ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
《ᠺᠦᠨᠯᠦ᠋ᠨ 2020》 ᠲᠤᠰᠬᠠᠶ ᠠᠵᠢᠯᠯᠠᠭ᠎ᠠ᠂ 2020 ᠣᠨ᠎ᠤ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠵᠡᠷᠭᠡ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2021-04-07

     《ᠺᠦᠨᠯᠦ᠋ᠨ 2020》 ᠲᠤᠰᠬᠠᠶ ᠠᠵᠢᠯᠯᠠᠭ᠎ᠠ᠂ 2020 ᠣᠨ᠎ᠤ ᠪᠥᠬᠥ ᠣᠷᠣᠨ᠎ᠤ ᠣᠶ ᠰᠢᠭᠤᠶ ᠵᠢᠨ

      ᠳᠣᠲᠣᠭ᠋ᠠᠳᠤ ᠵᠢ ᠬᠠᠮᠠᠭ᠋ᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠵᠡᠷᠭᠡ

      ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ

     

      ᠳᠤᠮᠳᠠᠳᠤ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠰᠣᠨᠢᠨ᠎ᠤ ᠰᠤᠷᠪᠤᠯᠵᠢᠯᠠᠭᠴᠢ᠄ ᠲᠠᠷᠠᠭ᠋ᠠᠴᠢ ᠵᠢᠨ ᠠᠯᠬᠤᠮ᠎ᠳᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠳᠡᠭᠡᠨ ᠪᠠ ᠡᠮ᠎ᠤᠨ   ᠵᠦᠢ᠍ᠯᠡᠰ᠂ ᠣᠷᠴᠢᠨ ᠠᠬᠤᠢ ᠵᠢ ᠲᠣᠷᠰᠢᠨ ᠪᠠᠶ᠋ᠢᠴᠠᠭ᠋ᠠᠬᠤ ᠶᠡᠷᠦᠩᠬᠡᠶ ᠠᠩᠭᠢ 《ᠺᠦᠨᠯᠦ᠋ᠨ᠎ᠤ ᠠᠵᠢᠯᠯᠠᠭ᠎ᠠ》 ᠵᠢᠨ ᠦᠷ᠎ᠡ ᠪᠦᠲᠦᠭᠡᠯ᠎ᠢ ᠬᠡᠷᠬᠢᠨ ᠥᠷᠭᠡᠳᠬᠡᠬᠦ ᠲᠤᠬᠠᠶ ᠶᠠᠮᠠᠷ ᠶᠠᠮᠠᠷ ᠠᠩᠬ᠎ᠠ ᠠᠯᠬᠤᠮ᠎ᠤᠨ ᠪᠣᠳᠣᠯ ᠪᠠ ᠲᠥᠯᠥᠪᠯᠡᠭᠡ ᠪᠠᠶ᠋ᠢᠬᠤ ᠪᠣᠶ?
      ᠵᠣᠣ ᠢᠦᠶ ᠾᠧ᠄ ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ   ᠪᠠᠢ᠌ᠭᠤᠯᠭ᠎ᠠ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶ᠋ᠢᠳᠠᠯ᠎ᠢ ᠦᠷᠭᠦᠯᠵᠢᠯᠡᠨ ᠪᠠᠲᠤᠯᠠᠨ᠎ᠠ᠂ ᠨᠢᠭᠡ᠎ᠳᠤ ᠡᠬᠢ ᠡᠭᠦᠰᠦᠯ᠎ᠠᠴᠠ᠎ᠨᠢ ᠪᠠᠶ᠋ᠢᠴᠠᠭ᠋ᠠᠬᠤ᠂ ᠰᠦᠯᠵᠢᠶ᠎ᠡ ᠵᠢ ᠲᠠᠰᠤᠯᠬᠤ᠂ ᠬᠡᠯᠬᠢᠶ᠎ᠡ ᠵᠢ ᠮᠠᠯᠲᠠᠬᠤ᠂ ᠨᠢᠭᠤᠴᠠ   ᠣᠷᠤᠮᠵᠢ ᠵᠢ ᠠᠷᠢᠯᠭ᠋ᠠᠬᠤ᠂ ᠪᠠᠯᠠ ᠮᠥᠩᠭᠥ ᠲᠤᠰᠢᠶᠠᠬᠤ᠂ ᠪᠦᠯᠦᠭᠯᠡᠯ᠎ᠳᠤ ᠴᠣᠬᠢᠯᠲᠠ ᠥᠭᠬᠦ ᠵᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠭᠦᠨᠵᠡᠭᠡᠶ ᠠᠭᠤᠳᠠᠯᠵᠤ᠂ ᠲᠤᠶ᠋ᠢᠯᠪᠤᠷᠢᠲᠠᠶ ᠪᠠᠶ᠋ᠢᠴᠠᠭ᠋ᠠᠵᠤ᠂ ᠴᠣᠬᠢᠯᠲᠠ ᠥᠭᠭᠦᠨ᠎ᠡ᠃ ᠬᠣᠶᠠᠷ᠎ᠲᠤ ᠬᠣᠯᠪᠣᠭᠳᠠᠯ ᠪᠦᠬᠦᠢ ᠤᠬᠠᠭᠤᠯᠭ᠎ᠠ ᠵᠢᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢᠨ ᠪᠣᠷᠣ ᠲᠥᠯᠥᠪ᠎ᠤᠨ ᠳᠣᠲᠣᠷ᠎ᠠ᠂ ᠤᠬᠠᠭᠤᠯᠭ᠎ᠠ ᠵᠢᠨ ᠠᠵᠢᠯᠯᠠᠭ᠎ᠠ ᠵᠢ ᠬᠠᠮᠤᠭ᠎ᠤᠨ ᠶᠡᠬᠡ ᠬᠡᠪᠴᠢᠶ᠎ᠡ᠂ ᠬᠠᠮᠤᠭ᠎ᠤᠨ ᠴᠢᠩᠭ᠎ᠠ ᠰᠦᠷ ᠬᠦᠴᠦᠨ ᠵᠶ᠋ᠠᠷ ᠥᠷᠨᠢᠭᠦᠯᠵᠦ᠂ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶ᠋ᠢᠳᠠᠯ᠎ᠢ ᠪᠣᠶ ᠪᠣᠯᠭ᠋ᠠᠨ᠎ᠠ᠃ ᠭᠤᠷᠪᠠ᠎ᠳᠤ   ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠠᠶ᠋ᠢᠴᠠᠭ᠋ᠠᠬᠤ ᠰᠢᠭᠦᠬᠦ ᠪᠠᠶ᠋ᠢᠭᠤᠯᠭ᠎ᠠ᠎ᠯᠤᠭ᠎ᠠ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠲᠦᠷᠭᠡᠨ ᠲᠠᠩᠨᠠᠬᠤ᠂ ᠲᠦᠷᠭᠡᠨ ᠵᠠᠭ᠋ᠠᠯᠳᠤᠬᠤ᠂ ᠲᠦᠷᠭᠡᠨ ᠲᠠᠰᠤᠯᠬᠤ ᠵᠢ ᠪᠡᠶᠡᠯᠡᠭᠦᠯᠦᠨ᠎ᠡ᠃ ᠳᠥᠷᠪᠡ᠎ᠳᠤ ᠲᠤᠰᠬᠠᠶ ᠠᠷᠭ᠎ᠠ ᠪᠠᠷᠢᠯ᠎ᠢ ᠬᠡᠷᠡᠭᠯᠡᠬᠦ ᠵᠢ ᠴᠢᠩᠭ᠋ᠠᠷᠠᠭᠤᠯᠵᠤ᠂ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ᠎ᠠᠴᠠ᠎ᠨᠢ ᠰᠡᠷᠭᠡᠶ᠋ᠢᠯᠡᠬᠦ᠂ ᠵᠠᠰᠠᠬᠤ ᠵᠢ ᠠᠳᠬᠤᠨ᠎ᠠ᠃ ᠡᠴᠦᠰ᠎ᠲᠤ᠂ ᠴᠣᠬᠢᠬᠤ᠂ ᠰᠡᠷᠭᠡᠶ᠋ᠢᠯᠡᠬᠦ᠂ ᠬᠠᠮᠢᠶᠠᠷᠬᠤ᠂ ᠡᠵᠡᠮᠳᠡᠬᠦ ᠣᠯᠠᠨ   ᠵᠦᠢ᠍ᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠴᠣᠬᠢᠯᠲᠠ ᠥᠭᠭᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠢᠳᠡᠭᠡᠨ ᠪᠠ ᠡᠮ᠎ᠤᠨ   ᠵᠦᠢ᠍ᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠬᠠᠮᠢᠶ᠎ᠠ ᠪᠥᠬᠥᠶ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠳᠠᠬᠢᠨ ᠡᠭᠦᠰᠬᠦ ᠵᠢ ᠴᠢᠩᠭ᠎ᠠ ᠰᠡᠷᠭᠡᠢ᠌ᠯᠡᠨ᠎ᠡ᠃ ᠲᠠᠷᠠᠭ᠋ᠠᠴᠢ ᠵᠢᠨ ᠠᠵᠢᠯ᠎ᠤᠨ ᠳᠤᠮᠳᠠ᠂ ᠪᠢᠳᠡ ᠬᠣᠶ᠋ᠢᠷᠭᠣᠰᠢᠬᠤ ᠥᠬᠡᠶ᠂ ᠰᠤᠯᠠᠷᠠᠬᠤ ᠥᠬᠡᠶ ᠪᠠᠶ᠋ᠢᠵᠤ᠂ ᠰᠢᠨ᠎ᠡ ᠵᠢ ᠡᠭᠦᠳᠦᠨ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠵᠤ᠂ ᠮᠠᠨ᠎ᠤ ᠣᠷᠣᠨ᠎ᠤ ᠣᠨᠴᠠᠯᠢᠭ ᠵᠶ᠋ᠠᠨ ᠪᠠᠳᠠᠷᠠᠭᠤᠯᠤᠨ᠎ᠠ᠃
    ᠡᠨᠳᠡ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠳᠣᠲᠣᠭ᠋ᠠᠳᠤ ᠵᠢ ᠬᠠᠮᠠᠭ᠋ᠠᠯᠠᠬᠤ ᠢᠳᠡᠭᠡᠨ ᠪᠠ ᠡᠮ᠎ᠤᠨ   ᠵᠦᠢ᠍ᠯᠡᠰ᠂ ᠣᠷᠴᠢᠨ   ᠠᠬᠤᠢ ᠵᠢᠨ ᠳᠡᠩᠨᠡᠨ ᠪᠠᠶ᠋ᠢᠴᠠᠭ᠋ᠠᠬᠤ ᠠᠵᠢᠯ᠎ᠢ ᠣᠯᠠᠨ ᠵᠢᠯ ᠳᠡᠮᠵᠢᠭᠰᠡᠨ᠎ᠳᠤ ᠴᠦ᠍ ᠲᠠᠯᠠᠷᠬᠠᠵᠤ ᠪᠠᠶ᠋ᠢᠨ᠎ᠠ᠂ ᠪᠠᠰᠠ ᠪᠢᠳᠡᠨ᠎ᠤ ᠬᠠᠮᠲᠤ᠎ᠪᠠᠷ ᠭᠠᠷ ᠬᠣᠯᠪᠣᠯᠴᠠᠨ ᠠᠷᠠᠳ ᠣᠯᠠᠨ᠎ᠳᠤ ᠨᠠᠩ ᠡᠷᠡᠭᠦᠯ ᠰᠠᠷᠠᠭᠤᠯ ᠢᠳᠡᠭᠡᠨ᠂ ᠡᠮ᠎ᠤᠨ   ᠵᠦᠢ᠍ᠯᠡᠰ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠢ ᠬᠦᠰᠡᠵᠦ ᠪᠠᠶ᠋ᠢᠨ᠎ᠠ᠃ ᠣᠯᠠᠨ᠎ᠳᠤ ᠪᠠᠶᠠᠷᠯᠠᠯ᠎ᠠ!
      ᠥᠪᠥᠷ ᠮᠣᠩᠭᠣᠯ᠎ᠤᠨ ᠬᠠᠤᠯᠢ ᠲᠦᠷᠢᠮ᠎ᠤᠨ ᠰᠣᠨᠢᠨ᠎ᠤ ᠰᠤᠷᠪᠤᠯᠵᠢᠯᠠᠭᠴᠢ᠄ ᠮᠠᠨ᠎ᠤ ᠣᠷᠣᠨ ᠪᠣᠯ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ ᠡᠯᠪᠡᠭ ᠪᠥᠭᠡᠳ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠬᠦ ᠴᠢᠬᠤᠯᠠ ᠵᠠᠮ ᠪᠣᠯᠤᠨ᠎ᠠ᠃ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠬᠦ᠎ᠳᠤ ᠴᠣᠬᠢᠯᠲᠠ ᠥᠭᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ᠂ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ?
    ᠹᠧᠩ ᠬᠤ᠌᠄ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠭᠠᠵᠠᠷ ᠵᠦᠶ ᠵᠢᠨ ᠣᠷᠴᠢᠨ ᠲᠣᠭᠣᠷᠢᠨ᠎ᠤ ᠲᠥᠷᠥᠯ ᠵᠦᠢ᠍ᠯ ᠣᠯᠠᠨ ᠶᠠᠩᠵᠤ ᠵᠢᠨ ᠪᠠᠶ᠋ᠢᠵᠤ᠂ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠤᠨ ᠲᠥᠷᠥᠯ ᠵᠦᠢ᠍ᠯ ᠮᠠᠰᠢ ᠡᠯᠪᠡᠭ ᠪᠠᠶ᠋ᠢᠳᠠᠭ᠃ ᠣᠲᠣ ᠬᠠᠭᠤᠷᠠᠶ ᠵᠢᠨ ᠰᠡᠭᠡᠷᠲᠡᠨ 613 ᠵᠦᠢ᠍ᠯ ᠪᠠᠶ᠋ᠢᠵᠤ᠂ ᠡᠭᠦᠨ᠎ᠳᠤ ᠤᠯᠤᠰ᠎ᠤᠨ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ 115   ᠵᠦᠢ᠍ᠯ ᠪᠠᠶ᠋ᠢᠵᠤ᠂ ᠣᠯᠠᠨ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠬᠣᠯᠪᠣᠭ᠎ᠠ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠤ ᠣᠯᠠᠨ ᠤᠯᠤᠰ᠎ᠤᠨ ᠠᠷᠠᠯᠵᠢᠶᠠᠨ᠎ᠤ ᠨᠡᠶ᠋ᠢᠲᠡ ᠵᠢᠨ ᠭᠡᠷ᠎ᠡ᠎ᠳᠤ ᠵᠢᠭᠰᠠᠭ᠋ᠠᠭᠳᠠᠭᠰᠠᠨ᠎ᠨᠢ 150   ᠵᠦᠢ᠍ᠯ ᠪᠠᠶ᠋ᠢᠵᠤ᠂ ᠳᠤᠮᠳᠠᠳᠤ ᠤᠯᠤᠰ᠎ᠤᠨ ᠮᠥᠬᠥᠬᠦ ᠰᠢᠬᠠᠭᠰᠠᠨ ᠤᠯᠠᠭ᠋ᠠᠨ ᠭᠠᠳᠠᠷᠳᠤ ᠪᠢᠴᠢᠭ᠎ᠲᠤ ᠵᠢᠭᠰᠠᠭ᠋ᠠᠭᠳᠠᠭᠰᠠᠨ᠎ᠨᠢ 184   ᠵᠦᠢ᠍ᠯ ᠪᠠᠶ᠋ᠢᠨ᠎ᠠ᠃ ᠡᠭᠦᠨ᠎ᠤ ᠬᠠᠮᠲᠤ᠂ ᠥᠪᠥᠷ ᠮᠣᠩᠭᠣᠯ ᠴᠤ᠌ ᠮᠠᠨ᠎ᠤ ᠤᠯᠤᠰ᠎ᠤᠨ ᠤᠮᠠᠷᠠᠲᠤ ᠵᠢᠨ ᠨᠡᠭᠦᠳᠡᠯ᠎ᠤᠨ ᠰᠢᠪᠠᠭᠤ ᠵᠢᠨ ᠨᠡᠭᠦᠳᠡᠯᠯᠡᠬᠦ ᠴᠢᠬᠤᠯᠠ ᠵᠠᠮ ᠪᠠᠶ᠋ᠢᠵᠤ᠂ ᠵᠢᠯ ᠪᠦᠷᠢ ᠵᠢᠨ ᠬᠠᠪᠤᠷ ᠨᠠᠮᠤᠷ ᠬᠣᠶᠠᠷ ᠤᠯᠠᠷᠢᠯ᠎ᠳᠤ ᠶᠡᠬᠡ ᠬᠡᠮᠵᠢᠶᠡᠨ᠎ᠤ ᠨᠡᠭᠦᠳᠡᠯ᠎ᠤᠨ ᠰᠢᠪᠠᠭᠤ ᠡᠨᠳᠡ ᠨᠡᠭᠦᠳᠡᠯᠯᠡᠨ ᠦᠷᠡᠵᠢᠳᠡᠭ᠃
    2020 ᠣᠨ᠎ᠳᠤ᠂ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠪᠥᠬᠥ ᠣᠷᠣᠨ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ 《ᠺᠦᠨᠯᠦ᠋ᠨ 2020》 ᠲᠤᠰᠬᠠᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠣᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠵᠢ ᠠᠪᠴᠠᠶ᠄ ᠨᠢᠭᠡ᠎ᠳᠤ ᠴᠠᠭᠳᠠᠨ ᠬᠠᠮᠠᠭ᠋ᠠᠯᠠᠵᠤ ᠴᠠᠭᠳᠠᠨ ᠪᠠᠶ᠋ᠢᠴᠠᠭ᠋ᠠᠬᠤ᠎ᠪᠠᠨ ᠴᠢᠩᠭ᠋ᠠᠳᠬᠠᠪᠠ᠃ ᠬᠡᠭᠡᠷ᠎ᠡ ᠵᠢᠨ ᠠᠮᠢᠲᠠᠨ᠎ᠤ ᠰᠦᠷᠦᠭᠯᠡᠯ᠎ᠤᠨ ᠣᠷᠣᠨ ᠪᠦᠰᠡ ᠵᠢ ᠴᠡᠪᠡᠷᠯᠡᠨ ᠠᠩᠨᠠᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠩ᠎ᠤᠨ ᠫᠤᠤ ᠠᠩ᠎ᠤᠨ ᠪᠠᠭ᠋ᠠᠵᠢ ᠵᠢ ᠪᠠᠶ᠋ᠢᠴᠠᠭ᠋ᠠᠨ ᠢᠯᠭ᠋ᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠲᠤᠰᠬᠠᠶ ᠠᠵᠢᠯᠯᠠᠭ᠎ᠠ ᠳᠤᠮᠳᠠ᠂ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠬᠦ ᠵᠠᠮ ᠪᠠ ᠣᠷᠣᠰᠢᠨ ᠠᠮᠢᠳᠤᠷᠠᠬᠤ ᠭᠠᠵᠠᠷ᠎ᠢ ᠭᠣᠤᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠵᠤ᠂ ᠬᠠᠤᠯᠢ ᠪᠤᠰᠤ᠎ᠪᠠᠷ ᠠᠩᠨᠠᠬᠤ᠂ ᠬᠠᠤᠯᠢ ᠪᠤᠰᠤ᠎ᠪᠠᠷ ᠠᠩᠨᠠᠬᠤ ᠦᠢ᠍ᠯᠡ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠬᠣᠷᠢᠭᠯᠠᠪᠠ᠃ ᠬᠣᠶᠠᠷ᠎ᠲᠤ ᠬᠠᠤᠯᠢ ᠪᠤᠰᠤ ᠲᠡᠭᠡᠭᠡᠪᠦᠷᠢ ᠵᠢᠨ ᠠᠷᠭ᠎ᠠ ᠵᠠᠮ᠎ᠢ ᠲᠠᠰᠤᠯᠬᠤ᠎ᠪᠠᠷ ᠴᠢᠷᠮᠠᠢ᠌ᠪᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠦᠳᠠᠨ ᠵᠶ᠋ᠠᠷ ᠢᠯᠡᠭᠡᠨ ᠬᠦᠷᠭᠡᠬᠦ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠳᠬᠠᠵᠤ᠂ ᠲᠡᠭᠡᠭᠡᠪᠦᠷᠢᠯᠡᠨ ᠢᠯᠡᠭᠡᠨ ᠬᠦᠷᠭᠡᠬᠦ ᠰᠡᠷᠭᠡᠶ᠋ᠢᠯᠡᠯᠲᠡ ᠵᠢᠨ ᠱᠤᠭᠤᠮ᠎ᠢ ᠴᠢᠩᠭ᠎ᠠ ᠰᠠᠬᠢᠪᠠ᠃ ᠢᠯᠠᠩᠭᠤᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠂ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠠᠰᠠᠮᠠᠯ ᠵᠠᠮ᠎ᠤᠨ ᠰᠦᠢ᠍ᠳᠭᠡᠯ ᠬᠤᠷᠢᠶᠠᠬᠤ ᠥᠷᠲᠡᠭᠡ ᠵᠢᠨ ᠣᠷᠣᠵᠤ ᠭᠠᠷᠬᠤ ᠭᠠᠵᠠᠷ ᠪᠠ ᠰᠢᠭᠤᠶ᠋ᠢᠲᠤ ᠣᠷᠣᠨ᠎ᠤ ᠵᠠᠮ ᠬᠠᠷᠢᠯᠴᠠᠭ᠋ᠠᠨ᠎ᠤ ᠴᠢᠬᠤᠯᠠ ᠵᠠᠮ ᠵᠡᠷᠭᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠭᠣᠮᠲᠠ᠎ᠳᠤ ᠴᠠᠭᠳᠠᠭ᠋ᠠᠨ᠎ᠤ ᠬᠦᠴᠦᠨ᠎ᠢ ᠪᠠᠶ᠋ᠢᠷᠢᠯᠠᠭᠤᠯᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠵᠢ ᠪᠠᠶ᠋ᠢᠴᠠᠭ᠋ᠠᠵᠤ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠪᠴᠤ ᠶᠠᠪᠤᠬᠤ᠂ ᠲᠡᠭᠡᠭᠡᠪᠦᠷᠢᠯᠡᠬᠦ   ᠦᠢ᠍ᠯᠡ   ᠠᠵᠢᠯᠯᠠᠭ᠎ᠠ ᠎ᠳᠤ   ᠴᠣᠬᠢᠯᠲᠠ   ᠥᠭᠪᠡ᠃ ᠭᠤᠷᠪᠠ᠎ᠳᠤ ᠰᠦᠪᠡᠭᠴᠢ ᠵᠢᠨ ᠢᠷᠡᠯᠲᠡ ᠵᠢ ᠤᠯᠠᠰᠢᠷᠠᠭᠤᠯᠪᠠ᠃ ᠴᠣᠬᠢᠯᠲᠠ ᠥᠭᠬᠦ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠪᠠᠶ᠋ᠢᠳᠠᠯ᠎ᠢ ᠭᠦᠨᠵᠡᠭᠡᠶ ᠤᠶ᠋ᠢᠯᠠᠭ᠋ᠠᠨ ᠵᠢᠭᠰᠠᠭ᠋ᠠᠨ ᠪᠠᠶ᠋ᠢᠴᠠᠭ᠋ᠠᠵᠤ᠂ ᠴᠠᠭᠳᠠᠭ᠋ᠠᠨ᠎ᠤ ᠲᠥᠷᠥᠯ᠎ᠤᠨ ᠬᠠᠮᠵᠢᠯᠴᠠᠭ᠎ᠠ ᠵᠢ ᠨᠢᠭᠲᠠᠷᠠᠭᠤᠯᠵᠤ᠂ ᠰᠦᠯᠵᠢᠶᠡᠨ᠎ᠤ ᠠᠷᠠᠯᠵᠢᠶᠠᠨ᠎ᠤ ᠲᠠᠪᠴᠠᠩ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠣᠯᠪᠣᠭᠳᠠᠯ ᠪᠥᠬᠥᠶ ᠨᠢᠭᠤᠴᠠ ᠮᠡᠳᠡᠭᠡ ᠵᠢᠨ ᠰᠦᠪᠡᠭᠴᠢ ᠵᠢ ᠴᠤᠭᠯᠠᠭᠤᠯᠤᠨ ᠡᠮᠬᠢᠯᠡᠵᠦ᠂ ᠡᠯ᠎ᠡ ᠲᠥᠷᠥᠯ᠎ᠤᠨ ᠮᠡᠳᠡᠭᠡ ᠵᠠᠩᠭᠢ ᠵᠢ ᠨᠠᠷᠢᠨ ᠨᠢᠮᠪᠠᠶ ᠰᠤᠳᠤᠯᠤᠨ ᠮᠠᠭ᠋ᠠᠳᠯᠠᠵᠤ᠂ ᠰᠦᠪᠡᠭᠴᠢ ᠶᠣᠰᠣᠭ᠋ᠠᠷ ᠭᠦᠨᠵᠡᠭᠡᠶ ᠨᠡᠬᠡᠮᠵᠢᠯᠡᠵᠦ᠂ ᠲᠣᠮᠣ ᠬᠡᠷᠡᠭ᠎ᠤᠨ ᠪᠣᠭᠣᠮᠲᠠ ᠰᠢᠪᠲᠤᠯᠬᠤ ᠵᠢ ᠴᠢᠩᠭ᠎ᠠ ᠠᠳᠬᠤᠨ᠎ᠠ᠃ ᠳᠥᠷᠪᠡ᠎ᠳᠤ ᠬᠠᠤᠯᠢ ᠪᠤᠰᠤ᠎ᠪᠠᠷ ᠡᠵᠡᠩᠨᠡᠵᠦ   ᠥᠭᠡᠷᠡᠴᠢᠯᠡᠨ ᠠᠰᠢᠭᠯᠠᠬᠤ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ᠎ᠠ᠃ ᠮᠠᠨ᠎ᠤ ᠣᠷᠣᠨ᠎ᠤ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠬᠣᠯᠪᠣᠭ᠋ᠠᠲᠤ ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠡᠳ᠋ᠰᠢᠭᠦᠯᠬᠦ ᠬᠡᠭᠡᠷ᠎ᠡ ᠵᠢᠨ ᠠᠮᠢᠲᠠᠨ᠎ᠢ ᠡᠵᠡᠩᠨᠡᠵᠦ ᠪᠠᠶ᠋ᠢᠭ᠎ᠠ ᠭᠣᠤᠯᠳᠠᠯᠭ᠎ᠠ᠎ᠲᠠᠢ ᠲᠠᠯᠠᠪᠤᠷ ᠪᠠ ᠬᠡᠭᠡᠷ᠎ᠡ ᠵᠢᠨ ᠠᠮᠢᠲᠠᠨ᠎ᠢ ᠲᠡᠵᠢᠭᠡᠨ ᠦᠷᠡᠵᠢᠭᠦᠯᠬᠦ ᠲᠠᠯᠠᠪᠤᠷ᠎ᠢ ᠪᠠᠢ᠌ᠴᠠᠭ᠋ᠠᠨ ᠵᠢᠭᠰᠠᠭ᠋ᠠᠵᠤ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠡᠵᠡᠩᠨᠡᠨ ᠠᠰᠢᠭᠯᠠᠵᠤ ᠪᠠᠶ᠋ᠢᠭ᠎ᠠ ᠲᠠᠯᠠᠪᠤᠷ ᠭᠠᠵᠠᠷ᠎ᠢ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ᠂ ᠰᠢᠳᠬᠡᠨ ᠲᠣᠷᠭ᠋ᠠᠬᠤ᠂ ᠬᠦᠴᠦᠨ ᠥᠬᠡᠶ ᠪᠣᠯᠭ᠋ᠠᠬᠤ ᠬᠡᠷᠡᠭᠲᠡᠶ ᠶᠠᠯ᠎ᠠ᠎ᠳᠤ ᠬᠦᠷᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠪᠡ᠃ ᠲᠠᠪᠤ᠎ᠳᠤ ᠶᠠᠷᠢᠶ᠎ᠠ ᠬᠡᠯᠡᠯᠴᠡᠭᠡᠨ᠎ᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃ ᠬᠡᠭᠡᠷ᠎ᠡ ᠵᠢᠨ ᠠᠮᠢᠲᠠᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠢᠨ ᠬᠠᠮᠲᠤ᠂ ᠪᠥᠬᠥ ᠣᠷᠣᠨ᠎ᠤ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠥᠷᠭᠡᠨ ᠵᠶ᠋ᠡᠷ ᠬᠠᠤᠯᠢ ᠲᠦᠭᠡᠮᠡᠯᠵᠢᠭᠦᠯᠬᠦ ᠵᠢ ᠢᠳᠡᠪᠬᠢᠲᠡᠶ ᠥᠷᠨᠢᠭᠦᠯᠪᠡ᠃ ᠴᠠᠭᠳᠠᠭ᠋ᠠᠨ᠎ᠤ ᠵᠠᠭᠤᠴᠢᠯᠠᠭᠤᠷ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠠᠮᠠ ᠲᠥᠪᠯᠡᠷᠡᠭᠰᠡᠨ ᠲᠠᠯᠠᠪᠤᠷ ᠭᠠᠵᠠᠷ ᠵᠢᠴᠢ ᠨᠡᠭᠦᠳᠡᠯ᠎ᠤᠨ ᠰᠢᠪᠠᠭᠤ ᠲᠥᠪᠯᠡᠷᠡᠭᠰᠡᠨ ᠭᠠᠵᠠᠷ ᠣᠷᠣᠨ᠎ᠳᠤ ᠤᠷᠢᠶ᠎ᠠ ᠯᠣᠽᠦ᠋ᠩ ᠡᠯᠭᠦᠵᠦ᠂ ᠤᠬᠠᠭᠤᠯᠭ᠎ᠠ ᠵᠢᠨ ᠡᠳ᠋ ᠲᠠᠷᠬᠠᠭ᠋ᠠᠨ᠂ ᠬᠥᠳᠡᠭᠡ ᠪᠠᠭᠤᠭᠰᠠᠳ ᠠᠶ᠋ᠢᠯ ᠲᠣᠰᠬᠣᠨ᠂ ᠨᠡᠶ᠋ᠢᠭᠡᠮ ᠲᠣᠭᠣᠷᠢᠭ᠎ᠲᠤ ᠣᠷᠣᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠬᠡᠷᠡᠭ ᠵᠶ᠋ᠠᠷ ᠬᠠᠤᠯᠢ ᠴᠠᠭ᠋ᠠᠵᠠ ᠵᠢ ᠲᠠᠶ᠋ᠢᠯᠪᠤᠷᠢᠯᠠᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠳᠡᠯᠡᠬᠡᠶ ᠶᠢᠷᠳᠢᠨᠴᠦ ᠡᠢ᠌ᠮᠦ ᠶᠡᠬᠡ᠂ ᠲᠠᠨᠦᠰ ᠦᠭᠡᠢ ᠪᠠᠢ᠌ᠵᠤ ᠪᠣᠯᠬᠤ ᠦᠭᠡᠢ》 ᠭᠡᠬᠦ ᠵᠡᠷᠭᠡ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠣᠬᠣᠷ ᠸᠢᠳᠢᠣ᠋ ᠵᠢ 3 ᠦᠢ᠍ᠯᠡᠳᠴᠦ᠂ ᠥᠪᠥᠷ ᠮᠣᠩᠭᠣᠯ᠎ᠤᠨ ᠣᠳᠣᠨ ᠲᠧᠯᠸᠢᠰ᠂ ᠰᠣᠨᠢᠨ ᠮᠡᠳᠡᠭᠡᠨ᠎ᠤ ᠶᠡᠷᠦᠩᠬᠡᠶ᠋ᠢᠯᠡᠭᠰᠡᠨ ᠰᠤᠪᠠᠭ ᠵᠶ᠋ᠠᠷ ᠵᠠᠯᠭ᠋ᠠᠭ᠎ᠠ᠎ᠪᠠᠷ ᠨᠡᠪᠲᠡᠷᠡᠭᠦᠯᠵᠦ᠂ ᠥᠷᠭᠡᠨ ᠣᠯᠠᠨ ᠠᠷᠠᠳ ᠲᠦᠮᠡᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠮᠰᠠᠷᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠤᠬᠠᠭᠤᠯᠭ᠎ᠠ ᠬᠥᠮᠦᠵᠢᠯ ᠵᠶ᠋ᠠᠷ ᠳᠠᠮᠵᠢᠨ᠂ ᠮᠠᠰᠢ ᠤᠯᠠᠨ ᠤᠯᠠᠨ ᠬᠦᠮᠦᠨ ᠬᠡᠭᠡᠷ᠎ᠡ ᠵᠢᠨ ᠠᠮᠢᠳᠠᠨ᠎ᠢ ᠠᠪᠤᠷᠠᠨ ᠲᠤᠰᠠᠯᠠᠬᠤ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠬᠥᠮᠦᠨ ᠪᠣᠯᠤᠨ ᠬᠡᠭᠡᠷ᠎ᠡ ᠵᠢᠨ ᠠᠮᠢᠳᠠᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ ᠮᠠᠨ᠎ᠤ ᠳᠡᠷᠭᠡᠳᠡ ᠡᠭᠦᠰᠴᠦ᠂ ᠡᠯ᠎ᠡ   ᠵᠦᠢ᠍ᠯ ᠎ᠤᠨ   ᠵᠠᠭᠤᠴᠢᠯᠠᠭᠤᠷ ᠎ᠲᠤ   ᠢᠯᠡᠷᠡᠪᠡ᠃ 2020 ᠣᠨ᠎ᠳᠤ᠂ ᠴᠠᠭᠳᠠᠭ᠎ᠠ ᠠᠷᠠᠳ ᠬᠣᠯᠪᠣᠭ᠋ᠠᠯᠠᠨ 1886 ᠭᠠᠷᠤᠢ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠪᠠ᠃
    ᠣᠯᠠᠨ ᠵᠢᠯ᠎ᠤᠨ ᠲᠤᠷᠰᠢ᠂ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ   ᠪᠠᠶ᠋ᠢᠳᠠᠯ ᠵᠶ᠋ᠠᠨ   ᠢᠮᠠᠭᠲᠠ   ᠪᠠᠲᠤᠯᠠᠵᠤ᠂  《ᠬᠠᠪᠤᠷ ᠎ᠤᠨ   ᠠᠶᠤᠩᠭ᠎ᠠ  》᠂ 《ᠨᠣᠭᠣᠭ᠋ᠠᠨ ᠰᠡᠯᠡᠮ᠎ᠡ》᠂ 《ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ》᠂ 《ᠬᠠᠶ᠋ᠢᠷᠠᠭᠤᠴᠠᠶ ᠵᠢ ᠬᠠᠮᠠᠭ᠋ᠠᠯᠠᠬᠤ》 ᠵᠡᠷᠭᠡ ᠣᠷᠣᠨ ᠪᠦᠰᠡ ᠵᠢᠨ ᠴᠢᠨᠠᠷᠲᠠᠶ᠂ ᠤᠯᠠᠷᠢᠯ᠎ᠤᠨ ᠴᠢᠨᠠᠷᠲᠠᠶ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠡᠭᠡᠷ᠎ᠡ ᠵᠢᠨ ᠠᠮᠢᠲᠠᠨ ᠵᠢᠴᠢ ᠲᠡᠭᠦᠨ᠎ᠤ ᠪᠦᠲᠦᠭᠡᠭᠳᠡᠬᠦᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠡᠬᠡ ᠬᠡᠮᠵᠢᠶᠡᠨ᠎ᠤ ᠶᠠᠯᠠᠲᠤ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ ᠬᠡᠷᠡᠭ᠎ᠢ ᠵᠢᠯ ᠳᠠᠷᠠᠭ᠋ᠠᠯᠠᠨ ᠪᠠᠭ᠋ᠠᠰᠬᠠᠵᠤ᠂ ᠪᠥᠬᠥ ᠣᠷᠣᠨ᠎ᠤ ᠬᠡᠭᠡᠷ᠎ᠡ ᠵᠢᠨ ᠠᠮᠢᠲᠠᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠪᠠ᠃ 2017 ᠣᠨ᠎ᠠᠴᠠ ᠣᠲᠣ ᠪᠣᠯᠲᠠᠯ᠎ᠠ᠂ ᠪᠥᠬᠥ ᠣᠷᠣᠨ᠎ᠳᠤ ᠬᠢᠯᠢ᠎ᠪᠠᠷ ᠥᠩᠭᠡᠷᠡᠬᠦ ᠨᠡᠭᠦᠳᠡᠯ᠎ᠤᠨ ᠰᠢᠪᠠᠭᠤ ᠵᠢ ᠠᠯᠠᠭᠰᠠᠨ ᠬᠡᠷᠡᠭ ᠭᠠᠷᠤᠭᠰᠠᠨ ᠥᠬᠡᠶ᠃ ᠳᠣᠤᠷ᠎ᠠ ᠪᠢ ᠣᠯᠠᠨ᠎ᠳᠤ 2020 ᠣᠨ᠎ᠳᠤ ᠪᠠᠶ᠋ᠢᠴᠠᠭ᠋ᠠᠨ ᠰᠢᠢ᠍ᠳᠪᠦᠷᠢᠯᠡᠭᠰᠡᠨ ᠬᠣᠶᠠᠷ ᠨᠡᠶ᠋ᠢᠲᠡᠯᠢᠭ ᠬᠡᠷᠡᠭ᠎ᠢ ᠲᠠᠨᠢᠯᠴᠠᠭᠤᠯᠤᠶ᠎ᠠ᠃
    ᠰᠢᠯᠢ ᠵᠢᠨ ᠭᠣᠤᠯ ᠠᠶ᠋ᠢᠮᠠᠭ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ   ᠪᠠᠢ᠌ᠭᠤᠯᠭ᠎ᠠ ᠰᠦᠯᠵᠢᠶ᠎ᠡ ᠵᠢ ᠠᠰᠢᠭᠯᠠᠨ ᠬᠣᠪᠣᠷ ᠨᠠᠨᠳᠢᠨ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠫᠠᠨᠽᠠᠯᠠᠭᠰᠠᠨ ᠰᠢᠷᠢᠰ ᠬᠡᠷᠡᠭ᠎ᠢ ᠠᠮᠵᠢᠯᠲᠠᠲᠠᠶ ᠢᠯᠡᠷᠡᠭᠦᠯᠪᠡ᠃ ᠬᠡᠷᠡᠭ   ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠡᠯ᠎ᠡ ᠭᠠᠵᠠᠷ᠎ᠲᠤ ᠬᠦᠷᠴᠦ᠂ ᠡᠳᠦᠷ ᠰᠥᠨᠢ ᠥᠬᠡᠶ ᠠᠶᠠᠯᠠᠨ᠂ 6 ᠲᠦᠮᠡ ᠭᠠᠷᠤᠶ ᠺᠢᠯᠣᠮᠧᠲᠷ ᠠᠶᠠᠯᠠᠵᠤ᠂ 18 ᠮᠤᠵᠢ ᠣᠷᠣᠨ᠂ 52 ᠬᠣᠰᠢᠭᠤ ᠰᠢᠶᠠᠨ ᠬᠣᠲᠠ᠎ᠳᠤ ᠬᠦᠷᠴᠦ᠂ ᠨᠠᠷᠢᠨ ᠨᠢᠮᠪᠠᠶ ᠪᠠᠶ᠋ᠢᠴᠠᠭ᠋ᠠᠨ ᠭᠡᠷᠡᠴᠢ ᠠᠪᠬᠤ᠎ᠪᠠᠷ ᠳᠡᠮᠵᠢᠨ᠂ ᠪᠥᠬᠥ ᠤᠯᠤᠰ᠎ᠢ ᠬᠠᠮᠤᠷᠤᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠠᠤᠯᠢ ᠪᠤᠰᠤ᠎ᠪᠠᠷ ᠫᠠᠨᠽᠠᠯᠠᠬᠤ ᠶᠠᠯᠠᠲᠤ ᠠᠵᠢᠯᠯᠠᠭ᠎ᠠ ᠵᠢᠨ ᠲᠣᠤᠷ ᠰᠦᠯᠵᠢᠶ᠎ᠡ ᠵᠢ ᠨᠢᠭᠡ ᠯᠡ ᠳᠡᠭᠡᠷ᠎ᠡ ᠰᠦᠢ᠍ᠷᠡᠭᠦᠯᠪᠡ᠃ ᠣᠳᠣᠬᠠᠨ᠎ᠳᠤ᠂ ᠲᠣᠰ ᠬᠡᠷᠡᠭ᠎ᠲᠤ ᠨᠢᠭᠡᠨᠲᠡ 21 ᠬᠥᠮᠦᠨ᠎ᠳᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠪᠠᠶ᠋ᠢᠴᠠᠭ᠋ᠠᠬᠤ   ᠪᠠᠢ᠌ᠭᠤᠯᠭ᠎ᠠ 5 ᠬᠥᠮᠦᠨ᠎ᠢ ᠪᠠᠷᠢᠪᠴᠢᠯᠠᠬᠤ ᠵᠢ ᠵᠥᠪᠰᠢᠶᠡᠷᠡᠵᠦ᠂ ᠤᠮᠠᠷᠠᠲᠤ ᠵᠢᠨ ᠪᠥᠬᠥᠩ᠎ᠤᠨ ᠡᠪᠡᠷ᠂ ᠲᠥᠪᠡᠳ ᠪᠥᠬᠥᠩ᠎ᠤᠨ ᠡᠪᠡᠷ᠂ ᠵᠡᠭᠡᠷ᠎ᠡ ᠵᠢᠨ ᠡᠪᠡᠷ ᠵᠡᠷᠭᠡ ᠤᠯᠤᠰ᠎ᠤᠨ ᠭᠣᠤᠯᠳᠠᠯᠭ᠎ᠠ᠎ᠲᠠᠢ ᠬᠠᠮᠠᠭ᠋ᠠᠯᠠᠬᠤ ᠬᠣᠪᠣᠷ ᠴᠤᠬᠠᠭ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ 3300 ᠭᠠᠷᠤᠶ ᠬᠤᠪᠢ᠂ ᠬᠡᠷᠡᠭ᠎ᠲᠤ ᠬᠣᠯᠪᠣᠭᠳᠠᠭᠰᠠᠨ ᠪᠣᠳᠠᠰ᠎ᠤᠨ ᠥᠷᠲᠡᠭ 5000 ᠭᠠᠷᠤᠶ ᠲᠦᠮᠡᠨ ᠲᠥᠭᠥᠷᠢᠭ᠎ᠢ ᠪᠠᠶ᠋ᠢᠴᠠᠭ᠋ᠠᠨ ᠭᠠᠷᠭ᠋ᠠᠵᠠᠶ᠃ ᠬᠡᠷᠡᠭ᠎ᠲᠤ ᠬᠣᠯᠪᠣᠭᠳᠠᠭᠰᠠᠨ ᠭᠠᠵᠠᠷ ᠣᠷᠣᠨ ᠥᠷᠭᠡᠨ᠂ ᠬᠥᠮᠦᠨ ᠬᠠᠷ᠎ᠠ ᠣᠯᠠᠨ᠂ ᠬᠡᠷᠡᠭ᠎ᠲᠤ ᠬᠣᠯᠪᠣᠭᠳᠠᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠤ ᠲᠣᠭ᠎ᠠ ᠬᠡᠮᠵᠢᠶ᠎ᠡ ᠶᠡᠬᠡ᠂ ᠦᠨ᠎ᠡ ᠥᠷᠲᠡᠭ ᠥᠨᠳᠥᠷ ᠪᠠᠶ᠋ᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠣᠶ᠋ᠢᠷ᠎ᠠ ᠵᠢᠨ ᠵᠢᠯ᠎ᠳᠤ ᠪᠠᠶ᠋ᠢᠴᠠᠭ᠋ᠠᠨ ᠰᠢᠢ᠍ᠳᠪᠦᠷᠢᠯᠡᠭᠰᠡᠨ ᠰᠦᠯᠵᠢᠶᠡᠨ᠎ᠤ ᠲᠠᠪᠴᠠᠩ᠎ᠢ ᠠᠰᠢᠭᠯᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠫᠠᠨᠽᠠᠯᠠᠭᠰᠠᠨ ᠨᠥᠯᠥᠭᠡ᠎ᠪᠠᠷ ᠬᠠᠮᠤᠭ᠎ᠤᠨ ᠶᠡᠬᠡ ᠬᠡᠷᠡᠭ ᠪᠣᠯᠤᠨ᠎ᠠ᠃
      ᠣᠷᠳᠣᠰ   ᠬᠣᠲᠠ ᠵᠢᠨ   ᠬᠠᠩᠭᠢᠨ   ᠬᠣᠰᠢᠭᠤᠨ ᠎ᠤ   ᠣᠶ   ᠰᠢᠭᠤᠶ ᠵᠢᠨ   ᠳᠣᠲᠣᠭ᠋ᠠᠳᠤ ᠵᠢ   ᠬᠠᠮᠠᠭ᠋ᠠᠯᠠᠬᠤ   ᠲᠣᠪᠴᠢᠶ᠎ᠠ 《5·28》 ᠬᠡᠭᠡᠷ᠎ᠡ ᠵᠢᠨ ᠲᠠᠤᠯᠠᠶ ᠵᠢ ᠬᠠᠤᠯᠢ ᠪᠤᠰᠤ᠎ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ᠎ᠢ ᠢᠯᠡᠷᠡᠭᠦᠯᠪᠡ᠃ ᠬᠡᠭᠡᠷ᠎ᠡ ᠵᠢᠨ ᠲᠠᠤᠯᠠᠶ ᠵᠢᠨ ᠪᠣᠳᠠᠭ᠋ᠠᠯᠢ ᠪᠡᠶ᠎ᠡ᠎ᠨᠢ ᠠᠮᠢᠳᠤᠯᠢᠭ᠂ ᠬᠤᠷᠳᠤᠨ ᠭᠦᠶᠦᠳᠡᠭ ᠣᠨᠴᠠᠯᠢᠭ᠎ᠨᠢ ᠣᠷᠳᠣᠰ᠎ᠤᠨ ᠥᠨᠳᠥᠷᠯᠢᠭ᠎ᠲᠤ ᠨᠠᠩ ᠲᠣᠪᠤᠢ᠌ᠮ᠎ᠠ᠃ ᠵᠠᠷᠢᠮ ᠬᠠᠤᠯᠢ ᠪᠤᠰᠤ ᠡᠲᠡᠭᠡᠳ ᠬᠡᠭᠡᠷ᠎ᠡ ᠵᠢᠨ ᠲᠠᠤᠯᠠᠶ ᠵᠢᠨ ᠠᠮᠢᠳᠤ ᠪᠡᠶ᠎ᠡ ᠵᠢ ᠬᠤᠳᠠᠯᠳᠤᠨ ᠠᠪᠴᠤ ᠭᠠᠳᠠᠷ ᠮᠤᠵᠢ᠎ᠳᠤ ᠫᠠᠨᠽᠠᠯᠠᠨ ᠵᠥᠭᠡᠭᠡᠪᠦᠷᠢᠯᠡᠵᠦ᠂ ᠨᠢᠭᠤᠴᠠ ᠵᠣᠭᠣᠰ ᠮᠦᠷᠦᠢ᠌ᠴᠡᠬᠦ ᠵᠠᠬ᠎ᠠ ᠳᠡᠯᠭᠡᠭᠦᠷ᠎ᠲᠤ ᠣᠷᠣᠵᠤ᠂ ᠶᠡᠬᠡ ᠠᠰᠢᠭ ᠬᠣᠨᠵᠢᠪᠣᠷᠢ ᠣᠯᠵᠤ ᠪᠠᠶ᠋ᠢᠨ᠎ᠠ᠃ ᠣᠷᠳᠣᠰ ᠬᠣᠲᠠ ᠵᠢᠨ ᠬᠠᠩᠭᠢᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠰᠦᠪᠡᠭᠴᠢ ᠵᠢ ᠭᠦᠨ ᠡᠷᠢᠯᠬᠢᠯᠡᠵᠦ᠂ ᠬᠡᠭᠡᠷ᠎ᠡ ᠵᠢᠨ ᠲᠠᠤᠯᠠᠶ ᠵᠢ ᠬᠠᠤᠯᠢ ᠪᠤᠰᠤ᠎ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ᠎ᠢ 6 ᠢᠯᠡᠷᠡᠭᠦᠯᠪᠡ᠃ ᠡᠭᠦᠨ᠎ᠳᠤ᠂ ᠣᠨᠴᠠ ᠶᠡᠬᠡ ᠬᠡᠷᠡᠭ 1 ᠪᠠᠶ᠋ᠢᠵᠤ᠂ ᠨᠡᠶ᠋ᠢᠲᠡ 261 ᠬᠡᠭᠡᠷ᠎ᠡ ᠵᠢᠨ ᠲᠠᠤᠯᠠᠶ ᠵᠢᠨ ᠠᠮᠢᠳᠤ ᠪᠡᠶ᠎ᠡ᠂ 2 ᠥᠭᠦᠭᠰᠡᠨ ᠪᠡᠶ᠎ᠡ ᠵᠢ ᠬᠣᠷᠢᠶᠠᠨ ᠠᠪᠴᠤ᠂ 12 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠲᠤᠬᠠᠶ ᠵᠢᠨ ᠭᠠᠵᠠᠷ᠎ᠠᠴᠠ ᠣᠷᠳᠣ ᠬᠤᠭᠤᠴᠠᠭ᠎ᠠ᠎ᠪᠠᠷ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ᠂ ᠫᠠᠨᠽᠠᠯᠠᠬᠤ ᠶᠠᠯᠠᠲᠤ ᠪᠦᠯᠬᠦᠮ᠎ᠢ ᠴᠣᠬᠢᠨ ᠰᠦᠢ᠍ᠷᠡᠭᠦᠯᠵᠦ᠂ 《ᠨᠢᠭᠡ ᠪᠠᠷᠢᠪᠴᠢᠯᠠᠪᠠᠯ ᠨᠢᠭᠡ ᠡᠪᠰᠡᠯ ᠪᠦᠯᠦᠭ᠎ᠲᠤ ᠴᠣᠬᠢᠯᠲᠠ ᠥᠭᠬᠦ᠂ ᠨᠢᠭᠡ ᠬᠡᠷᠡᠭ᠎ᠢ ᠢᠯᠡᠷᠡᠭᠦᠯᠪᠡᠯ ᠨᠢᠭᠡ ᠣᠯᠠᠨ ᠬᠡᠯᠬᠢᠶ᠎ᠡ ᠵᠢ ᠰᠦᠢ᠍ᠷᠡᠭᠦᠯᠬᠦ》 ᠬᠠᠷᠠᠯᠲᠠ ᠵᠢ ᠪᠡᠶᠡᠯᠡᠭᠦᠯᠪᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ