ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ 2020 ᠤᠨ᠎ᠤ ᠦᠪᠡᠷᠲᠡᠭᠡᠨ ᠵᠠᠰᠠᠬᠤ ᠤᠷᠤᠨ᠎ᠤ ᠫᠤᠤ ᠳᠡᠯᠪᠡᠷᠡᠬᠦ ᠡᠳ᠋᠎ᠲᠤ ᠬᠤᠯᠪᠤᠭᠳᠠᠭᠰᠠᠨ ᠲᠠᠪᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠬᠤᠶᠠᠷ)
ᠨᠡᠶ᠋ᠢᠲᠡᠯᠡᠭᠰᠡᠨ ᠴᠠᠭ᠄ 2021-02-01

            ᠡᠾᠸ ᠤᠪᠤᠭᠲᠠᠨ ᠵᠠᠷᠭᠡ ᠬᠦᠮᠦᠰ ᠬᠠᠤᠯᠢ

            ᠪᠤᠰᠤ᠎ᠪᠠᠷ ᠫᠤᠤ ᠠᠪᠴᠤ ᠪᠠᠢ᠌ᠭᠰᠠᠨ ᠬᠡᠷᠡᠭ


      ᠶᠠᠬᠡ ᠬᠢᠩᠭ᠋ᠠᠨ ᠳᠠᠪᠠᠭ᠎ᠠ ᠵᠢᠨ ᠤᠢ ᠰᠢᠭᠤᠢ ᠵᠢᠨ ᠳᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠤᠷᠴᠤᠨ ᠦᠪᠡᠷᠲᠡᠭᠡᠨ ᠵᠠᠰᠠᠬᠤ ᠬᠤᠰᠢᠭᠤᠨ᠎ᠤ ᠲᠦᠸᠸ ᠵᠠᠮᠢᠨ ᠪᠠᠯᠭ᠋ᠠᠰᠤ ᠵᠢᠨ ᠰᠠᠭᠤᠭ᠋ᠠᠯᠢ ᠠᠷᠠᠳ ᠡᠾᠸ ᠤᠪᠤᠭᠲᠠᠨ ᠵᠠᠷᠭᠡ ᠬᠦᠮᠦᠰ᠎ᠤᠨ ᠬᠠᠤᠯᠢ ᠪᠤᠰᠤ᠎ᠪᠠᠷ   ᠫᠤᠤ ᠠᠪᠴᠤ ᠲᠠᠷᠭᠡ ᠵᠢᠯᠤᠭᠤᠳᠤᠨ ᠠᠩ ᠠᠩᠨᠠᠬᠤ ᠰᠦᠪᠡᠭᠴᠢ ᠵᠢ ᠣᠯᠵᠤ ᠮᠡᠳᠡᠭᠰᠡᠨ᠎ᠤ ᠳᠠᠷᠠᠭ᠎ᠠ᠂ ᠴᠠᠭᠳᠠᠭ᠎ᠠ ᠨᠠᠷ᠎ᠢ ᠵᠣᠬᠢᠰᠳᠠᠢ ᠪᠠᠢ᠌ᠷᠢᠯᠠᠭᠤᠯᠤᠨ ᠬᠤᠷᠢᠭᠯᠠᠨ ᠬᠠᠰᠢᠵᠤ ᠪᠠᠷᠢᠪᠴᠢᠯᠠᠬᠤ ᠠᠵᠢᠯᠯᠠᠭ᠎ᠠ ᠵᠢ ᠶᠠᠪᠤᠭᠳᠠᠭᠤᠯᠵᠤ᠂ ᠲᠤᠬᠠᠢ ᠵᠢᠨ ᠲᠠᠯᠠᠪᠠᠢ᠎ᠳᠤ ᠶᠠᠯ᠎ᠠ ᠬᠢᠭᠰᠡᠨ ᠰᠡᠵᠢᠭᠲᠡᠨ ᠡᠾᠸ ᠤᠪᠤᠭᠲᠤ᠂ ᠰᠢᠶᠸ ᠤᠪᠤᠭᠲᠤ ᠵᠢ ᠪᠠᠷᠢᠪᠴᠢᠯᠠᠵᠦ᠂ ᠪᠠᠰᠠ ᠭᠤᠷᠪᠠᠨ ᠶᠠᠯ᠎ᠠ ᠬᠢᠭᠰᠡᠨ ᠰᠡᠵᠢᠭᠲᠡᠨ ᠫᠤᠤ ᠠᠪᠴᠤ ᠲᠠᠷᠭᠡ᠎ᠠᠴᠠ᠎ᠪᠠᠨ ᠦᠰᠦᠷᠴᠦ ᠳᠤᠲᠠᠭ᠋ᠠᠭᠰᠠᠨ᠎ᠳᠤ᠂ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠦᠴᠦᠷᠬᠡᠭ ᠶᠠᠬᠡ ᠨᠡᠭᠡᠮᠵᠢᠯᠡᠯ᠎ᠤᠨ ᠳᠠᠷᠤᠯᠲᠠ ᠠᠯᠪᠠᠳᠠᠯᠭ᠎ᠠ ᠳᠤᠤᠷ᠎ᠠ ᠶᠠᠯ᠎ᠠ᠎ᠪᠠᠨ ᠬᠦᠯᠢᠶᠡᠨ ᠪᠡᠶ᠎ᠡ᠎ᠪᠠᠨ ᠲᠤᠰᠢᠶᠠᠪᠠ᠃ ᠲᠤᠢ᠌ᠯᠪᠤᠷᠢᠳᠠᠢ ᠮᠦᠷᠳᠡᠨ ᠪᠠᠢ᠌ᠴᠠᠭ᠋ᠠᠯᠲᠠ᠎ᠪᠠᠷ᠂ ᠲᠤᠰ ᠬᠡᠷᠡᠭ᠎ᠲᠤ ᠨᠢᠭᠡᠨᠲᠡ 7 ᠶᠠᠯ᠎ᠠ ᠬᠢᠭᠰᠡᠨ ᠰᠡᠵᠢᠭᠲᠡᠨ᠎ᠢ ᠪᠠᠷᠢᠪᠴᠢᠯᠠᠵᠦ᠂ ᠬᠡᠷᠡᠭ ᠬᠢᠭᠰᠡᠨ 6 ᠫᠤᠤ᠂ 231 ᠰᠤᠮᠤ ᠵᠢ ᠪᠠᠢ᠌ᠴᠠᠭ᠋ᠠᠨ ᠬᠤᠷᠢᠶᠠᠮᠵᠢᠯᠠᠪᠠ᠃

ᠢᠷᠡᠯᠲᠡ᠄ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ