ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ 《ᠲᠠᠯᠪᠢᠬᠤ ᠬᠠᠮᠢᠶᠠᠷᠬᠤ ᠦᠢ᠍ᠯᠡᠴᠢᠯᠡᠬᠦ》᠎ᠳᠤ ᠬᠦᠴᠦᠨ ᠨᠡᠮᠡᠷᠢᠯᠡᠵᠦ ᠥᠪᠥᠷ ᠮᠣᠩᠭᠣᠯ ᠪᠠᠰᠠ ᠠᠷᠠᠳ᠎ᠲᠤ ᠲᠥᠬᠥᠮ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ 5 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ ᠳᠤᠷᠠᠳᠪᠠ
ᠨᠡᠶ᠋ᠢᠲᠡᠯᠡᠭᠰᠡᠨ ᠴᠠᠭ᠄ 2021-03-08


      ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ ᠴᠠᠭ᠋ᠠᠨ ᠰᠠᠷ᠎ᠠ ᠵᠢᠨ ᠳᠡᠭᠡᠭᠡᠪᠦᠷᠢ ᠵᠢ ᠡᠬᠢᠯᠡᠭᠦᠯᠦᠭᠰᠡᠨ᠎ᠤ ᠳᠠᠷᠠᠭ᠎ᠠ ᠮᠠᠰᠢᠨ ᠲᠡᠷᠭᠡᠨ᠎ᠤ ᠡᠯᠧᠺᠲᠷᠣᠨ ᠰᠢᠯᠭ᠋ᠠᠨ ᠪᠠᠶ᠋ᠢᠴᠠᠭ᠋ᠠᠯᠲᠠ ᠵᠢᠨ ᠲᠡᠮᠳᠡᠭ᠎ᠢ ᠰᠦᠯᠵᠢᠶᠡᠨ ᠳᠡᠭᠡᠷ᠎ᠡ ᠭᠤᠶᠤᠴᠢᠯᠠᠨ ᠠᠪᠬᠤ᠂ ᠵᠢᠯᠣᠭᠣᠴᠢ ᠵᠢᠨ ᠠᠮᠤᠷ ᠲᠦᠪᠰᠢᠨ ᠵᠶ᠋ᠠᠷ ᠵᠢᠯᠣᠭᠣᠳᠤᠭᠰᠠᠨ ᠲᠡᠮᠳᠡᠭᠯᠡᠯ᠎ᠢ ᠰᠦᠯᠵᠢᠶᠡᠨ ᠳᠡᠭᠡᠷ᠎ᠡ ᠭᠠᠷᠭ᠋ᠠᠨ ᠦᠵᠡᠭᠦᠯᠬᠦ᠂ ᠵᠠᠮ ᠬᠠᠷᠢᠯᠴᠠᠭ᠋ᠠᠨ᠎ᠤ ᠡᠨᠳᠡᠯ᠎ᠢ ᠰᠢᠢ᠍ᠳᠪᠦᠷᠢᠯᠡᠭᠰᠡᠨ ᠠᠬᠢᠴᠠ ᠪᠠ ᠦᠷ᠎ᠡ ᠳ᠋ᠦᠩ᠎ᠢ ᠰᠦᠯᠵᠢᠶᠡᠨ ᠳᠡᠭᠡᠷ᠎ᠡ ᠪᠠᠶ᠋ᠢᠴᠠᠭ᠋ᠠᠨ ᠯᠠᠪᠯᠠᠬᠤ᠂ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠰᠢᠢ᠍ᠳᠪᠦᠷᠢᠯᠡᠯᠲᠡ ᠵᠢᠨ ᠲᠡᠮᠳᠡᠭᠯᠡᠯ᠎ᠢ ᠠᠷᠢᠯᠭ᠋ᠠᠬᠤ ᠵᠢ ᠰᠦᠯᠵᠢᠶᠡᠨ ᠳᠡᠭᠡᠷ᠎ᠡ ᠭᠤᠶᠤᠴᠢᠯᠠᠬᠤ  ᠂ ᠵᠠᠮ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠪᠠᠶ᠋ᠢᠴᠠᠭ᠋ᠠᠨ ᠯᠠᠪᠯᠠᠬᠤ ᠪᠠ ᠳᠡᠩᠰᠡᠯᠡᠨ ᠲᠡᠮᠳᠡᠭᠯᠡᠬᠦ ᠰᠠᠨᠠᠭᠤᠯᠤᠮᠵᠢ ᠵᠢ ᠰᠢᠨ᠎ᠡ᠎ᠪᠠᠷ ᠳᠤᠷᠠᠳᠤᠨ ᠭᠠᠷᠭ᠋ᠠᠪᠠ᠃


     

      ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ᠂ ᠦᠢ᠍ᠯᠡᠴᠢᠯᠡᠭᠡ ᠵᠢᠨ ᠠᠭᠤᠯᠭ᠎ᠠ ᠪᠠ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠠᠷᠠᠳ᠎ᠲᠤ ᠲᠥᠬᠥᠮ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ 5 ᠵᠦᠢ᠍ᠯ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠰᠢᠨ᠎ᠡ ᠠᠷᠭ᠎ᠠ ᠬᠡᠮᠵᠢᠶ᠎ᠡ ᠵᠢ ᠲᠦᠯᠬᠢᠨ ᠠᠬᠢᠭᠤᠯᠵᠤ᠂ 《ᠰᠦᠯᠵᠢᠶᠡᠨ ᠳᠡᠭᠡᠷ᠎ᠡ ᠭᠦᠢ᠍ᠴᠡᠳᠭᠡᠬᠦ᠂ ᠳᠠᠷᠤᠶ᠋ᠢᠬᠠᠨ ᠭᠦᠢ᠍ᠴᠡᠳᠭᠡᠬᠦ᠂ ᠲᠥᠬᠥᠮ ᠭᠦᠢ᠍ᠴᠡᠳᠭᠡᠬᠦ》 ᠵᠢ ᠤᠯᠠᠮ ᠨᠢᠭᠡ ᠠᠯᠬᠤᠮ ᠪᠡᠶᠡᠯᠡᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ ᠪᠠ ᠴᠠᠭ᠋ᠠᠨ ᠰᠠᠷ᠎ᠠ ᠵᠢᠨ ᠳᠡᠭᠡᠭᠡᠪᠦᠷᠢ ᠵᠢᠨ ᠵᠠᠮ ᠬᠠᠷᠢᠯᠴᠠᠭ᠋ᠠᠨ᠎ᠤ ᠠᠮᠤᠷ᠎ᠢ ᠬᠠᠮᠠᠭ᠋ᠠᠯᠠᠬᠤ ᠠᠵᠢᠯ᠎ᠤᠨ 《ᠬᠣᠤᠰ ᠢᠯᠠᠯᠲᠠ》 ᠵᠢ ᠪᠡᠶᠡᠯᠡᠭᠦᠯᠪᠡ᠃



     

      ᠰᠢᠨ᠎ᠡ ᠠᠷᠭ᠎ᠠ ᠬᠡᠮᠵᠢᠶ᠎ᠡ᠎ᠨᠢ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠬᠡᠷᠡᠭ ᠡᠷᠬᠢᠯᠡᠬᠦ ᠭᠣᠭᠴᠣᠭ᠎ᠠ ᠬᠠᠮᠤᠭ᠎ᠤᠨ ᠪᠠᠭ᠎ᠠ᠂ ᠮᠠᠲ᠋ᠧᠷᠢᠶᠠᠯ ᠬᠠᠮᠤᠭ᠎ᠤᠨ ᠪᠠᠭ᠎ᠠ᠂ ᠴᠠᠭ ᠬᠠᠮᠤᠭ᠎ᠤᠨ ᠣᠬᠣᠷ᠂ ᠦᠷ᠎ᠡ ᠪᠦᠲᠦᠮᠵᠢ ᠬᠠᠮᠤᠭ᠎ᠤᠨ ᠥᠨᠳᠥᠷ ᠪᠠᠶ᠋ᠢᠬᠤ᠎ᠪᠠᠷ ᠬᠠᠷᠠᠯᠲᠠ ᠪᠣᠯᠭ᠋ᠠᠵᠤ᠂ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠪᠠ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠵᠠᠷᠴᠢᠮ᠎ᠢ ᠪᠠᠷᠢᠮᠲᠠᠯᠠᠵᠤ᠂ ᠭᠣᠣᠯᠳᠠᠭᠤ ᠮᠠᠲ᠋ᠧᠷᠢᠶᠠᠯ᠎ᠢ ᠪᠠᠭ᠋ᠠᠰᠬᠠᠬᠤ᠂ ᠭᠣᠭᠴᠣᠭ᠎ᠠ ᠵᠢ ᠪᠠᠭ᠋ᠠᠰᠬᠠᠬᠤ᠂ ᠴᠠᠭ᠎ᠤᠨ ᠬᠢᠵᠠᠭ᠋ᠠᠷ ᠎ᠢ ᠪᠠᠭ᠋ᠠᠰᠬᠠᠬᠤ᠂ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠲᠠᠪᠤᠨ ᠲᠠᠯ᠎ᠠ᠎ᠠᠴᠠ᠂ ᠵᠠᠰᠠᠭ᠎ᠢ ᠴᠤᠮᠬᠠᠳᠬᠠᠵᠤ ᠡᠷᠬᠡ ᠵᠢ ᠪᠠᠭᠤᠯᠭ᠋ᠠᠵᠤ᠂ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠵᠦ᠂ ᠤᠯᠠᠨ ᠲᠦᠮᠡᠨ᠎ᠤ ᠤᠴᠢᠷ ᠶᠠᠪᠤᠳᠡᠯ ᠰᠢᠢ᠍ᠳᠪᠦᠷᠢᠯᠡᠬᠦ᠎ᠳᠤ ᠲᠦᠷᠭᠡᠨ ᠥᠨᠳᠥᠷ ᠪᠦᠲᠦᠮᠵᠢᠲᠡᠶ᠎ᠪᠠᠷ ᠲᠦᠬᠦᠮ ᠦᠵᠡᠭᠦᠯᠵᠦ᠂ ᠤᠯᠠᠨ ᠲᠦᠮᠡᠨ ᠪᠠ ᠠᠵᠤ ᠠᠬᠤᠶ᠋ᠢᠯᠠᠯ᠎ᠳᠤ ᠨᠡᠩ ᠰᠠᠢ᠍ᠢ᠍ᠨ ᠨᠡᠩ ᠰᠢᠯᠢᠳᠡᠭ ᠦᠢ᠍ᠯᠡᠴᠢᠯᠡᠭᠡ ᠬᠠᠩᠭ᠋ᠠᠭᠰᠠᠨ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ