠭᠰᠠᠨ ᠲᠠᠪᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠲᠠᠪᠤ)
ᠨᠡᠶ᠋ᠢᠲᠡᠯᠡᠭᠰᠡᠨ ᠴᠠᠭ᠄ 2021-02-01

              ᠰᠦᠨ ᠤᠪᠤᠭᠲᠠᠨ ᠬᠠᠤᠯᠢ ᠪᠤᠰᠤ᠎ᠪᠠᠷ

              ᠳᠡᠯᠪᠡᠷᠡᠬᠦ ᠡᠳ᠋ ᠬᠠᠳᠠᠭ᠋ᠠᠯᠠᠭᠰᠠᠨ ᠬᠡᠷᠡᠭ


      ᠠᠯᠠᠱ᠌ᠠ ᠵᠠᠭᠦᠨ ᠬᠤᠰᠢᠭᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠠᠮᠤᠷ᠎ᠢ ᠬᠠᠮᠠᠭ᠋ᠠᠯᠠᠬᠤ ᠴᠠᠭᠳᠠᠭ᠋ᠠᠨ᠎ᠤ ᠶᠠᠬᠡ ᠠᠩᠬᠢ ᠨᠢᠭᠡᠨ ᠠᠭᠤᠷᠬᠠᠢ ᠵᠢᠨ ᠲᠤᠭᠤᠷᠢᠭ᠎ᠢ ᠪᠠᠢ᠌ᠴᠠᠭ᠋ᠠᠬᠤ ᠳᠤᠮᠲᠠ ᠠᠵᠢᠯᠯᠠᠬᠤ ᠳᠤᠭᠤᠷᠢᠭ᠎ᠲᠤ 16 ᠤᠭᠤᠲᠠ ᠳᠠᠷᠢ ᠵᠢ ᠪᠤᠯᠠᠵᠤ ᠨᠢᠭᠤᠨ ᠳᠠᠯᠳᠠᠯᠠᠭᠰᠠᠨ᠎ᠢ ᠤᠯᠵᠤ ᠮᠡᠳᠡᠪᠡ᠃ ᠴᠢᠨᠠᠭᠰᠢᠳᠠ ᠪᠠᠢ᠌ᠴᠠᠭ᠋ᠠᠭᠰᠠᠨ᠎ᠳᠤ᠂ ᠳᠡᠷᠢ᠎ᠨᠢ ᠨᠢᠭᠡᠨ ᠳᠡᠯᠪᠡᠴᠢᠬᠦ ᠺᠤᠮᠫᠠᠨᠢ ᠵᠢᠨ ᠳᠡᠯᠪᠡᠴᠢᠬᠦ ᠠᠵᠢᠯ ᠵᠶ᠋ᠠᠨ ᠬᠡᠷᠡᠭᠵᠢᠭᠦᠯᠦᠭᠰᠡᠨ᠎ᠤ ᠬᠤᠢ᠌ᠨ᠎ᠠ ᠦᠯᠡᠳᠡᠪᠦᠷᠢ   ᠳᠠᠷᠢ   ᠪᠤᠯᠤᠨ᠎ᠠ᠃ ᠲᠤᠰ ᠳᠡᠯᠪᠡᠴᠢᠬᠦ ᠺᠤᠮᠫᠠᠨᠢ ᠳᠤᠭᠳᠠᠭ᠋ᠠᠯ ᠶᠤᠰᠤᠭ᠋ᠠᠷ ᠴᠠᠭ ᠲᠤᠬᠠᠢ᠎ᠳᠤ᠎ᠨᠢ ᠳᠡᠯᠪᠡᠴᠢᠭᠰᠡᠨ᠎ᠤ ᠬᠤᠢ᠌ᠨ᠎ᠠ ᠦᠯᠡᠳᠡᠪᠦᠷᠢ ᠳᠡᠯᠪᠡᠷᠡᠬᠦ ᠡᠳ᠋ ᠪᠤᠳᠡᠰ ᠵᠶ᠋ᠠᠨ ᠢᠯᠭ᠋ᠠᠷᠠᠭᠤᠯᠤᠨ ᠪᠤᠴᠠᠭ᠋ᠠᠵᠤ ᠬᠦᠮᠦᠷᠭᠡ᠎ᠳᠤ ᠤᠷᠤᠭᠤᠯᠤᠭᠰᠠᠨ ᠦᠭᠡᠢ ᠪᠠᠢ᠌ᠵᠤ᠂ ᠠᠵᠢᠯᠯᠠᠬᠤ ᠠᠩᠬᠢ ᠵᠢᠨ ᠬᠠᠷᠢᠭᠤᠴᠠᠯᠭ᠋ᠠᠳᠡᠨ ᠰᠦᠨ ᠤᠪᠤᠭᠳᠠᠨ᠎ᠳᠤ ᠬᠠᠤᠯᠢ ᠪᠤᠰᠤ᠎ᠪᠠᠷ ᠳᠡᠯᠪᠡᠷᠡᠬᠦ ᠡᠳ᠋ ᠪᠤᠳᠡᠰ᠎ᠢ ᠨᠢᠭᠤᠨ ᠳᠠᠯᠳᠠᠯᠠᠬᠤ᠎ᠳᠤ ᠵᠠᠪᠰᠢᠶᠠᠨ ᠬᠠᠩᠭ᠋ᠠᠵᠤ ᠦᠭᠴᠡᠢ᠃ ᠠᠯᠠᠱ᠌ᠠ ᠵᠠᠭᠦᠨ ᠬᠤᠰᠢᠭᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠡᠷᠡᠭ᠎ᠲᠤ ᠬᠤᠯᠪᠤᠭᠳᠠᠭᠰᠠᠨ ᠳᠡᠯᠪᠡᠴᠢᠬᠦ ᠺᠤᠮᠫᠠᠨᠢ᠎ᠳᠤ ᠬᠠᠤᠯᠢ ᠶᠤᠰᠤᠭ᠋ᠠᠷ ᠰᠢᠳᠭᠡᠯ ᠦᠭᠴᠦ᠂ ᠬᠤᠯᠪᠤᠭᠳᠠᠯ ᠪᠦᠬᠦᠢ   ᠬᠠᠷᠢᠭᠤᠴᠠᠯᠭ᠋ᠠᠳᠡᠨ᠎ᠳᠤ ᠵᠠᠰᠠᠭ ᠵᠠᠬᠢᠷᠭ᠋ᠠᠨ᠎ᠤ ᠰᠢᠳᠭᠡᠯ ᠦᠭᠬᠦ ᠵᠢᠨ ᠬᠠᠮᠲᠦ ᠬᠠᠤᠯᠢ ᠪᠤᠰᠤ᠎ᠪᠠᠷ ᠳᠡᠯᠪᠡᠷᠡᠬᠦ ᠡᠳ᠋ ᠬᠠᠳᠠᠭ᠋ᠠᠯᠠᠭᠰᠠᠨ ᠶᠠᠯ᠎ᠠ᠎ᠳᠤ ᠬᠤᠯᠪᠤᠭᠳᠠᠭᠰᠠᠨ ᠵᠶ᠋ᠠᠷ ᠶᠠᠯ᠎ᠠ ᠬᠢᠭᠰᠡᠨ ᠰᠡᠵᠢᠭᠲᠡᠨ ᠰᠦᠨ ᠤᠪᠤᠭᠲᠤ ᠵᠢ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠢ᠃

ᠢᠷᠡᠯᠲᠡ᠄ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ