ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠣᠷᠳᠣᠰ ᠬᠣᠲᠠ᠎ᠳᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ ᠡᠲᠡᠭᠡᠷ ᠠᠭᠤᠯᠭ᠎ᠠ ᠵᠢ ᠮᠡᠳᠡᠭᠳᠡᠪᠡ
ᠨᠡᠶ᠋ᠢᠲᠡᠯᠡᠭᠰᠡᠨ ᠴᠠᠭ᠄ 2022-05-13

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ

          ᠣᠷᠳᠣᠰ ᠬᠣᠲᠠ᠎ᠳᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ ᠡᠲᠡᠭᠡᠷ ᠠᠭᠤᠯᠭ᠎ᠠ ᠵᠢ ᠮᠡᠳᠡᠭᠳᠡᠪᠡ
   
       ᠤᠢ᠌ᠷ᠎ᠠ ᠵᠢᠨ ᠡᠳᠦᠷ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠣᠷᠳᠣᠰ᠎ᠲᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢᠴᠢ ᠲᠣᠮᠣ ᠳ᠋ᠠᠶ᠋ᠢᠲ᠋ᠠ ᠵᠢᠨ ᠪᠥᠲᠥᠭᠡᠨ ᠪᠠᠶ᠋ᠢᠭᠤᠯᠤᠯᠲᠠ᠂ ᠦᠨᠳᠦᠰᠦᠨ ᠱᠠᠲᠤᠨ᠎ᠤ ᠰᠠᠭᠤᠷᠢ ᠪᠠᠷᠢᠮᠵᠢᠶᠠᠵᠢᠭᠤᠯᠤᠯᠲᠠ ᠵᠢᠨ ᠠᠵᠢᠯ᠎ᠢ ᠠᠬᠢᠭᠤᠯᠬᠤ ᠲᠤᠬᠠᠶ ᠵᠢᠨ ᠲᠠᠯᠠᠪᠤᠷ᠎ᠤᠨ ᠬᠤᠷᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ᠃ ᠲᠤᠬᠠᠶ ᠵᠢᠨ ᠲᠠᠯᠠᠪᠤᠷ᠎ᠤᠨ ᠬᠤᠷᠠᠯ᠎ᠤᠨ ᠪᠦᠬᠦᠯᠢ ᠴᠣᠭᠴᠠ ᠵᠢᠨ ᠪᠠᠶ᠋ᠢᠳᠠᠯ ᠵᠢᠴᠢ ᠣᠶ᠋ᠢᠷ᠎ᠠ ᠵᠢᠨ ᠵᠢᠯ᠎ᠤᠳ᠎ᠲᠤ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠳᠤᠮᠳᠠ ᠣᠯᠤᠭᠰᠠᠨ ᠦᠷ᠎ᠡ ᠪᠦᠲᠦᠮᠵᠢ ᠵᠢ ᠵᠠᠷᠯᠠᠨ ᠮᠡᠳᠡᠭᠳᠡᠪᠡ᠃
    ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢᠴᠢ ᠲᠣᠮᠣ ᠳ᠋ᠠᠶ᠋ᠢᠲ᠋ᠠ ᠵᠢᠨ ᠪᠥᠲᠥᠭᠡᠨ ᠪᠠᠶ᠋ᠢᠭᠤᠯᠤᠯᠲᠠ᠂ ᠦᠨᠳᠦᠰᠦᠨ ᠱᠠᠲᠤᠨ᠎ᠤ ᠰᠠᠭᠤᠷᠢ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠲᠤᠬᠠᠶ ᠵᠢᠨ ᠲᠠᠯᠠᠪᠤᠷ᠎ᠤᠨ ᠬᠤᠷᠠᠯ᠎ᠤᠨ ᠬᠠᠮᠢᠶ᠎ᠠ ᠪᠥᠬᠥᠶ ᠪᠠᠶ᠋ᠢᠳᠠᠯ᠎ᠢ ᠲᠠᠨᠢᠯᠴᠠᠭᠤᠯᠪᠠ᠃ ᠬᠤᠷᠠᠯ᠎ᠨᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》᠂ ᠲᠣᠮᠣ ᠳ᠋ᠠᠶ᠋ᠢᠲ᠋ᠠ᠂ ᠦᠨᠳᠦᠰᠦᠨ ᠱᠠᠲᠤᠨ᠎ᠤ ᠰᠠᠭᠤᠷᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠨᠠᠩ ᠥᠨᠳᠥᠷ ᠲᠠᠰ ᠳᠠᠪᠬᠤᠷᠭ᠎ᠠ᠂ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠠᠷᠠᠭ᠋ᠠᠰᠤ ᠵᠢᠨ ᠲᠥᠯᠥᠪᠵᠢᠭᠦᠯᠭᠡ ᠪᠣᠯᠤᠨ᠎ᠠ᠂ ᠭᠤᠷᠪᠠᠨ ᠵᠦᠢ᠍ᠯ᠎ᠤᠨ ᠠᠵᠢᠯ᠎ᠨᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠴᠢᠬᠤᠯᠠ ᠰᠠᠭᠤᠷᠢ ᠵᠢ ᠬᠠᠮᠲᠤ᠎ᠪᠠᠷ ᠪᠦᠷᠢᠯᠳᠦᠭᠦᠯᠪᠡ᠃ ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠤᠮᠤ ᠳ᠋ᠠᠶ᠋ᠢᠲ᠋ᠠ᠂ ᠦᠨᠳᠦᠰᠦᠨ ᠱᠠᠲᠤᠨ᠎ᠤ ᠰᠠᠭᠤᠷᠢ ᠵᠡᠷᠭᠡ ᠴᠢᠬᠤᠯᠠ ᠬᠦᠷᠢᠶ᠎ᠡ ᠴᠠᠷ ᠪᠣᠯᠤᠨ ᠵᠠᠩᠭᠢᠯᠠᠭ᠎ᠠ ᠵᠢᠨ ᠭᠣᠭᠴᠣᠭ᠎ᠠ᠎ᠳᠤ ᠨᠢᠭᠡ ᠪᠦᠯᠦᠭ 《ᠬᠠᠭᠤᠴᠢᠨ ᠬᠦᠴᠢᠷ》 ᠳᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠠᠢ᠃ ᠬᠦᠴᠢᠷ᠎ᠢ ᠲᠤᠭᠤᠯᠤᠨ ᠨᠢᠭᠡ ᠪᠦᠯᠦᠭ 《ᠪᠡᠷᠬᠡ ᠠᠰᠠᠭᠤᠳᠠᠯ》᠎ᠤᠨ ᠵᠠᠩᠭᠢᠯᠠᠭ᠎ᠠ ᠵᠢᠨ ᠡᠭᠦᠷᠭᠡ ᠵᠢ ᠪᠡᠶᠡᠯᠡᠭᠦᠯᠵᠦ᠂ ᠨᠢᠭᠡ ᠪᠦᠯᠦᠭ 《ᠤᠯᠠᠨ ᠲᠦᠮᠡᠨ᠎ᠲᠠᠢ ᠤᠢ᠍ᠢ᠍ᠷᠠᠳᠤᠭᠰᠠᠨ ᠪᠠᠶ᠋ᠢᠳᠠᠯ》᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠵᠦ᠂ ᠤᠯᠠᠨ ᠲᠦᠮᠡᠨ᠎ᠤ ᠰᠠᠢ᠍ᠢ᠍ᠨ ᠦᠨᠡᠯᠡᠯᠲᠡ ᠵᠢ ᠣᠯᠤᠭᠰᠠᠨ ᠪᠣᠯᠪᠠᠴᠤ ᠪᠠᠰᠠ ᠠᠳᠠᠯᠢ ᠪᠤᠰᠤ ᠬᠡᠮᠵᠢᠶᠡᠨ᠎ᠤ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶ᠋ᠢᠨ᠎ᠠ᠂ ᠬᠤᠷᠠᠯ᠎ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠤᠢ᠍ᠢ᠍ᠯᠠᠭ᠋ᠠᠨ ᠣᠨᠣᠪᠴᠢᠲᠠᠢ ᠡᠵᠡᠮᠰᠢᠵᠦ᠂ ᠲᠢᠩᠬᠢᠮ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃
    ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠥᠭᠡᠷᠡᠴᠢᠯᠡᠯᠲᠡ ᠵᠢᠨ ᠠᠯᠪᠠᠨ ᠭᠡᠷ᠎ᠤᠨ ᠳᠡᠳ᠋ ᠡᠷᠬᠢᠯᠡᠭᠴᠢ ᠳ᠋ᠦᠩ ᠶᠦᠩ ᠭᠠᠩ᠎ᠠᠴᠠ᠂ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠤᠨ ᠲᠠᠯ᠎ᠠ᠎ᠪᠠᠷ ᠣᠯᠠᠨ ᠵᠦᠢ᠍ᠯ᠎ᠤᠨ ᠰᠢᠪᠲᠤᠯᠤᠯᠲᠠ᠎ᠲᠠᠢ ᠪᠣᠯᠵᠣ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠲᠠᠯ᠎ᠠ᠎ᠪᠠᠷ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 306 ᠵᠦᠢ᠍ᠯ᠎ᠤᠨ ᠰᠢᠨ᠎ᠡ ᠭᠠᠷᠴᠠᠭ᠂ ᠬᠡᠷᠡᠭ ᠭᠦᠢ᠍ᠴᠡᠳᠭᠡᠬᠦ ᠵᠦᠭᠯᠡᠭᠦᠷ ᠪᠠ ᠠᠵᠢᠯ᠎ᠤᠨ ᠴᠤᠪᠤᠷᠠᠯ᠎ᠢ ᠨᠠᠶ᠋ᠢᠷᠠᠭᠤᠯᠤᠨ ᠵᠣᠬᠢᠶᠠᠵᠤ᠂ 5 ᠲᠥᠷᠥᠯ᠎ᠤᠨ ᠡᠷᠦᠬᠡ ᠠᠮᠠ ᠰᠢᠯᠵᠢᠭᠦᠯᠬᠦ᠂ ᠡᠷᠦᠬᠡ ᠠᠮᠠ ᠵᠢᠨ ᠭᠡᠷᠡᠴᠢ ᠵᠢ ᠪᠢᠴᠢᠵᠦ ᠥᠭᠬᠦ᠂ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠵᠢ ᠪᠢᠴᠢᠵᠦ ᠥᠭᠬᠦ᠎ᠳᠤ 《ᠮᠤᠵᠢ ᠠᠯᠤᠰᠯᠠᠨ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠵᠦ᠂ ᠡᠯ᠎ᠡ ᠠᠶ᠋ᠢᠮᠠᠭ ᠬᠣᠲᠠ ᠵᠢᠨ ᠣᠯᠠᠨ ᠵᠦᠢ᠍ᠯ᠎ᠤᠨ ᠬᠡᠷᠡᠭ ᠶᠠᠪᠤᠳᠠᠯ᠎ᠢ ᠪᠥᠬᠥ ᠬᠣᠲᠠ᠎ᠳᠤ ᠨᠡᠶ᠋ᠢᠳᠡᠮ ᠭᠦᠢ᠍ᠴᠡᠳᠭᠡᠬᠦ ᠵᠢ ᠪᠡᠶᠡᠯᠡᠭᠦᠯᠪᠡ; ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢᠨ ᠶᠠᠰᠤ ᠴᠢᠨᠠᠷ ᠦᠷ᠎ᠡ ᠪᠦᠲᠦᠮᠵᠢ ᠵᠢᠨ ᠲᠠᠯ᠎ᠠ᠎ᠪᠠᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠢᠴᠢ 12 ᠠᠶ᠋ᠢᠮᠠᠭ ᠬᠣᠲᠠ᠎ᠳᠤ 《ᠢᠨᠲᠸᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠲᠠᠪᠴᠠᠩ ᠪᠠᠶ᠋ᠢᠭᠤᠯᠵᠤ᠂ 《ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ》 APP ᠵᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ 287 ᠵᠦᠢ᠍ᠯ᠎ᠤᠨ ᠵᠦᠢ᠍ᠯᠡᠰ᠎ᠢ 《ᠠᠯᠠᠭ᠋ᠠᠨ ᠳᠡᠭᠡᠷ᠎ᠡ᠎ᠪᠠᠨ ᠭᠦᠢ᠍ᠴᠡᠳᠭᠡᠬᠦ》 ᠵᠢ ᠪᠡᠶᠡᠯᠡᠭᠦᠯᠵᠦ᠂ ᠬᠢᠯᠢ᠎ᠪᠠᠷ ᠣᠷᠤᠬᠤ ᠭᠠᠷᠬᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠪᠠ ᠡᠷᠦᠬᠡ ᠠᠮᠠ ᠵᠢᠨ ᠬᠠᠷᠢᠶ᠎ᠠ ᠵᠢᠨ ᠪᠡᠶ᠎ᠡ ᠵᠢᠨ ᠦᠨᠡᠮᠯᠡᠯ᠎ᠢ ᠭᠦᠢ᠍ᠴᠡᠳᠭᠡᠬᠦ᠎ᠳᠤ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠡᠯᠧᠺᠲᠷᠣᠨ ᠵᠶ᠋ᠠᠷ ᠰᠦᠢ᠍ᠳᠭᠡᠯ ᠲᠤᠰᠢᠶᠠᠬᠤ ᠵᠢ ᠪᠡᠶᠡᠯᠡᠭᠦᠯᠪᠡ; ᠰᠦᠯᠵᠢᠶᠡᠨ᠎ᠠᠴᠠ ᠭᠠᠳᠠᠨᠠᠬᠢ ᠦᠢ᠍ᠯᠡᠴᠢᠯᠡᠭᠡᠨ᠎ᠤ ᠲᠠᠯ᠎ᠠ᠎ᠪᠠᠷ᠂ ᠲᠢᠩᠬᠢᠮ᠎ᠤᠨ ᠲᠣᠰ ᠱᠠᠲᠤᠨ᠎ᠤ 100% ᠵᠢᠨ ᠵᠦᠢ᠍ᠯᠡᠰ ᠵᠢᠴᠢ ᠠᠶ᠋ᠢᠮᠠᠭ ᠬᠣᠲᠠ᠂ ᠬᠣᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ 99% ᠵᠢᠨ ᠵᠦᠢ᠍ᠯᠡᠰ᠎ᠢ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠣᠷᠣᠭᠤᠯᠤᠨ ᠰᠠᠭᠤᠯᠭ᠋ᠠᠵᠤ᠂ ᠬᠡᠰᠡᠭ ᠵᠦᠢ᠍ᠯᠡᠰ᠎ᠢ 《ᠨᠢᠭᠡ ᠴᠣᠩᠬᠣ᠎ᠪᠠᠷ ᠨᠡᠶ᠋ᠢᠳᠡᠮ ᠰᠢᠢ᠍ᠳᠪᠦᠷᠢᠯᠡᠬᠦ》 ᠵᠢ ᠪᠡᠶᠡᠯᠡᠭᠦᠯᠵᠦ᠂ 237 ᠵᠦᠢ᠍ᠯᠡᠰ᠎ᠢ 《ᠨᠢᠭᠡ ᠯᠡ ᠤᠳᠠᠭ᠎ᠠ ᠭᠦᠶᠦᠯᠭᠡᠬᠦ》 ᠵᠢ ᠪᠡᠶᠡᠯᠡᠭᠦᠯᠵᠦ᠂ 《ᠨᠢᠭᠡ ᠯᠡ ᠥᠷᠲᠡᠭᠡᠨ᠎ᠤ ᠮᠠᠶᠢᠭ》᠎ᠤᠨ ᠲᠣᠮᠢᠯᠠᠭᠰᠠᠨ ᠰᠠᠯᠪᠤᠷᠢ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭᠪᠤᠷ᠎ᠢ ᠡᠮᠬᠢ ᠵᠢᠷᠤᠮ᠎ᠲᠠᠢ ᠠᠬᠢᠭᠤᠯᠵᠤ᠂ ᠣᠯᠠᠨ ᠲᠦᠮᠡᠨ᠎ᠳᠤ ᠪᠦᠬᠦᠯᠢ ᠡᠳᠦᠷ᠎ᠤᠨ 7 × 24 ᠴᠠᠭ᠎ᠤᠨ 《ᠡᠭᠦᠳᠡ᠎ᠪᠠᠨ ᠬᠠᠭ᠋ᠠᠬᠤ ᠥᠬᠡᠶ ᠦᠢ᠍ᠯᠡᠴᠢᠯᠡᠭᠡ》 ᠬᠠᠩᠭ᠋ᠠᠪᠠ; ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠨᠡᠶ᠋ᠢᠲᠡᠯᠡᠬᠦ ᠲᠠᠯ᠎ᠠ᠎ᠪᠠᠷ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ 28 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠬᠠᠮᠲᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢ ᠳᠠᠶ᠋ᠢᠴᠢᠯᠠᠵᠤ ᠪᠠᠶ᠋ᠢᠭ᠋ᠠᠳ ᠨᠡᠶ᠋ᠢᠲᠡ 726 ᠵᠤᠷᠪᠤᠰ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠪᠡ; ᠠᠵᠢᠯ᠎ᠤᠨ ᠲᠣᠭᠲᠠᠴᠠ ᠪᠠ ᠦᠢ᠍ᠯᠡᠴᠢᠯᠡᠭᠡᠨ᠎ᠤ ᠠᠴᠢᠶᠠᠯᠠᠪᠤᠷᠢ ᠵᠢᠨ ᠲᠠᠯ᠎ᠠ᠎ᠪᠠᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠮᠣ ᠳ᠋ᠠᠶ᠋ᠢᠲ᠋ᠠ ᠵᠢ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ ᠬᠠᠮᠵᠢᠯᠴᠠᠭ᠋ᠠᠨ᠎ᠤ ᠰᠢᠨ᠎ᠡ ᠲᠣᠭᠲᠠᠴᠠ᠂ 《ᠲᠢᠩᠬᠢᠮ ᠲᠣᠪᠴᠢᠶ᠎ᠠ ᠵᠢ ᠬᠠᠮᠲᠤ᠎ᠪᠠᠷ ᠪᠠᠶ᠋ᠢᠭᠤᠯᠬᠤ》 ᠲᠣᠭᠲᠠᠴᠠ ᠵᠢᠴᠢ 《24 ᠴᠠᠭ᠎ᠤᠨ ᠴᠠᠭᠳᠠᠭ᠋ᠠᠨ᠎ᠤ ᠲᠣᠪᠴᠢᠶ᠎ᠠ》 ᠵᠢᠨ ᠰᠢᠨ᠎ᠡ ᠵᠢ ᠡᠭᠦᠳᠪᠡ᠃ ᠠᠯᠢ ᠣᠯᠠᠨ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ᠎ᠨᠢ ᠣᠯᠠᠨ ᠲᠦᠮᠡᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠵᠢᠨ ᠪᠡᠷᠬᠡ ᠠᠰᠠᠭᠤᠳᠠᠯ᠂ ᠬᠦᠴᠢᠷ ᠠᠰᠠᠭᠤᠳᠠᠯ᠂ ᠡᠪᠡᠷᠰᠢᠶᠡᠯ᠎ᠢ ᠦᠨᠡᠨ ᠬᠦ᠌ ᠨᠡᠪᠲᠡᠷᠡᠭᠦᠯᠵᠦ᠂ ᠣᠯᠠᠨ ᠲᠦᠮᠡᠨ᠎ᠤ ᠰᠠᠶ᠋ᠢᠨ ᠦᠨᠡᠯᠡᠯᠲᠡ ᠵᠢ ᠣᠯᠤᠭᠰᠠᠨ ᠪᠠᠢ᠌ᠨ᠎ᠠ ᠭᠡᠵᠦ ᠨᠡᠢ᠌ᠳᠡᠯᠡᠪᠡ᠃
    ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠤᠯᠤᠰ ᠲᠥᠷᠦ ᠵᠢᠨ ᠬᠡᠰᠢᠭᠦᠨ ᠵᠠᠩ ᠸᠸᠨ ᠭ᠋ᠸ᠎ᠠᠴᠠ᠂ ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠲᠣᠮᠢᠯᠠᠭᠰᠠᠨ ᠰᠠᠯᠪᠤᠷᠢ᠎ᠪᠠᠷ ᠭᠣᠣᠯᠳᠠᠯᠭ᠎ᠠ ᠪᠣᠯᠭ᠋ᠠᠭᠰᠠᠨ ᠦᠨᠳᠦᠰᠦᠨ ᠱᠠᠲᠤᠨ᠎ᠤ ᠰᠠᠭᠤᠷᠢ ᠠᠵᠢᠯ᠎ᠢ ᠲᠠᠰᠤᠷᠠᠯᠲᠠ ᠦᠭᠡᠶ ᠴᠢᠩᠭ᠋ᠠᠳᠬᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠶ᠋ᠢᠯᠡᠨ ᠡᠵᠡᠮᠳᠡᠬᠦ ᠬᠢᠷᠢ ᠲᠦᠪᠰᠢᠨ᠎ᠢ ᠬᠦᠴᠦᠲᠡᠶ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠪᠦᠲᠦᠮᠵᠢᠲᠡᠶ ᠠᠬᠢᠭᠤᠯᠵᠤ᠂ ᠢᠯᠠᠩᠭᠤᠶ᠎ᠠ ᠦᠨᠳᠦᠰᠦᠨ ᠱᠠᠲᠤᠨ᠎ᠤ ᠪᠣᠳᠠᠲᠤ ᠬᠦᠴᠦᠨ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠠᠭᠤᠷᠢ ᠠᠵᠢᠯ᠎ᠤᠨ ᠰᠠᠭᠤᠷᠢ ᠵᠢ ᠪᠡᠬᠢᠵᠢᠭᠦᠯᠵᠦ᠂ ᠭᠣᠤᠯᠳᠠᠯᠭ᠎ᠠ ᠵᠢ ᠳᠣᠷᠣᠭᠰᠢ ᠰᠢᠯᠵᠢᠭᠦᠯᠬᠦ᠂ ᠴᠠᠭᠳᠠᠭ᠋ᠠᠨ᠎ᠤ ᠬᠦᠴᠦᠨ᠎ᠢ ᠳᠣᠷᠣᠭᠰᠢ ᠪᠠᠭᠤᠯᠭ᠋ᠠᠬᠤ᠂ ᠪᠠᠲᠤᠯᠠᠭ᠎ᠠ ᠵᠢ ᠳᠣᠷᠣᠭᠰᠢ ᠬᠡᠯᠪᠡᠶ᠋ᠢᠯᠭᠡᠬᠦ ᠵᠢ ᠪᠠᠷᠢᠮᠲᠠᠯᠠᠨ᠂ ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠬᠢᠭᠤᠯᠬᠤ ᠢᠨᠵᠧᠨᠧᠷᠢᠩ ᠪᠠ ᠪᠠᠶ᠋ᠢᠭᠤᠯᠭ᠎ᠠ ᠵᠢᠨ ᠴᠠᠭᠳᠠᠭ᠋ᠠᠨ᠎ᠤ ᠬᠦᠴᠦᠨ ᠵᠶ᠋ᠠᠷ ᠦᠨᠳᠦᠰᠦᠨ ᠱᠠᠲᠤ ᠵᠢ ᠳᠡᠮᠵᠢᠬᠦ 《ᠲᠠᠪᠤᠨ ᠵᠢᠯ᠎ᠳᠤ ᠭᠤᠷᠪᠠᠨ ᠪᠦᠯᠦᠭ ᠨᠢᠭᠡ ᠲᠦᠮᠡᠨ ᠬᠥᠮᠦᠨ》᠎ᠤ ᠢᠨᠵᠧᠨᠧᠷᠢᠩ᠎ᠢ ᠬᠡᠷᠡᠭᠵᠢᠭᠦᠯᠵᠦ᠂ ᠪᠥᠬᠥ ᠣᠷᠣᠨ᠎ᠤ ᠲᠣᠮᠢᠯᠠᠭᠰᠠᠨ ᠰᠠᠯᠪᠤᠷᠢ ᠵᠢᠨ ᠴᠠᠭᠳᠠᠭ᠋ᠠᠨ᠎ᠤ ᠬᠦᠴᠦᠨ᠂ ᠲᠤᠰᠬᠠᠶ ᠲᠤᠰᠢᠶᠠᠯᠲᠤ ᠨᠡᠶ᠋ᠢᠭᠡᠮ ᠲᠣᠭᠣᠷᠢᠭ᠎ᠤᠨ ᠠᠷᠠᠳ᠎ᠤᠨ ᠴᠠᠭᠳᠠᠭ᠎ᠠ ᠵᠢᠨ ᠬᠠᠷᠢᠴᠠᠯ᠎ᠢ ᠶᠡᠬᠡ᠎ᠪᠠᠷ ᠳᠡᠭᠡᠭᠰᠢᠯᠡᠭᠦᠯᠵᠦ᠂ ᠴᠠᠭᠳᠠᠭ᠋ᠠᠨ᠎ᠤ ᠶᠠᠪᠤᠳᠠᠯ᠎ᠤᠨ ᠲᠣᠨᠣᠭ ᠲᠥᠬᠥᠭᠡᠷᠦᠮᠵᠢ᠂ ᠰᠠᠭᠤᠷᠢ ᠲᠥᠬᠥᠭᠡᠷᠦᠮᠵᠢ ᠪᠠ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ ᠵᠡᠷᠭᠡ ᠭᠦᠢ᠍ᠴᠡᠳᠭᠡᠯ ᠲᠣᠭ᠎ᠠ ᠵᠢ ᠴᠥᠮ ᠶᠡᠬᠡ᠎ᠪᠠᠷ ᠰᠠᠶ᠋ᠢᠵᠢᠷᠠᠭᠤᠯᠤᠨ ᠳᠡᠭᠡᠭᠰᠢᠯᠡᠭᠦᠯᠪᠡ; ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠲᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠋ᠠᠨ᠎ᠤ ᠲᠣᠭᠲᠠᠴᠠ ᠵᠢ ᠳᠠᠬᠢᠨ ᠪᠠᠶ᠋ᠢᠭᠤᠯᠵᠤ᠂

《ᠲᠣᠮᠣ ᠳ᠋ᠠᠶ᠋ᠢᠲ᠋ᠠ + ᠲᠣᠤᠷᠵᠢᠭᠤᠯᠬᠤ》 ᠨᠡᠶ᠋ᠢᠭᠡᠮ ᠲᠣᠭᠣᠷᠢᠭ᠎ᠤᠨ ᠴᠠᠭᠳᠠᠭ᠋ᠠᠨ᠎ᠤ ᠶᠠᠪᠤᠳᠠᠯ᠎ᠤᠨ ᠪᠠᠶ᠋ᠢᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠠᠬᠢᠭᠤᠯᠵᠤ᠂ ᠲᠣᠮᠢᠯᠠᠭᠰᠠᠨ ᠰᠠᠯᠪᠤᠷᠢ ᠵᠢᠨ 《ᠬᠣᠶᠠᠷ ᠠᠩᠭᠢ ᠨᠢᠭᠡ ᠥᠷᠥᠭᠡ》 ᠵᠢᠨ ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠤᠨ ᠥᠭᠡᠷᠡᠴᠢᠯᠡᠯᠲᠡ ᠵᠢᠴᠢ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠬᠠᠮᠢᠶᠠᠷᠤᠯᠲᠠ ᠵᠢᠨ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠲᠣᠮᠢᠯᠠᠭᠰᠠᠨ ᠰᠠᠯᠪᠤᠷᠢ ᠵᠢᠨ ᠬᠠᠤᠯᠢ ᠬᠡᠷᠡᠭᠵᠢᠭᠦᠯᠵᠦ ᠡᠭᠦᠷᠭᠡ ᠭᠦᠢ᠍ᠴᠡᠳᠭᠡᠬᠦ ᠵᠢ ᠨᠠᠩ ᠵᠢᠷᠤᠮᠵᠢᠭᠤᠯᠤᠨ᠂ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ ᠨᠠᠩ ᠲᠣᠳᠣᠷᠬᠠᠶ ᠪᠣᠯᠭ᠋ᠠᠵᠤ᠂ ᠦᠢ᠍ᠯᠡᠴᠢᠯᠡᠭᠡᠨ᠎ᠤ ᠠᠵᠢᠯᠯᠠᠭ᠋ᠠᠨ᠎ᠢ ᠨᠠᠩ ᠥᠨᠳᠥᠷ ᠪᠦᠲᠦᠮᠵᠢᠲᠡᠶ ᠪᠣᠯᠭ᠋ᠠᠵᠤ᠂ ᠪᠥᠬᠥ ᠣᠷᠣᠨ᠎ᠤ ᠡᠷᠡᠭᠦᠤ ᠵᠢᠨ ᠬᠡᠷᠡᠭ᠂ ᠠᠮᠤᠷ᠎ᠢ ᠬᠠᠮᠠᠭ᠋ᠠᠯᠠᠬᠤ ᠬᠡᠷᠡᠭ᠎ᠢ ᠵᠢᠯ ᠳᠠᠷᠠᠭ᠋ᠠᠯᠠᠨ ᠪᠠᠭ᠋ᠠᠰᠬᠠᠪᠠ;  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠠᠭᠳᠠᠭ᠋ᠠᠨ᠎ᠤ ᠶᠠᠪᠤᠳᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠲᠣᠮᠢᠯᠠᠭᠰᠠᠨ ᠰᠠᠯᠪᠤᠷᠢ᠎ᠳᠤ 《ᠨᠢᠭᠡ ᠴᠠᠭᠳᠠᠭ᠎ᠠ ᠣᠯᠠᠨ ᠴᠢᠳᠠᠪᠤᠷᠢ᠎ᠲᠠᠢ》 ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠬᠡᠷᠡᠭᠵᠢᠭᠦᠯᠵᠦ᠂ ᠬᠢᠯᠢ ᠬᠢᠵᠠᠭ᠋ᠠᠷ᠎ᠤᠨ ᠮᠠᠯᠵᠢᠬᠤ ᠲᠠᠷᠢᠶᠠᠯᠠᠬᠤ ᠣᠷᠣᠨ᠎ᠤ ᠲᠣᠮᠢᠯᠠᠭᠰᠠᠨ ᠰᠠᠯᠪᠤᠷᠢ᠎ᠳᠤ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠳᠤᠮᠳᠠ ᠠᠩᠭᠢ ᠵᠢᠨ 《ᠬᠣᠶᠠᠷ ᠴᠠᠭᠳᠠᠭ᠎ᠠ ᠵᠢ ᠨᠢᠭᠡᠳᠬᠡᠬᠦ》 ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠠᠭᠳᠠᠭ᠋ᠠᠨ᠎ᠤ ᠶᠠᠪᠤᠳᠠᠯ᠎ᠤᠨ ᠠᠵᠢᠯ᠎ᠢ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤ ᠵᠢ ᠬᠥᠲᠥᠯᠦᠨ ᠳᠠᠭ᠋ᠠᠭᠤᠯᠬᠤ ᠲᠣᠤᠷᠵᠢᠭᠤᠯᠤᠨ ᠵᠠᠰᠠᠬᠤ ᠠᠵᠢᠯ᠎ᠳᠤ ᠠᠭᠤᠰᠤᠯᠴᠠᠭᠤᠯᠤᠨ᠂ 《ᠨᠢᠭᠡ ᠲᠣᠰᠬᠣᠨ᠎ᠳᠤ ᠨᠢᠭᠡ ᠬᠠᠪᠰᠤᠷᠤᠭᠴᠢ ᠴᠠᠭᠳᠠᠭ᠎ᠠ》 ᠵᠢᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠪᠥᠬᠥ ᠣᠷᠣᠨ᠎ᠤ 《ᠨᠢᠭᠡ ᠲᠣᠰᠬᠣᠨ᠎ᠳᠤ ᠨᠢᠭᠡ ᠬᠠᠪᠰᠤᠷᠤᠭᠴᠢ ᠴᠠᠭᠳᠠᠭ᠎ᠠ》 ᠵᠢᠨ ᠪᠦᠷᠬᠦᠴᠡ ᠵᠢᠨ ᠨᠣᠷᠮ᠎ᠠ ᠵᠢ 100%᠎ᠳᠤ ᠬᠦᠷᠦᠭᠦᠯᠦᠭᠰᠡᠨ ᠭᠡᠵᠦ ᠨᠡᠢ᠌ᠳᠡᠯᠡᠪᠡ᠃
    ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠤᠯᠤᠰ ᠲᠥᠷᠥ ᠵᠢᠨ ᠬᠡᠯᠲᠡᠰ᠎ᠤᠨ ᠰᠣᠨᠢᠨ ᠮᠡᠳᠡᠭᠡ ᠤᠬᠠᠭᠤᠯᠬᠤ ᠭᠠᠵᠠᠷ᠎ᠤᠨ ᠳᠠᠷᠤᠭ᠎ᠠ ᠶᠠᠨ ᡁᠢ ᠵᠥᠩ ᠡᠷᠭᠢᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠶᠡᠷᠦᠩᠬᠡᠶ ᠠᠩᠭᠢ ᠵᠢᠨ ᠳᠠᠷᠤᠭ᠎ᠠ ᠴᠢ ᠹᠸᠩ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶᠠᠨ᠎ᠤ ᠳᠡᠳ᠋ ᠳᠠᠷᠤᠭ᠎ᠠ ᠳ᠋ᠠᠶ ᠯᠸᠢ ᠯᠸᠢ ᠲᠤᠬᠠᠶ ᠵᠢᠨ ᠲᠠᠯᠠᠪᠠᠶ᠎ᠳᠤ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ