ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠬᠠᠤᠯᠢ᠎ᠪᠠᠷ ᠵᠠᠰᠠᠬᠤ ᠡᠵᠡᠩᠨᠡᠯᠲᠡ ᠵᠢᠨ
ᠣᠷᠴᠢᠨ ᠲᠣᠭᠣᠷᠢᠨ᠎ᠢ ᠰᠢᠯᠢᠳᠡᠭᠵᠢᠭᠦᠯᠬᠦ》 ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠎ᠢ ᠮᠡᠳᠡᠭᠳᠡᠪᠡ
2 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠶᠡᠬᠡ ᠶᠠᠷᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠨᠡᠩ ᠰᠢᠯᠢᠳᠡᠭᠵᠢᠭᠦᠯᠬᠦ》 ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠭᠣᠣᠯᠳᠠᠭᠤ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠪᠦᠬᠦ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ 《ᠬᠣᠷᠢᠳᠤᠭ᠋ᠠᠷ ᠶᠡᠬᠡ ᠬᠤᠷᠠᠯ᠎ᠢ ᠤᠭᠲᠤᠬᠤ᠂ ᠬᠠᠤᠯᠢᠵᠢᠯ᠎ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠬᠦ ᠵᠢ ᠪᠠᠲᠤᠯᠠᠬᠤ》 ᠲᠤᠬᠠᠢ ᠶᠠᠷᠢᠯᠴᠠᠬᠤ ᠶᠡᠬᠡ ᠠᠵᠢᠯᠯᠠᠭ᠎ᠠ ᠵᠢ ᠥᠷᠨᠢᠭᠦᠯᠪᠡ᠃ ᠡᠭᠦᠨ᠎ᠤ ᠳᠠᠭ᠋ᠠᠤ ᠨᠡᠶ᠋ᠢᠭᠡᠮ ᠳᠠᠶᠠᠭ᠋ᠠᠷ᠎ᠲᠤ ᠬᠠᠨᠳᠤᠭᠤᠯᠤᠨ 《ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ》 ᠰᠠᠨᠠᠯ ᠰᠠᠨᠠᠭᠤᠯᠭ᠎ᠠ ᠵᠢᠨ ᠲᠠᠪᠴᠠᠩ ᠪᠠ ᠠᠷᠭ᠎ᠠ ᠵᠠᠮ ᠵᠡᠷᠭᠡ ᠠᠭᠤᠯᠭ᠎ᠠ ᠵᠢ ᠢᠯᠡ᠎ᠪᠠᠷ ᠬᠤᠷᠢᠶᠠᠵᠤ᠂ ᠵᠠᠭᠤᠴᠢᠯᠠᠭᠤᠷ ᠪᠠ ᠥᠷᠭᠡᠨ ᠣᠯᠠᠨ ᠲᠦᠮᠡᠨ᠎ᠳᠤ ᠵᠠᠷᠯᠠᠨ ᠮᠡᠳᠡᠭᠳᠡᠬᠦ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠥᠭᠡᠷᠡᠴᠢᠯᠡᠯᠲᠡ ᠵᠢᠨ ᠠᠯᠪᠠᠨ ᠬᠡᠷ᠎ᠤᠨ ᠳᠡᠳ᠋ ᠡᠷᠬᠢᠯᠡᠭᠴᠢ ᠳ᠋ᠦᠩ ᠶᠦᠩ ᠭᠠᠩ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠣᠭᠲᠠᠭ᠋ᠠᠨ ᠬᠡᠷᠡᠭᠵᠢᠭᠦᠯᠦᠭᠰᠡᠨ 《〈ᠥᠪᠡᠷᠲᠡᠭᠡᠨ ᠵᠠᠰᠠᠬᠤ ᠣᠷᠣᠨ᠎ᠤ ᠨᠠᠩ ᠰᠢᠯᠢᠳᠡᠭ ᠡᠵᠡᠩᠨᠡᠯᠲᠡ ᠵᠢᠨ ᠣᠷᠴᠢᠨ ᠲᠣᠭᠣᠷᠢᠨ ᠵᠶ᠋ᠠᠷ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠥᠰᠦᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠨᠠᠷᠢᠯᠢᠬ᠍ᠵᠢᠭᠤᠯᠬᠤ ᠡᠭᠦᠷᠭᠡ ᠵᠢᠨ ᠲᠥᠰᠦᠯ》 (ᠳᠣᠷᠣᠭᠰᠢ 《ᠨᠠᠷᠢᠯᠢᠬ᠍ᠵᠢᠭᠤᠯᠬᠤ ᠲᠥᠰᠦᠯ》 ᠭᠡᠵᠦ ᠲᠣᠪᠴᠢᠯᠠᠨ᠎ᠠ)᠎ᠤᠨ ᠪᠠᠶ᠋ᠢᠳᠠᠯ᠎ᠢ ᠮᠡᠳᠡᠭᠳᠡᠪᠡ᠃ 《ᠨᠠᠷᠢᠯᠢᠬ᠍ᠵᠢᠭᠤᠯᠬᠤ ᠲᠥᠰᠦᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠬᠤᠭᠤᠴᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠠ ᠪᠦᠬᠦ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠲᠣᠭ᠋ᠠᠴᠢᠯᠠᠭᠰᠠᠨ ᠮᠡᠳᠡᠭᠡ ᠵᠠᠩᠭᠢᠵᠢᠯᠲᠠ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠪᠥᠬᠥ ᠴᠤᠪᠤᠷᠠᠯ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ ᠪᠥᠬᠥ ᠬᠠᠭᠤᠳᠠᠰᠤ ᠵᠢ ᠶᠡᠷᠦᠩᠬᠡᠶ᠋ᠢᠯᠡᠨ ᠵᠠᠬᠢᠷᠴᠤ᠂ ᠭᠣᠤᠯᠳᠠᠯᠭ᠎ᠠ᠎ᠲᠠᠢ ᠰᠢᠪᠲᠤᠯᠤᠯᠲᠠ ᠵᠢᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠨᠢᠭᠡ ᠰᠦᠯᠵᠢᠶ᠎ᠡ᠎ᠪᠠᠷ ᠨᠡᠶ᠋ᠢᠳᠡᠮ ᠰᠢᠢ᠍ᠳᠪᠦᠷᠢᠯᠡᠬᠦ》 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》 ᠵᠢ ᠳᠣᠪᠣᠶ᠋ᠢᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠶᠤᠨᠴᠢ᠎ᠪᠠᠷ ᠬᠢᠨᠠᠨ ᠵᠥᠪᠰᠢᠶᠡᠷᠡᠬᠦ᠂ ᠣᠶᠤᠨᠴᠢ᠎ᠪᠠᠷ ᠬᠢᠨᠠᠨ ᠬᠠᠮᠢᠶᠠᠷᠬᠤ᠂ ᠣᠶᠤᠨᠴᠢ᠎ᠪᠠᠷ ᠦᠢ᠍ᠯᠡᠴᠢᠯᠡᠬᠦ ᠵᠢ ᠬᠦᠴᠦᠯᠡᠨ ᠠᠬᠢᠭᠤᠯᠵᠤ᠂ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ᠎ᠳᠤ ᠨᠠᠩ ᠲᠥᠬᠥᠮ᠂ ᠨᠠᠩ ᠲᠥᠪ ᠭᠣᠤᠯᠴᠢ ᠪᠣᠯᠭ᠋ᠠᠪᠠ᠃ 《ᠨᠠᠷᠢᠯᠢᠬ᠍ᠵᠢᠭᠤᠯᠬᠤ ᠲᠥᠰᠦᠯ》᠎ᠳᠤ 32 ᠵᠦᠢ᠍ᠯ᠎ᠤᠨ ᠪᠣᠳᠠᠳᠠᠢ ᠬᠠᠷᠭᠤᠭᠤᠯᠬᠤ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠬᠤ ᠵᠢᠨ ᠲᠥᠯᠥᠭᠡ᠂ ᠠᠷᠭ᠎ᠠ ᠬᠡᠮᠵᠢᠶ᠎ᠡ ᠨᠢᠭᠡᠪᠦᠷᠢ ᠵᠢ ᠴᠥᠮ ᠴᠢᠨᠠᠷ ᠰᠠᠶ᠋ᠢᠲᠠᠶ᠎ᠪᠠᠷ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ
《ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠰᠢᠯᠢᠳᠡᠭᠵᠢᠭᠦᠯᠬᠦ》 ᠶᠡᠬᠡ ᠶᠠᠷᠢᠯᠴᠠᠭ᠎ᠠ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠂ 《ᠨᠢᠭᠡ ᠰᠦᠯᠵᠢᠶ᠎ᠡ᠎ᠪᠠᠷ ᠪᠦᠬᠦᠨ᠎ᠢ ᠰᠢᠢ᠍ᠳᠪᠦᠷᠢᠯᠡᠬᠦ》᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠬᠠᠤᠯᠢ ᠴᠠᠭ᠋ᠠᠵᠠ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠬᠤ᠂ ᠬᠠᠤᠯᠢᠵᠢᠯ᠎ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠤᠬᠠᠭᠤᠯᠭ᠎ᠠ ᠬᠢᠬᠦ ᠵᠡᠷᠭᠡ 7 ᠠᠵᠢᠯᠯᠠᠬᠤ ᠳᠤᠭᠤᠶ᠋ᠢᠯᠠᠩ᠎ᠢ ᠪᠠᠶ᠋ᠢᠭᠤᠯᠵᠠᠢ᠃ ᠡᠯ᠎ᠡ ᠠᠵᠢᠯᠯᠠᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ᠎ᠤᠨ ᠲᠦᠷᠢᠮ᠎ᠢ ᠲᠣᠭᠲᠠᠭ᠋ᠠᠵᠤ᠂ ᠪᠠᠶ᠋ᠢᠭᠤᠯᠤᠮᠵᠢ ᠵᠢᠨ ᠪᠦᠲᠦᠴᠡ ᠲᠣᠳᠣᠷᠬᠠᠢ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠨᠢᠭᠲᠠ᠂ ᠡᠭᠦᠷᠭᠡ ᠵᠢᠨ ᠬᠤᠪᠢᠶᠠᠷᠢᠯᠠᠯ ᠲᠣᠳᠣᠷᠬᠠᠢ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠰᠢᠰᠲᠸᠮ᠎ᠢ ᠪᠦᠷᠢᠯᠳᠦᠭᠦᠯᠵᠡᠢ᠃ ᠡᠭᠦᠨ᠎ᠤ ᠵᠡᠷᠭᠡ᠎ᠳᠤ᠂ ᠬᠢᠨᠠᠨ ᠵᠢᠯᠣᠭᠣᠳᠴᠤ ᠪᠠᠶ᠋ᠢᠴᠠᠭ᠋ᠠᠬᠤ᠂ ᠤᠯᠤᠰ ᠲᠥᠷᠥ ᠵᠢᠨ ᠰᠢᠪᠠᠳᠠᠨ ᠪᠠᠶ᠋ᠢᠴᠠᠭ᠋ᠠᠬᠤ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ᠂ ᠳᠣᠭᠢᠷᠠᠭᠤᠯᠤᠨ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠮᠥᠷᠳᠡᠨ ᠳᠠᠭ᠋ᠠᠵᠤ ᠦᠷ᠎ᠡ ᠪᠦᠲᠦᠮᠵᠢ ᠵᠢ᠎ᠨᠢ ᠨᠡᠬᠡᠮᠵᠢᠯᠡᠬᠦ ᠵᠢ ᠴᠢᠩᠭ᠋ᠠᠳᠬᠠᠵᠤ᠂ ᠠᠵᠢᠯ ᠵᠶ᠋ᠠᠨ ᠬᠦᠴᠦᠲᠡᠶ ᠠᠬᠢᠭᠤᠯᠤᠭᠰᠠᠨ ᠥᠬᠡᠶ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠤᠯᠤᠰ ᠲᠦᠷᠦ ᠵᠢᠨ ᠬᠡᠯᠲᠡᠰ᠎ᠤᠨ ᠠᠵᠢᠯᠳᠠᠨ᠎ᠤ ᠶᠠᠪᠤᠳᠠᠯ᠎ᠤᠨ ᠪᠣᠯᠪᠠᠰᠤᠷᠠᠯ᠎ᠤᠨ ᠭᠠᠵᠠᠷ᠎ᠤᠨ ᠳᠠᠷᠤᠭ᠎ᠠ ᠳ᠋ᠧᠩ ᠵᠦᠩ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠬᠣᠷᠢᠳᠤᠭ᠋ᠠᠷ ᠶᠡᠬᠡ ᠬᠤᠷᠠᠯ᠎ᠢ ᠤᠭᠳᠤᠬᠤ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠬᠦ》 ᠶᠡᠬᠡ ᠶᠠᠷᠢᠯᠴᠠᠭ᠋ᠠᠨ᠎ᠤ ᠠᠵᠢᠯᠯᠠᠭ᠎ᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠮᠡᠳᠡᠭᠳᠡᠪᠡ᠃ ᠶᠡᠬᠡ ᠶᠠᠷᠢᠯᠴᠠᠭ᠋ᠠᠨ᠎ᠤ ᠠᠵᠢᠯᠯᠠᠭ᠎ᠠ ᠵᠢᠨ ᠬᠠᠷᠠᠯᠲᠠ ᠡᠭᠦᠷᠭᠡ᠂ ᠠᠵᠢᠯᠯᠠᠭ᠎ᠠ ᠵᠢᠨ ᠬᠡᠪᠴᠢᠶ᠎ᠡ ᠪᠠ ᠴᠠᠭ᠂ ᠠᠵᠢᠯᠯᠠᠭ᠎ᠠ ᠵᠢᠨ ᠭᠣᠣᠯ ᠭᠣᠭᠴᠣᠭ᠎ᠠ ᠪᠠ ᠡᠭᠦᠷᠭᠡ ᠵᠢᠴᠢ ᠠᠵᠢᠯᠯᠠᠭ᠎ᠠ ᠵᠢᠨ ᠭᠣᠣᠯ ᠱᠠᠭ᠋ᠠᠷᠳᠠᠯᠭ᠎ᠠ᠎ᠳᠤ ᠬᠠᠷᠢᠭᠤᠯᠲᠠ ᠥᠭᠪᠡ᠃ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠵᠢᠨ ᠱᠠᠭ᠋ᠠᠷᠳᠠᠯᠭ᠎ᠠ ᠬᠠᠩᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ᠎ᠤᠨ ᠤᠯᠤᠰ ᠲᠥᠷᠥ ᠵᠢᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠂ ᠵᠣᠷᠢᠯᠲᠠ ᠵᠢᠨ ᠤᠬᠠᠮᠰᠠᠷ᠂ ᠦᠢ᠍ᠯᠡᠴᠢᠯᠡᠭᠡᠨ᠎ᠤ ᠤᠬᠠᠮᠰᠠᠷ᠂ ᠬᠢᠨᠠᠯᠲᠠ ᠬᠦᠯᠢᠶᠡᠬᠦ ᠤᠬᠠᠮᠰᠠᠷ᠎ᠢ ᠦᠨᠡᠨ ᠬᠦ᠌ ᠴᠢᠩᠭ᠋ᠠᠳᠬᠠᠵᠤ᠂ ᠥᠷᠭᠡᠨ ᠣᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠵᠡᠯ ᠰᠠᠨᠠᠭ᠎ᠠ᠎ᠪᠠᠨ ᠴᠢᠯᠥᠭᠡᠯᠡᠵᠦ᠂ ᠦᠵᠡᠯᠲᠡ᠎ᠪᠠᠨ ᠰᠢᠨᠡᠳᠬᠡᠵᠦ᠂ ᠪᠠᠶ᠋ᠢᠷᠢ ᠰᠣᠯᠢᠵᠤ ᠰᠡᠳᠬᠢᠬᠦ᠂ ᠥᠪᠡᠷ᠎ᠤᠨ ᠪᠡᠶ᠎ᠡ᠎ᠲᠠᠢ᠎ᠪᠠᠨ ᠬᠠᠷᠢᠯᠴᠠᠬᠤ ᠵᠢ ᠬᠥᠮᠦᠵᠢᠭᠦᠯᠦᠨ ᠵᠢᠯᠤᠭᠤᠳᠪᠠ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠯᠤᠰ᠎ᠤᠨ ᠤᠯᠤᠰ ᠲᠥᠷᠥ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠡᠶ᠋ᠢᠭᠡᠮ᠎ᠤᠨ ᠠᠵᠤ ᠠᠬᠤᠶ ᠵᠢᠨ ᠠᠮᠤᠷ ᠲᠣᠭᠲᠠᠭᠤᠨ᠎ᠢ ᠪᠠᠲᠤᠯᠠᠬᠤ᠂ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ ᠵᠢ ᠪᠠᠲᠤᠯᠠᠬᠤ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠬᠡᠨ᠎ᠤ ᠲᠥᠯᠥᠭᠡ ᠬᠠᠤᠯᠢ ᠬᠡᠷᠡᠭᠵᠢᠭᠦᠯᠬᠦ᠂ ᠬᠡᠨ᠎ᠤ ᠲᠥᠯᠥᠭᠡ ᠡᠷᠬᠡ ᠬᠡᠷᠡᠭᠯᠡᠬᠦ᠂ ᠬᠡᠨ᠎ᠳᠤ ᠠᠰᠢᠭ ᠣᠯᠭᠣᠬᠤ ᠦᠨᠳᠦᠰᠦᠨ ᠠᠰᠠᠭᠤᠳᠠᠯ᠎ᠢ ᠲᠣᠳᠣᠷᠬᠠᠶ᠋ᠢᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 《ᠠᠷᠠᠳ᠎ᠲᠤ ᠲᠦᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠣᠯᠭᠣᠬᠤ》 ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠨᠢᠭᠡ ᠪᠦᠯᠦᠭ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ ᠲᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠨ᠂ ᠨᠢᠭᠡ ᠪᠦᠯᠦᠭ ᠲᠦᠷᠢᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠲᠣᠭᠲᠠᠭᠤᠨ ᠪᠥᠭᠡᠳ ᠭᠣᠣᠯᠴᠢ ᠪᠥᠭᠡᠳ ᠢᠯᠡ ᠲᠣᠳᠣ᠂ ᠵᠢᠱ᠌ᠢᠵᠦ ᠪᠣᠯᠬᠤᠶ᠋ᠢᠴᠠ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠴᠢᠷᠮᠠᠶ᠋ᠢᠨ ᠪᠤᠢ ᠪᠣᠯᠭ᠋ᠠᠨ᠎ᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠶᠡᠬᠡ ᠶᠠᠷᠢᠯᠴᠠᠭ᠋ᠠᠨ᠎ᠤ ᠠᠵᠢᠯᠯᠠᠭ᠎ᠠ ᠵᠢᠨ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠪᠠᠶ᠋ᠢᠴᠠᠭ᠋ᠠᠨ ᠦᠵᠡᠬᠦ᠂ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠭᠤᠷᠪᠠᠨ ᠵᠠᠩᠭᠢᠯᠠᠭ᠎ᠠ ᠵᠢᠨ ᠡᠭᠦᠷᠭᠡ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠰᠤᠷᠤᠯᠴᠠᠨ ᠣᠶ᠋ᠢᠯᠠᠭ᠋ᠠᠬᠤ᠎ᠪᠠᠷ ᠡᠬᠢᠯᠡᠯᠲᠡ ᠪᠠ ᠰᠠᠭᠤᠷᠢ ᠪᠣᠯᠭ᠋ᠠᠵᠤ᠂ ᠬᠠᠷᠢᠴᠠᠭᠤᠯᠤᠨ ᠪᠠᠶ᠋ᠢᠴᠠᠭ᠋ᠠᠨ ᠦᠵᠡᠬᠦ᠎ᠪᠠᠷ ᠭᠣᠤᠯᠳᠠᠯᠭ᠎ᠠ ᠪᠣᠯᠭ᠋ᠠᠵᠤ᠂ ᠳ᠋ᠦᠩᠨᠡᠨ ᠳᠡᠭᠡᠭᠰᠢᠯᠡᠭᠦᠯᠬᠦ᠎ᠪᠠᠷ ᠦᠨᠳᠦᠰᠦ ᠪᠠ ᠬᠠᠷᠠᠯᠲᠠ᠎ᠪᠠᠨ ᠪᠣᠯᠭ᠋ᠠᠵᠤ᠂ ᠠᠯᠬᠤᠮ ᠳᠠᠷᠠᠭ᠎ᠠ᠎ᠲᠠᠢ᠎ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠪᠣᠯᠤᠨ᠎ᠠ᠃
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠤᠯᠤᠰ ᠲᠥᠷᠥ ᠵᠢᠨ ᠬᠡᠯᠲᠡᠰ᠎ᠤᠨ ᠰᠣᠨᠢᠨ ᠮᠡᠳᠡᠭᠡ ᠤᠬᠠᠭᠤᠯᠬᠤ ᠭᠠᠵᠠᠷ᠎ᠤᠨ ᠳᠡᠳ᠋ ᠳᠠᠷᠤᠭ᠎ᠠ ᠯᠢ ᠶᠦᠩ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ》 ᠰᠠᠨᠠᠯ ᠰᠠᠨᠠᠭᠤᠯᠭ᠎ᠠ ᠵᠢ ᠢᠯᠡ᠎ᠪᠠᠷ ᠬᠤᠷᠢᠶᠠᠬᠤ ᠲᠠᠪᠴᠠᠩ ᠪᠠ ᠠᠷᠭ᠎ᠠ ᠵᠠᠮ᠎ᠤᠨ ᠪᠠᠶ᠋ᠢᠳᠠᠯ᠎ᠢ ᠲᠠᠨᠢᠯᠴᠠᠭᠤᠯᠪᠠ᠃ ᠨᠢᠭᠡ᠎ᠳᠤ ᠰᠦᠯᠵᠢᠶᠡᠨ ᠳᠡᠭᠡᠷ᠎ᠡ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯ᠎ᠢ ᠥᠷᠨᠢᠭᠦᠯᠦᠨ᠎ᠡ᠃ 2 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 31 ᠪᠣᠯᠲᠠᠯ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠰᠦᠯᠵᠢᠶ᠎ᠡ᠂ 《ᠠᠮᠤᠭᠤᠯᠠᠩᠳᠤ ᠥᠪᠥᠷ ᠮᠣᠩᠭᠣᠯ》 ᠭᠡᠬᠦ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠢᠴᠢ ᠡᠯ᠎ᠡ ᠵᠠᠭᠤᠴᠢᠯᠠᠭᠤᠷ᠎ᠤᠨ ᠲᠠᠪᠴᠠᠩ ᠵᠡᠷᠭᠡ᠎ᠪᠠᠷ ᠳᠠᠮᠵᠢᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠵᠢᠨ ᠠᠯᠪᠠᠨ ᠵᠠᠷ》᠎ᠢ ᠭᠠᠳᠠᠭᠰᠢ ᠨᠡᠶ᠋ᠢᠲᠡᠯᠡᠵᠦ᠂ ᠪᠥᠬᠥ ᠨᠡᠶ᠋ᠢᠭᠡᠮ᠎ᠳᠤ ᠬᠠᠨᠳᠤᠭᠤᠯᠤᠨ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠤᠨ ᠬᠦᠷᠦᠯᠴᠡᠬᠦ ᠥᠬᠡᠶ ᠲᠠᠯ᠎ᠠ ᠪᠠ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠴᠤᠭᠯᠠᠭᠤᠯᠵᠤ᠂ ᠥᠷᠭᠡᠨ ᠣᠯᠠᠨ ᠰᠦᠯᠵᠢᠶᠡᠨ ᠠᠨᠳᠠ ᠨᠠᠷ ᠠᠯᠪᠠᠨ ᠵᠠᠷᠲᠠᠬᠢ ᠮᠡᠷᠭᠡᠨ ᠴᠣᠬᠤᠷᠢ ᠰᠢᠷᠪᠢᠬᠦ᠎ᠪᠠᠷ ᠳᠠᠮᠵᠢᠭᠤᠯᠤᠨ᠂ ᠪᠡᠶ᠎ᠡ ᠵᠢᠨ ᠬᠡᠮ᠂ ᠭᠠᠵᠠᠷ ᠣᠷᠣᠨ ᠪᠠ ᠠᠰᠠᠭᠤᠳᠠᠯ᠎ᠤᠨ ᠰᠠᠨᠠᠭᠤᠯᠭ᠎ᠠ ᠳᠤᠷᠠᠳᠬᠤ ᠲᠥᠷᠥᠯ ᠢᠯᠭ᠋ᠠᠯ᠎ᠢ ᠲᠣᠳᠣᠷᠬᠠᠶ᠋ᠢᠯᠠᠭᠰᠠᠨ᠎ᠤ ᠳᠠᠷᠠᠭ᠎ᠠ ᠳᠠᠷᠤᠶ ᠠᠵᠢᠯᠯᠠᠭ᠎ᠠ᠎ᠳᠤ ᠣᠷᠣᠯᠴᠠᠵᠤ ᠪᠣᠯᠤᠨ᠎ᠠ᠃ ᠬᠣᠶᠠᠷ᠎ᠲᠤ ᠴᠠᠭᠳᠠᠭ᠎ᠠ ᠠᠷᠠᠳ᠎ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠴᠠᠭᠳᠠᠭ᠎ᠠ ᠠᠷᠠᠳ᠎ᠤᠨ ᠶᠠᠷᠢᠯᠴᠠᠬᠤ ᠬᠤᠷᠠᠯ᠎ᠢ ᠴᠠᠭᠲᠤᠨᠢ ᠲᠣᠬᠢᠷᠠᠭᠤᠯᠤᠨ ᠡᠷᠬᠢᠯᠡᠵᠦ᠂ ᠠᠵᠤ ᠠᠬᠤᠶ᠋ᠢᠯᠠᠯᠲᠠᠨ᠎ᠤ ᠲᠥᠯᠥᠭᠡᠯᠡᠭᠴᠢ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠪᠣᠯᠤᠨ ᠭᠣᠤᠯ ᠵᠠᠭᠤᠴᠢᠯᠠᠭᠤᠷ᠎ᠤᠨ ᠲᠥᠯᠥᠭᠡᠯᠡᠭᠴᠢ ᠵᠢ ᠤᠷᠢᠨ ᠣᠷᠣᠯᠴᠠᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ》 ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠡᠯ᠎ᠡ ᠡᠲᠡᠭᠡᠳ᠎ᠤᠨ ᠲᠥᠯᠥᠭᠡᠯᠡᠭᠴᠢᠳ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠠᠯᠪᠢᠵᠤ ᠪᠠᠶ᠋ᠢᠭ᠎ᠠ ᠬᠦᠰᠡᠯ ᠱᠠᠭ᠋ᠠᠷᠳᠠᠯᠭ᠎ᠠ ᠪᠣᠯᠤᠨ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠠᠬᠢᠭᠤᠯᠬᠤ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠤᠨ᠎ᠠ᠃ ᠭᠤᠷᠪᠠ᠎ᠳᠤ ᠬᠠᠮᠲᠤᠷᠠᠨ ᠬᠥᠳᠡᠯᠦᠯᠴᠡᠵᠦ ᠰᠠᠨᠠᠯ ᠬᠤᠷᠢᠶᠠᠬᠤ ᠠᠵᠢᠯ᠎ᠢ ᠪᠠᠶ᠋ᠢᠷᠢᠯᠠᠭᠤᠯᠤᠨ ᠥᠷᠨᠢᠭᠦᠯᠪᠡ᠃ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠠᠶ᠋ᠢᠷᠢᠯᠠᠭᠤᠯᠵᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠴᠢᠩᠭ᠎ᠠ ᠠᠳᠬᠤᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰ ᠭᠠᠵᠠᠷ ᠣᠷᠣᠨ᠎ᠤ᠎ᠪᠠᠨ ᠰᠠᠨᠠᠯ ᠰᠠᠨᠠᠭᠤᠯᠭ᠎ᠠ ᠵᠢ ᠬᠤᠷᠢᠶᠠᠵᠤ ᠡᠮᠬᠢᠯᠡᠬᠦ ᠠᠵᠢᠯ᠎ᠢ ᠰᠠᠶ᠋ᠢᠲᠤᠷ ᠬᠢᠵᠦ᠂ ᠡᠭᠦᠨ᠎ᠤ ᠬᠠᠮᠲᠤ ᠡᠯ᠎ᠡ ᠴᠠᠭᠳᠠᠭ᠋ᠠᠨ᠎ᠤ ᠲᠥᠷᠥᠯ᠎ᠤᠨ᠎ᠬᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶᠡᠨ᠎ᠳᠤ᠎ᠪᠠᠨ ᠰᠠᠭᠤᠷᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠷᠭ᠎ᠠ ᠪᠣᠳᠣᠯᠭ᠎ᠠ ᠵᠢ ᠠᠷᠠᠳ᠎ᠠᠴᠠ ᠠᠰᠠᠭᠤᠵᠤ᠂ ᠬᠤᠳᠠᠯᠳᠤᠭ᠎ᠠ᠎ᠠᠴᠠ ᠠᠷᠭ᠎ᠠ ᠪᠣᠳᠣᠯᠭ᠎ᠠ ᠡᠷᠢᠯᠬᠢᠯᠡᠵᠦ᠂ ᠬᠡᠷᠡᠭᠴᠡᠭᠡ ᠱᠠᠭ᠋ᠠᠷᠳᠠᠯᠭ᠎ᠠ ᠵᠢ ᠠᠵᠤ ᠠᠬᠤᠶ᠋ᠢᠯᠠᠯ᠎ᠠᠴᠠ ᠠᠰᠠᠭᠤᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠂ ᠰᠠᠯᠪᠤᠷᠢ ᠠᠩᠭᠢ ᠳᠥᠷᠪᠡᠨ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠬᠦ᠂ ᠭᠤᠯᠳᠤ᠎ᠪᠠᠷ ᠡᠴᠦᠰ᠎ᠲᠤᠨᠢ ᠲᠤᠯᠲᠠᠯ᠎ᠠ ᠬᠥᠳᠡᠯᠦᠯᠴᠡᠬᠦ᠂ ᠳᠣᠲᠣᠭ᠋ᠠᠳᠤ ᠵᠢ ᠬᠠᠮᠠᠭ᠋ᠠᠯᠠᠬᠤ᠂ ᠬᠤᠳᠠᠯᠳᠤᠭ᠎ᠠ ᠠᠵᠤ ᠠᠬᠤᠶ᠋ᠢᠯᠠᠯ᠂ ᠪᠤᠰᠤᠳ ᠠᠵᠢᠯ ᠲᠥᠷᠥᠯ᠎ᠢ ᠪᠥᠬᠥ ᠴᠠᠷᠠᠭ᠎ᠠ᠎ᠪᠠᠷ ᠬᠠᠮᠤᠷᠬᠤ᠂ ᠬᠥᠨᠳᠡᠯᠡᠨ ᠵᠶ᠋ᠠᠷ ᠪᠥᠬᠥ ᠲᠠᠯ᠎ᠠ ᠵᠢᠨ᠂ ᠪᠣᠰᠣᠭ᠎ᠠ ᠴᠣᠭᠴᠠᠲᠤ ᠰᠠᠨᠠᠯ ᠰᠠᠨᠠᠭᠤᠯᠭ᠎ᠠ ᠵᠢ ᠴᠤᠭᠯᠠᠭᠤᠯᠬᠤ ᠠᠷᠭ᠎ᠠ ᠵᠠᠮ᠎ᠢ ᠪᠣᠶ ᠪᠣᠯᠭ᠋ᠠᠵᠤ᠂ 《ᠡᠭᠦᠳᠡ》 ᠵᠢ ᠦᠨᠡᠨ ᠬᠦ᠌ ᠨᠡᠭᠡᠭᠡᠵᠦ᠂ 《ᠢᠳᠬᠠᠯ》᠎ᠢ ᠭᠥᠯᠢᠶᠡᠨ ᠠᠪᠴᠤ᠂ ᠪᠤᠰᠤᠳᠴᠢ ᠦᠨᠡᠨ ᠪᠣᠳᠠᠲᠠᠶ ᠰᠠᠨᠠᠯ ᠰᠠᠨᠠᠭᠤᠯᠭ᠎ᠠ᠎ᠪᠠᠷ ᠠᠵᠢᠯ ᠵᠶ᠋ᠠᠨ ᠰᠠᠶ᠋ᠢᠵᠢᠷᠠᠭᠤᠯᠬᠤ ᠵᠢ ᠠᠬᠢᠭᠤᠯᠬᠤ ᠴᠢᠭᠯᠡᠯ ᠪᠣᠯᠭ᠋ᠠᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠠᠩ ᠰᠠᠶ᠋ᠢᠲᠤᠷ ᠳᠠᠭ᠋ᠠᠵᠤ᠂ ᠨᠡᠶ᠋ᠢᠭᠡᠮ᠎ᠤᠨ ᠠᠩᠬᠠᠷᠤᠯ᠎ᠳᠤ ᠨᠠᠩ ᠰᠠᠶ᠋ᠢᠨ ᠬᠠᠷᠢᠭᠤᠯᠲᠠ ᠥᠭᠭᠦᠨ᠎ᠡ᠃