ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠡᠭᠦᠷᠡᠰᠦᠨ᠎ᠤ ᠬᠦᠷᠢᠶᠡᠨ
ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ
ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠪᠠ
4 ᠳ᠋ᠦ᠍ᠭᠡᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠤᠨ ᠬᠠᠮᠢᠶ᠎ᠠ ᠪᠥᠬᠥᠶ ᠪᠠᠶ᠋ᠢᠳᠠᠯ᠎ᠢ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠭᠦᠷᠡᠰᠦ ᠵᠢ ᠴᠡᠭᠴᠡᠯᠡᠨ ᠵᠠᠰᠠᠬᠤ ᠠᠯᠪᠠᠨ ᠬᠡᠷ᠎ᠤᠨ ᠳᠡᠳ᠋ ᠡᠷᠬᠢᠯᠡᠭᠴᠢ᠂ ᠠᠮᠢ ᠠᠬᠤᠶ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠬᠣᠶᠠᠳᠤᠭ᠋ᠠᠷ ᠳᠡᠰ᠎ᠤᠨ ᠳᠡᠭᠡᠳᠦ ᠵᠡᠷᠭᠡ ᠵᠢᠨ ᠴᠠᠭᠳᠠᠭ᠋ᠠᠨ ᠳᠠᠷᠤᠭ᠎ᠠ ᠮᠥᠷᠡᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠭᠦᠷᠡᠰᠦ ᠵᠢ ᠴᠡᠭᠴᠡᠯᠡᠨ ᠵᠠᠰᠠᠬᠤ ᠠᠯᠪᠠᠨ ᠬᠡᠷ᠎ᠤᠨ ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠠᠮᠢ ᠠᠬᠤᠶ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠳᠡᠳ᠋ ᠶᠡᠷᠦᠩᠬᠡᠶ ᠳᠠᠷᠤᠭ᠎ᠠ ᠮᠢᠶᠣᠣ ᠬᠠᠶ ᠲᠢᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠶᠡᠷᠦᠩᠬᠡᠶ ᠱᠦᠵᠢ ᠰᠢ ᠵᠢᠨ ᠫᠢᠩ᠎ᠤᠨ ᠮᠠᠨ᠎ᠤ ᠣᠷᠣᠨ᠎ᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 2020 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠢ ᠬᠤᠷᠠᠯᠳᠤᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠨᠢ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠵᠣᠬᠢᠶᠠᠨ ᠪᠠᠶ᠋ᠢᠭᠤᠯᠤᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ᠎ᠨᠢ ᠪᠠᠳᠠᠷᠠᠭᠤᠯᠵᠤ᠂ ᠨᠡᠭᠦᠷᠡᠰᠦᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠦᠴᠦᠲᠡᠶ ᠳᠠᠭ᠋ᠠᠷᠢᠯᠲᠠ ᠶᠠᠪᠤᠭᠤᠯᠪᠠ᠃ ᠨᠡᠭᠦᠷᠡᠰᠦᠨ᠎ᠤ ᠡᠬᠢ ᠪᠠᠶᠠᠯᠢᠭ᠎ᠢ ᠶᠡᠬᠡ ᠬᠡᠮᠵᠢᠶ᠎ᠡ᠎ᠪᠠᠷ ᠬᠤᠯᠠᠭ᠋ᠠᠶ᠋ᠢᠯᠠᠨ ᠮᠠᠯᠲᠠᠬᠤ ᠶᠠᠪᠤᠳᠠᠯ᠎ᠢ ᠦᠭᠡᠢ᠌ᠰᠭᠡᠵᠦ᠂ ᠤᠯᠤᠰ ᠲᠥᠷᠥ ᠵᠢᠨ ᠠᠮᠢ ᠠᠬᠤᠶ ᠵᠢ ᠪᠣᠬᠢᠷᠲᠤᠭᠤᠯᠤᠭᠰᠠᠨ ᠶᠠᠯᠠᠲᠤ ᠪᠦᠯᠬᠦᠮ᠂ ᠨᠡᠭᠦᠷᠡᠰᠦ᠎ᠳᠤ ᠬᠣᠯᠪᠣᠭᠳᠠᠭᠰᠠᠨ ᠬᠡᠷᠡᠭ᠎ᠢ ᠪᠦᠬᠦᠨ᠎ᠢ ᠰᠢᠢ᠍ᠳᠪᠦᠷᠢᠯᠡᠬᠦ ᠵᠢ ᠦᠷᠭᠦᠯᠵᠢᠯᠡᠨ ᠠᠬᠢᠭᠤᠯᠤᠨ᠂ ᠨᠡᠭᠦᠷᠡᠰᠦᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠤᠢ᠌ᠯ᠎ᠤᠨ ᠶᠡᠬᠡ᠎ᠪᠠᠷ ᠰᠦᠷᠳᠡᠭᠦᠯᠪᠡ᠃ ᠣᠳᠣᠬᠠᠨ ᠪᠣᠯᠲᠠᠯ᠎ᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠡᠶ᠋ᠢᠲᠡ 484 ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ᠂ 724 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 272 ᠳ᠋ᠦᠩᠰᠢᠭᠤᠷ ᠭᠠᠷᠤᠶ ᠲᠥᠭᠥᠷᠢᠭ᠎ᠲᠤ ᠬᠦᠷᠴᠦ᠂ 124 ᠳ᠋ᠦᠩᠰᠢᠭᠤᠷ ᠲᠥᠭᠥᠷᠢᠭ᠎ᠤᠨ ᠬᠣᠬᠢᠷᠠᠯ᠎ᠢ ᠨᠡᠬᠡᠮᠵᠢᠯᠡᠨ ᠠᠪᠴᠢᠷᠠᠵᠤ ᠨᠥᠬᠥᠪᠥᠷᠢᠯᠡᠪᠡ᠃
ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ ᠭᠤᠤᠯ ᠬᠦᠴᠦᠨ ᠴᠡᠷᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠡᠭᠦᠷᠡᠰᠦ ᠵᠢ ᠴᠡᠭᠴᠡᠯᠡᠨ ᠵᠠᠰᠠᠬᠤ ᠭᠤᠤᠯ ᠴᠣᠭᠴᠠ ᠵᠢᠨ ᠠᠯᠪᠠᠨ ᠬᠡᠷ᠎ᠤᠨ ᠨᠢᠭᠡᠳᠦᠯᠲᠡᠶ ᠲᠥᠯᠥᠪᠵᠢᠭᠦᠯᠭᠡ ᠳᠤᠤᠷ᠎ᠠ᠂ ᠬᠢᠨᠠᠯᠲᠠ ᠲᠠᠯᠪᠢᠬᠤ ᠠᠯᠪᠠᠨ ᠬᠡᠷ᠎ᠤᠨ ᠬᠦᠴᠦᠲᠡᠶ ᠬᠢᠨᠠᠨ ᠵᠢᠯᠣᠭᠣᠳᠣᠯᠭ᠎ᠠ ᠳᠤᠤᠷ᠎ᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠵᠢ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠪᠣᠯ ᠮᠠᠨ᠎ᠤ ᠣᠷᠣᠨ᠎ᠤ ᠤᠯᠤᠰ ᠲᠥᠷᠥ ᠵᠢᠨ ᠠᠮᠢ ᠠᠬᠤᠶ ᠵᠢᠨ 《ᠬᠤᠤᠷᠳᠦ ᠬᠠᠪᠤᠳᠠᠷ》᠎ᠢ ᠠᠷᠢᠯᠭ᠋ᠠᠵᠤ᠂ ᠤᠯᠤᠰ ᠲᠥᠷᠥ ᠵᠢᠨ ᠠᠮᠢ ᠠᠬᠤᠶ ᠵᠢ ᠡᠬᠢ ᠡᠭᠦᠰᠦᠯ᠎ᠠᠴᠠ᠎ᠨᠢ ᠴᠡᠪᠡᠷᠰᠢᠭᠦᠯᠦᠨ ᠰᠡᠷᠭᠦᠭᠡᠬᠦ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠵᠢ ᠭᠦᠨᠵᠡᠭᠡᠶ ᠲᠠᠨᠢᠵᠤ᠂ ᠲᠤᠰᠬᠠᠶ ᠴᠡᠭᠴᠡᠯᠡᠨ ᠵᠠᠰᠠᠬᠤ ᠠᠵᠢᠯ᠎ᠢ ᠬᠦᠴᠦᠲᠡᠶ ᠠᠬᠢᠭᠤᠯᠬᠤ᠎ᠳᠤ ᠪᠠᠲᠤ ᠴᠢᠩᠭ᠎ᠠ ᠦᠵᠡᠯ ᠰᠠᠨᠠᠭ᠋ᠠᠨ᠎ᠤ ᠪᠠᠲᠤᠯᠠᠭ᠎ᠠ ᠬᠠᠩᠭ᠋ᠠᠪᠠ᠃
ᠥᠪᠡᠷᠲᠡᠭᠡᠨ ᠵᠠᠰᠠᠬᠤ ᠣᠷᠣᠨ ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠤᠰᠬᠠᠶ ᠴᠡᠭᠴᠡᠯᠡᠨ ᠵᠠᠰᠠᠬᠤ ᠠᠵᠢᠯ᠎ᠢ 《ᠨᠢᠭᠡᠳᠦᠭᠡᠷ ᠭᠠᠷ》᠎ᠤᠨ ᠢᠨᠵᠧᠨᠧᠷᠢᠩ ᠪᠣᠯᠭ᠋ᠠᠵᠤ᠂ ᠭᠤᠤᠯ ᠬᠠᠷᠢᠭᠤᠴᠠᠯᠭ᠋ᠠᠲᠠᠨ ᠨᠥᠬᠥᠳ ᠲᠤᠰᠬᠠᠶ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠬᠦ ᠵᠢᠨ ᠬᠠᠮᠲᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠤᠰᠬᠠᠶ ᠴᠡᠭᠴᠡᠯᠡᠨ ᠵᠠᠰᠠᠬᠤ ᠠᠵᠢᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠦᠷᠭᠦᠯᠵᠢᠯᠡᠨ ᠪᠣᠭᠣᠮᠲᠠ ᠰᠢᠪᠳᠤᠯᠬᠤ ᠵᠢ ᠠᠬᠢᠭᠤᠯᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠥᠬᠥ ᠣᠷᠣᠨ᠎ᠠᠴᠠ 100 ᠭᠠᠷᠤᠶ ᠭᠤᠤᠯᠯᠠᠭᠴᠢ ᠬᠦᠴᠦᠨ᠎ᠢ ᠰᠢᠯᠵᠢᠭᠦᠯᠦᠨ ᠲᠤᠰᠬᠠᠶ ᠠᠩᠭᠢ ᠪᠠᠶ᠋ᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ᠎ᠤᠨ ᠵᠢᠯᠣᠭᠣᠳᠤᠨ ᠲᠣᠬᠢᠷᠠᠭᠤᠯᠬᠤ ᠪᠠ ᠬᠦᠨᠳᠦ ᠶᠡᠬᠡ ᠬᠡᠷᠡᠭ᠎ᠢ ᠳᠡᠩᠨᠡᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠪᠠ; ᠪᠥᠬᠥ ᠣᠷᠣᠨ᠎ᠤ 12 ᠠᠶ᠋ᠢᠮᠠᠭ ᠬᠣᠲᠠ ᠪᠣᠯᠤᠨ ᠬᠡᠰᠡᠭ ᠭᠤᠤᠯᠳᠠᠯᠭ᠎ᠠ᠎ᠲᠠᠢ ᠨᠡᠭᠦᠷᠡᠰᠦᠨ᠎ᠳᠤ ᠬᠣᠯᠪᠣᠭᠳᠠᠬᠤ ᠬᠣᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠴᠥᠮ ᠵᠣᠬᠢᠴᠠᠩᠭᠤᠶ ᠠᠵᠢᠯ᠎ᠤᠨ ᠪᠠᠶ᠋ᠢᠭᠤᠯᠤᠮᠵᠢ ᠪᠠᠶ᠋ᠢᠭᠤᠯᠵᠤ᠂ ᠲᠤᠰᠬᠠᠶ ᠴᠡᠭᠴᠡᠯᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠪᠡᠬᠢᠵᠢᠭᠦᠯᠪᠡ᠃
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠭᠤᠤᠯᠳᠠᠯᠭ᠎ᠠ᠎ᠲᠠᠢ ᠬᠡᠷᠡᠭ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠪᠣᠭᠣᠮᠲᠠ ᠰᠢᠪᠲᠤᠯᠬᠤ ᠬᠦᠴᠦᠨ᠎ᠢ ᠨᠢᠭᠡᠳᠦᠯᠲᠡᠶ ᠲᠥᠯᠥᠪᠵᠢᠭᠦᠯᠵᠦ᠂ ᠣᠯᠠᠨ ᠤᠳᠠᠭ᠎ᠠ ᠲᠤᠬᠠᠶ ᠵᠢᠨ ᠲᠠᠯᠠᠪᠠᠶ᠎ᠳᠤ ᠬᠠᠶ᠋ᠢᠨ ᠪᠠᠶ᠋ᠢᠴᠠᠭ᠋ᠠᠵᠤ᠂ ᠲᠤᠰᠬᠠᠶ ᠰᠡᠳᠦᠪ ᠵᠶ᠋ᠠᠷ ᠰᠤᠳᠤᠯᠪᠠ᠃ ᠲᠤᠰᠬᠠᠶ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠤᠷᠢᠳ ᠬᠣᠵᠢᠳ ᠲᠠᠪᠤ ᠤᠳᠠᠭ᠎ᠠ ᠭᠤᠤᠯᠳᠠᠯᠭ᠎ᠠ᠎ᠲᠠᠢ ᠨᠡᠭᠦᠷᠡᠰᠦᠨ᠎ᠳᠤ ᠬᠣᠯᠪᠣᠭᠳᠠᠬᠤ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠳᠤ ᠭᠦᠨᠵᠡᠭᠡᠶ᠋ᠢᠷᠡᠵᠦ᠂ 《ᠴᠡᠭ᠎ᠲᠤ ᠰᠠᠭᠤᠬᠤ ᠮᠠᠶᠢᠭ》᠎ᠤᠨ ᠬᠢᠨᠠᠨ ᠵᠢᠯᠣᠭᠣᠳᠣᠯᠭ᠎ᠠ ᠥᠷᠨᠢᠭᠦᠯᠵᠦ᠂ ᠠᠰᠠᠭᠤᠳᠠᠯ᠎ᠢ ᠰᠢᠢ᠍ᠳᠪᠦᠷᠢᠯᠡᠬᠦ ᠬᠦᠴᠢᠷ ᠠᠰᠠᠭᠤᠳᠠᠯ᠎ᠢ ᠲᠤᠬᠠᠶ ᠵᠢᠨ ᠲᠠᠯᠠᠪᠤᠷ᠎ᠲᠤ ᠵᠢᠯᠣᠭᠣᠳᠤᠨ ᠰᠢᠢ᠍ᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠬᠦ ᠵᠢ ᠠᠬᠢᠭᠤᠯᠪᠠ᠃
ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠣᠯᠠᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ ᠴᠣᠬᠢᠯᠲᠠ ᠥᠭᠬᠦ ᠦᠷ᠎ᠡ ᠪᠦᠲᠦᠮᠵᠢ ᠵᠢ ᠲᠡᠭᠡᠭᠰᠢᠯᠡᠭᠦᠯᠪᠡ
ᠠᠵᠢᠯ᠎ᠤᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠦᠪᠡᠭᠴᠢ ᠵᠢ ᠭᠥᠯᠢᠶᠡᠨ ᠠᠪᠴᠤ ᠬᠠᠮᠢᠶᠠᠷᠬᠤ ᠠᠵᠢᠯ᠎ᠢ ᠨᠠᠷᠢᠨ ᠨᠢᠮᠪᠠᠶ ᠰᠠᠶ᠋ᠢᠲᠤᠷ ᠬᠢᠵᠦ᠂ ᠱᠠᠲᠤ ᠲᠥᠷᠥᠯ ᠬᠤᠪᠢᠶᠠᠨ ᠲᠤᠰᠢᠶᠠᠨ ᠭᠦᠢ᠍ᠴᠡᠳᠭᠡᠯᠭᠡᠵᠦ ᠬᠠᠷᠭᠤᠭᠤᠯᠤᠨ ᠪᠠᠶ᠋ᠢᠴᠠᠭ᠋ᠠᠵᠤ᠂ ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠪᠦᠳᠦᠮᠵᠢ ᠵᠢ ᠤᠯᠠᠷᠢᠭᠤᠯᠬᠤ ᠵᠢ ᠴᠢᠬᠤᠯᠠᠴᠢᠯᠠᠨ᠂ 1300 ᠭᠠᠷᠤᠶ ᠰᠦᠪᠡᠭᠴᠢ ᠵᠢ ᠪᠦᠬᠦᠨ᠎ᠢ 《ᠪᠠᠶ᠋ᠢᠴᠠᠭ᠋ᠠᠨ ᠳᠣᠲᠣᠯᠠᠭ᠋ᠠᠳ ᠦᠷ᠎ᠡ ᠳ᠋ᠦᠩ᠎ᠲᠠᠢ ᠪᠠᠶ᠋ᠢᠬᠤ᠂ ᠪᠠᠶ᠋ᠢᠴᠠᠭ᠋ᠠᠨ ᠳᠣᠲᠣᠯᠠᠭ᠋ᠠᠳ ᠦᠨᠳᠦᠰᠦᠯᠡᠯ᠎ᠲᠠᠢ ᠪᠠᠶ᠋ᠢᠬᠤ ᠡᠰᠡᠬᠦ᠂ ᠨᠢᠭᠡ ᠰᠦᠪᠡᠭᠴᠢ᠎ᠳᠤ ᠨᠢᠭᠡ ᠲᠠᠩᠰᠠ ᠡᠪᠬᠡᠮᠡᠯ᠎ᠲᠠᠢ ᠪᠠᠶ᠋ᠢᠬᠤ》 ᠵᠢ ᠪᠡᠶᠡᠯᠡᠭᠦᠯᠵᠦ᠂ ᠰᠦᠪᠡᠭᠴᠢ ᠵᠢ 《ᠦᠭᠡᠶ᠋ᠢᠰᠬᠡᠬᠦ》 ᠬᠠᠷᠠᠯᠲᠠ ᠡᠭᠦᠷᠭᠡ ᠵᠢ ᠪᠡᠶᠡᠯᠡᠭᠦᠯᠪᠡ᠃ 386 ᠭᠤᠤᠯᠳᠠᠯᠭ᠎ᠠ᠎ᠲᠠᠢ ᠲᠥᠷᠥᠯ ᠵᠦᠢ᠍ᠯ᠎ᠳᠤ ᠴᠥᠮ ᠬᠢᠨᠠᠨ ᠲᠣᠭᠲᠠᠭ᠋ᠠᠭᠰᠠᠨ ᠰᠠᠨᠠᠯ ᠭᠠᠷᠭ᠋ᠠᠵᠤ᠂ ᠡᠭᠦᠨ᠎ᠳᠤ 119᠎ᠨᠢ ᠬᠠᠤᠯᠢ ᠪᠤᠰᠤ᠎ᠪᠠᠷ ᠠᠭᠤᠷᠬᠠᠶ ᠮᠠᠯᠲᠠᠭᠰᠠᠨ ᠶᠠᠯᠠᠲᠤ ᠬᠡᠷᠡᠭ᠂ 153᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠵᠡᠷᠭᠡ ᠶᠠᠯᠠᠲᠤ ᠬᠡᠷᠡᠭ ᠪᠠᠶ᠋ᠢᠵᠤ᠂ ᠪᠠᠰᠠ 114᠎ᠨᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠶ ᠪᠠᠶ᠋ᠢᠵᠤ ᠨᠢᠭᠡᠨᠲᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠪᠡ᠃
ᠪᠥᠬᠥ ᠣᠷᠣᠨ ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠳᠠᠭ᠋ᠠᠭᠤᠯᠤᠨ ᠭᠦᠢ᠍ᠴᠡᠳᠭᠡᠬᠦ᠂ ᠥᠪᠡᠰᠦᠪᠡᠨ ᠭᠦᠢ᠍ᠴᠡᠳᠭᠡᠬᠦ᠂ ᠤᠳᠤᠷᠢᠳᠤᠯᠭ᠎ᠠ ᠬᠡᠷᠡᠭ᠎ᠢ ᠳᠠᠭ᠋ᠠᠭ᠋ᠠᠴᠢᠯᠠᠬᠤ ᠵᠡᠷᠭᠡ ᠵᠠᠭᠪᠤᠷ᠎ᠢ ᠠᠮᠢᠳᠤᠯᠢᠭ ᠵᠶ᠋ᠠᠷ ᠬᠡᠷᠡᠭᠯᠡᠵᠦ᠂ ᠪᠥᠬᠥ ᠣᠷᠣᠨ᠎ᠤ ᠴᠠᠭᠳᠠᠭ᠋ᠠᠨ᠎ᠤ ᠬᠦᠴᠦᠨ᠎ᠤ ᠡᠬᠢ ᠪᠠᠶᠠᠯᠢᠭ᠎ᠢ ᠠᠮᠢᠯᠠᠭᠤᠯᠤᠨ᠂ ᠨᠡᠭᠦᠷᠡᠰᠦᠨ᠎ᠤ ᠬᠦᠷᠢᠶᠡᠨ᠎ᠳᠠᠬᠢ ᠬᠡᠷᠡᠭ᠎ᠢ ᠲᠤᠷᠰᠢᠨ ᠪᠠᠶ᠋ᠢᠴᠠᠭ᠋ᠠᠵᠤ ᠴᠣᠬᠢᠯᠲᠠ ᠥᠭᠬᠦ ᠵᠢ ᠴᠢᠩᠭ᠋ᠠᠳᠬᠠᠪᠠ᠃ ᠣᠷᠣᠨ ᠨᠤᠲᠤᠭ᠎ᠤᠨ ᠬᠠᠮᠠᠭ᠋ᠠᠯᠠᠬᠤ ᠦᠵᠡᠯ᠎ᠢ ᠦᠭᠡᠢ᠌ᠰᠭᠡᠬᠦ ᠵᠢᠨ ᠲᠥᠯᠥᠭᠡ᠂ 100 ᠰᠠᠯᠠᠭ᠎ᠠ ᠭᠠᠪᠰᠢᠭ᠋ᠠᠢ ᠠᠨᠭ᠌ᠭᠢ ᠵᠢ ᠵᠣᠬᠢᠶᠠᠨ ᠪᠠᠶ᠋ᠢᠭᠤᠯᠵᠤ᠂ ᠣᠨᠳᠣᠣ ᠭᠠᠵᠠᠷ᠎ᠲᠤ ᠬᠡᠷᠡᠭ ᠰᠢᠢ᠍ᠳᠪᠦᠷᠢᠯᠡᠬᠦ᠂ ᠣᠨᠳᠣᠣ ᠭᠠᠵᠠᠷ᠎ᠲᠤ ᠴᠠᠭᠳᠠᠭ᠎ᠠ ᠬᠡᠷᠡᠭᠯᠡᠬᠦ᠂ ᠣᠨᠳᠣᠣ ᠭᠠᠵᠠᠷ᠎ᠲᠤ ᠬᠣᠷᠢᠬᠤ᠂ ᠱᠠᠳᠤ ᠳᠡᠪᠰᠢᠭᠦᠯᠦᠨ ᠬᠠᠮᠢᠶᠠᠷᠤᠨ ᠬᠠᠷᠢᠶᠠᠯᠠᠬᠤ ᠵᠡᠷᠭᠡ ᠳᠠᠨᠭ᠌ᠨᠠᠨ ᠰᠢᠢ᠍ᠳᠪᠦᠷᠢᠯᠡᠬᠦ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ᠂ ᠬᠡᠷᠡᠭ ᠢ ᠳᠠᠨᠭ᠌ᠨᠠᠨ ᠰᠢᠢ᠍ᠳᠪᠦᠷᠢᠯᠡᠬᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ ᠪᠠᠶ᠋ᠢᠴᠠᠭ᠋ᠠᠨ ᠡᠵᠡᠮᠳᠡᠬᠦ᠂ ᠪᠤᠵᠠᠷ ᠵᠣᠭᠣᠰ ᠪᠤᠵᠠᠷ ᠡᠳ᠋᠎ᠢ ᠨᠡᠬᠡᠮᠵᠢᠯᠡᠨ ᠠᠪᠴᠢᠷᠠᠵᠤ ᠬᠣᠬᠢᠷᠠᠯ ᠵᠶ᠋ᠠᠨ ᠰᠢᠢ᠍ᠳᠪᠦᠷᠢᠯᠡᠬᠦ ᠵᠡᠷᠭᠡ ᠠᠵᠢᠯ᠎ᠢ ᠲᠥᠪᠯᠡᠷᠡᠭᠦᠯᠦᠨ ᠥᠷᠨᠢᠭᠦᠯᠵᠦ᠂ ᠨᠡᠢ᠍ᠢ᠍ᠳᠡ 195 ᠬᠡᠷᠡᠭ᠎ᠢ ᠬᠡᠷᠡᠭ ᠪᠣᠯᠭ᠋ᠠᠨ ᠲᠠᠨᠭ᠌ᠰᠠᠯᠠᠵᠤ ᠳᠠᠨᠭ᠌ᠨᠠᠨ ᠰᠢᠢ᠍ᠳᠪᠦᠷᠢᠯᠡᠵᠦ᠂ 386 ᠶᠠᠯ᠎ᠠ ᠬᠢᠭᠰᠡᠨ ᠰᠡᠵᠢᠭᠯᠡᠯᠲᠡᠢ ᠬᠥᠮᠦᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 141 ᠳ᠋ᠦᠩᠰᠢᠭᠤᠷ ᠭᠠᠷᠤᠢ ᠲᠥᠭᠥᠷᠢᠭ᠎ᠲᠤ ᠬᠦᠷᠴᠦ᠂ ᠬᠣᠬᠢᠷᠠᠯ᠎ᠢ ᠨᠡᠬᠡᠮᠵᠢᠯᠡᠨ ᠠᠪᠴᠢᠷᠠᠵᠤ ᠬᠣᠬᠢᠷᠠᠯ᠎ᠢ ᠨᠥᠬᠥᠪᠥᠷᠢᠯᠡᠭᠰᠡᠨ᠎ᠨᠢ 84 ᠳ᠋ᠦᠩᠰᠢᠭᠤᠷ ᠭᠠᠷᠤᠢ ᠲᠥᠭᠥᠷᠢᠭ᠎ᠲᠤ ᠬᠦᠷᠴᠡᠢ᠃
ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠲᠤᠷᠰᠢᠯᠭ᠎ᠠ᠎ᠪᠠᠷ ᠲᠣᠯᠢ ᠪᠣᠯᠭ᠋ᠠᠭᠰᠠᠨ ᠰᠠᠭᠤᠷᠢᠨ ᠳᠡᠭᠡᠷ᠎ᠡ᠂ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ᠎ᠯᠦᠭᠡ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠢᠭᠡᠳ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ 《ᠬᠤᠤᠰ ᠲᠤᠰᠬᠠᠶ ᠠᠩᠭᠢ》 《ᠬᠤᠤᠰ ᠬᠡᠷᠡᠭ ᠪᠣᠯᠭ᠋ᠠᠨ ᠳᠠᠩᠰᠠᠯᠠᠬᠤ》 ᠲᠣᠭᠲᠠᠴᠠ ᠵᠢ ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠬᠤ ᠪᠦᠬᠦᠯᠢ ᠴᠣᠭᠴᠠ ᠵᠢᠨ ᠳᠠᠶ᠋ᠢᠯᠠᠯᠳᠤᠭ᠋ᠠᠨ᠂ ᠬᠠᠮᠳᠤᠷᠠᠭᠰᠠᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠮᠠᠨ᠎ᠤ ᠣᠷᠣᠨ᠎ᠤ ᠤᠯᠤᠰ ᠲᠥᠷᠥ ᠵᠢᠨ ᠠᠮᠢ ᠠᠬᠤᠶ ᠵᠢ ᠪᠣᠬᠢᠷᠲᠤᠭᠤᠯᠤᠭᠰᠠᠨ 《ᠬᠤᠤᠷᠳᠦ ᠬᠠᠪᠤᠳᠠᠷ》 ᠪᠠ ᠡᠬᠢ ᠡᠭᠦᠰᠦᠯ᠎ᠢ ᠬᠦᠴᠦᠯᠡᠨ ᠠᠷᠢᠯᠭ᠋ᠠᠪᠠ᠃ ᠣᠲᠣ ᠪᠣᠯᠲᠠᠯ᠎ᠠ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠵᠡᠷᠭᠡ ᠰᠠᠯᠠᠭ᠎ᠠ ᠮᠥᠴᠢᠷ᠎ᠲᠤ ᠨᠡᠶ᠋ᠢᠲᠡ 159 ᠰᠦᠪᠡᠭᠴᠢ ᠵᠢ ᠰᠢᠯᠵᠢᠭᠦᠯᠦᠨ ᠬᠦᠷᠭᠡᠵᠦ᠂ ᠬᠡᠷᠡᠭ᠎ᠲᠤ ᠬᠣᠯᠪᠣᠭᠳᠠᠭᠰᠠᠨ 244 ᠬᠥᠮᠦᠨ ᠪᠠᠶ᠋ᠢᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠵᠡᠷᠭᠡ ᠰᠠᠯᠠᠭ᠎ᠠ ᠮᠥᠴᠢᠷ ᠢ ᠬᠠᠮᠵᠢᠨ 14.2 ᠳ᠋ᠦᠩᠰᠢᠭᠤᠷ ᠭᠠᠷᠤᠶ ᠲᠥᠭᠥᠷᠢᠭ᠎ᠤᠨ ᠬᠣᠬᠢᠷᠠᠯ᠎ᠢ ᠡᠭᠡᠭᠦᠯᠦᠨ ᠠᠪᠴᠢᠷᠠᠭᠰᠠᠨ ᠪᠠᠶ᠋ᠢᠨ᠎ᠠ᠃
ᠬᠠᠮᠵᠢᠯᠴᠠᠭ᠎ᠠ᠎ᠪᠠᠨ ᠴᠢᠩᠭ᠋ᠠᠳᠬᠠᠨ ᠨᠢᠭᠳᠠᠷᠠᠭᠤᠯᠵᠤ ᠴᠣᠬᠢᠯᠲᠠ ᠥᠭᠬᠦ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠪᠠ
ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠭᠡᠳᠡᠷᠭᠦ ᠪᠠᠶ᠋ᠢᠴᠠᠭ᠋ᠠᠵᠤ ᠲᠤᠰᠬᠠᠶ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠠᠵᠢᠯ᠎ᠤᠨ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠢᠭᠡᠳ ᠪᠠᠶ᠋ᠢᠴᠠᠭ᠋ᠠᠬᠤ᠂ ᠬᠠᠤᠯᠢ ᠵᠢᠨ ᠰᠠᠯᠠᠭ᠎ᠠ ᠮᠥᠴᠢᠷ ᠬᠠᠮᠲᠤᠷᠠᠨ ᠲᠤᠰᠬᠠᠶ ᠴᠡᠭᠴᠡᠯᠡᠨ ᠵᠠᠰᠠᠬᠤ ᠬᠠᠮᠵᠢᠯᠴᠠᠭ᠎ᠠ ᠵᠢ ᠴᠢᠩᠭ᠋ᠠᠳᠬᠠᠬᠤ ᠲᠣᠭᠲᠠᠴᠠ ᠵᠢᠨ ᠰᠠᠨᠠᠯ᠎ᠢ ᠳᠠᠷᠤᠮᠠᠯᠯᠠᠨ ᠲᠠᠷᠬᠠᠭ᠋ᠠᠵᠤ᠂ ᠬᠡᠷᠡᠭ᠎ᠤᠨ ᠬᠠᠷᠢᠶᠠᠯᠠᠯ᠎ᠢ ᠵᠢᠭ᠋ᠠᠨ ᠲᠣᠭᠲᠠᠭ᠋ᠠᠬᠤ᠂ ᠶᠡᠬᠡ ᠴᠢᠬᠤᠯᠠ ᠬᠡᠷᠡᠭ᠎ᠢ ᠪᠠᠶ᠋ᠢᠴᠠᠭ᠋ᠠᠬᠤ ᠬᠣᠷᠢᠶ᠎ᠠ᠎ᠳᠤ ᠳᠡᠪᠰᠢᠭᠦᠯᠦᠨ ᠤᠷᠢᠳᠴᠢᠯᠠᠨ ᠣᠷᠣᠯᠴᠠᠭᠤᠯᠬᠤ ᠵᠡᠷᠭᠡ ᠲᠠᠯ᠎ᠠ᠎ᠪᠠᠷ ᠪᠣᠳᠠᠲᠠᠶ ᠲᠣᠭᠲᠠᠭ᠋ᠠᠯ ᠭᠠᠷᠭ᠋ᠠᠵᠤ᠂ ᠵᠠᠷᠭᠤ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠰᠢᠯᠢ ᠵᠢᠨ ᠭᠤᠤᠯ ᠠᠶ᠋ᠢᠮᠠᠭ ᠵᠡᠷᠭᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠰᠢᠭᠦᠬᠦ ᠬᠣᠷᠢᠶ᠎ᠠ᠎ᠲᠠᠢ ᠬᠠᠮᠲᠤᠷᠠᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠭᠰᠠᠨ ᠬᠤᠷᠠᠯ ᠬᠢᠵᠦ᠂ ᠪᠠᠶ᠋ᠢᠳᠠᠯ ᠵᠶ᠋ᠠᠨ ᠬᠠᠷᠢᠯᠴᠠᠨ ᠨᠡᠪᠲᠡᠷᠡᠯᠴᠡᠬᠦ᠂ ᠬᠠᠮᠲᠤᠷᠠᠨ ᠪᠠᠶ᠋ᠢᠴᠠᠭ᠋ᠠᠵᠤ ᠬᠠᠮᠲᠤᠷᠠᠨ ᠭᠦᠢ᠍ᠴᠡᠳᠭᠡᠬᠦ᠂ ᠬᠠᠮᠲᠤᠷᠠᠨ ᠵᠥᠪᠳᠡᠯᠴᠡᠵᠦ ᠰᠤᠳᠤᠯᠤᠨ ᠮᠠᠭ᠋ᠠᠳᠯᠠᠬᠤ ᠵᠢ ᠪᠡᠶᠡᠯᠡᠭᠦᠯᠦᠨ᠂ ᠴᠣᠬᠢᠯᠲᠠ ᠥᠭᠬᠦ ᠬᠠᠮᠳᠤᠷᠠᠯ ᠬᠦᠴᠦᠨ᠎ᠢ ᠪᠦᠷᠢᠯᠳᠦᠭᠦᠯᠪᠡ᠃
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠨᠢ ᠪᠠᠶ᠋ᠢᠭ᠋ᠠᠯᠢ ᠵᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠶ᠋ᠢᠨ ᠰᠢᠯᠭ᠋ᠠᠵᠤ ᠬᠢᠨᠠᠨ ᠲᠣᠭᠲᠠᠭ᠋ᠠᠬᠤ᠂ ᠦᠨ᠎ᠡ ᠬᠠᠩᠰᠢ ᠵᠢ ᠭᠡᠷᠡᠴᠢᠯᠡᠬᠦ᠂ ᠭᠠᠵᠠᠷ ᠰᠢᠷᠣᠶ ᠵᠢ ᠬᠡᠮᠵᠢᠨ ᠵᠢᠷᠤᠬᠤ ᠠᠬᠢᠴᠠ ᠵᠢ ᠲᠥᠷᠭᠡᠳᠭᠡᠪᠡ᠃ ᠲᠦᠩᠯᠢᠶᠣᠤ ᠬᠣᠲᠠ ᠵᠡᠷᠭᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠣᠷᠢᠨ᠂ ᠭᠠᠶ᠋ᠢᠯᠢ ᠵᠢᠨ ᠶᠠᠪᠤᠳᠠᠯ ᠵᠡᠷᠭᠡ ᠨᠡᠭᠦᠷᠡᠰᠦᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠬᠡᠷᠡᠭᠵᠢᠭᠦᠯᠵᠦ ᠡᠷᠡᠭᠦᠦ ᠰᠢᠳᠭᠡᠯ ᠬᠡᠷᠡᠭᠵᠢᠭᠦᠯᠬᠦ ᠵᠢ ᠵᠣᠯᠭ᠋ᠠᠭᠤᠯᠬᠤ ᠠᠵᠢᠯ᠎ᠤᠨ ᠲᠦᠷᠢᠮ᠎ᠢ ᠲᠣᠭᠲᠠᠭ᠋ᠠᠵᠤ᠂ ᠬᠣᠯᠪᠣᠭ᠋ᠠᠯᠠᠨ ᠬᠥᠳᠡᠯᠦᠯᠴᠡᠵᠦ ᠠᠭᠤᠰᠤᠯᠴᠠᠭᠰᠠᠨ᠂ ᠵᠣᠬᠢᠴᠠᠯᠳᠤᠨ ᠬᠠᠮᠵᠢᠯᠴᠠᠭᠰᠠᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠤ ᠠᠵᠢᠯ᠎ᠤᠨ ᠲᠣᠭᠲᠠᠴᠠ ᠵᠢ ᠪᠦᠷᠢᠯᠳᠦᠭᠦᠯᠪᠡ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠭᠦᠷᠡᠰᠦ ᠵᠢ ᠴᠡᠭᠴᠡᠯᠡᠨ ᠵᠠᠰᠠᠬᠤ ᠠᠯᠪᠠᠨ ᠬᠡᠷ᠎ᠨᠢ ᠳᠣᠲᠣᠭ᠋ᠠᠳᠤ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠣᠮᠣ ᠳ᠋ᠠᠶ᠋ᠢᠲ᠋ᠠ ᠵᠢᠨ ᠡᠬᠢ ᠪᠠᠶᠠᠯᠢᠭ᠎ᠢ ᠭᠦᠢ᠍ᠴᠡᠳ ᠡᠮᠬᠢᠯᠡᠨ ᠨᠡᠶ᠋ᠢᠯᠡᠭᠦᠯᠵᠦ᠂ ᠮᠡᠷᠭᠡᠵᠢᠯ ᠴᠢᠳᠠᠮᠵᠢ ᠵᠢ ᠴᠢᠩᠭ᠋ᠠᠷᠠᠭᠤᠯᠤᠨ᠂ ᠬᠤᠷᠴᠠ ᠴᠢᠳᠠᠮᠠᠭ᠋ᠠᠶ᠎ᠪᠠᠷ ᠵᠠᠳᠠᠯᠤᠨ ᠰᠢᠨᠵᠢᠵᠦ ᠰᠤᠳᠤᠯᠤᠨ ᠮᠠᠭ᠋ᠠᠳᠯᠠᠬᠤ ᠪᠦᠯᠬᠦᠮ ᠨᠡᠶ᠋ᠢᠲᠡ ᠵᠢ ᠪᠠᠶ᠋ᠢᠭᠤᠯᠵᠤ᠂ ᠨᠡᠭᠦᠷᠡᠰᠦ ᠠᠭᠤᠷᠬᠠᠶ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠬᠥᠮᠦᠰ᠎ᠤᠨ ᠵᠠᠮ ᠮᠥᠷ᠂ ᠪᠠᠯᠠ ᠮᠥᠩᠭᠥ ᠵᠢᠨ ᠭᠦᠢ᠍ᠯᠭᠡᠭᠡᠨ᠎ᠤ ᠬᠠᠨᠳᠤᠰᠢ ᠵᠡᠷᠭᠡ ᠵᠢ ᠰᠤᠳᠤᠯᠤᠨ ᠮᠠᠭ᠋ᠠᠳᠯᠠᠵᠤ ᠢᠯᠡᠷᠡᠭᠦᠯᠵᠦ᠂ ᠲᠤᠰᠬᠠᠶ ᠴᠡᠭᠴᠡᠯᠡᠨ ᠵᠠᠰᠠᠬᠤ᠎ᠳᠤ ᠦᠢ᠍ᠯᠡᠴᠢᠯᠡᠬᠦ ᠵᠢ ᠬᠦᠴᠦᠲᠡᠶ ᠪᠠᠳᠣᠯᠠᠭ᠎ᠠ ᠬᠠᠩᠭ᠋ᠠᠪᠠ᠃
ᠡᠩᠨᠡᠭᠡᠨ᠎ᠤ ᠬᠠᠮᠢᠶᠠᠷᠤᠯᠲᠠ ᠵᠢ ᠴᠢᠩᠭ᠋ᠠᠳᠬᠠᠵᠤ ᠪᠠᠲᠤ ᠴᠢᠩᠭ᠎ᠠ ᠲᠡᠮᠦᠷ ᠴᠡᠷᠢᠭ᠎ᠢ ᠪᠦᠬᠦ ᠬᠦᠴᠦᠨ ᠵᠶ᠋ᠠᠷ ᠵᠶ᠋ᠠᠨ ᠳᠠᠪᠲᠠᠨ ᠪᠣᠯᠪᠠᠰᠤᠷᠠᠭᠤᠯᠪᠠ
ᠲᠤᠰᠬᠠᠶ ᠴᠡᠭᠴᠡᠯᠡᠨ ᠵᠠᠰᠠᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠳᠤᠯᠠᠬᠤ᠂ ᠲᠤᠰᠬᠠᠶ ᠴᠡᠭᠴᠡᠯᠡᠨ ᠵᠠᠰᠠᠬᠤ ᠵᠢ ᠠᠬᠢᠭᠤᠯᠬᠤ ᠢᠲᠡᠭᠡᠯ ᠵᠣᠷᠢᠭ ᠵᠶ᠋ᠠᠨ ᠪᠠᠲᠤᠳᠬᠠᠬᠤ ᠵᠢᠨ ᠲᠥᠯᠥᠭᠡ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 49 ᠲᠦᠷ ᠴᠠᠭ᠎ᠤᠨ ᠨᠠᠮ᠎ᠤᠨ ᠡᠭᠦᠷ᠂ 77 ᠨᠠᠮ᠎ᠤᠨ ᠳᠤᠭᠤᠶ᠋ᠢᠯᠠᠩ ᠪᠠᠶ᠋ᠢᠭᠤᠯᠵᠤ᠂ ᠨᠠᠮ᠎ᠤᠨ ᠡᠭᠦᠷ᠎ᠤᠨ ᠳᠠᠶ᠋ᠢᠴᠢᠨ ᠪᠡᠬᠢᠯᠡᠯᠲᠡ ᠪᠠ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠩᠭᠢᠯᠠᠭ᠎ᠠ ᠵᠢᠨ ᠴᠠᠭ ᠮᠥᠴᠡ᠎ᠳᠤ ᠢᠯᠠᠯᠲᠠ ᠤᠯᠬᠤ ᠵᠢ ᠦᠨᠡᠨ ᠬᠦ᠌ ᠪᠠᠲᠤᠯᠠᠪᠠ᠃ ᠬᠡᠷᠡᠭ ᠰᠢᠢ᠍ᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠡᠷᠡᠭ ᠰᠢᠢ᠍ᠳᠪᠦᠷᠢᠯᠡᠬᠦ ᠵᠢᠯᠣᠭᠣᠳᠤᠮᠵᠢ᠂ ᠬᠡᠷᠡᠭ᠎ᠢ ᠳᠡᠩᠨᠡᠨ ᠰᠢᠢ᠍ᠳᠪᠦᠷᠢᠯᠡᠬᠦ ᠶᠠᠪᠤᠴᠠ ᠵᠢ ᠲᠤᠰᠬᠠᠶ᠋ᠢᠯᠠᠨ ᠲᠣᠭᠲᠠᠭ᠋ᠠᠵᠤ᠂ ᠶᠡᠬᠡ ᠴᠢᠬᠤᠯᠠ ᠬᠡᠷᠡᠭ᠎ᠢ ᠳᠡᠩᠨᠡᠨ ᠰᠢᠢ᠍ᠳᠪᠦᠷᠢᠯᠡᠭᠰᠡᠨ ᠲᠤᠷᠰᠢᠯᠭ᠎ᠠ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠬᠤ ᠵᠢᠨ ᠬᠠᠮᠲᠤ ᠬᠡᠷᠡᠭ᠎ᠢ ᠳᠡᠩᠨᠡᠨ ᠰᠢᠢ᠍ᠳᠪᠦᠷᠢᠯᠡᠬᠦ ᠪᠣᠯᠪᠠᠰᠤᠷᠠᠯ᠎ᠤᠨ ᠠᠩᠭᠢ ᠡᠷᠭᠢᠯᠡᠬᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠵᠢᠨ ᠬᠠᠮᠲᠤᠷᠠᠭᠰᠠᠨ ᠬᠤᠷᠠᠯ᠎ᠢ ᠬᠤᠷᠠᠯᠳᠤᠭᠤᠯᠬᠤ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠡᠷᠡᠭ᠎ᠢ ᠳᠡᠩᠨᠡᠨ ᠰᠢᠢ᠍ᠳᠪᠦᠷᠢᠯᠡᠬᠦ ᠶᠠᠪᠤᠴᠠ᠂ ᠬᠠᠶ᠋ᠢᠨ ᠰᠢᠯᠭ᠋ᠠᠵᠤ ᠬᠢᠨᠠᠨ ᠲᠣᠭᠲᠠᠭ᠋ᠠᠬᠤ ᠵᠢᠷᠤᠮ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠵᠢᠨ ᠲᠤᠷᠰᠢᠯᠭ᠎ᠠ ᠬᠢᠳᠡᠯ᠎ᠢ ᠰᠤᠷᠤᠯᠴᠠᠵᠤ᠂ ᠲᠡᠶ᠋ᠢᠨ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢ ᠵᠢᠨ ᠳᠤᠲᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠪᠦᠬᠦᠯᠢ ᠴᠣᠭᠴᠠ ᠵᠢᠨ ᠴᠣᠬᠢᠯᠲᠠ ᠥᠭᠴᠦ ᠴᠡᠭᠴᠡᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠣᠶ ᠪᠥᠬᠥᠶ ᠲᠡᠶ᠋ᠢᠨ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠵᠢ ᠤᠨᠳᠤᠤ ᠭᠠᠵᠠᠷ᠎ᠲᠤ ᠬᠡᠷᠡᠭ ᠰᠢᠢ᠍ᠳᠪᠦᠷᠢᠯᠡᠬᠦ᠎ᠳᠤ ᠬᠠᠮᠵᠢᠯᠴᠠᠬᠤ 《ᠵᠢᠷᠭᠤᠭ᠎ᠠ ᠵᠢ ᠴᠢᠩᠭ᠎ᠠ ᠴᠠᠭ᠋ᠠᠵᠠᠯᠠᠬᠤ》᠂ ᠬᠠᠤᠯᠢ ᠴᠠᠭ᠋ᠠᠵᠠ ᠵᠢᠨ 《ᠭᠤᠷᠪᠠᠨ ᠲᠣᠭᠲᠠᠭ᠋ᠠᠯ》᠎ᠳᠤ ᠭᠠᠷ ᠲᠦᠷᠦᠭᠦ ᠵᠢ ᠰᠡᠷᠭᠡᠶ᠋ᠢᠯᠡᠬᠦ ᠵᠡᠷᠭᠡ ᠬᠠᠲᠠᠭᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠰᠠᠷ᠎ᠠ ᠪᠦᠷᠢ ᠰᠡᠷᠡᠮᠵᠢᠯᠡᠭᠦᠯᠬᠦ ᠬᠥᠮᠦᠵᠢᠯ᠎ᠤᠨ ᠬᠡᠷᠡᠭ ᠵᠶ᠋ᠠᠷ ᠰᠠᠬᠢᠯᠭ᠎ᠠ ᠪᠠᠲᠤ ᠵᠢ ᠲᠣᠳᠣᠷᠬᠠᠶ᠋ᠢᠯᠠᠵᠤ᠂ ᠰᠠᠬᠢᠯᠭ᠎ᠠ ᠪᠠᠲᠤ ᠣᠪᠣᠷ ᠰᠤᠷᠲᠠᠯ᠎ᠤᠨ ᠬᠠᠷᠢᠭᠤᠴᠠᠯᠭ᠎ᠠ ᠵᠢᠨ ᠪᠢᠴᠢᠭ ᠪᠠ ᠠᠮᠠᠯᠠᠯᠲᠠ ᠵᠢᠨ ᠪᠢᠴᠢᠭ᠎ᠲᠤ ᠭᠠᠷᠤᠨ ᠥᠰᠥᠭ ᠵᠢᠷᠤᠵᠤ᠂ ᠢᠯᠵᠠᠷᠠᠯ᠎ᠢ ᠡᠰᠡᠷᠭᠦᠴᠡᠵᠦ ᠬᠤᠪᠢᠷᠠᠭᠤᠯᠤᠯᠲᠠ ᠵᠢ ᠰᠡᠷᠭᠡᠶ᠋ᠢᠯᠡᠬᠦ ᠪᠠ ᠲᠥᠪ ᠭᠤᠤᠯᠴᠢ᠎ᠪᠠᠷ ᠬᠠᠤᠯᠢ ᠬᠡᠷᠡᠭᠵᠢᠭᠦᠯᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠴᠠᠭ ᠢᠮᠠᠭᠲᠠ ᠪᠡᠬᠢᠵᠢᠭᠦᠯᠬᠦ ᠬᠡᠷᠡᠭᠲᠡᠶ ᠭᠡᠵᠦ ᠡᠷᠡᠰ ᠱᠠᠭ᠋ᠠᠷᠳᠠᠪᠠ᠃ ᠡᠭᠦᠨ᠎ᠤ ᠬᠠᠮᠲᠤ ᠲᠠᠢ᠍ᠢ᠍ᠨ᠎ᠤ ᠦᠶ᠎ᠡ ᠵᠢᠨ ᠬᠥᠬᠢᠭᠦᠯᠦᠨ ᠰᠠᠶ᠋ᠢᠰᠢᠶᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠵᠢᠯ᠎ᠤᠨ ᠳᠤᠮᠳᠠ ᠲᠤᠪᠤᠢ᠍ᠢ᠍ᠮ᠎ᠠ ᠢᠯᠡᠷᠡᠯ᠎ᠲᠠᠢ ᠲᠡᠷᠢᠭᠦᠨ᠎ᠤ ᠬᠠᠮᠲᠤ ᠪᠠ ᠬᠤᠪᠢ ᠬᠥᠮᠦᠨ᠎ᠢ ᠬᠥᠬᠢᠭᠦᠯᠦᠨ ᠱᠠᠩᠨᠠᠵᠤ᠂ ᠡᠩᠨᠡᠭᠡᠨ᠎ᠤ ᠣᠮᠣᠭ ᠵᠣᠷᠢᠭ᠎ᠢ ᠪᠦᠲᠦᠮᠵᠢᠲᠡᠢ ᠬᠥᠭᠵᠢᠭᠡᠪᠡ᠃