ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠶᠠᠮᠠᠷ ᠪᠠᠢ᠌ᠳᠠᠯ ᠳᠣᠤᠷ᠎ᠠ 110᠎ᠢ ᠬᠡᠷᠡᠭᠯᠡᠬᠦ ᠪᠣᠶ᠂ ᠡᠨᠡ ᠤᠳᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠲᠣᠳᠣᠷᠬᠠᠶ ᠬᠡᠯᠡᠪᠡ!
ᠨᠡᠶ᠋ᠢᠲᠡᠯᠡᠭᠰᠡᠨ ᠴᠠᠭ᠄ 2021-03-05

        ᠶᠠᠮᠠᠷ ᠪᠠᠢ᠌ᠳᠠᠯ ᠳᠣᠤᠷ᠎ᠠ 110᠎ᠢ ᠬᠡᠷᠡᠭᠯᠡᠬᠦ ᠪᠣᠶ᠂ ᠡᠨᠡ ᠤᠳᠠᠭ᠋ᠠᠨ᠎ᠤ

        ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠲᠣᠳᠣᠷᠬᠠᠶ ᠬᠡᠯᠡᠪᠡ!

   

     1 ᠳ᠋ᠦ᠍ᠭᠡᠷ ᠰᠠᠷ᠎ᠠ ᠵᠢᠨ 13᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠥᠷᠪᠡᠳᠦᠭᠡᠷ ᠲᠠᠯᠠᠪᠤᠷ᠎ᠤᠨ 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ ᠲᠣᠭᠲᠠᠭᠰᠠᠨ ᠬᠤᠭᠤᠴᠠᠭ᠋ᠠᠨ᠎ᠳᠤ᠎ᠪᠠᠨ ᠶᠠᠪᠤᠭᠳᠠᠪᠠ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠴᠢᠮᠡᠭᠡ ᠮᠡᠳᠡᠭᠡ ᠵᠢᠯᠣᠭᠣᠳᠬᠤ ᠲᠥᠪ᠎ᠤᠨ ᠲᠦᠭᠰᠢᠭᠦᠷᠢ ᠮᠡᠳᠡᠭᠦᠯᠦᠯᠲᠡ ᠵᠢ ᠲᠣᠰᠴᠤ ᠴᠠᠭᠳᠠᠭ᠎ᠠ ᠲᠣᠮᠢᠯᠠᠬᠤ ᠵᠢ ᠵᠢᠯᠣᠭᠣᠳᠬᠤ ᠰᠠᠯᠪᠤᠷᠢ ᠠᠩᠭᠢ ᠵᠢᠨ ᠳᠠᠷᠤᠭ᠎ᠠ ᠸᠸᠨ ᠡᠤ ᠵᠢᠤᠸᠠᠨ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠬᠢᠭᠡᠳ ᠬᠠᠮᠢᠶ᠎ᠠ ᠪᠥᠬᠥᠶ ᠨᠡᠶ᠋ᠢᠭᠡᠮ᠎ᠤᠨ ᠦᠢ᠍ᠯᠡᠴᠢᠯᠡᠭᠡᠨ᠎ᠤ ᠲᠠᠪᠴᠠᠩ᠎ᠤᠨ ᠬᠣᠯᠪᠣᠭ᠋ᠠᠯᠠᠨ ᠬᠥᠳᠡᠯᠦᠯᠴᠡᠵᠦ ᠲᠥᠷᠥᠯ ᠬᠤᠪᠢᠶᠠᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠤ ᠪᠠᠶ᠋ᠢᠳᠠᠯ᠎ᠤᠨ ᠲᠤᠬᠠᠶ ᠨᠠᠷᠢᠨ ᠲᠣᠳᠣᠷᠬᠠᠶ᠋ᠢᠯᠠᠯᠲᠠ ᠬᠢᠪᠠ᠃
      ᠨᠢᠭᠡ᠂ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ
     (ᠨᠢᠭᠡ) 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠲᠦᠭᠰᠢᠭᠦᠷᠢ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ
     1. ᠡᠷᠡᠭᠦᠤ ᠵᠢᠨ ᠬᠡᠷᠡᠭ᠎ᠤᠨ ᠲᠥᠷᠥᠯ᠎ᠤᠨ ᠲᠦᠭᠰᠢᠭᠦᠷᠢᠲᠦ ᠪᠠᠶ᠋ᠢᠳᠠᠯ;
     2. ᠠᠮᠤᠷ᠎ᠢ ᠬᠠᠮᠠᠭ᠋ᠠᠯᠠᠬᠤ ᠲᠥᠷᠥᠯ᠎ᠤᠨ ᠲᠦᠭᠰᠢᠭᠦᠷᠢᠲᠦ ᠪᠠᠶ᠋ᠢᠳᠠᠯ;
     3. ᠵᠠᠮ ᠬᠠᠷᠢᠯᠴᠠᠭ᠋ᠠᠨ᠎ᠤ ᠲᠥᠷᠥᠯ᠎ᠤᠨ ᠲᠦᠭᠰᠢᠭᠦᠷᠢᠲᠦ ᠪᠠᠶ᠋ᠢᠳᠠᠯ;
     4. ᠬᠥᠮᠦᠨ᠎ᠤ ᠪᠡᠶ᠎ᠡ᠂ ᠡᠳ᠋ ᠬᠦᠷᠦᠨᠭᠭᠡ ᠵᠢᠨ ᠠᠮᠤᠷ ᠲᠦᠪᠰᠢᠨ ᠪᠤᠶᠤ ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠰᠦᠷᠳᠡᠭᠦᠯᠬᠦ ᠬᠠᠮᠲᠤᠯᠢᠭ᠎ᠤᠨ ᠴᠢᠨᠠᠷᠲᠠᠢ ᠬᠡᠷᠡᠭ;
     5. ᠠᠮᠤᠷ᠎ᠢ ᠬᠠᠮᠠᠭ᠋ᠠᠯᠠᠬᠤ ᠭᠠᠶ ᠭᠠᠮᠰᠢᠭ᠎ᠤᠨ ᠡᠨᠳᠡᠯ᠎ᠤᠨ ᠲᠥᠷᠥᠯ᠎ᠤᠨ ᠲᠦᠭᠰᠢᠭᠦᠷᠢ ᠪᠠᠶ᠋ᠢᠳᠠᠯ;
     6. ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠰᠢᠢ᠍ᠳᠪᠦᠷᠢᠯᠡᠬᠦ ᠴᠢᠬᠤᠯᠠᠲᠠᠢ ᠪᠤᠰᠤᠳ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠲᠠᠢ ᠬᠣᠯᠪᠣᠭᠳᠠᠬᠤ ᠲᠦᠭᠰᠢᠭᠦᠷᠢ ᠮᠡᠳᠡᠭᠡᠯᠡᠬᠦ᠃
     (ᠬᠣᠶᠠᠷ) 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢ᠍ᠳᠪᠦᠷᠢᠯᠡᠬᠦ ᠪᠠᠴᠢᠮ ᠲᠤᠰᠠᠯᠠᠮᠵᠢ ᠭᠤᠶᠤᠴᠢᠯᠠᠬᠤ ᠬᠦᠷᠢᠶ᠎ᠡ ᠬᠡᠪᠴᠢᠶ᠎ᠡ
     1. ᠤᠰᠤᠨ᠎ᠳᠤ ᠴᠠᠴᠠᠬᠤ᠂ ᠠᠰᠠᠷ᠎ᠠᠴᠠ ᠤᠨᠠᠬᠤ᠂ ᠪᠡᠶ᠎ᠡ᠎ᠪᠠᠨ ᠬᠣᠣᠷᠯᠠᠬᠤ ᠵᠡᠷᠭᠡ ᠬᠥᠮᠦᠨ᠎ᠤ ᠪᠡᠶ᠎ᠡ ᠵᠢᠨ ᠠᠮᠤᠷ ᠲᠦᠪᠰᠢᠨ᠎ᠳᠤ ᠠᠶᠤᠯ ᠤᠴᠠᠷᠠᠭᠤᠯᠬᠤ ᠵᠢᠴᠢ ᠣᠯᠠᠨ ᠨᠡᠶ᠋ᠢᠲᠡ ᠪᠤᠰᠤᠳ ᠠᠶᠤᠯ ᠲᠦᠭᠰᠢᠭᠦᠷᠢ᠎ᠳᠤ ᠤᠴᠠᠷᠠᠵᠤ᠂ ᠲᠤᠰᠠᠯᠠᠮᠵᠢ ᠦᠭᠡᠢ ᠭᠠᠭᠴᠠᠭ᠋ᠠᠷᠳᠠᠭᠰᠠᠨ ᠪᠠᠶ᠋ᠢᠳᠠᠯ᠎ᠳᠤ ᠣᠷᠣᠭ᠋ᠠᠳ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠢ ᠪᠣᠯᠤᠭᠰᠠᠨ;
     2. ᠨᠠᠰᠤᠲᠠᠶ᠋ᠢᠴᠤᠳ᠂ ᠬᠡᠦᠬᠡᠳ ᠵᠢᠴᠢ ᠣᠶᠣᠨ᠎ᠤ ᠰᠠᠭ᠋ᠠᠳ᠎ᠲᠠᠢ ᠬᠥᠮᠦᠰ᠂ ᠣᠶᠣᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ ᠵᠡᠷᠭᠡ ᠦᠢ᠍ᠯᠡ ᠠᠵᠢᠯᠯᠠᠭ᠎ᠠ ᠵᠢᠨ ᠴᠢᠳᠠᠪᠤᠷᠢ᠎ᠲᠠᠢ᠂ ᠢᠯᠭ᠋ᠠᠨ ᠲᠠᠨᠢᠬᠤ ᠴᠢᠳᠠᠪᠤᠷᠢ᠎ᠪᠠᠷ ᠠᠨᠠᠢ ᠬᠥᠮᠦᠰ᠎ᠤᠨ ᠲᠥᠭᠡᠷᠢᠵᠦ ᠭᠡᠭᠡᠭᠳᠡᠭᠰᠡᠨ᠎ᠢ ᠣᠯᠵᠤ ᠮᠡᠳᠡᠭᠡᠳ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠪᠠᠷ ᠵᠣᠬᠢᠬᠤ ᠬᠡᠪᠴᠢᠶᠡᠨ ᠳᠣᠲᠣᠷ᠎ᠠ ᠲᠦᠷᠭᠡᠨ ᠬᠠᠪᠰᠤᠷᠤᠭᠤᠯᠤᠨ ᠡᠷᠢᠭᠦᠯᠬᠦ ᠴᠢᠬᠤᠯᠠᠲᠠᠢ ᠪᠠᠶ᠋ᠢᠬᠤ;
     3. ᠤᠰᠤ᠂ ᠴᠠᠬᠢᠯᠭ᠋ᠠᠨ᠂ ᠲᠣᠰᠣ᠂ ᠬᠡᠢ᠂ ᠳᠤᠯᠠᠭ᠋ᠠᠯᠠᠬᠤ ᠵᠡᠷᠭᠡ᠎ᠳᠤ ᠬᠣᠯᠪᠣᠭᠳᠠᠭᠰᠠᠨ ᠣᠯᠠᠨ ᠨᠡᠶ᠋ᠢᠲᠡ ᠵᠢᠨ ᠲᠥᠬᠥᠭᠡᠷᠦᠮᠵᠢ᠎ᠳᠤ ᠲᠦᠭᠰᠢᠭᠦᠷᠢᠲᠦ ᠪᠠᠶ᠋ᠢᠳᠠᠯ ᠭᠠᠷᠴᠤ᠂ ᠣᠯᠠᠨ ᠨᠡᠶ᠋ᠢᠲᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠪᠤᠶᠤ ᠡᠳ᠋ ᠬᠥᠷᠥᠩᠭᠡ ᠵᠢᠨ ᠠᠮᠤᠷ ᠲᠦᠪᠰᠢᠨ᠎ᠳᠤ ᠠᠶᠤᠯ ᠬᠥᠨᠥᠭᠡᠯ ᠤᠴᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠤᠷᠢᠳ ᠵᠶ᠋ᠠᠷ ᠪᠠᠴᠢᠮ ᠰᠢᠢ᠍ᠳᠪᠦᠷᠢᠯᠡᠬᠦ ᠴᠢᠬᠤᠯᠠᠲᠠᠢ ᠪᠣᠯᠤᠭᠰᠠᠨ;
     4. ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠪᠠᠶ᠋ᠢᠭ᠋ᠠᠯᠢ ᠵᠢᠨ ᠭᠠᠮᠰᠢᠭ᠎ᠤᠨ ᠠᠶᠤᠯᠲᠤ ᠪᠠᠶ᠋ᠢᠳᠠᠯ ᠡᠭᠦᠰᠴᠦ᠂ ᠣᠯᠠᠨ ᠨᠡᠶ᠋ᠢᠲᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠪᠤᠶᠤ ᠡᠳ᠋ ᠬᠥᠷᠥᠩᠭᠡ ᠵᠢᠨ ᠠᠮᠤᠷ ᠲᠦᠪᠰᠢᠨ ᠪᠠ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠰᠦᠷᠳᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠᠴᠢᠮ ᠰᠢᠢ᠍ᠳᠪᠦᠷᠢᠯᠡᠯᠲᠡ᠎ᠳᠤ ᠣᠷᠣᠯᠴᠠᠬᠤ ᠴᠢᠬᠤᠯᠠᠲᠠᠶ ᠪᠠᠶ᠋ᠢᠬᠤ;
     5. ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠢ᠍ᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ ᠵᠤᠢ᠌ᠯᠡᠰ᠃
     (ᠭᠤᠷᠪᠠ) 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠵᠠᠭ᠋ᠠᠯᠳᠤᠯᠭ᠎ᠠ ᠵᠢ ᠬᠦᠯᠢᠶᠡᠨ ᠠᠪᠬᠤ ᠬᠡᠪᠴᠢᠶ᠎ᠡ᠄ ᠳᠣᠲᠣᠭ᠋ᠠᠳᠤ ᠵᠢ   ᠬᠠᠮᠠᠭ᠋ᠠᠯᠠᠬᠤ   ᠪᠠᠶ᠋ᠢᠭᠤᠯᠭ᠎ᠠ   ᠵᠢᠴᠢ   ᠠᠷᠠᠳ ᠎ᠤᠨ   ᠴᠠᠭᠳᠠᠭ᠎ᠠ ᠵᠢᠨ ᠶᠠᠭ ᠭᠠᠷᠴᠤ ᠪᠠᠶ᠋ᠢᠭ᠎ᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ》 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠮᠳᠠᠭᠤᠯᠤᠨ ᠪᠠᠶ᠋ᠢᠴᠠᠭ᠋ᠠᠬᠤ ᠳᠦᠷᠢᠮ》 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠰᠠᠬᠢᠯᠭ᠎ᠠ ᠪᠠᠲᠤ ᠵᠢᠨ ᠳᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠠᠷᠠᠳ᠎ᠤᠨ ᠴᠠᠭᠳᠠᠭ᠎ᠠ ᠵᠢᠨ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠵᠦ᠂ ᠬᠠᠤᠯᠢ᠎ᠠᠴᠠ ᠵᠥᠷᠢᠴᠡᠨ ᠡᠷᠬᠡ ᠲᠤᠰᠢᠶᠠᠯ ᠵᠶ᠋ᠠᠨ ᠬᠡᠷᠡᠭᠵᠢᠭᠦᠯᠵᠦ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠶ᠂ ᠡᠯ᠎ᠡ ᠵᠦᠢ᠍ᠯ᠎ᠤᠨ ᠬᠠᠤᠯᠢ ᠬᠡᠷᠡᠭᠵᠢᠭᠦᠯᠬᠦ᠂ ᠦᠢ᠍ᠯᠡᠴᠢᠯᠡᠬᠦ᠂ ᠵᠣᠬᠢᠶᠠᠨ ᠪᠠᠶ᠋ᠢᠭᠤᠯᠬᠤ᠂ ᠬᠠᠮᠢᠶᠠᠷᠬᠤ ᠳᠦᠷᠢᠮ᠎ᠢ ᠵᠢᠷᠤᠮᠯᠠᠬᠤ ᠦᠭᠡᠶ ᠪᠠ ᠡᠷᠬᠢᠯᠡᠭᠰᠡᠨ ᠠᠵᠢᠯ᠎ᠤᠨ ᠶᠣᠰᠣ ᠮᠣᠷᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠃
      ᠬᠣᠶᠠᠷ᠂ 12345 ᠨᠡᠶ᠋ᠢᠭᠡᠮ᠎ᠤᠨ   ᠦᠢ᠍ᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ   ᠰᠢᠢ᠍ᠳᠪᠦᠷᠢᠯᠡᠬᠦ ᠬᠡᠪᠴᠢᠶ᠎ᠡ
    12345 ᠲᠠᠪᠴᠠᠩ ᠪᠣᠯ ᠬᠣᠲᠠ ᠵᠢᠨ ᠵᠠᠰᠠᠭ᠎ᠤᠨ ᠣᠷᠳᠣᠨ᠎ᠤ ᠨᠡᠶ᠋ᠢᠭᠡᠮ᠎ᠤᠨ ᠲᠤᠰᠠᠯᠠᠮᠵᠢ ᠭᠤᠶᠤᠴᠢᠯᠠᠬᠤ   ᠦᠢ᠍ᠯᠡᠴᠢᠯᠡᠭᠡᠨ᠎ᠤ ᠲᠠᠪᠴᠠᠩ ᠪᠠᠶ᠋ᠢᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ   ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠭᠦᠢ᠍ᠴᠡᠳᠭᠡᠬᠦ ᠲᠠᠰ ᠳᠠᠷᠠᠭ᠋ᠠᠯᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠵᠡᠷᠭᠡ ᠠᠰᠠᠭᠤᠳᠠᠯ᠎ᠳᠤ ᠬᠣᠯᠪᠣᠭᠳᠠᠭᠰᠠᠨ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ ᠪᠣᠯᠤᠨ᠎ᠠ; ᠬᠣᠲᠠ ᠵᠢᠨ ᠠᠷᠠᠳ᠎ᠤᠨ ᠠᠮᠢᠳᠤᠷᠠᠯ᠂ ᠦᠢ᠍ᠯᠡᠳᠪᠦᠷᠢᠯᠡᠯ᠎ᠤᠨ ᠳᠤᠮᠳᠠ ᠲᠤᠯᠭ᠋ᠠᠷᠠᠭᠰᠠᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠬᠠᠷᠢᠶᠠᠯᠠᠭᠳᠠᠬᠤ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠲᠥᠷᠥᠯ᠎ᠤᠨ ᠴᠠᠭᠳᠠᠭ᠋ᠠᠨ᠎ᠤ ᠶᠠᠪᠤᠳᠠᠯ᠎ᠤᠨ ᠪᠤᠰᠤ ᠯᠠᠪᠯᠠᠯᠭ᠎ᠠ᠂ ᠵᠠᠭ᠋ᠠᠯᠳᠤᠯᠭ᠎ᠠ᠂ ᠲᠤᠰᠠᠯᠠᠮᠵᠢ ᠭᠤᠶᠤᠴᠢᠯᠠᠬᠤ ᠲᠥᠷᠥᠯ ᠵᠡᠷᠭᠡ ᠵᠤᠢ᠌ᠯᠡᠰ᠃
    ᠭᠤᠷᠪᠠ᠂ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠪᠣᠯᠤᠨ 12348 ᠬᠠᠤᠯᠢ ᠴᠠᠭ᠋ᠠᠵᠠ ᠵᠢᠨ ᠬᠠᠯᠠᠮᠰᠢᠯ ᠤᠲᠠᠰᠤᠨ᠎ᠤ ᠲᠠᠪᠴᠠᠩ᠎ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ
    《12348》 ᠪᠣᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠤᠯᠭ᠎ᠠ᠎ᠠᠴᠠ ᠪᠦᠬᠦ ᠣᠷᠣᠨ᠎ᠤ ᠠᠷᠠᠳ ᠣᠯᠠᠨ᠎ᠳᠤ ᠬᠠᠨᠳᠤᠭᠤᠯᠤᠭᠰᠠᠨ ᠬᠠᠤᠯᠢ ᠴᠠᠭ᠋ᠠᠵᠠ ᠵᠢᠨ ᠯᠠᠪᠯᠠᠯᠭ᠎ᠠ ᠵᠢᠨ ᠦᠢ᠍ᠯᠡᠴᠢᠯᠡᠭᠡᠨ᠎ᠤ ᠲᠤᠰᠬᠠᠶ ᠳ᠋ᠢᠶᠠᠩᠬᠤᠸᠠ ᠪᠣᠯᠤᠨ᠎ᠠ᠂ 7 × 24 ᠴᠠᠭ᠎ᠤᠨ ᠠᠵᠢᠯ᠎ᠤᠨ ᠭᠤᠣᠯ ᠡᠭᠦᠷᠭᠡ ᠴᠢᠳᠠᠪᠤᠷᠢ᠎ᠨᠢ ᠪᠣᠯ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠯᠠᠪᠯᠠᠯᠭ᠎ᠠ ᠵᠢ ᠬᠦᠯᠢᠶᠡᠨ ᠠᠪᠴᠤ᠂ ᠠᠷᠠᠳ᠎ᠤᠨ ᠬᠤᠭᠤᠷᠣᠨᠳᠣᠬᠢ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ᠎ᠳᠤ ᠬᠠᠮᠵᠢᠯᠴᠠᠵᠤ᠂ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠲᠤᠰᠬᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ ᠵᠢᠯᠣᠭᠤᠳᠬᠤ ᠪᠠ ᠬᠦᠯᠢᠶᠡᠨ ᠠᠪᠬᠤ ᠶᠠᠪᠤᠳᠠᠯ ᠪᠣᠯᠤᠨ᠎ᠠ᠃ 《110》 ᠲᠦᠭᠰᠢᠭᠦᠷᠢ ᠮᠡᠳᠡᠭᠡᠯᠡᠬᠦ ᠦᠢ᠍ᠯᠡᠴᠢᠯᠡᠭᠡᠨ᠎ᠤ ᠲᠠᠪᠴᠠᠩ᠎ᠨᠢ ᠣᠷᠤᠭ   ᠬᠤᠷᠢᠮ᠂ ᠬᠡᠷ   ᠪᠦᠯᠢ᠂ ᠬᠥᠷᠰᠢ   ᠵᠡᠷᠭᠡᠯᠡᠳᠡᠭᠡ᠂ ᠭᠡᠷ᠎ᠡ᠂ ᠥᠷᠢ ᠥᠭᠴᠡᠭᠡ᠂ ᠬᠥᠳᠡᠯᠮᠦᠷᠢ ᠵᠢᠨ   ᠪᠠᠲᠤᠯᠠᠭ᠎ᠠ᠂ ᠡᠳ᠋   ᠬᠥᠷᠥᠩᠭᠡ   ᠵᠠᠯᠭ᠋ᠠᠮᠵᠢᠯᠠᠬᠤ᠂ ᠠᠷᠠᠳ᠎ᠤᠨ ᠡᠶᠡᠳᠡᠭᠦᠯᠭᠡ ᠵᠡᠷᠭᠡ ᠵᠠᠭᠤᠷᠠᠯᠳᠤᠭ᠋ᠠᠨ᠎ᠤ ᠲᠥᠷᠥᠯ᠎ᠤᠨ ᠴᠠᠭᠳᠠᠭ᠋ᠠᠨ᠎ᠤ ᠶᠠᠪᠤᠳᠠᠯ᠎ᠤᠨ ᠪᠤᠰᠤ ᠲᠦᠭᠰᠢᠭᠦᠷᠢ ᠮᠡᠳᠡᠭᠡᠯᠡᠬᠦ ᠵᠢ ᠭᠤᠶᠤᠴᠢᠯᠠᠬᠤ ᠵᠢᠴᠢ ᠠᠯᠪᠠᠨ ᠭᠡᠷᠡᠴᠢᠯᠡᠭᠡ ᠬᠢᠬᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ᠂ ᠠᠷᠠᠳ᠎ᠤᠨ ᠡᠶᠡᠳᠡᠭᠦᠯᠭᠡ ᠬᠢᠬᠦ ᠵᠡᠷᠭᠡ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠲᠤᠬᠠᠶ᠋ᠢᠯᠠᠭᠰᠠᠨ ᠠᠵᠢᠯ᠎ᠳᠤ ᠬᠤᠯᠪᠣᠭᠳᠠᠭᠰᠠᠨ ᠭᠤᠶᠤᠴᠢᠯᠠᠯ᠎ᠢ ᠭᠥᠯᠢᠶᠡᠨ ᠠᠪᠴᠤ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ 《12348》 ᠬᠠᠯᠠᠮᠰᠢᠯ ᠤᠲᠠᠰᠤ ᠵᠢ ᠤᠲᠠᠰᠤᠳᠠᠭᠤᠯᠤᠨ ᠠᠰᠠᠭᠤᠨ ᠯᠠᠪᠯᠠᠭᠤᠯᠵᠤ ᠰᠢᠢ᠍ᠳᠪᠦᠷᠢᠯᠡᠭᠦᠯᠦᠨ᠎ᠡ᠃ 《12348》 ᠬᠠᠯᠠᠮᠰᠢᠯ ᠤᠲᠠᠰᠤ᠎ᠨᠢ ᠣᠯᠠᠨ ᠲᠦᠮᠡᠨ᠎ᠤ ᠵᠠᠭᠤᠷᠠᠯᠳᠤᠭ᠋ᠠᠨ᠎ᠢ   ᠰᠢᠢ᠍ᠳᠪᠦᠷᠢᠯᠡᠵᠦ ᠲᠤᠰᠠᠯᠠᠮᠵᠢ ᠭᠤᠶᠤᠴᠢᠯᠠᠬᠤ ᠦᠶ᠎ᠡ᠎ᠳᠤ᠂ ᠡᠵᠡᠮᠰᠢᠵᠦ ᠪᠠᠶ᠋ᠢᠭ᠎ᠠ ᠠᠷᠠᠳ ᠢᠷᠭᠡᠳ᠎ᠤᠨ ᠪᠡᠶ᠎ᠡ ᠮᠠᠬᠠᠪᠣᠳ᠂ ᠡᠳ᠋ ᠬᠥᠷᠥᠩᠭᠡ ᠵᠢᠨ ᠠᠮᠤᠷ ᠲᠦᠪᠰᠢᠨ᠎ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ᠂ ᠨᠡᠶ᠋ᠢᠭᠡᠮ᠎ᠤᠨ ᠣᠯᠠᠨ ᠨᠡᠶ᠋ᠢᠲᠡ ᠵᠢᠨ ᠡᠮᠬᠢ ᠵᠢᠷᠤᠮ᠎ᠢ ᠰᠠᠮᠠᠭᠤᠷᠠᠭᠤᠯᠵᠤ ᠮᠡᠳᠡᠬᠦ ᠵᠡᠷᠭᠡ ᠲᠠᠯ᠎ᠠ᠎ᠪᠠᠷ ᠲᠤᠰᠠᠯᠠᠮᠵᠢ ᠭᠤᠶᠤᠴᠢᠯᠠᠵᠤ᠂ ᠣᠯᠠᠨ ᠲᠦᠮᠡᠨ᠎ᠢ ᠴᠠᠭ ᠲᠤᠬᠠᠶ᠎ᠳᠤᠨᠢ ᠬᠥᠲᠥᠯᠥᠨ ᠵᠢᠯᠣᠭᠤᠳᠴᠤ ᠪᠠᠶ᠋ᠢᠭ᠋ᠠᠳ 《110》 ᠵᠢᠨ ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠳᠤ ᠤᠲᠠᠰᠤᠳᠠᠭᠤᠯᠤᠨ ᠰᠢᠢ᠍ᠳᠪᠦᠷᠢᠯᠡᠭᠦᠯᠬᠦ ᠬᠡᠷᠡᠭᠲᠡᠶ᠃
      ᠳᠥᠷᠪᠡ᠂ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠪᠣᠯᠤᠨ 《ᠥᠨᠥᠳᠦᠷ᠎ᠤᠨ ᠲᠡᠷᠢᠭᠦᠨ ᠵᠤᠷᠪᠤᠰ》᠎ᠤᠨ ᠬᠠᠮᠲᠤᠷᠠᠯᠴᠠᠭ᠋ᠠᠨ᠎ᠤ ᠨᠡᠶ᠋ᠢᠲᠡ ᠵᠢᠨ ᠠᠰᠠᠷᠠᠮᠵᠢ ᠵᠢᠨ ᠬᠥᠮᠦᠨ ᠡᠷᠢᠬᠦ ᠬᠡᠪᠴᠢᠶ᠎ᠡ
      ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 60 ᠨᠠᠰᠤᠨ᠎ᠠᠴᠠ ᠳᠡᠭᠡᠭᠰᠢᠬᠢ ᠨᠠᠰᠤᠲᠠᠨ᠂ 18 ᠨᠠᠰᠤᠨ᠎ᠠᠴᠠ ᠳᠣᠷᠣᠭᠰᠢᠬᠢ ᠨᠠᠰᠤᠨ᠎ᠳᠤ ᠥᠯᠥ ᠬᠦᠷᠦᠭᠰᠡᠳ᠂ ᠣᠶᠤᠨ ᠤᠬᠠᠭ᠋ᠠᠨ ᠪᠤᠶᠤ ᠣᠶᠤᠨ ᠮᠡᠳᠡᠷᠡᠯ᠎ᠤᠨ ᠰᠠᠭ᠋ᠠᠳ᠎ᠲᠠᠢ ᠨᠠᠰᠤᠨ᠎ᠳᠤ ᠬᠦᠷᠦᠭᠰᠡᠳ᠎ᠲᠤ ᠨᠡᠶ᠋ᠢᠴᠡᠬᠦ ᠪᠥᠭᠡᠳ ᠡᠨᠡ ᠭᠤᠷᠪᠠᠨ ᠲᠥᠷᠥᠯ᠎ᠤᠨ ᠬᠥᠮᠦᠨ᠎ᠤ ᠲᠥᠭᠡᠷᠢᠭᠰᠡᠨ ᠴᠠᠭ᠎ᠨᠢ ᠴᠥᠮ ᠭᠤᠷᠪᠠᠨ ᠰᠠᠷ᠎ᠠ ᠵᠢᠨ ᠳᠣᠲᠣᠷᠠᠬᠢ ᠲᠥᠭᠡᠷᠢᠭᠰᠡᠨ ᠬᠥᠮᠦᠰ᠎ᠢ 《ᠥᠨᠥᠳᠦᠷ᠎ᠤᠨ ᠲᠡᠷᠢᠭᠦᠨ ᠵᠤᠷᠪᠤᠰ》᠎ᠤᠨ ᠬᠥᠮᠦᠨ ᠡᠷᠢᠬᠦ ᠠᠵᠢᠯᠲᠠᠨ᠎ᠳᠤ ᠬᠦᠷᠭᠡᠵᠦ᠂ ᠭᠠᠵᠠᠷ ᠵᠦᠶ ᠵᠢᠨ ᠨᠠᠷᠢᠯᠢᠭ ᠣᠨᠣᠴᠠᠲᠠᠶ ᠣᠷᠣᠨ ᠪᠠᠶ᠋ᠢᠷᠢ ᠵᠢᠨ ᠬᠦᠳᠡᠯᠦᠩᠭᠦᠢ ᠦᠢ᠍ᠯᠡᠴᠢᠯᠡᠭᠡᠨ᠎ᠤ ᠴᠣᠩᠬᠣ ᠵᠢᠨ ᠮᠡᠷᠭᠡᠵᠢᠯ᠎ᠳᠤ᠎ᠪᠠᠨ ᠲᠦᠰᠢᠭᠯᠡᠨ᠂ ᠲᠥᠭᠡᠷᠢᠭᠰᠡᠨ ᠨᠠᠰᠤᠲᠠᠨ᠂ ᠬᠡᠤᠬᠡᠳ ᠵᠢᠴᠢ ᠣᠶᠤᠨ ᠤᠬᠠᠭ᠋ᠠᠨ ᠣᠶᠤᠨ ᠮᠡᠳᠡᠷᠡᠯ᠎ᠤᠨ ᠰᠠᠭ᠋ᠠᠳ᠎ᠲᠠᠢ ᠬᠥᠮᠦᠰ᠎ᠤᠨ ᠬᠣᠯᠪᠣᠭᠳᠠᠯ ᠪᠥᠬᠥᠶ ᠮᠡᠳᠡᠭᠡ ᠵᠠᠩᠭᠢ ᠵᠢ ᠲᠥᠭᠡᠷᠢᠭᠰᠡᠨ ᠭᠠᠵᠠᠷ᠎ᠤᠨ ᠣᠶ᠋ᠢᠷ᠎ᠠ ᠬᠠᠪᠢ ᠵᠢᠨ ᠥᠨᠥᠳᠦᠷ᠎ᠤᠨ ᠲᠡᠷᠢᠭᠦᠨ ᠵᠤᠷᠪᠤᠰ᠎ᠤᠨ ᠬᠡᠷᠡᠭᠯᠡᠭᠴᠢ᠎ᠳᠤ ᠬᠦᠷᠭᠡᠬᠦ ᠪᠣᠯᠤᠨ᠎ᠠ᠃ 2020 ᠣᠨ᠎ᠳᠤ ᠨᠡᠶ᠋ᠢᠲᠡ 26 ᠬᠦᠳᠡᠯᠦᠩᠭᠦᠢ ᠦᠢ᠍ᠯᠡᠴᠢᠯᠡᠭᠡᠨ᠎ᠤ ᠴᠣᠩᠬᠣ ᠵᠢ ᠨᠡᠶ᠋ᠢᠲᠡᠯᠡᠵᠦ᠂ ᠵᠥᠪᠬᠡᠨ 1 ᠬᠥᠮᠦᠨ᠎ᠢ ᠡᠷᠢᠵᠦ ᠣᠯᠤᠭᠰᠠᠨ ᠥᠬᠡᠶ᠃
    2021 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠨᠡᠶ᠋ᠢᠭᠡᠮ᠎ᠤᠨ ᠲᠣᠭᠲᠠᠭᠤᠨ᠎ᠤ ᠶᠡᠬᠡ ᠲᠠᠯ᠎ᠠ ᠵᠢ ᠬᠠᠮᠠᠭ᠋ᠠᠯᠠᠬᠤ ᠵᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠣᠭ ᠰᠠᠨᠠᠭ᠎ᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠠᠭᠳᠠᠭ᠋ᠠᠨ᠎ᠤ ᠶᠠᠪᠤᠳᠠᠯ᠎ᠤᠨ ᠠᠷᠠᠳ᠎ᠤᠨ ᠰᠠᠨᠠᠭ᠎ᠠ ᠵᠢᠨ ᠲᠣᠭᠣᠷᠢᠨ᠎ᠳᠤ ᠰᠢᠯᠵᠢᠬᠦ ᠵᠢ ᠪᠠᠷᠢᠮᠲᠠᠯᠠᠨ᠂ ᠠᠷᠠᠳ ᠣᠯᠠᠨ᠎ᠤ ᠰᠢᠨ᠎ᠡ ᠴᠠᠭ ᠦᠶ᠎ᠡ ᠵᠢᠨ ᠰᠠᠶ᠋ᠢᠨ ᠰᠠᠶ᠋ᠢᠬᠠᠨ ᠠᠮᠢᠳᠤᠷᠠᠯ᠎ᠢ ᠰᠠᠬᠢᠨ ᠬᠠᠮᠠᠭ᠋ᠠᠯᠠᠬᠤ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠠᠷᠠᠳ ᠣᠯᠠᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠬᠦ᠎ᠪᠠᠷ ᠡᠭᠦᠷᠢᠳᠡ ᠵᠢᠨ ᠬᠥᠭᠡᠭᠡᠴᠡᠯᠳᠦᠯ ᠵᠶ᠋ᠠᠨ ᠪᠣᠯᠭ᠋ᠠᠵᠤ᠂ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠳᠤ ᠵᠣᠬᠢᠴᠠᠭᠤᠯᠤᠨ᠂ ᠣᠯᠠᠨ ᠲᠦᠮᠡᠨ᠎ᠤ ᠰᠠᠨᠠᠭ᠋ᠠᠰᠢᠷᠠᠵᠤ ᠪᠠᠶ᠋ᠢᠭ᠎ᠠ᠂ ᠠᠶᠤᠵᠤ ᠪᠠᠶ᠋ᠢᠭ᠎ᠠ᠂ ᠬᠡᠷᠡᠭᠰᠡᠵᠦ ᠪᠠᠶ᠋ᠢᠭ᠎ᠠ᠂ ᠬᠦᠰᠡᠵᠦ ᠪᠠᠶ᠋ᠢᠭ᠎ᠠ ᠵᠦᠢ᠍ᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠲᠣᠭᠣᠷᠢᠨ ᠴᠠᠭᠳᠠᠬᠤ᠂ ᠭᠥᠯᠢᠶᠡᠨ ᠠᠪᠴᠤ ᠰᠢᠢ᠍ᠳᠪᠦᠷᠢᠯᠡᠬᠦ ᠪᠠ ᠰᠡᠷᠡᠮᠵᠢᠯᠡᠨ ᠰᠡᠷᠭᠡᠶ᠋ᠢᠯᠡᠬᠦ᠎ᠠᠴᠠ ᠭᠠᠷᠳᠠᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠪᠠᠭ᠎ᠠ ᠬᠡᠷᠡᠭ᠂ ᠪᠠᠭ᠎ᠠ ᠶᠠᠪᠤᠳᠠᠯ᠂ ᠪᠠᠭ᠎ᠠ ᠤᠴᠢᠷ᠎ᠠᠴᠠ ᠭᠠᠷᠳᠠᠨ᠂ ᠣᠯᠠᠨ ᠲᠦᠮᠡᠨ᠎ᠳᠤ ᠤᠯᠠᠮ ᠰᠠᠢ᠌ᠨ ᠠᠮᠢᠳᠤᠷᠠᠯ᠎ᠤᠨ ᠣᠢ᠌ᠯᠠᠭ᠋ᠠᠯᠲᠠ ᠵᠢ ᠴᠢᠷᠮᠠᠢ᠌ᠨ ᠡᠭᠦᠳᠴᠦ ᠥᠭᠭᠦᠨ᠎ᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ