ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠦᠪᠦᠷ ᠮᠤᠩᠭᠤᠯ ᠨᠤᠲᠤᠭ ᠪᠡᠯᠴᠢᠭᠡᠷ ᠤᠢ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠪᠡ
ᠨᠡᠶ᠋ᠢᠲᠡᠯᠡᠭᠰᠡᠨ ᠴᠠᠭ᠄ 2021-04-12

           

     《ᠨᠤᠲᠤᠭ ᠪᠡᠯᠴᠢᠭᠡᠷ᠂ ᠣᠶ ᠰᠢᠭᠤᠶ ᠵᠢ ᠬᠠᠮᠠᠭ᠋ᠠᠯᠠᠬᠤ ᠪᠣᠯ ᠥᠪᠥᠷ ᠮᠣᠩᠭᠣᠯ᠎ᠤᠨ ᠠᠮᠢ ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠮᠥᠨ》 ᠭᠡᠬᠦ ᠴᠢᠬᠤᠯᠠ ᠵᠣᠷᠢᠭ ᠰᠠᠨᠠᠭ᠎ᠠ ᠵᠢ ᠨᠠᠩ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ 2021 ᠣᠨ᠎ᠳᠤ ᠪᠥᠬᠥ ᠣᠷᠣᠨ᠎ᠳᠤ ᠨᠤᠲᠤᠭ ᠪᠡᠯᠴᠢᠭᠡᠷ ᠤᠢ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠨᠢᠭᠡ ᠵᠢᠯ᠎ᠤᠨ ᠬᠤᠭᠤᠴᠠᠭ᠎ᠠ᠎ᠲᠠᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ᠎ᠪᠠᠷ ᠲᠣᠭᠲᠠᠪᠠ᠃ ᠨᠤᠲᠤᠭ ᠪᠡᠯᠴᠢᠭᠡᠷ ᠤᠢ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠲᠣᠭᠣᠷᠢᠭ (ᠨᠡᠭᠡᠭᠡᠯᠲᠡ ᠵᠢᠨ ᠲᠣᠭᠣᠷᠢᠭ)᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠡᠷᠭᠡ ᠡᠯ᠎ᠡ ᠲᠥᠷᠥᠯ᠎ᠤᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠵᠦᠢ᠍ᠯ᠎ᠤᠨ ᠨᠤᠲᠤᠭ ᠪᠡᠯᠴᠢᠭᠡᠷ ᠤᠢ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ ᠶᠠᠯᠠᠲᠦ ᠠᠵᠢᠯᠯᠠᠭ᠎ᠠ; ᠡᠯ᠎ᠡ ᠲᠥᠷᠥᠯ᠎ᠤᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠵᠦᠢ᠍ᠯ᠎ᠢ ᠲᠦᠷ ᠴᠠᠭ ᠡᠵᠡᠯᠡᠨ ᠬᠡᠷᠡᠭᠯᠡᠬᠦ ᠨᠡᠷ᠎ᠡ᠎ᠪᠠᠷ ᠭᠠᠷᠳᠠᠮ ᠭᠦᠢ᠍ᠴᠡᠳᠭᠡᠵᠦ᠂ ᠣᠷᠳᠣ ᠬᠤᠭᠤᠴᠠᠭ᠎ᠠ᠎ᠪᠠᠷ ᠡᠵᠡᠯᠡᠨ ᠬᠡᠷᠡᠭᠯᠡᠬᠦ ᠠᠰᠠᠭᠤᠳᠠᠯ; ᠡᠯ᠎ᠡ ᠲᠥᠷᠥᠯ᠎ᠤᠨ ᠪᠠᠷᠢᠯᠭ᠎ᠠ ᠵᠢᠨ ᠵᠦᠢ᠍ᠯ᠎ᠢ ᠪᠠᠭ᠎ᠠ ᠵᠦᠪᠰᠢᠶᠡᠷᠡᠵᠦ ᠶᠡᠬᠡ᠎ᠪᠠᠷ ᠡᠵᠡᠯᠡᠬᠦ᠂ ᠵᠥᠪᠰᠢᠶᠡᠷᠡᠭᠰᠡᠨ ᠬᠡᠪᠴᠢᠶ᠎ᠡ ᠶᠣᠰᠣᠭ᠋ᠠᠷ ᠨᠤᠲᠤᠭ ᠪᠡᠯᠴᠢᠭᠡᠷ ᠤᠢ ᠭᠠᠵᠠᠷ᠎ᠢ ᠡᠵᠡᠯᠡᠨ ᠬᠡᠷᠡᠭᠯᠡᠭᠰᠡᠨ ᠥᠬᠡᠶ ᠵᠡᠷᠭᠡ ᠳᠥᠷᠪᠡᠨ ᠲᠥᠷᠥᠯ᠎ᠤᠨ ᠠᠰᠠᠭᠤᠳᠠᠯ᠎ᠳᠤ ᠴᠢᠩᠭ᠎ᠠ ᠴᠤᠬᠢᠯᠲᠠ ᠦᠭᠭᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠵᠣᠣ ᠵᠢᠶᠠᠨ ᠨᠠᠨ ᠲᠤᠰᠬᠠᠶ ᠰᠤᠷᠪᠤᠯᠵᠢᠯᠠᠭ᠎ᠠ ᠵᠢ ᠬᠦᠯᠢᠶᠡᠨ ᠠᠪᠴᠦ᠂ ᠲᠣᠰ ᠤᠳᠠᠭ᠋ᠠᠨ᠎ᠤ ᠴᠡᠭᠴᠡᠯᠡᠨ ᠵᠠᠰᠠᠬᠤ ᠠᠵᠢᠯᠯᠠᠭ᠎ᠠ ᠵᠢᠨ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠪᠠ᠃

ᠲᠤᠰᠬᠠᠶ ᠰᠤᠷᠪᠤᠯᠵᠢᠯᠠᠭ᠎ᠠ ᠵᠢᠨ ᠸᠢᠳᠢᠤ᠋ ᠄https://mp.weixin.qq.com/s/z_V6oass5YReVFRWdRPkPw



ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ