ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠬᠠᠢ᠌ᠨᠠᠨ ᠲᠤᠭᠤᠷᠢᠭ᠎ᠤᠨ ᠳᠡᠳ᠋ ᠳᠠᠷᠤᠭ᠎ᠠ ᠵᠢᠶᠤᠤ ᠶᠦᠩ ᠠᠷᠢᠭᠤᠨ ᠴᠢᠬᠡᠴᠢ᠎ᠪᠠᠷ ᠬᠡᠷ ᠪᠦᠯᠢ ᠵᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2021-04-21

          ᠬᠠᠢ᠌ᠨᠠᠨ ᠲᠤᠭᠤᠷᠢᠭ᠎ᠤᠨ ᠳᠡᠳ᠋ ᠳᠠᠷᠤᠭ᠎ᠠ ᠵᠢᠶᠤᠤ ᠶᠦᠩ ᠠᠷᠢᠭᠤᠨ

          ᠴᠢᠬᠡᠴᠢ᠎ᠪᠠᠷ ᠬᠡᠷ ᠪᠦᠯᠢ ᠵᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠥᠷᠨᠢᠭᠦᠯᠪᠡ

   

      ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠬᠤ ᠵᠢᠨ ᠲᠥᠯᠥᠭᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠳᠤᠷᠢᠳᠬᠤ ᠺᠠᠳ᠋ᠷᠴᠤᠳ᠎ᠤᠨ 《ᠨᠢᠭᠡ ᠠᠵᠢᠯ᠎ᠤᠨ ᠪᠠᠶ᠋ᠢᠷᠢ᠎ᠳᠤ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠎ᠳᠤ ᠲᠠᠯᠪᠢᠬᠤ ᠬᠢᠨᠠᠯᠲᠠ ᠵᠢ ᠴᠢᠩᠭ᠋ᠠᠳᠬᠠᠵᠤ᠂ ᠭᠡᠷ ᠪᠦᠯᠢ ᠵᠢᠨ ᠠᠷᠢᠭᠤᠨ ᠴᠢᠬᠡᠴᠢ ᠵᠢ ᠲᠤᠰᠠᠯᠠᠬᠤ ᠦᠢ᠍ᠯᠡᠳᠦᠯ᠎ᠢ ᠪᠦᠲᠦᠮᠵᠢᠲᠡᠶ᠎ᠪᠠᠷ ᠪᠠᠳᠠᠷᠠᠭᠤᠯᠤᠨ᠂ ᠠᠷᠠᠳ᠎ᠤᠨ ᠴᠠᠭᠳᠠᠭ᠎ᠠ ᠵᠢᠨ ᠦᠵᠡᠯ ᠰᠠᠨᠠᠭ᠋ᠠᠨ᠎ᠤ ᠪᠠᠶ᠋ᠢᠳᠠᠯ ᠪᠠ ᠭᠡᠷ ᠪᠦᠯᠢ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠤᠢ᠍ᠢ᠍ᠯᠠᠭ᠋ᠠᠨ ᠡᠵᠡᠮᠰᠢᠵᠦ᠂ 《ᠬᠥᠮᠦᠵᠢᠭᠦᠯᠦᠨ ᠴᠡᠭᠴᠡᠯᠡᠬᠦ ᠳᠤᠮᠳᠠ ᠠᠷᠢᠭᠤᠨ ᠴᠢᠬᠡᠴᠢ᠎ᠪᠠᠷ ᠭᠡᠷ ᠪᠦᠯᠢ ᠵᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠶᠠᠪᠤᠭᠤᠯᠬᠤ ᠬᠡᠷᠡᠭᠲᠡᠶ᠃ 4 ᠳ᠋ᠦ᠍ᠭᠡᠷ   ᠰᠠᠷ᠎ᠠ ᠵᠢᠨ  12 ᠎ᠤᠨ   ᠡᠳᠦᠷ᠂ ᠠᠵᠢᠯ᠎ᠠᠴᠠ᠎ᠪᠠᠨ ᠪᠠᠭᠤᠬᠤ ᠴᠠᠭ᠎ᠢ ᠠᠰᠢᠭᠯᠠᠨ᠂ ᠬᠠᠢ᠌ᠨᠠᠨ ᠲᠣᠭᠣᠷᠢᠭ᠎ᠤᠨ   ᠳᠡᠳ᠋ ᠳᠠᠷᠤᠭ᠎ᠠ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠢ᠌ᠨᠠᠨ ᠲᠤᠭᠤᠷᠢᠭ᠎ᠤᠨ ᠬᠤᠪᠢᠶᠠᠷᠢ ᠲᠤᠪᠴᠢᠶᠠᠨ᠎ᠤ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠵᠢᠶᠤᠤ ᠶᠦᠩ ᠷᠠᠰᠡᠩ ᠵᠥᠩ ᠲᠣᠮᠢᠯᠠᠭᠰᠠᠨ ᠰᠠᠯᠪᠤᠷᠢ ᠵᠢᠨ ᠳᠠᠷᠤᠭ᠎ᠠ ᠯᠢᠦ ᠭᠦᠸᠧ ᠬᠤᠸᠠ ᠵᠢᠨ ᠬᠡᠷ᠎ᠲᠤ ᠬᠦᠷᠴᠦ ᠰᠤᠷᠪᠤᠯᠵᠢᠯᠠᠪᠠ᠃
   


      ᠯᠢᠦ ᠭᠦᠸᠧ ᠬᠤᠸᠠ ᠵᠢᠨ ᠬᠡᠷ᠎ᠲᠤ᠂ ᠲᠣᠭᠣᠷᠢᠭ᠎ᠤᠨ ᠳᠡᠳ᠋ ᠳᠠᠷᠤᠭ᠎ᠠ ᠵᠢᠶᠤᠤ ᠶᠦᠩ ᠲᠡᠭᠦᠨ᠎ᠤ ᠬᠡᠷ ᠪᠦᠯᠢ ᠵᠢᠨ ᠬᠥᠮᠦᠰ᠎ᠲᠠᠢ 《ᠵᠣᠭᠣᠭ ᠳᠡᠯᠭᠡᠵᠦ》᠂ ᠲᠣᠰ ᠤᠳᠠᠭ᠋ᠠᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠬᠥᠮᠦᠵᠢᠯ ᠴᠡᠭᠴᠡᠯᠡᠯᠲᠡ ᠵᠢ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ ᠪᠠ ᠰᠤᠷᠪᠤᠯᠵᠢᠯᠠᠭ᠎ᠠ ᠬᠦᠯᠢᠶᠡᠭᠰᠡᠨ ᠠᠷᠠᠳ᠎ᠤᠨ ᠴᠠᠭᠳᠠᠭ᠎ᠠ ᠵᠢᠨ ᠨᠢᠭᠡᠴᠢ᠎ᠳᠠᠬᠢ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠬᠤᠪᠢᠶᠠᠷᠢ ᠲᠣᠪᠴᠢᠶ᠎ᠠ ᠵᠢᠨ ᠬᠡᠷ ᠪᠦᠯᠢ ᠵᠢᠨ ᠰᠤᠷᠪᠤᠯᠵᠢᠯᠠᠭ᠎ᠠ ᠥᠷᠨᠢᠭᠦᠯᠬᠦ ᠠᠭᠤᠯᠭ᠎ᠠ᠂ ᠱᠠᠭ᠋ᠠᠷᠳᠠᠯᠭ᠎ᠠ᠂ ᠵᠣᠷᠢᠯᠭ᠎ᠠ ᠵᠢ ᠨᠠᠷᠢᠨ ᠲᠠᠨᠢᠯᠴᠠᠭᠤᠯᠵᠤ᠂ ᠣᠷᠳᠣ ᠬᠤᠭᠤᠴᠠᠭ᠋ᠠᠨ᠎ᠤ ᠲᠤᠷᠰᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠦᠭᠡ ᠲᠠᠭᠤᠨ ᠥᠬᠡᠶ ᠳᠡᠮᠵᠢᠭᠰᠡᠭᠡᠷ ᠢᠷᠡᠭᠰᠡᠨ ᠴᠠᠭᠳᠠᠭ᠎ᠠ ᠵᠢᠨ ᠬᠡᠷ ᠪᠦᠯᠢ ᠵᠢᠨ᠎ᠬᠢᠨ᠎ᠳᠤ ᠬᠦᠨᠳᠦᠳᠬᠡᠯ ᠲᠠᠯᠠᠷᠬᠠᠯ ᠳᠡᠪᠰᠢᠭᠦᠯᠪᠡ᠃ ᠲᠣᠭᠣᠷᠢᠭ᠎ᠤᠨ ᠳᠡᠳ᠋ ᠳᠠᠷᠤᠭ᠎ᠠ ᠵᠢᠶᠤᠤ ᠶᠦᠩ ᠬᠡᠷ ᠪᠦᠯᠢ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠰᠣᠨᠣᠰᠴᠤ᠂ ᠬᠡᠷ ᠪᠦᠯᠢ ᠵᠢᠨ᠎ᠬᠢᠨ᠎ᠢ ᠦᠷᠭᠦᠯᠵᠢᠯᠡᠨ 《ᠦᠨᠡᠨᠴᠢ᠎ᠪᠠᠷ ᠰᠠᠨᠠᠭᠤᠯᠬᠤ》 《  ᠴᠢᠭᠡᠴᠢ᠎ᠪᠠᠷ ᠲᠤᠰᠠᠯᠠᠬᠤ》 ᠠᠵᠢᠯ᠎ᠢ ᠰᠠᠶ᠋ᠢᠲᠤᠷ ᠬᠢᠵᠦ᠂ ᠬᠡᠷ ᠪᠦᠯᠢ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ   ᠪᠠᠶ᠋ᠢᠭᠤᠯᠤᠯᠲᠠ ᠎ᠳᠤ   ᠬᠢᠨᠠᠯᠲᠠ   ᠲᠠᠯᠪᠢᠬᠤ   ᠦᠢ᠍ᠯᠡᠳᠦᠯ ᠵᠶ᠋ᠠᠨ   ᠪᠠᠳᠠᠷᠠᠭᠤᠯᠵᠤ᠂ 《ᠢᠯᠵᠠᠷᠠᠯ᠎ᠢ ᠰᠡᠷᠭᠡᠶ᠋ᠢᠯᠡᠬᠦ ᠬᠡᠷᠡᠮ》᠎ᠢ ᠬᠠᠮᠲᠤ᠎ᠪᠠᠷ ᠴᠣᠭᠴᠠᠯᠠᠬᠤ ᠵᠢ ᠬᠦᠰᠡᠪᠡ᠃


      ᠯᠢᠦ ᠭᠦᠸᠧ ᠬᠤᠸᠠ ᠵᠢᠨ ᠡᠬᠡᠨᠠᠷ ᠬᠡᠯᠡᠬᠦ᠎ᠳᠤ᠎ᠪᠠᠨ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠵᠦᠳᠡᠷᠡᠯ᠎ᠢ ᠣᠶ᠋ᠢᠯᠠᠭ᠋ᠠᠬᠤ ᠵᠢᠨ ᠬᠠᠮᠲᠤ ᠠᠷᠠᠳ᠎ᠤᠨ ᠴᠠᠭᠳᠠᠭ᠎ᠠ ᠵᠢᠨ ᠠᠵᠢᠯ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠲᠡᠮᠵᠢᠨ᠂ ᠠᠷᠠᠳ᠎ᠤᠨ ᠴᠠᠭᠳᠠᠭ᠎ᠠ ᠵᠢᠨ ᠨᠠᠢ᠍ᠮᠠᠨ ᠴᠠᠭ᠎ᠠᠴᠠ ᠭᠠᠳᠠᠨᠠᠬᠢ ᠬᠢᠨᠠᠯᠲᠠ ᠵᠢ ᠰᠠᠶ᠋ᠢᠲᠤᠷ ᠬᠢᠵᠦ᠂ ᠠᠷᠠᠳ᠎ᠤᠨ ᠴᠠᠭᠳᠠᠭ᠎ᠠ ᠵᠢᠨ ᠨᠠᠮ᠎ᠤᠨ ᠰᠠᠬᠢᠯᠭ᠎ᠠ ᠪᠠᠲᠤ᠂ ᠵᠠᠰᠠᠭ᠎ᠤᠨ ᠰᠠᠬᠢᠯᠭ᠎ᠠ ᠪᠠᠲᠤ᠂ ᠴᠠᠭᠳᠠᠭ᠎ᠠ ᠵᠢᠨ ᠰᠠᠬᠢᠯᠭ᠎ᠠ ᠪᠠᠲᠤ ᠵᠢᠨ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠰᠠᠬᠢᠬᠤ ᠵᠢ ᠦᠨᠡᠨ ᠬᠦ᠌   ᠪᠠᠳᠤᠯᠠᠨ᠂ ᠤᠯᠠᠭ᠋ᠠᠨ ᠱᠤᠭᠤᠮ᠎ᠳᠤ ᠤᠢ᠌ᠷᠠᠳᠤᠬᠤ᠂ ᠬᠣᠷᠢᠭ᠎ᠠ ᠱᠤᠭᠤᠮ᠎ᠠᠴᠠ ᠳᠠᠪᠠᠬᠤ ᠦᠭᠡᠶ ᠪᠠᠶ᠋ᠢᠬᠤ ᠬᠡᠷᠡᠭᠲᠡᠶ ᠭᠡᠵᠡᠶ᠃  (ᠦᠬᠠᠢ ᠬᠣᠲᠠ ᠵᠢᠨ ᠬᠠᠢ᠌ᠨᠠᠨ ᠲᠤᠭᠤᠷᠢᠭ᠎ᠤᠨ ᠲᠣᠳᠤᠭ᠋ᠠᠳᠣ ᠵᠢ ᠬᠠᠮᠠᠭ᠋ᠠᠯᠠᠬᠤ ᠬᠣᠪᠢᠶᠠᠷᠢ ᠲᠣᠪᠴᠢᠶ᠎ᠠ ᠵᠢᠨ ᠳᠠᠯᠠᠩᠭᠤᠷᠪᠠ ᠮᠡᠳᠡᠭᠡᠯᠡᠪᠡ)

ᠢᠷᠡᠯᠲᠡ᠄ ᠦᠬᠠᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ