ᠬᠠᠤᠯᠢ ᠳᠤᠭᠳᠠᠭ᠋ᠠᠯ᠎ᠠᠴᠠ ᠵᠦᠷᠢᠴᠡᠨ ᠨᠤᠲᠤᠭ
ᠪᠡᠯᠴᠢᠭᠡᠷ ᠤᠢ ᠰᠢᠭᠤᠢ ᠵᠢ ᠡᠪᠳᠡᠭᠰᠡᠨ ᠦᠢ᠍ᠯᠡ
ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ!
3 ᠰᠠᠷ᠎ᠠ ᠵᠢᠨ 31᠎ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠤᠢ᠌ᠯᠠᠭ᠋ᠠᠭᠰᠠᠨ ᠵᠶ᠋ᠠᠷ᠂ ᠶᠠᠷᠦᠩᠬᠡᠢ ᠱᠦᠵᠢ ᠰᠢ ᠵᠢᠨ ᠫᠢᠩ᠎ᠤᠨ 《ᠲᠠᠯ᠎ᠠ ᠨᠤᠲᠤᠭ᠎ᠢ ᠬᠠᠮᠠᠭ᠋ᠠᠯᠠᠬᠤ᠂ ᠤᠢ ᠰᠢᠭᠤᠢ ᠵᠢ ᠬᠠᠮᠠᠭ᠋ᠠᠯᠠᠬᠤ ᠪᠤᠯ ᠦᠪᠦᠷ ᠮᠤᠩᠭᠤᠯ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠲᠡᠷᠢᠭᠦᠨ ᠴᠢᠬᠤᠯᠠ ᠡᠭᠦᠷᠭᠡ ᠮᠦᠨ》 ᠭᠡᠬᠦ ᠴᠢᠬᠤᠯᠠ ᠴᠤᠬᠤᠯᠠᠪᠦᠷᠢ ᠵᠢᠨ ᠵᠤᠷᠢᠭ ᠰᠠᠨᠠᠭ᠎ᠠ ᠵᠢ ᠨᠡᠩ ᠰᠠᠢ᠌ᠳᠤᠷ ᠲᠤᠭᠤᠰᠢᠯᠠᠭᠤᠯᠤᠨ ᠨᠠᠢ᠌ᠲᠡᠪᠦᠷᠢᠵᠢᠭᠤᠯᠬᠤ ᠵᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠤᠷᠳᠤᠨ᠎ᠠᠴᠠ2021 ᠤᠨ᠎ᠳᠤ ᠪᠦᠬᠦ ᠤᠷᠤᠨ᠎ᠳᠤ ᠨᠤᠲᠤᠭ ᠪᠡᠯᠴᠢᠭᠡᠷ ᠤᠢ ᠰᠢᠭᠤᠢ ᠵᠢ ᠡᠪᠳᠡᠭᠰᠡᠨ ᠬᠠᠤᠯᠢ ᠳᠤᠭᠳᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠨᠢᠭᠡ ᠵᠢᠯ᠎ᠤᠨ ᠬᠤᠭᠤᠴᠠᠭ᠎ᠠ᠎ᠲᠠᠢ᠎ᠪᠠᠷ ᠵᠤᠬᠢᠶᠠᠨ ᠪᠠᠢ᠌ᠭᠤᠯᠵᠤ ᠦᠷᠨᠢᠭᠦᠯᠬᠦ᠎ᠪᠠᠷ ᠳᠤᠭᠳᠠᠪᠠ᠃
ᠲᠤᠰ ᠤᠳᠠᠭ᠋ᠠᠨ᠎ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠳᠦᠷᠪᠡᠨ ᠭᠤᠤᠯ ᠠᠭᠤᠯᠭ᠎ᠠ᠄
ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠬᠠᠤᠯᠢ᠎ᠠᠴᠠ ᠵᠦᠷᠢᠴᠡᠭᠰᠡᠨ ᠶᠠᠯᠠᠲᠦ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ (ᠨᠡᠭᠡᠭᠡᠯᠲᠡ ᠵᠢᠨ ᠲᠤᠭᠤᠷᠢᠭ)᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠵᠡᠷᠭᠡ ᠡᠯ᠎ᠡ ᠲᠦᠷᠦᠯ᠎ᠤᠨ ᠪᠠᠷᠢᠯᠭ᠎ᠠ ᠵᠢᠨ ᠪᠦᠳᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠤᠨ ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠬᠠᠤᠯᠢ᠎ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠂ ᠡᠯ᠎ᠡ ᠲᠦᠷᠦᠯ᠎ᠤᠨ ᠪᠠᠷᠢᠯᠭ᠎ᠠ ᠵᠢᠨ ᠪᠦᠳᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠳᠤ ᠲᠦᠷ ᠴᠠᠭ ᠡᠵᠡᠯᠡᠨ ᠬᠡᠷᠡᠭᠯᠡᠬᠦ ᠨᠡᠷ᠎ᠠ᠎ᠪᠠᠷ ᠭᠠᠷᠳᠠᠮ ᠭᠦᠢ᠍ᠴᠡᠳᠭᠡᠵᠦ᠂ ᠤᠷᠲᠦ ᠬᠤᠭᠤᠴᠠᠭ᠎ᠠ᠎ᠪᠠᠷ ᠡᠵᠡᠯᠡᠨ ᠬᠡᠷᠡᠭᠯᠡᠭᠰᠡᠨ ᠠᠰᠠᠭᠤᠳᠠᠯ᠂ ᠡᠯ᠎ᠡ ᠲᠦᠷᠦᠯ᠎ᠤᠨ ᠪᠠᠷᠢᠯᠭ᠎ᠠ ᠵᠢᠨ ᠲᠦᠷᠦᠯ ᠵᠦᠢ᠍ᠯ᠎ᠨᠢ ᠵᠦᠪᠰᠢᠶᠡᠷᠡᠯ ᠪᠦᠬᠦᠢ ᠬᠡᠪᠴᠢᠶᠡᠨ᠎ᠠᠴᠠ ᠬᠡᠲᠦᠷᠡᠲᠡᠯ᠎ᠡ ᠡᠵᠡᠯᠡᠵᠦ᠂ ᠵᠦᠪᠰᠢᠶᠡᠷᠡᠯ ᠪᠦᠬᠦᠢ ᠬᠡᠪᠴᠢᠶ᠎ᠡ ᠶᠤᠰᠤᠭ᠋ᠠᠷ ᠨᠤᠲᠤᠭ ᠪᠡᠯᠴᠢᠭᠡᠷ ᠤᠢ ᠰᠢᠭᠤᠢ ᠵᠢ ᠡᠵᠡᠯᠡᠨ ᠬᠡᠷᠡᠭᠯᠡᠭᠰᠡᠨ ᠦᠭᠡᠢ ᠠᠰᠠᠭᠤᠳᠠᠯ ᠵᠡᠷᠭᠡ᠎ᠳᠤ ᠴᠢᠩᠭ᠎ᠠ ᠴᠤᠬᠢᠯᠲᠠ ᠦᠭᠭᠦᠨ᠎ᠡ᠃
ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ᠎ᠪᠠᠷ ᠬᠠᠭ᠋ᠠᠯᠪᠦᠷᠢᠯᠠᠭᠰᠠᠨ ᠬᠠᠤᠯᠢ᠎ᠠᠴᠠ ᠵᠦᠷᠢᠴᠠᠭ᠌ᠰᠡᠨ ᠶᠠᠯᠠᠲᠦ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ᠃ ᠨᠤᠲᠤᠭ ᠪᠡᠯᠴᠢᠭᠡᠷ ᠤᠢ ᠰᠢᠭᠤᠢ ᠵᠢᠨ ᠡᠬᠢ ᠪᠠᠶᠠᠯᠢᠭ᠎ᠢ 《ᠮᠡᠷᠡᠬᠦ》 ᠠᠷᠭ᠎ᠠ ᠮᠠᠶᠢᠭ ᠵᠶ᠋ᠠᠷ ᠶᠡᠬᠡ ᠬᠡᠪᠴᠢᠶ᠎ᠡ᠎ᠪᠠᠷ ᠡᠵᠡᠯᠡᠭᠰᠡᠨ ᠪᠠ ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ᠎ᠪᠠᠷ ᠬᠠᠭ᠋ᠠᠯᠪᠦᠷᠢᠯᠠᠭᠰᠠᠨ ᠶᠠᠯᠠᠲᠦ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠴᠦ᠂ ᠤᠯᠠᠨᠲᠠ ᠴᠠᠭ᠋ᠠᠵᠠᠯᠠᠭᠰᠠᠨ ᠴᠦ᠍ ᠵᠤᠭᠰᠤᠭ᠋ᠠᠬᠤ ᠦᠭᠡᠢ ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ 《 ᠲᠤᠮᠤ ᠡᠷᠦᠭᠡ》᠂ 《ᠯᠠᠢ᠌ᠮᠤᠷᠴᠢ ᠡᠷᠦᠭᠡ》᠎ᠳᠤ ᠭᠤᠤᠯᠳᠠᠯᠭ᠎ᠠ᠎ᠲᠠᠢ ᠴᠤᠬᠢᠯᠲᠠ ᠦᠭᠭᠦᠨ᠎ᠡ᠃
ᠨᠤᠲᠤᠭ ᠪᠡᠯᠴᠢᠭᠡᠷ ᠤᠢ ᠰᠢᠭᠤᠢ ᠵᠢ ᠪᠤᠬᠢᠷᠳᠤᠭᠤᠯᠤᠭᠰᠠᠨ ᠬᠠᠤᠯᠢ᠎ᠠᠴᠠ ᠵᠦᠷᠢᠴᠡᠭᠰᠡᠨ ᠶᠠᠯᠠᠲᠦ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ᠃ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ (ᠨᠡᠭᠡᠭᠡᠯᠲᠡ ᠵᠢᠨ ᠲᠤᠭᠤᠷᠢᠭ)᠎ᠤᠨ ᠬᠠᠶᠠᠭᠳᠠᠮᠠᠯ ᠤᠰᠤ ᠬᠠᠶᠠᠭᠳᠠᠮᠠᠯ ᠰᠢᠭ᠋ᠠᠷᠦ᠂ ᠨᠠᠷᠢᠨ ᠲᠤᠭᠤᠰᠤ᠂ ᠠᠶᠤᠯᠲᠠᠢ ᠬᠠᠶᠠᠭᠳᠠᠮᠠᠯ ᠪᠤᠳᠡᠰᠢ ᠬᠠᠤᠯᠢ ᠪᠤᠰᠤ᠎ᠪᠠᠷ ᠴᠢᠳᠬᠤᠵᠤ ᠭᠠᠳᠠᠭᠰᠢᠯᠠᠭᠤᠯᠬᠤ᠂ ᠬᠠᠶᠠᠭᠳᠠᠮᠠᠯ ᠬᠠᠭᠤᠴᠢᠨ ᠲᠤᠭᠤᠯᠭ᠋ᠠᠨ ᠬᠦᠴᠢᠯ᠎ᠤᠨ ᠴᠠᠬᠢᠯᠭ᠋ᠠᠨ ᠬᠤᠷᠢᠶᠠᠭᠴᠢ ᠵᠢ ᠬᠠᠤᠯᠢ ᠪᠤᠰᠤ᠎ᠪᠠᠷ ᠵᠠᠳᠠᠯᠵᠤ ᠬᠠᠶᠠᠭᠰᠠᠨ ᠵᠡᠷᠭᠡ ᠨᠤᠲᠤᠭ ᠪᠡᠯᠴᠢᠭᠡᠷ ᠤᠢ ᠰᠢᠭᠤᠢ ᠵᠢ ᠪᠤᠬᠢᠷᠳᠤᠭᠤᠯᠤᠭᠰᠠᠨ ᠶᠠᠯᠠᠲᠦ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ᠃
ᠬᠡᠷᠡᠭ᠎ᠢ ᠬᠢᠨᠠᠨ ᠪᠠᠢ᠌ᠴᠠᠭ᠋ᠠᠬᠤ ᠠᠵᠢᠯ᠎ᠢ ᠰᠢᠰᠲᠸᠮ᠎ᠲᠠᠢ ᠦᠷᠨᠢᠭᠦᠯᠦᠨ᠎ᠡ᠃ 2010 ᠤᠨ᠎ᠠᠴᠠ ᠨᠠᠭ᠋ᠠᠰᠢᠬᠢ ᠪᠦᠬᠦ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠰᠢᠢ᠍ᠳᠪᠦᠷᠢᠯᠡᠭᠰᠡᠨ ᠨᠤᠲᠤᠭ ᠪᠡᠯᠴᠢᠭᠡᠷ ᠤᠢ ᠰᠢᠭᠤᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠵᠦ ᠬᠠᠭ᠋ᠠᠯᠪᠦᠷᠢᠯᠠᠭᠰᠠᠨ ᠬᠠᠤᠯᠢ᠎ᠠᠴᠠ ᠵᠦᠷᠢᠴᠡᠭᠰᠡᠨ ᠶᠠᠯᠠᠲᠦ ᠬᠡᠷᠡᠭ᠎ᠢ ᠪᠦᠬᠦ ᠲᠠᠯ᠎ᠠ᠎ᠪᠠᠷ ᠰᠢᠰᠲᠸᠮ᠎ᠲᠠᠢ ᠡᠮᠬᠢᠯᠡᠵᠦ᠂ ᠵᠦᠪ ᠪᠤᠰᠤ ᠪᠠᠷ ᠰᠢᠳᠭᠡᠭᠰᠡᠨ᠂ ᠬᠦᠩᠭᠡᠷᠡᠭᠦᠯᠦᠨ ᠰᠢᠳᠭᠡᠭᠰᠡᠨ᠂ ᠲᠤᠷᠭ᠋ᠠᠭᠤᠯᠢ ᠪᠠᠷ ᠡᠷᠡᠭᠦᠦ ᠰᠢᠳᠭᠡᠯ ᠢ ᠤᠷᠤᠯᠠᠭᠤᠯᠤᠭᠰᠠᠨ᠂ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠤᠭᠳᠠᠭᠰᠠᠨ ᠵᠢᠴᠢ 《ᠬᠠᠮᠠᠭ᠋ᠠᠯᠠᠭᠴᠢ ᠰᠢᠭᠦᠷ》᠎ᠲᠤ ᠬᠤᠯᠪᠤᠭᠳᠠᠭᠰᠠᠨ ᠵᠡᠷᠭᠡ ᠠᠰᠠᠭᠤᠳᠠᠯ᠎ᠢ ᠭᠤᠤᠯᠳᠠᠯᠭ᠎ᠠ᠎ᠲᠠᠢ ᠬᠢᠨᠠᠨ ᠪᠠᠢ᠌ᠴᠠᠭ᠋ᠠᠨ᠎ᠠ᠃
ᠲᠠᠨᠢᠯᠴᠠᠭᠤᠯᠤᠭᠰᠠᠨ ᠵᠶ᠋ᠠᠷ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ᠎ᠠᠴᠠ ᠨᠠᠭ᠋ᠠᠰᠢ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ ᠤᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠦ᠂ ᠲᠤᠰᠬᠠᠢ ᠴᠡᠭᠴᠡᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠰᠢᠰᠲᠸᠮ᠎ᠲᠠᠢ ᠡᠮᠬᠢᠯᠡᠨ ᠲᠢᠭᠯᠡᠬᠦ᠎ᠪᠠᠷ ᠳᠠᠮᠵᠢᠨ᠂ 2010 ᠤᠨ᠎ᠠᠴᠠ ᠨᠠᠭ᠋ᠠᠰᠢ ᠪᠦᠬᠦ ᠤᠷᠤᠨ᠎ᠤ ᠤᠢ ᠰᠢᠭᠤᠢ᠎ᠳᠤ ᠬᠤᠯᠪᠤᠭᠳᠠᠭᠰᠠᠨ ᠬᠡᠷᠡᠭ᠎ᠢ ᠨᠡᠢ᠌ᠲᠡ 39458 ᠰᠢᠢ᠍ᠳᠪᠦᠷᠢᠯᠡᠪᠡ᠂ ᠡᠭᠦᠨ᠎ᠳᠤ ᠵᠠᠰᠠᠭ ᠵᠠᠬᠢᠷᠭ᠋ᠠᠨ᠎ᠤ ᠬᠡᠷᠡᠭ 32469᠂ ᠡᠷᠡᠭᠦᠦ ᠵᠢᠨ ᠬᠡᠷᠡᠭ 6989 ᠪᠤᠢ᠂ ᠨᠤᠲᠤᠭ ᠪᠡᠯᠴᠢᠭᠡᠷ᠎ᠢ ᠡᠪᠳᠡᠭᠰᠡᠨ 1788 ᠡᠷᠡᠭᠦᠦ ᠵᠢᠨ ᠬᠡᠷᠡᠭ᠎ᠢ ᠰᠢᠢ᠍ᠳᠪᠦᠷᠢᠯᠡᠪᠡ᠃ ᠳᠡᠭᠡᠷᠡᠬᠢ ᠬᠡᠷᠡᠭ᠎ᠤᠨ ᠳᠤᠮᠳᠠ᠎ᠠᠴᠠ᠂ ᠨᠤᠲᠤᠭ ᠪᠡᠯᠴᠢᠭᠡᠷ ᠤᠢ ᠰᠢᠭᠤᠢ ᠵᠢ ᠡᠪᠳᠡᠭᠰᠡᠨ ᠬᠠᠤᠯᠢ᠎ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠵᠢᠨ ᠰᠦᠪᠡᠭᠴᠢ ᠵᠢ 1130 ᠭᠠᠷᠤᠢ ᠵᠤᠷᠪᠤᠰ ᠡᠮᠬᠢᠯᠡᠨ ᠭᠠᠷᠭ᠋ᠠᠵᠤ᠂ ᠦᠪᠡᠷᠲᠡᠭᠡᠨ ᠵᠠᠰᠠᠬᠤ ᠤᠷᠤᠨ᠎ᠤ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠤᠰᠬᠠᠢ ᠴᠡᠭᠴᠡᠯᠡᠨ ᠵᠠᠰᠠᠬᠤ ᠠᠯᠪᠠᠨ ᠭᠡᠷ᠎ᠠᠴᠠ ᠳᠡᠭᠡᠷᠡᠬᠢ ᠤᠯᠠᠨ ᠰᠦᠪᠡᠭᠴᠢ᠎ᠳᠤ ᠳᠠᠩᠰᠠ ᠪᠠᠢ᠌ᠭᠤᠯᠠᠤᠭᠰᠠᠨ ᠪᠦᠭᠡᠳ ᠡᠯ᠎ᠡ ᠠᠢ᠌ᠮᠠᠭ ᠬᠤᠲᠠ ᠵᠢᠨ ᠴᠡᠭᠴᠡᠯᠡᠨ ᠵᠠᠰᠠᠬᠤ ᠠᠯᠪᠠᠨ ᠭᠡᠷ᠎ᠲᠤ ᠰᠢᠯᠵᠢᠭᠦᠯᠦᠨ ᠲᠤᠰᠢᠶᠡᠵᠦ ᠤᠯᠠᠮ ᠨᠢᠭᠡ ᠠᠯᠬᠤᠮ ᠬᠠᠷᠭᠤᠭᠤᠯᠤᠨ ᠪᠠᠢ᠌ᠴᠠᠭ᠋ᠠᠪᠠ᠃ ᠡᠯ᠎ᠡ ᠱᠠᠳᠤᠨ᠎ᠤ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠡᠢ᠌ᠲᠡ 262 ᠡᠷᠡᠭᠦᠦ ᠵᠢᠨ ᠬᠡᠷᠡᠭ ᠰᠢᠢ᠍ᠳᠪᠦᠷᠢᠯᠡᠵᠦ᠂ 39 ᠬᠡᠷᠡᠭ᠎ᠢ ᠵᠠᠭ᠋ᠠᠯᠳᠤᠭᠤᠯᠬᠤ᠎ᠪᠠᠷ ᠰᠢᠯᠵᠢᠭᠦᠯᠦᠨ ᠬᠦᠷᠭᠡᠵᠦ᠂ ᠶᠠᠯ᠎ᠠ ᠬᠢᠭᠰᠡᠨ ᠰᠡᠵᠢᠭᠯᠡᠯᠲᠡᠢ 93 ᠬᠦᠮᠦᠨ᠎ᠢ ᠪᠡᠷᠢᠪᠴᠢᠯᠠᠪᠠ᠂ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠤᠢ ᠰᠢᠭᠤᠢ ᠵᠢᠨ ᠲᠠᠯᠠᠪᠠᠢ᠎ᠨᠢ 2.4 ᠲᠦᠮᠡᠨ ᠮᠦ᠍᠂ ᠨᠤᠲᠤᠭ ᠪᠡᠯᠴᠢᠭᠡᠷ᠎ᠤᠨ ᠲᠠᠯᠠᠪᠠᠢ᠎ᠨᠢ15.5 ᠲᠦᠮᠡᠨ ᠮᠦ᠍ ᠲᠤᠯᠪᠠ᠃