ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠤᠶᠤᠨᠴᠢᠯᠠᠭᠰᠠᠨ ᠪᠦᠷᠢᠨ ᠠᠦ᠋ᠲ᠋ᠣ᠋ ᠬᠢᠯᠢ᠎ᠪᠠᠷ ᠣᠷᠤᠵᠤ ᠭᠠᠷᠬᠤ ᠦᠢ᠍ᠯᠡᠴᠢᠯᠡᠭᠡᠨ᠎ᠤ ᠣᠶᠤᠨᠴᠢ ᠲᠢᠩᠬᠢᠮ᠎ᠢ ᠪᠠᠢ᠌ᠭᠤᠯᠪᠠ
ᠨᠡᠶ᠋ᠢᠲᠡᠯᠡᠭᠰᠡᠨ ᠴᠠᠭ᠄ 2021-04-07

          ᠤᠶᠤᠨᠴᠢᠯᠠᠭᠰᠠᠨ ᠪᠦᠷᠢᠨ ᠠᠦ᠋ᠲ᠋ᠣ᠋ ᠬᠢᠯᠢ᠎ᠪᠠᠷ ᠣᠷᠤᠵᠤ

          ᠭᠠᠷᠬᠤ ᠦᠢ᠍ᠯᠡᠴᠢᠯᠡᠭᠡᠨ᠎ᠤ ᠣᠶᠤᠨᠴᠢ ᠲᠢᠩᠬᠢᠮ᠎ᠢ ᠪᠠᠢ᠌ᠭᠤᠯᠪᠠ
       
     

      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠭᠠᠷᠬᠤ ᠣᠷᠤᠬᠤ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ ᠬᠣᠤᠰ ᠰᠤᠷᠪᠤᠯᠵᠢᠯᠠᠭ᠎ᠠ ᠬᠦᠯᠢᠶᠡᠨ ᠠᠪᠬᠤ᠎ᠳᠤ᠎ᠪᠠᠨ᠄

    ᠠᠷᠠᠳ ᠲᠦᠮᠡᠨ ᠵᠶ᠋ᠠᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠦᠢ᠍ᠯᠡᠳᠦᠯᠭᠡᠵᠢᠭᠦᠯᠬᠦ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠳᠤᠷᠠᠳᠤᠭᠰᠠᠨ 《ᠨᠢᠭᠡᠯᠡ   ᠤᠳᠠᠭ᠎ᠠ   ᠭᠦᠶᠦᠬᠦ》   ᠠᠵᠢᠯ ᠎ᠤᠨ   ᠱᠠᠭ᠋ᠠᠷᠳᠠᠯᠭ᠎ᠠ ᠵᠢ   ᠦᠨᠳᠦᠰᠦᠯᠡᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠭᠠᠷᠬᠤ ᠣᠷᠤᠬᠤ ᠬᠠᠮᠢᠶᠠᠷᠤᠯᠲᠠ ᠵᠢᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠣᠶᠤᠨᠴᠢᠯᠠᠭᠰᠠᠨ᠂ ᠪᠦᠷᠢᠨ ᠠᠦ᠋ᠲ᠋ᠤᠴᠢᠯᠠᠭᠰᠠᠨ ᠬᠢᠯᠢ᠎ᠪᠠᠷ ᠣᠷᠣᠵᠤ ᠭᠠᠷᠬᠤ ᠣᠶᠤᠨᠴᠢ ᠲᠢᠩᠬᠢᠮ᠎ᠢ ᠪᠠᠶ᠋ᠢᠭᠤᠯᠪᠠ᠃ ᠬᠢᠯᠢ᠎ᠪᠠᠷ ᠭᠠᠷᠴᠤ ᠣᠷᠣᠬᠤ ᠦᠢ᠍ᠯᠡᠴᠢᠯᠡᠭᠡᠨ᠎ᠤ ᠤᠶᠤᠨᠲᠤ ᠶᠡᠬᠡ ᠲᠢᠩᠬᠢᠮ᠎ᠳᠤ ᠣᠶᠤᠨᠴᠢ ᠦᠢ᠍ᠯᠡᠴᠢᠯᠡᠭᠡᠨ᠎ᠤ ᠲᠣᠭᠣᠷᠢᠭ᠂ ᠣᠶᠤᠨᠴᠢ   ᠭᠦᠢ᠍ᠴᠡᠳᠭᠡᠬᠦ ᠲᠣᠭᠣᠷᠢᠭ ᠪᠠ ᠣᠶᠤᠨᠴᠢ ᠬᠢᠨᠠᠨ ᠰᠢᠯᠭ᠋ᠠᠬᠤ ᠲᠣᠭᠣᠷᠢᠭ ᠵᠡᠷᠭᠡ ᠭᠤᠷᠪᠠᠨ ᠲᠤᠭᠤᠷᠢᠭ᠎ᠢ ᠳᠣᠭᠢᠷᠠᠭᠤᠯᠵᠤ᠂ ᠬᠥᠲᠥᠯᠥᠨ ᠵᠢᠯᠣᠭᠣᠳᠬᠤ᠂ ᠬᠦᠰᠦᠨᠦᠭ ᠲᠠᠭᠯᠠᠬᠤ᠂ ᠬᠡᠷᠡᠯ ᠵᠢᠷᠤᠭ ᠠᠪᠬᠤ᠂ ᠠᠮᠢᠳᠤ ᠪᠣᠳᠠᠰ᠎ᠤᠨ ᠮᠡᠳᠡᠭᠡ ᠵᠠᠩᠭᠢ ᠴᠤᠭᠯᠠᠭᠤᠯᠬᠤ᠂ ᠰᠦᠢ᠍ᠳᠭᠡᠯ ᠲᠤᠰᠢᠶᠠᠬᠤ ᠵᠡᠷᠭᠡ ᠲᠤᠬᠠᠶ᠋ᠢᠯᠠᠭᠰᠠᠨ ᠠᠵᠢᠯ᠎ᠢ ᠨᠢᠭᠡ ᠴᠣᠭᠴᠠᠵᠢᠭᠤᠯᠵᠤ᠂ ᠣᠯᠠᠨ ᠲᠦᠮᠡᠨ᠎ᠤ ᠬᠢᠯᠢ᠎ᠪᠠᠷ ᠭᠠᠷᠴᠤ ᠣᠷᠣᠬᠤ ᠭᠡᠷᠡᠴᠢ ᠦᠨᠡᠮᠯᠡᠯ   ᠭᠦᠢ᠍ᠴᠡᠳᠭᠡᠬᠦ᠎ᠳᠤ 《ᠨᠢᠭᠡ ᠥᠷᠲᠡᠭᠡ ᠮᠠᠶᠢᠭ》᠎ᠤᠨ   ᠦᠢ᠍ᠯᠡᠴᠢᠯᠡᠭᠡ ᠬᠠᠩᠭ᠋ᠠᠪᠠ᠃
    ᠬᠢᠯᠢ᠎ᠪᠠᠷ ᠣᠷᠣᠵᠤ ᠭᠠᠷᠬᠤ ᠦᠢ᠍ᠯᠡᠴᠢᠯᠡᠭᠡᠨ᠎ᠤ ᠤᠶᠤᠨᠲᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ (ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠲᠣᠭ᠋ᠠᠲᠤ)᠎ᠤᠨ 13 ᠳ᠋ᠤᠭ᠋ᠠᠷ ᠳᠠᠪᠬᠤᠷᠭ᠎ᠠ ᠵᠢᠨ ᠵᠡᠭᠦᠨ ᠲᠠᠯ᠎ᠠ᠎ᠳᠤ ᠪᠠᠶ᠋ᠢᠷᠢᠯᠠᠵᠤ᠂ 70 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ᠎ᠲᠠᠢ᠂ 2020 ᠣᠨ᠎ᠤ 11 ᠳ᠋ᠦ᠍ᠭᠡᠷ ᠰᠠᠷ᠎ᠠ ᠵᠢᠨ 27᠎ᠤ ᠡᠳᠦᠷ ᠪᠠᠶ᠋ᠢᠭᠤᠯᠵᠤ ᠳᠠᠭᠤᠰᠬᠠᠭ᠋ᠠᠳ᠂ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠠᠰᠢᠭᠯᠠᠯᠲᠠ᠎ᠳᠤ ᠣᠷᠣᠪᠠ᠃
    ᠨᠢᠭᠡ᠂ ᠭᠥᠯᠢᠶᠡᠨ ᠠᠪᠴᠤ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠄ ᠳᠤᠮᠳᠠᠳᠤ ᠤᠯᠤᠰ᠎ᠤᠨ ᠠᠷᠠᠳ ᠢᠷᠭᠡᠨ᠎ᠤ ᠡᠩ᠎ᠤᠨ ᠫᠠᠰᠫᠣᠷᠲ᠂ ᠰᠢᠶᠠᠩᠭ᠋ᠠᠩ ᠣᠣᠮᠧᠨ᠎ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠶ᠋ᠢᠸᠠᠨ᠎ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ᠂ ᠬᠤᠭᠤᠴᠠᠭ᠎ᠠ᠎ᠨᠢ ᠥᠩᠭᠡᠷᠡᠭᠡᠳ ᠳᠠᠬᠢᠨ ᠠᠪᠬᠤ᠂ ᠰᠣᠯᠢᠵᠤ ᠣᠯᠭᠣᠬᠤ᠂ ᠨᠥᠬᠥᠵᠦ ᠣᠯᠭᠣᠬᠤ᠂ ᠴᠣᠬᠣᠯᠠᠪᠤᠷᠢᠯᠠᠬᠤ᠃
    ᠭᠦᠢ᠍ᠴᠡᠳᠭᠡᠬᠦ ᠡᠲᠡᠭᠡᠳ᠎ᠨᠢ ᠪᠦᠬᠦᠯᠢ 16 ᠨᠠᠰᠤᠨ᠎ᠠᠴᠠ ᠳᠣᠷᠣᠭᠰᠢᠬᠢ ᠨᠠᠰᠤᠨ᠎ᠳᠤ ᠥᠯᠥ ᠭᠦᠷᠦᠭᠰᠡᠳ᠂ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ ᠪᠠ ᠲᠥᠷᠥ ᠵᠢᠨ ᠠᠵᠢᠯᠲᠠᠨ᠎ᠠᠴᠠ ᠭᠠᠳᠠᠨᠠᠬᠢ ᠳᠤᠮᠳᠠᠳᠤ ᠤᠯᠤᠰ᠎ᠤᠨ ᠪᠤᠰᠤᠳ ᠠᠷᠠᠳ ᠢᠷᠭᠡᠨ ᠪᠣᠯᠤᠨ᠎ᠠ᠃
      ᠬᠣᠶᠠᠷ᠂ ᠭᠥᠯᠢᠶᠡᠨ ᠠᠪᠴᠤ   ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠤᠨ ᠶᠠᠪᠤᠴᠠ᠄ ᠬᠢᠯᠢ᠎ᠪᠠᠷ ᠭᠠᠷᠴᠤ ᠣᠷᠣᠬᠤ ᠦᠢ᠍ᠯᠡᠴᠢᠯᠡᠭᠡᠨ᠎ᠤ ᠤᠶᠤᠨᠲᠤ ᠶᠡᠬᠡ ᠲᠢᠩᠬᠢᠮ᠎ᠳᠤ ᠣᠶᠤᠨᠴᠢ ᠬᠥᠲᠥᠯᠥᠨ ᠵᠢᠯᠣᠭᠣᠳᠬᠤ ᠦᠢ᠍ᠯᠡᠴᠢᠯᠡᠭᠡᠨ᠎ᠤ ᠲᠣᠭᠣᠷᠢᠭ᠂ ᠣᠶᠤᠨᠴᠢ ᠭᠦᠢ᠍ᠴᠡᠳᠭᠡᠬᠦ ᠲᠣᠭᠣᠷᠢᠭ ᠪᠠ ᠣᠶᠤᠨᠴᠢ ᠬᠢᠨᠠᠨ ᠰᠢᠯᠭ᠋ᠠᠬᠤ ᠲᠣᠭᠣᠷᠢᠭ ᠭᠡᠬᠦ ᠭᠤᠷᠪᠠᠨ ᠲᠣᠭᠣᠷᠢᠭ ᠭᠠᠷᠭ᠋ᠠᠪᠠ᠃
    1. ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠨ ᠠᠪᠴᠤ ᠣᠶᠤᠨᠴᠢ᠎ᠪᠠᠷ ᠬᠥᠲᠥᠯᠥᠨ ᠵᠢᠯᠣᠭᠣᠳᠬᠤ ᠲᠣᠭᠣᠷᠢᠭ᠎ᠲᠤ ᠬᠦᠷᠴᠦ᠂ ᠣᠶᠤᠨᠴᠢ᠎ᠪᠠᠷ ᠬᠥᠲᠥᠯᠥᠨ ᠵᠢᠯᠣᠭᠣᠳᠬᠤ ᠰᠢᠰᠲ᠋ᠧᠮ ᠵᠶ᠋ᠠᠷ ᠳᠠᠮᠵᠢᠭᠤᠯᠤᠨ ᠠᠦ᠋ᠲ᠋ᠤ᠋   ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠤᠨ ᠬᠡᠪᠴᠢᠶᠡᠨ᠎ᠳᠤ ᠨᠡᠶ᠋ᠢᠴᠡᠬᠦ ᠡᠰᠡᠬᠦ ᠵᠢ ᠮᠠᠭ᠋ᠠᠳᠯᠠᠨ᠎ᠠ᠃
    2. ᠠᠦ᠋ᠲ᠋ᠤ᠋ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠳᠤ ᠨᠡᠶ᠋ᠢᠴᠡᠬᠦ ᠭᠤᠶᠤᠴᠢᠯᠠᠭᠴᠢ ᠮᠠᠰᠢᠨᠳᠤ ᠡᠭᠦᠳᠡ᠎ᠪᠠᠷ ᠳᠡᠮᠵᠢᠨ ᠣᠶᠤᠨᠴᠢ ᠭᠦᠢ᠍ᠴᠡᠳᠭᠡᠬᠦ ᠲᠣᠭᠣᠷᠢᠭ᠎ᠲᠤ ᠣᠷᠣᠵᠤ᠂ ᠠᠦ᠋ᠲ᠋ᠤ᠋ ᠭᠦᠢ᠍ᠴᠡᠳᠭᠡᠬᠦ ᠨᠢᠭᠡ ᠴᠣᠭᠴᠠᠲᠤ ᠮᠠᠰᠢᠨ ᠳᠡᠭᠡᠷ᠎ᠡ ᠳᠣᠤᠷᠠᠬᠢ 9 ᠵᠦᠢ᠍ᠯ᠎ᠢ ᠪᠡᠶᠡᠯᠡᠭᠦᠯᠦᠨ᠎ᠡ᠄ ᠦᠨᠡᠮᠯᠡᠯ ᠭᠦᠢ᠍ᠴᠡᠳᠭᠡᠬᠦ ᠲᠥᠷᠥᠯ   ᠵᠦᠢ᠍ᠯ᠎ᠢ ᠬᠠᠷᠭᠤᠭᠤᠯᠬᠤ᠂ ᠦᠨᠡᠮᠯᠡᠯ ᠦᠢ᠍ᠯᠡᠳᠬᠦ ᠬᠡᠷᠡᠯ ᠵᠢᠷᠤᠭ᠎ᠢ ᠰᠡᠭᠦᠳᠡᠷᠯᠡᠬᠦ᠂ ᠬᠤᠷᠤᠭᠤᠨ ᠣᠷᠣᠮ᠎ᠢ ᠴᠤᠭᠯᠠᠭᠤᠯᠬᠤ᠂ ᠣᠪᠣᠭ ᠨᠡᠷ᠎ᠡ ᠵᠢᠴᠢ ᠠᠪᠢᠶ᠎ᠠ ᠵᠢ ᠬᠠᠷᠭᠤᠭᠤᠯᠬᠤ᠂ ᠴᠣᠬᠣᠯᠠᠪᠤᠷᠢ ᠵᠢ ᠰᠣᠩᠭᠣᠬᠤ᠂ ᠪᠠᠴᠢᠮ ᠬᠠᠷᠢᠯᠴᠠᠬᠤ ᠬᠥᠮᠦᠨ᠎ᠢ ᠣᠷᠣᠭᠤᠯᠬᠤ᠂ ᠲᠦᠷᠭᠡᠨ ᠢᠯᠡᠭᠡᠯᠲᠡ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠭᠤᠶᠤᠴᠢᠯᠠᠯ᠎ᠤᠨ ᠮᠡᠳᠡᠭᠡ ᠵᠠᠩᠭᠢ ᠵᠢ ᠨᠤᠲᠠᠯᠠᠬᠤ᠂ ᠭᠠᠷ᠎ᠤᠨ ᠥᠰᠥᠭ ᠵᠢᠷᠤᠬᠤ ᠵᠡᠷᠭᠡ ᠵᠢ ᠪᠠᠭᠲᠠᠭ᠋ᠠᠨ᠎ᠠ᠃
    3. ᠣᠶᠤᠨᠴᠢ ᠭᠦᠢ᠍ᠴᠡᠳᠭᠡᠬᠦ ᠲᠣᠭᠣᠷᠢᠭ᠎ᠤᠨ ᠲᠤᠬᠠᠶ᠋ᠢᠯᠠᠭᠰᠠᠨ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠭᠤᠶᠤᠴᠢᠯᠠᠭᠴᠢ ᠣᠶᠤᠨᠴᠢ ᠬᠢᠨᠠᠨ ᠰᠢᠯᠭ᠋ᠠᠬᠤ ᠲᠣᠭᠣᠷᠢᠭ᠎ᠲᠤ ᠬᠦᠷᠴᠦ᠂ ᠠᠷᠠᠳ᠎ᠤᠨ ᠴᠠᠭᠳᠠᠭ᠎ᠠ ᠭᠤᠶᠤᠴᠢᠯᠠᠭᠴᠢ᠎ᠲᠠᠢ ᠠᠭᠤᠯᠵᠠᠵᠤ᠂ ᠣᠶᠤᠨᠴᠢ ᠬᠢᠨᠠᠨ ᠰᠢᠯᠭ᠋ᠠᠬᠤ ᠰᠢᠰᠲ᠋ᠧᠮ ᠵᠶ᠋ᠠᠷ ᠳᠠᠮᠵᠢᠭᠤᠯᠤᠨ ᠬᠣᠶᠠᠳᠠᠬᠢ ᠤᠳᠠᠭ᠎ᠠ ᠬᠤᠷᠤᠭᠤᠨ ᠣᠷᠣᠮ ᠴᠤᠭᠯᠠᠭᠤᠯᠵᠤ᠂ ᠲᠤᠬᠠᠶ ᠵᠢᠨ ᠲᠠᠯᠠᠪᠤᠷ᠎ᠲᠤ ᠬᠥᠮᠦᠨ᠎ᠤ ᠬᠥᠷᠥᠭ᠎ᠢ ᠬᠠᠷᠭᠤᠭᠤᠯᠵᠤ᠂ ᠬᠢᠨᠠᠨ ᠰᠢᠯᠭ᠋ᠠᠬᠤ ᠰᠢᠰᠲ᠋ᠧᠮ᠎ᠢ ᠪᠠᠲᠤᠯᠠᠭᠰᠠᠨ᠎ᠤ ᠳᠠᠷᠠᠭ᠎ᠠ᠂ ᠭᠤᠶᠤᠴᠢᠯᠠᠭᠴᠢ᠎ᠠᠴᠠ ᠰᠦᠢ᠍ᠳᠭᠡᠯ ᠲᠤᠰᠢᠶᠠᠵᠤ᠂ ᠭᠦᠢ᠍ᠴᠡᠳᠭᠡᠵᠦ ᠳᠠᠭᠤᠰᠬᠠᠨ᠎ᠠ᠃
    ᠡᠯᠸᠺᠲᠷᠤᠨ ᠪᠦᠲᠦᠭᠡᠭᠳᠡᠬᠦᠨ᠎ᠢ ᠪᠣᠯᠪᠠᠰᠤᠷᠠᠩᠭᠤᠶ ᠠᠵᠢᠯᠯᠠᠭᠤᠯᠬᠤ ᠭᠤᠶᠤᠴᠢᠯᠠᠭᠴᠢ᠂ ᠠᠦ᠋ᠲ᠋ᠤ᠋ ᠭᠦᠢ᠍ᠴᠡᠳᠭᠡᠨ ᠰᠢᠢ᠍ᠳᠪᠦᠷᠢᠯᠡᠬᠦ ᠴᠠᠭ᠎ᠨᠢ 5 ᠮᠢᠨᠦ᠋ᠲ ᠣᠷᠴᠢᠮ; ᠡᠯᠧᠺᠲᠷᠣᠨ ᠦᠢ᠍ᠯᠡᠳᠭᠦᠨ᠎ᠨᠢ ᠨᠡᠯᠢᠶᠡᠳ ᠲᠠᠨᠢᠯ ᠪᠤᠰᠤ ᠭᠤᠶᠤᠴᠢᠯᠠᠭᠴᠢ ᠵᠢᠨ ᠠᠦ᠋ᠲ᠋ᠤ᠋ ᠬᠦᠯᠢᠶᠡᠨ ᠠᠪᠴᠤ ᠰᠢᠢ᠍ᠳᠪᠦᠷᠢᠯᠡᠬᠦ ᠴᠠᠭ᠎ᠨᠢ 10᠎ᠠᠴᠠ 15 ᠮᠢᠨᠦ᠋ᠲ ᠣᠷᠴᠢᠮ ᠪᠠᠶ᠋ᠢᠳᠠᠭ᠃
    ᠭᠤᠷᠪᠠ᠂ ᠰᠦᠢ᠍ᠳᠭᠡᠯ ᠲᠤᠰᠢᠶᠠᠬᠤ ᠬᠡᠯᠪᠡᠷᠢ᠄   ᠸᠢᠴᠠᠲ᠂ ᠳᠣᠭ᠋ᠠᠴᠠᠭ᠎ᠠ ᠡᠷᠳᠡᠨᠢ᠎ᠪᠠᠷ ᠬᠣᠶᠠᠷ ᠬᠡᠮᠵᠢᠯᠳᠦ ᠺᠣᠳ᠋᠎ᠢ   ᠰᠢᠷᠪᠢᠬᠦ᠂ ᠪᠠᠩᠬᠢ ᠵᠢᠨ   ᠺᠠᠷᠲ ᠵᠶ᠋ᠠᠷ   ᠲᠦᠯᠦᠬᠦ   ᠪᠣᠶᠣ   ᠪᠡᠯᠡᠨ ᠮᠦᠩᠬᠦ ᠦᠭᠬᠦ ᠬᠡᠯᠪᠡᠷᠢ᠎ᠪᠠᠷ ᠰᠦᠢ᠍ᠳᠭᠡᠯ ᠲᠤᠰᠢᠶᠠᠵᠤ ᠪᠤᠯᠤᠨ᠎ᠠ᠃
      ᠣᠯᠠᠨ ᠲᠦᠮᠡᠨ ᠠᠦ᠋ᠲ᠋ᠤ᠋ ᠭᠥᠯᠢᠶᠡᠨ ᠠᠪᠴᠤ ᠭᠦᠢ᠍ᠴᠡᠳᠭᠡᠬᠦ᠎ᠳᠤ ᠬᠡᠷᠡᠭᠰᠡᠬᠦ ᠲᠤᠬᠠᠶ᠋ᠢᠯᠠᠭᠰᠠᠨ ᠠᠵᠢᠯ ᠵᠶ᠋ᠠᠷ ᠳᠠᠮᠵᠢᠭᠤᠯᠤᠨ᠂ ᠣᠶᠤᠨᠴᠢᠯᠠᠭᠰᠠᠨ ᠡᠮᠦᠨ᠎ᠡ ᠬᠡᠷᠡᠭᠯᠡᠭᠡᠨ᠎ᠤ ᠲᠠᠯ᠎ᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠠᠷᠤ ᠲᠠᠪᠴᠠᠩ᠎ᠤᠨ ᠲᠣᠭ᠎ᠠ ᠪᠠᠷᠢᠮᠲᠠ ᠵᠢ ᠵᠠᠰᠠᠬᠤ᠂ ᠭᠠᠳᠠᠷ ᠲᠠᠯ᠎ᠠ ᠵᠢᠨ ᠰᠢᠰᠲ᠋ᠧᠮ᠎ᠯᠦᠭᠡ ᠬᠣᠯᠪᠣᠭ᠋ᠠᠯᠠᠨ ᠬᠥᠳᠡᠯᠦᠯᠴᠡᠬᠦ᠎ᠪᠠᠷ ᠳᠠᠮᠵᠢᠭᠤᠯᠤᠨ᠂ ᠤᠯᠠᠮᠵᠢᠯᠠᠯᠲᠤ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ ᠵᠠᠭᠪᠤᠷ ᠳᠣᠤᠷᠠᠬᠢ ᠴᠠᠭ᠋ᠠᠰᠤᠨ ᠮᠠᠲ᠋ᠧᠷᠢᠶᠠᠯ ᠣᠯᠠᠨ᠂ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ᠎ᠳᠤ ᠠᠮᠠᠷᠬᠠᠨ ᠠᠯᠳᠠᠭ᠎ᠠ ᠪᠤᠷᠤᠭᠤ ᠭᠠᠷᠬᠤ᠂ ᠲᠣᠭ᠎ᠠ ᠪᠠᠷᠢᠮᠲᠠ ᠵᠢ ᠰᠢᠯᠵᠢᠭᠦᠯᠬᠦ ᠦᠷ᠎ᠡ ᠪᠦᠲᠦᠮᠵᠢ᠎ᠪᠠᠷ ᠳᠣᠤᠷ᠎ᠠ ᠪᠠᠶ᠋ᠢᠭ᠎ᠠ ᠬᠦᠴᠢᠷᠳᠡᠯ᠎ᠢ ᠪᠦᠲᠦᠮᠵᠢᠲᠡᠶ ᠬᠤᠪᠢᠷᠠᠭᠤᠯᠵᠤ᠂ ᠴᠠᠭᠳᠠᠭ᠋ᠠᠨ᠎ᠤ ᠬᠦᠴᠦᠨ᠎ᠢ ᠪᠦᠲᠦᠮᠵᠢᠲᠡᠶ ᠴᠢᠯᠥᠭᠡᠯᠡᠭᠰᠡᠨ ᠵᠶ᠋ᠠᠷ ᠪᠠᠷᠠᠬᠤ ᠥᠬᠡᠶ᠂ ᠪᠠᠰᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ᠎ᠳᠤ ᠲᠥᠬᠥᠮ ᠦᠵᠡᠭᠦᠯᠪᠡ᠃ ᠤᠶᠤᠨᠲᠤ ᠲᠡᠭᠦᠰᠪᠦᠷᠢ ᠲᠥᠬᠥᠭᠡᠷᠦᠮᠵᠢ᠎ᠨᠢ ᠪᠦᠲᠦᠮᠵᠢᠲᠡᠶ ᠡᠮᠬᠢᠯᠡᠨ ᠨᠡᠶ᠋ᠢᠯᠡᠭᠦᠯᠵᠦ ᠬᠥᠲᠥᠯᠥᠨ ᠵᠢᠯᠣᠭᠣᠳᠬᠤ᠂ ᠬᠦᠰᠦᠨᠦᠭᠲᠦ ᠲᠠᠭᠯᠠᠬᠤ᠂ ᠬᠡᠷᠡᠯ ᠵᠢᠷᠤᠭ ᠲᠠᠲᠠᠬᠤ᠂ ᠠᠮᠢᠳᠤ ᠪᠣᠳᠠᠰ᠎ᠤᠨ ᠮᠡᠳᠡᠭᠡ ᠵᠠᠩᠭᠢ ᠴᠤᠭᠯᠠᠭᠤᠯᠬᠤ (ᠬᠤᠷᠤᠭᠤᠨ ᠣᠷᠣᠮ ᠵᠢᠴᠢ ᠭᠠᠷ᠎ᠤᠨ ᠥᠰᠥᠭ ᠵᠢᠷᠤᠬᠤ)᠂ ᠰᠦᠢ᠍ᠳᠭᠡᠯ ᠲᠤᠰᠢᠶᠠᠬᠤ᠂ ᠲᠦᠷᠭᠡᠨ ᠬᠦᠷᠭᠡᠯᠲᠡ ᠵᠡᠷᠭᠡ ᠲᠤᠬᠠᠶ᠋ᠢᠯᠠᠭᠰᠠᠨ ᠠᠵᠢᠯ᠎ᠢ ᠡᠮᠬᠢᠯᠡᠨ ᠨᠡᠶ᠋ᠢᠯᠡᠭᠦᠯᠵᠦ᠂ 《ᠨᠢᠭᠡ ᠥᠷᠲᠡᠭᠡ᠎ᠳᠤ   ᠭᠦᠢ᠍ᠴᠡᠳᠭᠡᠬᠦ》 《ᠨᠢᠭᠡ ᠰᠢᠷᠡᠭᠡ᠎ᠳᠤ ᠪᠦᠷᠢᠨ   ᠭᠦᠢ᠍ᠴᠡᠳᠭᠡᠬᠦ》 ᠵᠢ ᠪᠡᠶᠡᠯᠡᠭᠦᠯᠬᠦ ᠵᠢ ᠠᠬᠢᠭᠤᠯᠬᠤ᠎ᠨᠢ ᠭᠤᠶᠤᠴᠢᠯᠠᠭᠴᠢ ᠵᠢᠨ ᠦᠢ᠍ᠯᠡᠴᠢᠯᠡᠭᠡᠨ᠎ᠤ ᠲᠢᠩᠬᠢᠮ᠎ᠳᠤ ᠣᠯᠠᠨ ᠤᠳᠠᠭ᠎ᠠ ᠮᠥᠷᠯᠡᠬᠦ᠂ ᠣᠯᠠᠨ ᠴᠣᠩᠬᠤᠪᠴᠢ᠎ᠪᠠᠷ ᠭᠦᠶᠦᠬᠦ᠂ ᠬᠦᠯᠢᠶᠡᠬᠦ ᠴᠠᠭ᠎ᠨᠢ ᠣᠷᠳᠣ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠬᠠᠮᠤᠭ᠎ᠤᠨ ᠶᠡᠬᠡ ᠬᠡᠮᠵᠢᠶ᠎ᠡ᠎ᠪᠠᠷ ᠠᠷᠠᠳ᠎ᠲᠤ ᠲᠥᠬᠥᠮ ᠦᠵᠡᠭᠦᠯᠵᠦ ᠠᠰᠢᠭ ᠬᠦᠷᠲᠡᠭᠡᠬᠦ   ᠪᠣᠯᠪᠠ᠃
    ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠭᠠᠷᠬᠤ ᠣᠷᠤᠬᠤ ᠬᠠᠮᠢᠶᠠᠷᠤᠯᠲᠠ ᠵᠢᠨ ᠲᠣᠪᠴᠢᠶ᠎ᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠭᠦᠢ᠍ᠴᠡᠳᠭᠡᠨ ᠡᠵᠡᠩᠨᠡᠬᠦ ᠣᠷᠴᠢᠨ᠎ᠢ ᠰᠢᠯᠢᠳᠡᠭᠵᠢᠭᠦᠯᠬᠦ ᠲᠤᠬᠠᠶ ᠡᠯ᠎ᠡ   ᠵᠦᠢ᠍ᠯ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠦᠷᠭᠦᠯᠵᠢᠯᠡᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠠᠷᠠᠳ ᠲᠦᠮᠡᠨ᠎ᠳᠤ ᠦᠢ᠍ᠯᠡᠴᠢᠯᠡᠬᠦ ᠬᠠᠤᠯᠢ ᠬᠡᠷᠡᠭᠵᠢᠭᠦᠯᠬᠦ ᠣᠶ᠋ᠢᠯᠠᠭ᠋ᠠᠭᠳᠠᠬᠤᠨ᠎ᠢ ᠶᠡᠬᠡ᠎ᠪᠠᠷ ᠪᠠᠳᠠᠷᠠᠭᠤᠯᠵᠤ᠂ ᠬᠢᠯᠢ᠎ᠪᠠᠷ ᠣᠷᠣᠵᠤ ᠭᠠᠷᠬᠤ ᠦᠨᠡᠮᠯᠡᠯ᠎ᠢ ᠭᠥᠯᠢᠶᠡᠨ ᠠᠪᠴᠤ ᠰᠢᠢ᠍ᠳᠪᠦᠷᠢᠯᠡᠬᠦ ᠵᠠᠭᠪᠤᠷ᠎ᠤᠨ ᠰᠢᠨ᠎ᠡ ᠵᠢ ᠡᠭᠦᠳᠦᠨ ᠬᠥᠭᠵᠢᠭᠦᠯᠬᠦ᠎ᠪᠠᠷ ᠴᠢᠷᠮᠠᠶ᠋ᠢᠵᠤ᠂ ᠣᠯᠠᠨ ᠲᠦᠮᠡᠨ᠎ᠳᠤ ᠨᠠᠩ ᠴᠢᠨᠠᠷ ᠰᠠᠶ᠋ᠢᠲᠠᠶ ᠳᠥᠭᠥᠮ ᠳᠥᠲᠡ   ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠵᠣᠯ ᠵᠢᠷᠭ᠋ᠠᠯᠲᠤ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ