ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ
ᠠᠩᠭᠢ ᠵᠢᠨ ᠨᠢᠳᠤᠨᠤᠨ᠎ᠠᠴᠠ ᠨᠠᠭ᠋ᠠᠰᠢᠬᠢ ᠠᠵᠢᠯ᠎ᠤᠨ ᠦᠷ᠎ᠡ ᠪᠦᠳᠦᠮᠵᠢ ᠵᠢ ᠮᠡᠳᠡᠭᠡᠯᠡᠪᠡ
1 ᠳ᠋ᠦ᠍ᠭᠡᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠭᠤᠷᠪᠠᠳᠤᠭ᠋ᠠᠷ ᠲᠠᠯᠠᠪᠤᠷ ᠬᠤᠷᠠᠯᠳᠤᠭᠤᠯᠵᠤ᠂ ᠥᠪᠥᠷ ᠮᠣᠩᠭᠣᠯ᠎ᠤᠨ ᠬᠢᠯᠢ ᠵᠢᠨ ᠬᠠᠮᠢᠶᠠᠷᠤᠯᠲᠠ ᠵᠢᠨ 2021 ᠣᠨ᠎ᠤ ᠠᠵᠢᠯ᠎ᠤᠨ ᠦᠷ᠎ᠡ ᠪᠦᠲᠦᠮᠵᠢ ᠵᠢ ᠵᠠᠷᠯᠠᠨ ᠮᠡᠳᠡᠭᠳᠡᠭᠰᠡᠨ ᠪᠥᠭᠡᠳ ᠲᠤᠬᠠᠶ ᠵᠢᠨ ᠲᠠᠯᠠᠪᠤᠷ᠎ᠲᠤ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠨᠠᠮ᠎ᠤᠨ ᠬᠣᠷᠢᠶᠠᠨ᠎ᠤ ᠭᠡᠰᠢᠭᠦᠨ᠂ ᠠᠯᠪᠠᠨ ᠬᠡᠷ᠎ᠤᠨ ᠡᠷᠬᠢᠯᠡᠭᠴᠢ᠂ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ ᠶᠠᠨ ᠷᠦᠢ ᠺᠠᠶ᠂ ᠬᠢᠯᠢ ᠵᠢᠨ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠰᠦᠨ ᠶᠠᠨ ᠵᠢᠶᠦ᠋ᠨ᠂ ᠤᠯᠤᠰ ᠲᠥᠷᠥ ᠵᠢᠨ ᠭᠠᠵᠠᠷ᠎ᠤᠨ ᠳᠡᠳ᠋ ᠡᠷᠬᠢᠯᠡᠭᠴᠢ ᠵᠠᠩ ᠮᠢᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠪᠠ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠣᠨᠢᠨ ᠮᠡᠳᠡᠭᠡ ᠤᠬᠠᠭᠤᠯᠬᠤ ᠭᠠᠵᠠᠷ᠎ᠤᠨ ᠳᠠᠷᠤᠭ᠎ᠠ ᠶᠠᠨ ᡁᠢ ᠵᠥᠩ ᠡᠷᠭᠢᠯᠡᠪᠡ᠃
2019 ᠣᠨ᠎ᠤ 1 ᠰᠠᠷ᠎ᠠ ᠵᠢᠨ 1᠎ᠤ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠥᠭᠡᠷᠡᠴᠢᠯᠡᠯᠲᠡ ᠬᠢᠵᠦ ᠴᠠᠭᠳᠠᠭ᠎ᠠ ᠵᠢᠨ ᠡᠩᠨᠡᠭᠡ᠎ᠳᠤ ᠬᠠᠷᠢᠶᠠᠯᠠᠭᠳᠠᠭᠰᠠᠨ᠎ᠠᠴᠠ ᠨᠠᠭ᠋ᠠᠰᠢ᠂ ᠪᠥᠬᠥ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠨᠠᠷ 《ᠳᠥᠷᠪᠡᠨ ᠤᠬᠠᠮᠰᠠᠷ》᠎ᠢ ᠪᠠᠲᠤ ᠪᠠᠬᠢ ᠪᠣᠶ ᠪᠣᠯᠭ᠋ᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠵᠥᠪ ᠣᠨᠣᠪᠴᠢᠲᠠᠶ ᠤᠳᠤᠷᠢᠳᠤᠯᠭ᠎ᠠ ᠵᠢᠨ ᠳᠣᠤᠷ᠎ᠠ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠬᠢᠯᠢ ᠵᠢᠨ ᠪᠣᠭᠣᠮᠲᠠ ᠬᠢᠯᠢ ᠵᠢ ᠬᠠᠮᠢᠶᠠᠷᠤᠨ ᠡᠵᠡᠮᠳᠡᠬᠦ᠂ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠵᠡᠷᠭᠡ ᠭᠣᠤᠯᠳᠠᠯᠭ᠎ᠠ᠎ᠲᠠᠢ ᠠᠵᠢᠯ᠎ᠳᠤ ᠢᠳᠡᠪᠬᠢᠲᠡᠶ ᠣᠷᠣᠯᠴᠠᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠠᠯ᠎ᠠ᠎ᠪᠠᠷ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠯᠠᠨ ᠤᠯᠤᠰ᠎ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ ᠴᠢᠩᠭ᠋ᠠᠳᠬᠠᠨ᠂ ᠰᠤᠳᠤᠯᠤᠨ ᠮᠠᠭ᠋ᠠᠳᠯᠠᠬᠤ ᠬᠤᠷᠠᠯ ᠬᠤᠷᠠᠯᠳᠤᠭᠤᠯᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠦᠭᠯᠡᠭᠦᠷ᠎ᠢ ᠨᠡᠶ᠋ᠢᠲᠡᠯᠡᠬᠦ᠂ ᠣᠷᠣᠰ ᠮᠣᠩᠭᠣᠯ᠎ᠤᠨ ᠬᠢᠯᠢ ᠵᠢᠨ ᠠᠭᠤᠯᠵᠠᠯᠲᠠ ᠬᠢᠬᠦ ᠪᠠ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠣᠭᠣᠮᠲᠠ ᠵᠢᠨ ᠭᠠᠳᠠᠨ᠎ᠠ᠎ᠠᠴᠠ ᠣᠷᠣᠭᠤᠯᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠨ ᠡᠯ᠎ᠡ ᠵᠦᠢ᠍ᠯ᠎ᠤᠨ ᠠᠵᠢᠯ᠎ᠢ ᠨᠠᠶ᠋ᠢᠳᠠᠪᠤᠷᠢᠵᠢᠭᠤᠯᠬᠤ ᠵᠢ ᠪᠠᠲᠤᠯᠠᠪᠠ᠃
ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠠᠯ᠎ᠠ᠎ᠪᠠᠷ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠢ ᠠᠩᠬᠢ ᠵᠢᠨ᠎ᠬᠢᠨ ᠤᠬᠠᠮᠰᠠᠷ᠎ᠠᠴᠠ᠎ᠪᠠᠨ ᠬᠢᠯᠢ ᠵᠢᠨ ᠬᠠᠮᠢᠶᠠᠷᠤᠯᠲᠠ ᠡᠵᠡᠮᠳᠡᠯ᠎ᠤᠨ ᠬᠠᠷᠢᠭᠤᠴᠠᠯᠭ᠎ᠠ ᠵᠢ ᠡᠭᠦᠷᠭᠡᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠂ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ ᠪᠣᠯᠤᠨ ᠡᠪᠦᠯ᠎ᠤᠨ ᠵᠡᠮᠳᠡᠭᠴᠦᠳ᠎ᠤᠨ ᠣᠯᠢᠮᠫᠢᠺ᠎ᠤᠨ ᠴᠤᠭᠯᠠᠭ᠋ᠠᠨ᠎ᠤ ᠠᠮᠤᠷ᠎ᠢ ᠬᠠᠮᠠᠭ᠋ᠠᠯᠠᠬᠤ᠎ᠪᠠᠷ ᠭᠣᠣᠯ ᠪᠣᠯᠭ᠋ᠠᠨ᠂ 《ᠥᠴᠦᠬᠡᠨ ᠴᠦ᠍ ᠠᠯᠳᠠᠰᠢ ᠪᠠᠢ᠌ᠬᠤ ᠦᠭᠡᠢ ᠮᠦᠷᠳᠡᠬᠡᠨ ᠨᠢᠭᠡ ᠴᠦ᠍ ᠠᠯᠳᠠᠭ᠎ᠠ ᠭᠠᠷᠭ᠋ᠠᠬᠤ ᠦᠭᠡᠢ》 ᠪᠠᠷᠢᠮᠵᠢᠶ᠎ᠠ ᠪᠣᠯᠤᠨ 《ᠨᠠᠷᠢᠨ ᠨᠢᠮᠪᠠᠢ᠂ ᠨᠠᠷᠢᠯᠢᠭ ᠰᠠᠢ᠌ᠨ᠂ ᠣᠬᠢ ᠪᠣᠯᠪᠠᠰᠤᠷᠠᠯ》 ᠰᠤᠷᠲᠠᠯ᠎ᠢ ᠪᠠᠷᠢᠮᠲᠠᠯᠠᠵᠤ᠂ ᠠᠮᠤᠷ᠎ᠢ ᠬᠠᠮᠠᠭ᠋ᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠠᠬᠢᠭᠤᠯᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠦᠨᠡᠨ ᠬᠦ᠌ ᠪᠡᠬᠢᠵᠢᠭᠦᠯᠪᠡ᠃
ᠴᠠᠭᠳᠠᠭ᠋ᠠᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠴᠠ ᠵᠢᠨ ᠲᠠᠯ᠎ᠠ᠎ᠪᠠᠷ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ᠎ᠬᠢᠨ ᠠᠵᠢᠯ᠎ᠤᠨ ᠵᠠᠭᠪᠤᠷ ᠪᠣᠯᠤᠨ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠴᠢᠬᠤᠯᠠ ᠪᠦᠬᠦᠢ ᠪᠠᠢ᠍ᠢ᠍ᠩᠭᠤᠵᠢᠬᠰᠠᠨ ᠠᠵᠢᠯ᠎ᠢ ᠥᠷᠨᠢᠭᠦᠯᠬᠦ᠎ᠠᠴᠠ ᠭᠠᠳᠠᠨ᠎ᠠ᠂ 《 ᠲᠠᠲᠠᠵᠤ ᠡᠯᠭᠦᠬᠦ》᠂ 《ᠳᠡᠭᠦᠵᠢᠯᠡᠨ ᠤᠭᠰᠠᠷᠠᠬᠤ》᠂ 《ᠰᠣᠯᠢᠵᠤ ᠰᠠᠭᠤᠬᠤ》᠂ 《ᠬᠠᠷᠢᠯᠴᠠᠨ ᠦᠯᠦ ᠭᠠᠷᠬᠤ᠂ ᠪᠢᠲᠡᠭᠦᠮᠵᠢᠯᠡᠬᠦ ᠬᠠᠭᠤᠳᠠᠰᠤ ᠵᠢ ᠬᠠᠷᠢᠯᠴᠠᠨ ᠮᠡᠳᠡᠷᠡᠬᠦ》᠂ 《 ᠰᠣᠷᠢᠨᠵᠢᠨᠲᠤ ᠪᠢᠲᠡᠭᠦᠮᠵᠢ》 ᠵᠡᠷᠭᠡ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠨ ᠰᠢᠯᠭ᠋ᠠᠬᠤ ᠦᠯᠦ ᠬᠦᠷᠦᠯᠴᠡᠬᠦ ᠬᠡᠯᠪᠡᠷᠢ ᠵᠢᠨ ᠵᠠᠭᠪᠤᠷ᠎ᠢ ᠬᠡᠷᠡᠭᠵᠢᠭᠦᠯᠵᠦ᠂ 46.1 ᠲᠦᠮᠡᠨ ᠬᠥᠮᠦᠨ ᠤᠳᠠᠭ᠎ᠠ ᠵᠢᠨ ᠠᠴᠢᠶ᠎ᠠ ᠲᠡᠭᠡᠭᠡᠪᠦᠷᠢ ᠵᠢᠨ ᠠᠵᠢᠯᠳᠠᠨ᠂ 31 ᠲᠦᠮᠡᠨ ᠤᠳᠠᠭ᠎ᠠ ᠪᠠᠷᠠᠭ᠎ᠠ ᠳᠡᠭᠡᠭᠡᠪᠦᠷᠢᠯᠡᠯᠲᠡ ᠵᠢᠨ ᠮᠠᠰᠢᠨ ᠲᠡᠷᠭᠡ᠂ 6000 ᠭᠠᠷᠤᠢ ᠤᠳᠠᠭ᠎ᠠ ᠵᠢᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ᠎ᠳᠤ ᠪᠣᠭᠣᠮᠲᠠ ᠥᠩᠭᠡᠷᠡᠬᠦ ᠳᠥᠭᠥᠮ ᠳᠥᠲᠡ ᠦᠢ᠍ᠯᠡᠴᠢᠯᠡᠭᠡ ᠬᠠᠩᠭ᠋ᠠᠵᠤ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠪᠦᠬᠦ ᠪᠥᠮᠪᠥᠷᠴᠡᠭ᠎ᠤᠨ ᠬᠢᠵᠢᠭ ᠳᠡᠯᠭᠡᠷᠡᠭᠰᠡᠨ ᠠᠬᠤᠢ ᠪᠠᠶ᠋ᠢᠳᠠᠯ ᠳᠣᠣᠷ᠎ᠠ ᠰᠥᠷᠭᠡᠦ ᠨᠡᠮᠡᠭᠳᠡᠯ᠎ᠢ 16% ᠰᠢᠬᠠᠮ ᠵᠶ᠋ᠠᠷ ᠨᠡᠮᠡᠭᠳᠡᠭᠦᠯᠬᠦ᠎ᠳᠤ ᠬᠦᠴᠦᠨ ᠨᠡᠮᠡᠷᠢᠯᠡᠪᠡ᠃ ᠡᠭᠦᠨ᠎ᠠᠴᠠ ᠭᠠᠳᠠᠨ᠎ᠠ᠂ ᠪᠣᠭᠣᠮᠲᠠ ᠵᠢᠨ ᠴᠢᠳᠠᠮᠵᠢ ᠵᠢ ᠥᠷᠭᠡᠳᠬᠡᠨ ᠲᠠᠰ ᠳᠡᠪᠰᠢᠭᠦᠯᠬᠦ ᠵᠢ ᠢᠳᠡᠪᠬᠢᠲᠡᠶ ᠳᠡᠮᠵᠢᠵᠦ᠂ ᠨᠡᠶ᠋ᠢᠰᠯᠡᠯ᠎ᠤᠨ ᠨᠢᠰᠬᠡᠯ᠎ᠤᠨ ᠪᠠᠭᠤᠳᠠᠯ᠎ᠤᠨ ᠰᠠᠯᠪᠤᠷᠢ ᠡᠭᠡᠯᠵᠢ ᠵᠢᠨ ᠨᠢᠰᠬᠡᠯ᠎ᠤᠨ ᠦᠢ᠍ᠯᠡᠴᠢᠯᠡᠭᠡ ᠵᠢ ᠥᠨᠳᠥᠷ ᠪᠠᠷᠢᠮᠵᠢᠶ᠎ᠠ᠎ᠪᠠᠷ ᠪᠠᠲᠤᠯᠠᠵᠤ᠂ ᠰᠠᠭ᠋ᠠᠳ ᠥᠬᠡᠶ ᠨᠡᠪᠲᠡᠷᠡᠬᠦ ᠵᠠᠮ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠦᠨ᠂ ᠤᠯᠤᠰ ᠲᠥᠷᠥ᠂ ᠠᠵᠤ ᠠᠬᠤᠶ ᠠᠷᠠᠯᠵᠢᠶᠠᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠪᠠᠲᠤᠯᠠᠪᠠ᠃
ᠡᠩᠨᠡᠭᠡᠨ᠎ᠤ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠭᠤᠯᠤᠯᠲᠠ ᠵᠢᠨ ᠲᠠᠯ᠎ᠠ᠎ᠪᠠᠷ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ᠎ᠬᠢᠨ ᠤᠯᠤᠰ ᠲᠥᠷᠥ᠎ᠪᠠᠷ ᠴᠠᠭᠳᠠᠭ᠎ᠠ ᠪᠠᠶ᠋ᠢᠭᠤᠯᠵᠤ ᠪᠦᠬᠦ ᠲᠠᠯ᠎ᠠ᠎ᠪᠠᠷ ᠴᠠᠭᠳᠠᠭ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠪᠣᠳᠠᠲᠠᠶ ᠠᠳᠬᠤᠵᠤ᠂ ᠤᠨᠤᠯ᠎ᠤᠨ ᠭᠣᠣᠯ ᠳᠤᠭᠤᠶ᠋ᠢᠯᠠᠩ᠎ᠤᠨ
《ᠪᠢᠴᠢᠯ ᠬᠢᠴᠢᠶᠡᠯ᠎ᠤᠨ ᠲᠠᠩᠬᠢᠮ》᠂ 《ᠲᠠᠨᠢᠯᠴᠠᠭᠤᠯᠤᠨ ᠤᠩᠰᠢᠭᠤᠯᠵᠤ ᠬᠤᠪᠢᠶᠠᠨ ᠡᠳ᠋ᠯᠡᠬᠦ》᠂ 《ᠲᠣᠭᠣᠷᠢᠨ ᠪᠠᠶ᠋ᠢᠴᠠᠭ᠋ᠠᠵᠤ ᠰᠤᠯᠠ ᠰᠣᠨᠣᠰᠬᠤ》᠂
《ᠸᠢᠳᠢᠣ᠋᠎ᠪᠠᠷ ᠰᠢᠯᠵᠢᠭᠦᠯᠦᠨ ᠦᠵᠡᠬᠦ》 ᠳᠦᠷᠪᠡᠨ ᠵᠦᠢ᠍ᠯ᠎ᠤᠨ ᠰᠤᠷᠤᠯᠴᠠᠬᠤ ᠳᠦᠷᠢᠮ᠎ᠢ ᠰᠢᠨ᠎ᠡ ᠵᠢ ᠡᠭᠦᠳᠴᠦ ᠬᠡᠷᠡᠭᠵᠢᠭᠦᠯᠪᠡ᠃ 《ᠨᠠᠮ᠎ᠤᠨ ᠬᠣᠷᠢᠶᠠᠨ᠎ᠤ ᠡᠮᠦᠨ᠎ᠡ ᠹᠷᠣᠨᠲ᠎ᠤᠨ ᠠᠵᠢᠯᠯᠠᠬᠤ ᠠᠷᠭ᠎ᠠ》 ᠵᠢ ᠰᠢᠨ᠎ᠡ᠎ᠪᠠᠷ ᠡᠭᠦᠳᠦᠨ ᠨᠡᠶ᠋ᠢᠲᠡᠯᠡᠵᠦ ᠪᠦᠬᠦ ᠴᠠᠭᠳᠠᠭ᠎ᠠ ᠵᠢᠨ ᠪᠣᠳᠠᠲᠤ ᠪᠠᠶ᠋ᠢᠯᠳᠤᠭ᠋ᠠᠨ᠎ᠳᠤ ᠬᠠᠪᠢᠳᠠᠭᠤᠯᠤᠭᠰᠠᠨ ᠪᠣᠯᠪᠠᠰᠤᠷᠠᠯ᠎ᠤᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠴᠠᠭᠳᠠᠭ᠎ᠠ ᠵᠢ ᠳᠤᠯᠠᠭ᠋ᠠᠯᠠᠵᠤ ᠴᠠᠭᠳᠠᠭ᠎ᠠ ᠵᠢ ᠬᠠᠶ᠋ᠢᠷᠠᠯᠠᠬᠤ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠢᠯᠠᠩᠭᠤᠶ᠎ᠠ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢᠨ ᠲᠠᠯ᠎ᠠ᠎ᠪᠠᠷ᠂ ᠲᠤᠬᠠᠶ ᠵᠢᠨ ᠲᠠᠯᠠᠪᠤᠷ᠎ᠤᠨ ᠠᠬᠢᠭᠤᠯᠬᠤ ᠬᠤᠷᠠᠯ ᠬᠤᠷᠠᠯᠳᠤᠭᠤᠯᠬᠤ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠬᠢᠨᠠᠨ ᠰᠢᠯᠭ᠋ᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠂ ᠬᠢᠯᠢ ᠵᠢᠨ ᠪᠣᠭᠣᠮᠲᠠ ᠵᠢᠨ ᠪᠣᠰᠣᠭ᠎ᠠ ᠴᠣᠭᠴᠠᠲᠤ ᠡᠭᠦᠷᠭᠡ ᠴᠢᠳᠠᠪᠤᠷᠢ ᠵᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠲᠥᠯᠥᠪᠵᠢᠭᠦᠯᠭᠡ ᠵᠢ ᠲᠣᠭᠲᠠᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢ 《ᠳᠥᠷᠪᠡᠨ ᠣᠳᠣᠬᠢᠴᠢᠯᠠᠯᠲᠠ》 ᠵᠢᠨ ᠪᠠᠶ᠋ᠢᠭᠤᠯᠤᠯᠲᠠ᠂ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠯ᠂ ᠴᠠᠭᠳᠠᠭ᠋ᠠᠨ᠎ᠤ ᠶᠠᠪᠤᠳᠠᠯ᠎ᠤᠨ ᠠᠵᠢᠯ ᠵᠡᠷᠭᠡ ᠲᠠᠯ᠎ᠠ᠎ᠪᠠᠷ ᠶᠡᠬᠡᠬᠡᠨ ᠳᠠᠪᠰᠢᠯᠲᠠ᠎ᠲᠠᠢ ᠪᠣᠯᠭ᠋ᠠᠪᠠ᠃
ᠲᠤᠬᠠᠶ ᠵᠢᠨ ᠲᠠᠯᠠᠪᠤᠷ᠎ᠤᠨ ᠠᠰᠠᠭᠤᠯᠲᠠ ᠵᠢᠨ ᠭᠣᠭᠴᠣᠭ᠎ᠠ᠎ᠳᠤ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠢᠯᠢ ᠬᠢᠵᠠᠭ᠋ᠠᠷ ᠣᠷᠣᠨ᠎ᠤ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ 《ᠭᠠᠳᠠᠭ᠋ᠠᠳᠤ᠎ᠠᠴᠠ ᠣᠷᠣᠭᠤᠯᠬᠤ ᠵᠢ ᠰᠡᠷᠭᠡᠶ᠋ᠢᠯᠡᠬᠦ》 ᠠᠵᠢᠯ᠎ᠢ ᠰᠠᠶ᠋ᠢᠲᠤᠷ ᠬᠢᠬᠦ᠂ ᠪᠣᠭᠣᠮᠲᠠ᠎ᠪᠠᠷ ᠥᠩᠭᠡᠷᠡᠬᠦ ᠵᠢ ᠪᠠᠲᠤᠯᠠᠬᠤ ᠪᠠ ᠣᠯᠠᠨ ᠲᠦᠮᠡᠨ᠎ᠳᠤ ᠪᠣᠳᠠᠲᠠᠶ ᠶᠠᠪᠤᠳᠠᠯ ᠬᠢᠵᠦ ᠥᠭᠬᠦ᠂ ᠦᠨᠳᠦᠰᠦᠨ ᠱᠠᠲᠤᠨ᠎ᠳᠤ ᠪᠣᠳᠠᠲᠠᠶ ᠶᠠᠪᠤᠳᠠᠯ ᠬᠢᠵᠦ ᠥᠭᠬᠦ ᠵᠡᠷᠭᠡ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃