ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠰᠤᠷᠪᠤᠯᠵᠢᠯᠠᠪᠠ
ᠨᠡᠶ᠋ᠢᠲᠡᠯᠡᠭᠰᠡᠨ ᠴᠠᠭ᠄ 2021-04-21

          ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠬᠡᠰᠢᠭᠲᠡᠨ

          ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠲᠡᠦᠬᠡ ᠵᠢᠨ

          ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠰᠤᠷᠪᠤᠯᠵᠢᠯᠠᠪᠠ

   

      ᠣᠶ᠋ᠢᠷ᠎ᠠ᠎ᠳᠤ᠂ ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠵᠢᠨ ᠪᠦᠯᠬᠦᠮ ᠬᠡᠰᠢᠭᠲᠡᠨ ᠬᠣᠰᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠠᠭ᠋ᠠᠭᠤᠯᠭ᠎ᠠ ᠳᠤᠤᠷ᠎ᠠ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠦᠷᠴᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠰᠤᠷᠪᠤᠯᠵᠢᠯᠠᠭ᠎ᠠ ᠬᠢᠵᠦ᠂ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠩ ᠯᠦᠩ ᠲᠣᠪᠴᠢᠶᠠᠨ᠎ᠤ ᠨᠠᠮ᠎ᠤᠨ ᠬᠣᠷᠢᠶ᠎ᠠ ᠵᠢ ᠲᠥᠯᠥᠭᠡᠯᠡᠨ ᠰᠤᠷᠪᠤᠯᠵᠢᠯᠠᠭ᠎ᠠ ᠬᠦᠯᠢᠶᠡᠪᠡ᠃
     


      ᠳᠡᠳ᠋ ᠲᠣᠪᠴᠢᠶᠠᠨ ᠳᠠᠷᠤᠭ᠎ᠠ ᠸᠠᠩ ᠵᠢᠩ ᠯᠦᠩ ᠭᠤᠤᠯᠳᠠᠭᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ᠂ ᠠᠵᠢᠯ᠎ᠤᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠯᠭ᠎ᠠ ᠵᠢᠨ ᠦᠷ᠎ᠡ ᠪᠦᠲᠦᠮᠵᠢ᠂ ᠠᠷᠠᠳ᠎ᠤᠨ ᠴᠠᠭᠳᠠᠭ᠎ᠠ ᠵᠢᠨ ᠦᠵᠡᠯ ᠰᠠᠨᠠᠭ᠎ᠠ ᠲᠠᠨᠢᠯᠲᠠ ᠵᠢᠨ ᠳᠡᠭᠡᠭᠰᠢᠯᠡᠯᠲᠡ ᠵᠢᠴᠢ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠡᠷᠭᠡ ᠲᠠᠯ᠎ᠠ᠎ᠪᠠᠷ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠪᠥᠬᠥ ᠲᠠᠯ᠎ᠠ᠎ᠪᠠᠷ ᠲᠠᠨᠢᠯᠴᠠᠭᠤᠯᠪᠠ᠃ ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠨᠠᠮ᠎ᠤᠨ ᠲᠡᠦᠬᠡ ᠰᠤᠷᠤᠯᠴᠠᠬᠤ ᠪᠢᠴᠢᠯ ᠬᠢᠴᠢᠶᠡᠯ᠎ᠤᠨ ᠲᠠᠩᠬᠢᠮ ᠭᠠᠷᠭ᠋ᠠᠭᠰᠠᠨ ᠰᠤᠷᠤᠯᠴᠠᠬᠤ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠦᠭᠰᠡᠨ ᠪᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ ᠠᠵᠢᠯ᠎ᠲᠠᠢ ᠤᠶᠠᠯᠳᠤᠭᠤᠯᠤᠨ ᠮᠢᠨᠦ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠶ ᠥᠷᠨᠢᠭᠦᠯᠦᠭᠰᠡᠨ ᠲᠤᠬᠠᠶ ᠭᠤᠤᠯᠳᠠᠯᠭ᠎ᠠ᠎ᠲᠠᠢ ᠰᠤᠷᠪᠤᠯᠵᠢᠯᠠᠪᠠ᠃ ᠳᠠᠷᠠᠭ᠎ᠠ᠎ᠨᠢ᠂ ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠵᠢᠨ ᠪᠦᠯᠬᠦᠮ ᠤᠯᠤᠰ ᠲᠥᠷᠥ ᠵᠢᠨ ᠠᠵᠢᠯ᠎ᠤᠨ ᠠᠯᠪᠠᠨ ᠬᠡᠷ᠎ᠤᠨ ᠡᠷᠬᠢᠯᠡᠭᠴᠢ ᠨᠢᠦ ᠵᠠᠨ ᠵᠢᠶᠦ᠋ᠨ᠎ᠤ ᠳᠠᠭ᠋ᠠᠭᠤᠯᠭ᠎ᠠ᠎ᠪᠠᠷ ᠪᠠᠯᠭ᠋ᠠᠰᠤᠨ᠎ᠤ ᠲᠡᠭᠦᠷᠭᠡ ᠵᠢᠨ ᠲᠣᠮᠢᠯᠠᠭᠰᠠᠨ ᠰᠠᠯᠪᠤᠷᠢ᠎ᠳᠤ ᠬᠦᠷᠴᠦ᠂ ᠲᠣᠮᠢᠯᠠᠭᠰᠠᠨ   ᠰᠠᠯᠪᠤᠷᠢ ᠵᠢᠨ   ᠤᠳᠤᠷᠢᠳᠤᠯᠭ᠎ᠠ  ᠎ᠠᠴᠠ   ᠲᠣᠮᠢᠯᠠᠭᠰᠠᠨ   ᠰᠠᠯᠪᠤᠷᠢ ᠵᠢᠨ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠨ᠎ᠡ》 ᠭᠡᠬᠦ ᠠᠵᠢᠯᠯᠠᠭ᠋ᠠᠨ᠎ᠤ ᠳᠤᠮᠳᠠᠬᠢ ᠨᠡᠶ᠋ᠢᠲᠡᠯᠢᠭ ᠠᠷᠭ᠎ᠠ ᠬᠢᠳᠡᠯ᠎ᠢ ᠭᠤᠤᠯᠳᠠᠯᠭ᠎ᠠ᠎ᠲᠠᠢ ᠲᠠᠨᠢᠯᠴᠠᠭᠤᠯᠵᠤ᠂ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ ᠵᠢᠨ ᠳᠡᠭᠡᠳᠦ ᠬᠡᠮᠵᠢᠶᠡᠨ᠎ᠤ ᠮᠠᠭᠲᠠᠭ᠋ᠠᠯ ᠰᠠᠶ᠋ᠢᠰᠢᠶᠠᠯ᠎ᠢ ᠬᠥᠷᠳᠡᠪᠡ᠃
     


      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠡᠬᠢᠯᠡᠭᠰᠡᠨ᠎ᠠᠴᠠ ᠨᠠᠭ᠋ᠠᠰᠢ᠂ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ 《ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠡᠭᠦᠳᠬᠦ》 ᠶᠡᠷᠦᠩᠬᠡᠶ   ᠱᠠᠭ᠋ᠠᠷᠳᠠᠯᠭ᠎ᠠ ᠵᠢ   ᠪᠠᠲᠤ   ᠡᠵᠡᠮᠳᠡᠵᠦ᠂ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠬᠥᠮᠦᠵᠢᠭᠦᠯᠬᠦ ᠪᠠ ᠬᠥᠲᠥᠯᠥᠨ ᠵᠢᠯᠣᠭᠣᠳᠴᠤ ᠪᠠᠶ᠋ᠢᠭ᠋ᠠᠳ ᠨᠠᠮ᠎ᠤᠨ ᠲᠡᠦᠬᠡ ᠵᠢᠨ ᠦᠵᠡᠯᠲᠡ ᠵᠢ ᠵᠥᠪ ᠪᠤᠢ ᠪᠣᠯᠭ᠋ᠠᠵᠤ᠂ ᠨᠠᠮ᠎ᠤᠨ ᠲᠡᠦᠬᠡ ᠵᠢᠨ   ᠰᠤᠷᠤᠯᠴᠠᠯᠭ᠎ᠠ   ᠬᠥᠮᠦᠵᠢᠯ ᠎ᠤᠨ   ᠴᠢᠬᠤᠯᠠ   ᠶᠡᠬᠡ   ᠠᠴᠢ   ᠬᠣᠯᠪᠣᠭᠳᠠᠯ᠂ ᠬᠠᠷᠠᠯᠲᠠ   ᠱᠠᠭ᠋ᠠᠷᠳᠠᠯᠭ᠎ᠠ᠂ ᠭᠤᠤᠯᠳᠠᠯᠭ᠎ᠠ ᠎ᠲᠠᠢ   ᠡᠭᠦᠷᠭᠡ᠂ ᠠᠵᠢᠯ᠎ᠤᠨ ᠲᠣᠬᠢᠷᠠᠭᠤᠯᠤᠯᠲᠠ ᠵᠢ ᠭᠦᠨᠵᠡᠭᠡᠶ ᠣᠶ᠋ᠢᠯᠠᠭ᠋ᠠᠵᠤ ᠣᠨᠣᠪᠴᠢᠲᠠᠶ ᠡᠵᠡᠮᠰᠢᠪᠡ᠃ ᠨᠢᠭᠡ᠎ᠳᠤ ᠠᠷᠭ᠎ᠠ ᠮᠠᠶᠢᠭ ᠪᠠ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠲᠣᠭᠲᠠᠭᠰᠠᠨ ᠬᠥᠳᠡᠯᠦᠯ ᠪᠠ ᠥᠪᠡᠰᠦᠪᠡᠨ ᠰᠣᠩᠭᠣᠬᠤ ᠬᠥᠳᠡᠯᠦᠯ᠎ᠢ ᠤᠶᠠᠯᠳᠤᠭᠤᠯᠬᠤ ᠵᠢ ᠪᠠᠷᠢᠮᠲᠠᠯᠠᠨ᠂ ᠰᠤᠷᠤᠯᠴᠠᠯᠭ᠎ᠠ ᠬᠥᠮᠦᠵᠢᠯ᠎ᠤᠨ ᠬᠠᠨᠳᠤᠯᠭ᠋ᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠲᠠᠰᠤᠷᠠᠯᠲᠠ ᠥᠬᠡᠶ ᠴᠢᠩᠭ᠋ᠠᠷᠠᠭᠤᠯᠪᠠ᠃ ᠥᠷᠭᠡᠨ ᠤᠯᠠᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ᠎ᠤᠨ ᠪᠠᠶ᠋ᠢᠷᠢ᠎ᠪᠠᠨ ᠥᠨᠳᠦᠰᠦᠯᠡᠨ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠬᠦ ᠡᠭᠦᠷᠭᠡᠯᠡᠯ᠂ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ᠂ ᠡᠯᠪᠡᠭ ᠪᠠᠶᠠᠯᠢᠭ ᠬᠡᠯᠪᠡᠷᠢ᠎ᠪᠠᠷ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠥᠨᠳᠦᠷ ᠪᠦᠳᠦᠮᠵᠢ ᠣᠯᠬᠤ ᠵᠢ ᠠᠬᠢᠭᠤᠯᠪᠠ᠃ ᠬᠣᠶᠠᠷ ᠎ᠲᠤ᠂   ᠬᠤᠪᠢᠰᠬᠠᠯ ᠎ᠤᠨ   ᠵᠣᠷᠢᠭ   ᠰᠠᠨᠠᠭ᠎ᠠ ᠵᠢ   ᠤᠯᠠᠮᠵᠢᠯᠠᠨ   ᠵᠠᠯᠭ᠋ᠠᠮᠵᠢᠯᠠᠬᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ ᠨᠠᠮ᠎ᠤᠨ ᠲᠡᠦᠬᠡ ᠵᠢ ᠰᠤᠷᠤᠯᠴᠠᠭᠰᠠᠨ ᠲᠤᠷᠰᠢᠯᠭ᠎ᠠ᠎ᠪᠠᠨ ᠳ᠋ᠦᠩᠨᠡᠬᠦ᠂ ᠪᠣᠳᠠᠲᠤ ᠪᠠᠶ᠋ᠢᠳᠠᠯ᠎ᠢ ᠠᠵᠢᠭᠯᠠᠬᠤ᠂ ᠠᠵᠢᠯ ᠵᠶ᠋ᠠᠨ ᠠᠬᠢᠭᠤᠯᠬᠤ᠎ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠎ᠲᠠᠢ   ᠤᠶᠠᠯᠳᠤᠭᠤᠯᠵᠤ᠂ ᠠᠷᠠᠳ ᠎ᠤᠨ   ᠵᠣᠪᠠᠭᠤᠷᠢ ᠵᠢ   ᠠᠷᠢᠯᠭ᠋ᠠᠵᠤ᠂ ᠠᠷᠠᠳ᠎ᠤᠨ ᠬᠦᠴᠢᠷᠳᠡᠯ᠎ᠢ ᠰᠢᠢ᠍ᠳᠪᠦᠷᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠲᠥᠯᠥᠭᠡ ᠭᠡᠬᠦ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠪᠡ᠃ ᠣᠳᠣᠬᠠᠨ ᠪᠣᠯᠲᠠᠯ᠎ᠠ᠂ ᠣᠯᠠᠨ ᠲᠦᠮᠡᠨ᠎ᠳᠤ ᠪᠣᠳᠠᠲᠠᠶ ᠶᠠᠪᠤᠳᠠᠯ ᠬᠢᠵᠦ ᠥᠭᠭᠦᠭᠰᠡᠨ ᠪᠠ ᠪᠣᠳᠠᠲᠠᠶ ᠬᠦᠴᠢᠷᠳᠡᠯ᠎ᠢ 56 ᠰᠢᠢ᠍ᠳᠪᠦᠷᠢᠯᠡᠵᠦ ᠥᠭᠴᠡᠶ᠃ ᠭᠤᠷᠪᠠ᠎ᠳᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠤᠤᠯ ᠬᠠᠷᠢᠭᠤᠴᠠᠯᠭ᠎ᠠ ᠭᠤᠤᠯ ᠠᠵᠢᠯ ᠵᠶ᠋ᠠᠨ ᠭᠦᠢ᠍ᠴᠡᠳᠭᠡᠬᠦ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠠᠯᠪᠢᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠢ ᠠᠬᠢᠭᠤᠯᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ᠂ ᠠᠷᠠᠳ ᠣᠯᠠᠨ᠎ᠳᠤ ᠦᠢ᠍ᠯᠡᠴᠢᠯᠡᠬᠦ ᠪᠣᠳᠠᠲᠤ ᠠᠵᠢᠯᠯᠠᠭ᠎ᠠ᠎ᠪᠠᠷ ᠵᠶ᠋ᠠᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠰᠢᠯᠭ᠋ᠠᠨ ᠪᠠᠶ᠋ᠢᠴᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠨᠢ ᠠᠵᠢᠯᠯᠠᠬᠤ ᠤᠷᠮ᠎ᠠ ᠰᠡᠳᠭᠢᠯᠭᠡ ᠪᠣᠯᠤᠨ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠵᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠥᠷᠨᠢᠭᠦᠯᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠰᠠᠶ᠋ᠢᠨ ᠰᠠᠶ᠋ᠢᠬᠠᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ᠎ᠪᠠᠷ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠰᠠᠶ᠋ᠢᠨ ᠡᠬᠢᠯᠡᠯᠲᠡ ᠪᠣᠯᠭ᠋ᠠᠵᠤ᠂ ᠰᠠᠶ᠋ᠢᠨ ᠭᠠᠷᠤᠭ᠎ᠠ ᠠᠪᠴᠤ᠂ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ ᠲᠤᠰᠢᠶᠠᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠤᠭᠳᠤᠶ᠎ᠠ᠃

ᠢᠷᠡᠯᠲᠡ᠄ ᠤᠯᠠᠭ᠋ᠠᠨᠬᠠᠳᠠ ᠬᠤᠳᠠ ᠵᠢᠨ ᠲᠤᠳᠣᠭ᠋ᠠᠳᠣ ᠵᠢ ᠬᠠᠮᠠᠭ᠋ᠠᠯᠠᠬᠤ ᠲᠤᠪᠴᠢᠶ᠎ᠠ