2020 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠡᠩᠨᠡᠭᠡ᠎ᠳᠤ ᠲᠤᠭ ᠣᠯᠭᠤᠭᠰᠠᠨ ᠪᠥᠭᠡᠳ ᠴᠢᠬᠤᠯᠠ ᠰᠤᠷᠭ᠋ᠠᠯ ᠦᠭᠡ ᠬᠡᠯᠡᠪᠡ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ 2022 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠬᠤᠶᠠᠷ ᠵᠢᠯ᠎ᠤᠨ ᠲᠤᠷᠰᠢᠬᠢ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ᠂ 《ᠬᠤᠷᠢᠳᠤᠭ᠋ᠠᠷ ᠶᠡᠭᠡ ᠬᠤᠷᠠᠯ᠎ᠢ ᠪᠠᠶᠠᠷᠯᠠᠨ ᠤᠭᠲᠤᠵᠤ᠂ ᠠᠮᠤᠷ ᠲᠦᠪᠰᠢᠨ᠎ᠢ ᠦᠨᠡᠨᠴᠢ ᠰᠢᠳᠤᠷᠭᠤ᠎ᠪᠠᠷ ᠪᠠᠲᠤᠯᠠᠬᠤ》 ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢᠨ ᠪᠠᠶ᠋ᠢᠳᠠᠯ ᠵᠢᠴᠢ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢ ᠥᠷᠨᠢᠭᠦᠯᠦᠭᠰᠡᠨ ᠬᠤᠶᠠᠷ ᠰᠠᠷ᠎ᠠ ᠵᠢᠨ ᠲᠤᠷᠰᠢᠬᠢ ᠠᠵᠢᠯ᠎ᠤᠨ ᠦᠷ᠎ᠡ ᠪᠦᠲᠦᠮᠵᠢ ᠵᠢ ᠵᠠᠷᠯᠠᠨ ᠮᠡᠳᠡᠭᠳᠡᠪᠡ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ 《ᠵᠠᠭᠤᠨ ᠡᠳᠦᠷ᠎ᠤᠨ ᠠᠵᠢᠯᠯᠠᠭ᠎ᠠ》 ᠵᠢᠨ ᠵᠢᠯᠣᠭᠤᠳᠬᠤ ᠭᠠᠵᠠᠷ᠎ᠤᠨ ᠠᠯᠪᠠᠨ ᠬᠡᠷ᠎ᠤᠨ ᠡᠷᠬᠢᠯᠡᠭᠴᠢ ᠶᠠᠩ ᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠵᠢᠨ ᠯᠦᠩ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠶᠡᠷᠦᠩᠬᠡᠶ᠋ᠢᠯᠡᠭᠰᠡᠨ ᠭᠠᠵᠠᠷ᠎ᠤᠨ ᠬᠤᠶᠠᠳᠤᠭ᠋ᠠᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠸᠠᠩ ᠬᠠᠶ ᠱᠧᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠬᠤᠶᠠᠷ ᠵᠢᠯ᠎ᠤᠨ ᠲᠤᠷᠰᠢ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠢᠮᠠᠭᠲᠠ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠨ᠂ 《ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠬᠠᠤᠯᠢ ᠬᠡᠷᠡᠭᠵᠢᠭᠦᠯᠬᠦ᠎ᠳᠤ᠎ᠪᠠᠨ ᠲᠥᠪ ᠭᠤᠣᠯᠴᠢ᠂ ᠰᠠᠬᠢᠯᠭ᠎ᠠ ᠪᠠᠲᠤ ᠴᠢᠩᠭ᠎ᠠ ᠪᠠᠢ᠌ᠬᠤ》 ᠶᠡᠷᠦᠩᠬᠡᠶ ᠱᠠᠭ᠋ᠠᠷᠳᠠᠯᠭ᠎ᠠ᠎ᠪᠠᠷ ᠪᠦᠬᠦ ᠴᠠᠭᠳᠠᠭ᠎ᠠ ᠵᠢ ᠬᠥᠲᠥᠯᠥᠨ ᠳᠠᠭ᠋ᠠᠭᠤᠯᠵᠤ᠂ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠰᠤᠷᠤᠯᠴᠠᠬᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠤᠨ᠂ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠨ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠦᠨᠡᠨᠴᠢ ᠰᠢᠳᠤᠷᠭᠤ ᠵᠠᠩ ᠴᠢᠨᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠲᠡᠮᠡᠴᠡᠯ᠎ᠤᠨ ᠴᠢᠳᠠᠪᠤᠷᠢ ᠪᠠ ᠰᠠᠬᠢᠯᠭ᠎ᠠ ᠪᠠᠲᠤ ᠰᠤᠷᠲᠠᠯ᠎ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠪᠠ ᠨᠡᠶ᠋ᠢᠭᠡᠮ᠎ᠤᠨ ᠠᠮᠤᠷ ᠲᠦᠪᠰᠢᠨ᠎ᠤ ᠪᠦᠬᠦ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠬᠤ ᠠᠵᠢᠯ᠎ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃
2020 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ 《ᠨᠢᠭᠡᠳᠦᠭᠡᠷ ᠵᠥᠪᠯᠡᠬᠦ ᠵᠦᠢ᠍ᠯ》᠎ᠢ 105 ᠤᠳᠠᠭ᠎ᠠ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠳᠠᠶ᠋ᠢᠴᠢᠯᠠᠨ 《ᠨᠢᠭᠡᠳᠦᠭᠡᠷ ᠵᠥᠪᠯᠡᠬᠦ ᠵᠦᠢ᠍ᠯ》᠎ᠢ 8 ᠲᠦᠮᠡ ᠭᠠᠷᠤᠶ ᠤᠳᠠᠭ᠎ᠠ ᠨᠠᠶ᠋ᠢᠳᠠᠪᠤᠷᠢᠵᠢᠭᠤᠯᠪᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠬᠥᠮᠦᠵᠢᠯ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤ ᠴᠣᠭᠴᠠᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠵᠤ᠂ 116 ᠳᠣᠲᠣᠭ᠋ᠠᠳᠤ ᠵᠢ ᠬᠠᠮᠠᠭ᠋ᠠᠯᠠᠬᠤ ᠨᠠᠮ᠎ᠤᠨ ᠰᠤᠷᠭ᠋ᠠᠭᠤᠯᠢ ᠵᠢᠨ ᠭᠤᠣᠯ ᠵᠢᠭᠰᠠᠭ᠋ᠠᠯ᠎ᠤᠨ ᠭᠠᠵᠠᠷ᠎ᠲᠤ ᠲᠦᠰᠢᠭᠯᠡᠵᠦ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠤᠯᠤᠰ ᠲᠦᠷᠦ ᠵᠢᠨ ᠡᠭᠡᠯᠵᠢᠯᠡᠨ ᠪᠣᠯᠪᠠᠰᠤᠷᠠᠭᠤᠯᠬᠤ ᠵᠢ 《ᠪᠦᠬᠦᠨ᠎ᠢ ᠪᠦᠷᠬᠦᠬᠦᠯᠬᠦ》 ᠵᠢ ᠪᠡᠶᠡᠯᠡᠭᠦᠯᠪᠡ᠃ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ 《ᠭᠤᠷᠪᠠᠨ ᠬᠦᠴᠦᠷᠬᠡᠭ ᠭᠤᠷᠪᠠᠨ ᠰᠢᠯᠢᠳᠡᠭ》 ᠢᠨᠵᠧᠨᠧᠷᠢᠩ᠎ᠢ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ 《ᠶᠡᠭᠡ ᠬᠢᠨᠠᠯᠲᠠ》 ᠵᠢᠨ ᠪᠠᠶ᠋ᠢᠷᠢᠰᠢᠯ᠎ᠢ ᠪᠠᠶ᠋ᠢᠭᠤᠯᠵᠤ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠲᠥᠷᠥ ᠵᠢᠨ ᠲᠣᠭᠤᠷᠢᠨ ᠪᠠᠶ᠋ᠢᠴᠠᠭ᠋ᠠᠯᠲᠠ ᠵᠢ 《ᠪᠦᠷᠢᠨ ᠪᠥᠷᠬᠦᠭᠦᠯᠬᠦ》 ᠵᠢ ᠪᠡᠶᠡᠯᠡᠭᠦᠯᠪᠡ᠃ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠪᠣᠯᠬᠢᠴᠢᠯᠠᠬᠤ ᠠᠷᠠᠯᠵᠢᠶᠠᠯᠠᠬᠤ ᠵᠢ ᠲᠤᠰᠬᠠᠢ ᠴᠡᠭᠴᠡᠯᠡᠨ ᠵᠠᠰᠠᠵᠤ᠂ ᠬᠠᠮᠤᠭ᠎ᠤᠨ ᠴᠢᠩᠭ᠎ᠠ 《ᠠᠷᠢᠬᠢ ᠴᠠᠭ᠋ᠠᠵᠠᠯᠠᠬᠤ ᠵᠠᠷᠯᠢᠭ》᠎ᠢ ᠬᠡᠷᠡᠭᠵᠢᠭᠦᠯᠵᠦ᠂ 《ᠪᠠᠭ᠎ᠠ ᠭᠠᠷᠳᠠᠯ》 ᠵᠶ᠋ᠠᠷ ᠰᠠᠬᠢᠯᠭ᠎ᠠ ᠪᠠᠲᠤ ᠰᠤᠷᠲᠠᠯ᠎ᠤᠨ ᠶᠡᠭᠡ ᠬᠤᠪᠢᠷᠠᠯᠲᠠ ᠵᠢ ᠴᠢᠷᠮᠠᠶ᠋ᠢᠨ ᠠᠬᠢᠭᠤᠯᠪᠠ᠃ 《ᠤᠮᠠᠷᠠᠲᠤ ᠬᠢᠯᠢ ᠵᠢ ᠳᠣᠭᠳᠣᠯᠤᠭᠤᠯᠤᠭᠰᠠᠨ ᠬᠠᠮᠤᠭ᠎ᠠᠴᠠ ᠪᠠᠬᠠᠷᠬᠠᠯᠲᠠᠢ ᠴᠠᠭᠳᠠᠭ᠎ᠠ》 3 ᠡᠭᠡᠯᠵᠢ 34 ᠬᠥᠮᠦᠨ᠎ᠢ ᠰᠢᠯᠭ᠋ᠠᠷᠠᠭᠤᠯᠤᠨ ᠰᠣᠩᠭᠤᠵᠤ᠂ 《ᠪᠥᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠰᠲ᠋ᠧᠮ᠎ᠤᠨ ᠨᠢᠭᠡᠳᠦᠭᠡᠷ ᠳᠡᠰ᠎ᠤᠨ ᠪᠠᠭ᠋ᠠᠲᠤᠷ ᠵᠢᠱ᠌ᠢᠶᠡᠴᠢ》 ᠪᠤᠶᠠᠨᠳᠡᠯᠭᠡᠷ᠂ 《ᠤᠮᠠᠷᠠᠲᠤ ᠬᠢᠯᠢ ᠵᠢᠨ ᠵᠢᠱ᠌ᠢᠶᠡᠴᠢ》 ᠯᠢᠦ ᠠᠨ ᠵᠡᠷᠭᠡ ᠨᠢᠭᠡ ᠪᠦᠯᠦᠭ ᠲᠡᠷᠢᠭᠦᠨ᠎ᠤ ᠨᠡᠶ᠋ᠢᠲᠡᠯᠢᠭ ᠬᠥᠮᠦᠰ ᠴᠣᠯᠭᠤᠷᠠᠨ ᠭᠠᠷᠪᠠ᠃
ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ᠎ᠢ ᠪᠠᠶ᠋ᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠤᠭᠴᠠᠯᠠᠪᠠ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠭᠦᠨᠵᠡᠭᠡᠢ ᠥᠷᠨᠢᠭᠦᠯᠵᠦ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠵᠡᠮᠳᠡᠭᠴᠦᠳ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠵᠡᠷᠭᠡ ᠠᠯᠢ ᠤᠯᠠᠨ ᠴᠢᠬᠤᠯᠠ ᠶᠡᠭᠡ ᠠᠮᠤᠷ᠎ᠢ ᠬᠠᠮᠠᠭ᠋ᠠᠯᠠᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ; ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠭᠦᠨᠵᠡᠭᠡᠶ ᠥᠷᠨᠢᠭᠦᠯᠬᠦ ᠵᠢᠨ ᠬᠠᠮᠲᠤ ᠪᠠᠶ᠋ᠢᠩᠭᠤᠵᠢᠭᠤᠯᠬᠤ᠎ᠳᠤ ᠰᠢᠯᠵᠢᠨ ᠣᠷᠣᠪᠠ᠃ ᠫᠤᠤ ᠰᠤᠮᠤ ᠵᠢ ᠬᠤᠷᠢᠶᠠᠮᠵᠢᠯᠠᠵᠤ ᠳᠡᠯᠪᠡᠷᠡᠬᠦ ᠡᠳ᠋᠎ᠢ ᠵᠠᠰᠠᠬᠤ᠂ ᠵᠠᠮ ᠬᠠᠷᠢᠯᠴᠠᠭ᠋ᠠᠨ᠎ᠤ ᠠᠳᠡᠯ᠎ᠢ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠵᠤ ᠬᠡᠮᠵᠢᠶ᠎ᠡ ᠵᠢ ᠬᠢᠵᠠᠭ᠋ᠠᠷᠯᠠᠬᠤ》 ᠵᠡᠷᠭᠡ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ᠎ᠤ ᠲᠠᠢ᠌ᠪᠤᠩ᠎ᠳᠤ ᠲᠥᠷᠥᠭᠳᠡᠯ ᠲᠠᠰᠤᠷᠠᠯᠲᠠ ᠥᠬᠡᠶ ᠳᠡᠭᠡᠭᠰᠢᠯᠡᠪᠡ᠃
ᠭᠤᠣᠯ ᠠᠵᠢᠯ᠎ᠤᠨ ᠲᠣᠭᠤᠷᠢᠨ᠎ᠳᠤ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠬᠤᠷᠰᠢᠯ᠎ᠢ ᠴᠢᠷᠮᠠᠶ᠋ᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠭᠡ ᠲᠠᠯ᠎ᠠ ᠵᠢᠨ ᠲᠣᠭᠤᠷᠢᠨ᠎ᠳᠤ ᠠᠵᠢᠯ ᠵᠶ᠋ᠠᠨ ᠲᠥᠯᠥᠪᠵᠢᠭᠦᠯᠬᠦ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ 《ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ》᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠪᠥᠬᠦ ᠤᠯᠤᠰ᠎ᠤᠨ ᠬᠡᠪᠴᠢᠶ᠎ᠡ᠎ᠪᠠᠷ ᠬᠠᠮᠤᠭ᠎ᠤᠨ ᠶᠡᠭᠡ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ ᠴᠠᠭᠳᠠᠭ᠋ᠠᠨ᠎ᠤ ᠲᠥᠷᠥᠯ᠎ᠤᠨ ᠰᠢᠰᠲ᠋ᠧᠮ᠎ᠢ ᠪᠠᠶ᠋ᠢᠭᠤᠯᠪᠠ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠵᠢ ᠭᠦᠨᠵᠡᠭᠡᠶ ᠥᠷᠨᠢᠭᠦᠯᠵᠦ᠂ ᠨᠤᠲᠤᠭ ᠪᠡᠯᠴᠢᠭᠡᠷ ᠣᠶ᠋ᠢᠲᠤ ᠭᠠᠵᠠᠷ᠎ᠤᠨ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠵᠢ ᠠᠬᠢᠭᠤᠯᠪᠠ᠃ ᠠᠵᠤ ᠠᠬᠤᠢ ᠵᠢᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 《ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ》 ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠢᠯᠥᠭᠡᠲᠡᠢ ᠲᠠᠯᠪᠢᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠬᠢᠯᠢ ᠵᠢᠨ ᠪᠣᠭᠤᠮᠲᠠ᠂ ᠬᠤᠪᠢᠶᠠᠨ ᠪᠠᠭᠤᠯᠭ᠋ᠠᠬᠤ ᠵᠢᠰᠢᠶᠠᠨ᠎ᠤ ᠨᠢᠰᠬᠡᠯ᠎ᠢ ᠪᠢᠲᠡᠭᠦᠮᠵᠢᠯᠡᠨ ᠬᠠᠮᠢᠶᠠᠷᠤᠨ ᠡᠵᠡᠮᠳᠡᠬᠦ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠣᠷᠣᠨ᠎ᠤ ᠳᠣᠲᠣᠷᠠᠬᠢ ᠴᠤᠭᠯᠠᠷᠠᠯ᠎ᠤᠨ ᠴᠢᠨᠠᠷᠲᠠᠢ ᠬᠢᠵᠢᠭ᠎ᠤᠨ ᠪᠠᠶ᠋ᠢᠳᠠᠯ᠎ᠢ ᠬᠤᠷᠢᠭᠯᠠᠨ ᠠᠷᠢᠯᠭ᠋ᠠᠬᠤ ᠳᠠᠶ᠋ᠢᠯᠠᠯᠳᠤᠭ᠋ᠠᠨ᠂ ᠰᠥᠨᠥᠭᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠵᠠᠩᠭᠢᠯᠠᠭ᠎ᠠ ᠵᠢᠨ ᠦᠢ᠍ᠯᠡᠳᠦᠯ ᠦᠵᠡᠭᠦᠯᠪᠡ᠃
ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠡᠷᠡᠰ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠳᠣᠬᠢᠴᠢᠯᠠᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠥᠭᠡᠷᠡᠴᠢᠯᠡᠯᠲᠡ᠎ᠪᠠᠷ ᠴᠠᠭᠳᠠᠭ᠎ᠠ ᠵᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢᠨ ᠬᠥᠳᠡᠯᠭᠡᠬᠦ ᠬᠦᠴᠦᠨ ᠪᠠ ᠠᠰᠢᠭ᠎ᠢ ᠦᠷᠭᠦᠯᠵᠢᠯᠡᠨ ᠳᠡᠭᠡᠭᠰᠢᠯᠡᠭᠦᠯᠪᠡ᠃ ᠦᠨᠳᠦᠰᠦᠨ ᠱᠠᠲᠤ ᠵᠢ ᠶᠡᠭᠡ᠎ᠪᠠᠷ ᠠᠳᠬᠤᠬᠤ᠂ ᠰᠠᠭᠤᠷᠢ ᠵᠢ ᠶᠡᠭᠡ᠎ᠪᠠᠷ ᠠᠳᠬᠤᠬᠤ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠴᠠᠭᠳᠠᠭ᠋ᠠᠨ᠎ᠤ ᠶᠠᠪᠤᠳᠠᠯ᠎ᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠰᠢᠰᠲ᠋ᠧᠮ ᠪᠠ ᠳᠥᠷᠪᠡᠨ ᠱᠠᠲᠤᠨ᠎ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠠᠤᠯᠢ᠎ᠪᠠᠷ ᠵᠠᠰᠠᠬᠤ ᠬᠢᠷᠢ ᠲᠦᠪᠰᠢᠨ ᠪᠠ ᠬᠠᠤᠯᠢ ᠬᠡᠷᠡᠭᠵᠢᠭᠦᠯᠦᠯᠲᠡ ᠵᠢᠨ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ ᠢᠯᠡᠳᠲᠡ ᠳᠡᠭᠡᠭᠰᠢᠯᠡᠪᠡ᠃
ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ 《ᠬᠤᠷᠢᠳᠤᠭ᠋ᠠᠷ ᠶᠡᠭᠡ ᠬᠤᠷᠠᠯ᠎ᠢ ᠪᠠᠶᠠᠷᠯᠠᠨ ᠤᠭᠲᠤᠵᠤ᠂ ᠠᠮᠤᠷ ᠲᠦᠪᠰᠢᠨ᠎ᠢ ᠦᠨᠡᠨᠴᠢ ᠰᠢᠳᠤᠷᠭᠤ᠎ᠪᠠᠷ ᠬᠠᠮᠠᠭ᠋ᠠᠯᠠᠬᠤ》 ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢᠬᠢ ᠭᠤᠤᠯ ᠪᠠᠶ᠋ᠢᠳᠠᠯ᠎ᠢ ᠵᠠᠷᠯᠠᠨ ᠮᠡᠳᠡᠭᠳᠡᠪᠡ᠃ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠦᠭᠦᠳᠡᠭᠡᠷ ᠬᠥᠳᠡᠯᠦᠯᠴᠡᠵᠦ᠂ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠨᠠᠷᠢᠨ ᠨᠢᠭᠲᠠ ᠪᠠᠶ᠋ᠢᠷᠢᠯᠠᠭᠤᠯᠤᠯᠲᠠ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶ᠋ᠢᠭᠡᠮ᠎ᠤᠨ ᠣᠷᠴᠢᠨ ᠲᠣᠭᠤᠷᠢᠨ᠎ᠢ ᠡᠭᠦᠳᠴᠦ ᠥᠭᠴᠡᠶ᠃
ᠤᠯᠤᠰ ᠲᠥᠷᠥ᠎ᠪᠠᠷ ᠴᠠᠭᠳᠠᠭ᠎ᠠ ᠪᠠᠶ᠋ᠢᠭᠤᠯᠬᠤ ᠵᠢ ᠴᠢᠩᠭ᠋ᠠᠳᠬᠠᠵᠤ᠂ ᠦᠨᠡᠨᠴᠢ ᠰᠢᠳᠤᠷᠭᠤ ᠴᠠᠭᠳᠠᠭ᠋ᠠᠨ᠎ᠤ ᠰᠦᠭ ᠰᠦᠨᠡᠰᠦ ᠵᠢ ᠪᠦᠬᠦ ᠲᠠᠯ᠎ᠠ᠎ᠪᠠᠷ ᠴᠤᠭᠴᠠᠯᠠᠪᠠ᠃ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠨᠢᠭᠡᠳᠦᠭᠡᠷ ᠵᠥᠪᠯᠡᠬᠦ ᠰᠡᠳᠦᠪ》᠎ᠤᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠦᠨᠡᠨ ᠬᠦ᠌ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠪᠥᠬᠦ ᠲᠠᠯ᠎ᠠ᠎ᠪᠠᠷ ᠵᠢᠷᠤᠮᠵᠢᠭᠤᠯᠤᠨ᠎ᠠ; ᠪᠠᠭ᠋ᠠᠲᠤᠷ ᠵᠢᠱ᠌ᠢᠶᠡᠴᠢ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ 《ᠤᠮᠠᠷᠠᠲᠤ ᠬᠢᠯᠢ ᠵᠢ ᠳᠣᠭᠳᠣᠯᠤᠭᠤᠯᠤᠭᠰᠠᠨ ᠬᠠᠮᠤᠭ᠎ᠠᠴᠠ ᠪᠠᠬᠠᠷᠬᠠᠯᠳᠠᠢ ᠴᠠᠭᠳᠠᠭ᠎ᠠ》᠂ 《ᠤᠮᠠᠷᠠᠲᠤ ᠬᠢᠯᠢ ᠵᠢ ᠳᠣᠭᠳᠣᠯᠤᠭᠤᠯᠤᠭᠰᠠᠨ ᠬᠠᠮᠤᠭ᠎ᠤᠨ ᠪᠠᠬᠠᠷᠬᠠᠯᠲᠠᠢ ᠬᠠᠪᠰᠤᠷᠤᠭᠴᠢ ᠴᠠᠭᠳᠠᠭ᠎ᠠ》 ᠵᠡᠷᠭᠡ ᠨᠡᠶ᠋ᠢᠲᠡᠯᠢᠭ ᠵᠢᠱ᠌ᠢᠶ᠎ᠡ ᠵᠢ ᠰᠣᠩᠭᠤᠨ ᠪᠣᠶ ᠪᠣᠯᠭ᠋ᠠᠬᠤ ᠤᠬᠠᠭᠤᠯᠭ᠎ᠠ ᠵᠢᠨ ᠠᠵᠢᠯᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠥᠷᠨᠢᠭᠦᠯᠵᠦ᠂ 《ᠠᠮᠤᠷ ᠠᠮᠤᠭᠤᠯᠠᠩ ᠥᠪᠥᠷ ᠮᠣᠩᠭᠤᠯ》 ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠳᠣᠲᠣᠭ᠋ᠠᠳᠤ ᠵᠢ ᠬᠠᠮᠠᠭ᠋ᠠᠯᠠᠬᠤ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠲᠦᠰᠢᠭᠯᠡᠨ ᠪᠠᠭ᠋ᠠᠲᠤᠷ ᠵᠢᠱ᠌ᠢᠶᠡᠴᠢ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠦᠷᠭᠦᠯᠵᠢᠯᠡᠨ ᠮᠡᠳᠡᠭᠡᠯᠡᠨ᠎ᠡ; ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠭ᠋ᠠᠲᠤᠷ ᠵᠢᠱ᠌ᠢᠶᠡᠴᠢ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠲᠣᠭᠤᠷᠢᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠨᠡᠨᠴᠢ ᠰᠢᠳᠤᠷᠭᠤ᠎ᠪᠠᠷ ᠠᠮᠤᠷ ᠲᠦᠪᠰᠢᠨ᠎ᠢ ᠬᠠᠮᠠᠭ᠋ᠠᠯᠠᠬᠤ ᠢᠲᠡᠭᠡᠯ ᠵᠣᠷᠢᠭ᠎ᠢ ᠤᠯᠠᠮ ᠨᠢᠭᠡ ᠠᠯᠬᠤᠮ ᠬᠥᠭᠵᠢᠭᠡᠪᠡ᠃
ᠠᠮᠤᠷ ᠲᠣᠭᠲᠠᠭᠤᠨ᠎ᠢ ᠬᠠᠮᠠᠭ᠋ᠠᠯᠠᠬᠤ ᠵᠢ ᠴᠢᠩᠭ᠋ᠠᠳᠬᠠᠵᠤ᠂ ᠨᠡᠶ᠋ᠢᠭᠡᠮ᠎ᠤᠨ ᠣᠷᠴᠢᠨ ᠲᠣᠭᠤᠷᠢᠨ ᠨᠠᠩ ᠰᠠᠶ᠋ᠢᠨ ᠰᠠᠶ᠋ᠢᠵᠢᠷᠠᠪᠠ᠃ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠠᠶ᠋ᠢᠴᠠᠭ᠋ᠠᠨ ᠴᠡᠭᠴᠡᠯᠡᠬᠦ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠪᠡ; 《ᠰᠦᠯᠵᠢᠶ᠎ᠡ ᠵᠢ ᠴᠡᠪᠡᠷᠰᠢᠭᠦᠯᠬᠦ 2022》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠦᠯᠵᠢᠶᠡᠨ᠎ᠤ ᠠᠮᠢ ᠠᠬᠤᠢ ᠵᠢ ᠲᠠᠰᠤᠷᠠᠯᠲᠠ ᠦᠭᠡᠢ ᠴᠡᠪᠡᠷᠰᠢᠭᠦᠯᠪᠡ; ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》᠎ᠪᠠᠷ ᠵᠢᠯᠣᠭᠤᠳᠤᠮᠵᠢ ᠪᠣᠯᠭ᠋ᠠᠵᠤ᠂ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ》᠂ 《ᠫᠤᠤ ᠰᠤᠮᠤ ᠵᠢ ᠬᠤᠷᠢᠶᠠᠮᠵᠢᠯᠠᠵᠤ ᠳᠡᠯᠪᠡᠷᠡᠬᠦ ᠡᠳ᠋᠎ᠢ ᠵᠠᠰᠠᠬᠤ》 ᠵᠡᠷᠭᠡ ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ; 《ᠰᠤᠷᠭ᠋ᠠᠭᠤᠯᠢ ᠵᠢᠨ ᠠᠮᠤᠷ ᠲᠦᠪᠰᠢᠨ᠎ᠢ ᠬᠠᠮᠠᠭ᠋ᠠᠯᠠᠬᠤ》 ᠲᠤᠰᠬᠠᠶ ᠠᠵᠢᠯ᠎ᠢ ᠦᠷᠭᠦᠯᠵᠢᠯᠡᠨ ᠥᠷᠨᠢᠭᠦᠯᠵᠦ᠂ ᠵᠠᠮ ᠬᠠᠷᠢᠯᠴᠠᠭ᠋ᠠᠨ᠎ᠤ ᠠᠳᠡᠯ᠎ᠤᠨ 《ᠬᠡᠮᠵᠢᠶ᠎ᠡ ᠵᠢ ᠪᠠᠭ᠋ᠠᠰᠬᠠᠨ ᠶᠡᠭᠡ ᠵᠢ ᠬᠢᠵᠠᠭ᠋ᠠᠷᠯᠠᠬᠤ》 ᠵᠢ ᠭᠦᠨᠵᠡᠭᠡᠢ᠌ᠷᠡᠭᠦᠯᠪᠡ᠃
ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠠᠶ᠋ᠢᠵᠢᠷᠠᠭᠤᠯᠬᠤ ᠵᠢ ᠢᠮᠠᠭᠲᠠ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ 63 ᠵᠤᠷᠪᠤᠰ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠣᠯᠠᠨ ᠲᠦᠮᠡᠨ᠎ᠳᠤ ᠨᠡᠶ᠋ᠢᠲᠡ 15 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ; 《ᠨᠢᠭᠡ ᠥᠷᠲᠡᠭᠡ ᠮᠠᠶᠢᠭ》᠎ᠤᠨ ᠲᠣᠮᠢᠯᠠᠭᠰᠠᠨ ᠰᠠᠯᠪᠤᠷᠢ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭᠪᠤᠷ᠎ᠢ ᠰᠢᠨ᠎ᠡ᠎ᠪᠠᠷ ᠡᠭᠦᠳᠦᠨ ᠭᠠᠷᠭ᠋ᠠᠵᠤ᠂ ᠪᠥᠬᠦ ᠣᠷᠣᠨ᠎ᠳᠤ ᠨᠡᠶ᠋ᠢᠲᠡ 70 《ᠨᠢᠭᠡ ᠥᠷᠲᠡᠭᠡ ᠮᠠᠶᠢᠭ》᠎ᠤᠨ ᠲᠣᠮᠢᠯᠠᠭᠰᠠᠨ ᠰᠠᠯᠪᠤᠷᠢ ᠵᠢ ᠪᠠᠶ᠋ᠢᠭᠤᠯᠪᠠ; ᠮᠠᠰᠢᠨᠲᠤ ᠲᠡᠷᠭᠡᠨ᠎ᠤ ᠵᠢᠯᠣᠭᠤᠴᠢ ᠵᠢᠨ ᠦᠨᠡᠮᠯᠡᠯ᠎ᠢ ᠡᠯᠸᠺᠲᠷᠦᠨᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ 344 ᠲᠦᠮᠡᠨ ᠡᠯᠧᠺᠲᠷᠣᠨ ᠵᠢᠯᠣᠭᠤᠴᠢ ᠵᠢᠨ ᠦᠨᠡᠮᠯᠡᠯ᠎ᠢ ᠨᠢᠭᠡᠨᠲᠡ ᠭᠦᠢ᠍ᠴᠡᠳᠭᠡᠪᠡ; ᠡᠷᠦᠬᠡ ᠠᠮᠠ ᠵᠢᠨ ᠲᠠᠩᠰᠠ ᠵᠢᠨ 86 ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠪᠥᠬᠦ ᠶᠠᠪᠤᠴᠠ᠎ᠳᠤ ᠰᠦᠯᠵᠢᠶᠡᠨ ᠳᠡᠭᠡᠷ᠎ᠡ ᠭᠦᠢ᠍ᠴᠡᠳᠭᠡᠬᠦ ᠵᠢ ᠬᠡᠷᠡᠭᠵᠢᠭᠦᠯᠵᠦ᠂ ᠡᠷᠦᠬᠡ ᠠᠮᠠ ᠵᠢᠨ ᠲᠠᠩᠰᠠ ᠵᠢᠨ ᠲᠤᠬᠠᠶ᠋ᠢᠯᠠᠭᠰᠠᠨ ᠠᠵᠢᠯ᠎ᠢ 10641 ᠬᠤᠪᠢ ᠭᠥᠯᠢᠶᠡᠨ ᠠᠪᠴᠤ ᠰᠢᠢ᠍ᠳᠪᠦᠷᠢᠯᠡᠪᠡ; 5 ᠵᠦᠢ᠍ᠯ᠎ᠤᠨ ᠡᠷᠦᠬᠡ ᠠᠮᠠ ᠰᠢᠯᠵᠢᠭᠦᠯᠬᠦ ᠪᠠ ᠡᠷᠦᠬᠡ ᠠᠮᠠ ᠵᠢᠨ ᠲᠥᠷᠥᠯ᠎ᠤᠨ ᠭᠡᠷᠡᠴᠢ ᠵᠢ 《ᠮᠤᠵᠢ ᠠᠯᠤᠰᠯᠠᠨ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠵᠦ᠂ ᠨᠢᠭᠡᠨᠲᠡ ᠮᠤᠵᠢ ᠠᠯᠤᠰᠯᠠᠨ 2587 ᠬᠤᠪᠢ ᠡᠷᠦᠬᠡ ᠠᠮᠠ ᠰᠢᠯᠵᠢᠭᠦᠯᠬᠦ ᠵᠢ ᠭᠦᠢ᠍ᠴᠡᠳᠭᠡᠪᠡ᠃
ᠴᠠᠭᠳᠠᠭ᠎ᠠ ᠵᠢ ᠴᠢᠩᠭ᠎ᠠ ᠵᠠᠰᠠᠬᠤ ᠵᠢ ᠴᠢᠩᠭ᠋ᠠᠳᠬᠠᠵᠤ᠂ ᠰᠠᠬᠢᠯᠭ᠎ᠠ ᠪᠠᠲᠤ ᠣᠪᠣᠷ ᠰᠤᠷᠲᠠᠯ ᠢᠯᠡᠳᠲᠡ ᠰᠠᠶ᠋ᠢᠵᠢᠷᠠᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠶ ᠠᠬᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ᠎ᠤ ᠬᠠᠨᠢ ᠨᠦᠬᠦᠷ ᠬᠤᠳᠠᠯᠳᠤᠭ᠎ᠠ ᠡᠷᠭᠢᠯᠡᠵᠦ ᠠᠵᠤ ᠠᠬᠤᠶ᠋ᠢᠯᠠᠯ ᠡᠷᠭᠢᠯᠡᠬᠦ ᠵᠢ ᠴᠠᠭ᠋ᠠᠵᠠᠯᠠᠬᠤ ᠨᠠᠷᠢᠨ ᠲᠠᠩᠰᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠵᠦ᠂ ᠪᠥᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ 《ᠠᠷᠪᠠᠨ ᠨᠢᠭᠡᠨ ᠴᠢᠩᠭ᠎ᠠ ᠴᠠᠭ᠋ᠠᠵᠠᠯᠠᠬᠤ》 ᠠᠮᠠᠯᠠᠯᠲᠠ ᠵᠢᠨ ᠪᠢᠴᠢᠭ᠎ᠲᠤ ᠭᠠᠷᠤᠨ ᠥᠰᠥᠭ ᠵᠢᠷᠤᠵᠤ᠂ ᠠᠰᠠᠭᠤᠳᠠᠯ᠎ᠤᠨ ᠨᠠᠷᠢᠨ ᠲᠠᠩᠰᠠ᠎ᠲᠠᠢ ᠬᠠᠷᠭᠤᠭᠤᠯᠤᠨ 628 ᠠᠰᠠᠭᠤᠳᠠᠯ᠎ᠢ ᠪᠠᠶ᠋ᠢᠴᠠᠭ᠋ᠠᠨ ᠭᠠᠷᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ 642 ᠵᠤᠷᠪᠤᠰ ᠲᠣᠭᠲᠠᠭ᠋ᠠᠵᠤ᠂ ᠨᠢᠭᠡᠨᠲᠡ ᠪᠦᠬᠦᠨ᠎ᠢ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠪᠠ᠃
ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ 《ᠳᠥᠷᠪᠡᠨ ᠵᠦᠢ᠍ᠯ᠎ᠤᠨ ᠬᠡᠯᠪᠡᠷᠢ ᠪᠠᠶ᠋ᠢᠳᠠᠯ》᠎ᠢ ᠭᠦᠢ᠍ᠴᠡᠳ ᠬᠡᠷᠡᠭᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠨ᠂ ᠲᠣᠭᠲᠠᠭ᠋ᠠᠯ᠎ᠠᠴᠠ ᠵᠥᠷᠢᠴᠡᠨ ᠳᠠᠶ᠋ᠢᠯᠠᠯᠭ᠎ᠠ ᠬᠢᠵᠦ ᠠᠷᠢᠬᠢ ᠤᠤᠭᠤᠬᠤ ᠵᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠪᠠᠶ᠋ᠢᠩᠭᠤ ᠥᠷᠨᠢᠭᠦᠯᠪᠡ;
《ᠵᠢᠷᠭᠤᠭᠠᠲᠠᠢ ᠪᠣᠯᠵᠣᠨ ᠶᠠᠷᠢᠯᠴᠠᠬᠤ》 ᠲᠣᠭᠲᠠᠴᠠ ᠵᠢ ᠪᠠᠶ᠋ᠢᠭᠤᠯᠵᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠶᠡᠭᠡ ᠵᠢᠭᠰᠠᠭ᠋ᠠᠨ ᠪᠠᠶ᠋ᠢᠴᠠᠭ᠋ᠠᠯᠲᠠ ᠶᠡᠭᠡ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠳᠣᠲᠣᠭ᠋ᠠᠳᠤ ᠶᠠᠪᠤᠳᠠᠯ᠎ᠤᠨ ᠪᠠᠶ᠋ᠢᠭᠤᠯᠤᠯᠲᠠ᠂ ᠡᠩᠨᠡᠭᠡᠨ᠎ᠤ ᠬᠠᠮᠢᠶᠠᠷᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠴᠥᠮ ᠢᠯᠡᠳᠲᠡ ᠰᠠᠶ᠋ᠢᠵᠢᠷᠠᠪᠠ᠃
ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠪᠠᠰᠠ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠦᠴᠦᠲᠡᠶ ᠰᠦᠷᠳᠡᠭᠦᠯᠵᠦ᠂ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠠᠲᠤ ᠪᠠᠬᠢ ᠪᠠᠶ᠋ᠢᠭᠤᠯᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠠᠯ᠎ᠠ ᠵᠢᠨ ᠪᠠᠶ᠋ᠢᠳᠠᠯ᠎ᠢ ᠭᠦᠨᠵᠡᠭᠡᠶ ᠠᠬᠢᠭᠤᠯᠪᠠ᠃
ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 7 ᠳ᠋ᠤᠭ᠋ᠠᠷ ᠰᠠᠷ᠎ᠠ ᠵᠢᠨ ᠬᠤᠷᠢᠳ᠂ 8 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠪᠥᠬᠦ ᠣᠷᠣᠨ᠎ᠤ 《ᠵᠣᠨ᠎ᠤ ᠰᠥᠨᠢ ᠵᠢᠨ ᠠᠮᠤᠷ᠎ᠢ ᠬᠠᠮᠠᠭ᠋ᠠᠯᠠᠬᠤ ᠲᠣᠭᠤᠷᠢᠨ ᠪᠠᠶ᠋ᠢᠴᠠᠭ᠋ᠠᠬᠤ ᠰᠡᠷᠭᠡᠶ᠋ᠢᠯᠡᠨ ᠤᠬᠠᠭᠤᠯᠬᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ》 ᠵᠢ ᠵᠠᠯᠭ᠋ᠠᠭ᠎ᠠ᠎ᠪᠠᠷ ᠬᠤᠶᠠᠷ ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠵᠠᠭᠤᠨ ᠡᠳᠦᠷ᠎ᠤᠨ ᠠᠵᠢᠯᠯᠠᠭ᠎ᠠ》 ᠵᠢᠨ ᠢᠯᠡᠳᠲᠡ ᠦᠷ᠎ᠡ ᠪᠦᠲᠦᠮᠵᠢ ᠤᠯᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠰᠦᠷ ᠬᠦᠴᠦᠨ᠎ᠢ ᠪᠠᠳᠠᠷᠠᠭᠤᠯᠤᠨ᠂ ᠪᠥᠬᠦ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠪᠣᠳᠠᠲᠤ ᠦᠷ᠎ᠡ ᠪᠦᠲᠦᠮᠵᠢ ᠵᠢ ᠭᠠᠷᠭ᠋ᠠᠵᠤ᠂ ᠪᠥᠬᠦ ᠣᠷᠣᠨ᠎ᠤ ᠡᠷᠡᠭᠦᠦ ᠵᠢᠨ ᠬᠡᠷᠡᠭ᠎ᠤᠨ ᠪᠠᠶ᠋ᠢᠳᠠᠯ ᠠᠳᠠᠯᠢ ᠬᠤᠭᠤᠴᠠᠭ᠋ᠠᠨ᠎ᠤ᠎ᠬᠢ᠎ᠠᠴᠠ 47.82% ᠵᠶ᠋ᠠᠷ ᠪᠠᠭᠤᠷᠠᠵᠤ᠂ ᠠᠮᠤᠷ᠎ᠢ ᠬᠠᠮᠠᠭ᠋ᠠᠯᠠᠬᠤ ᠬᠡᠷᠡᠭ᠎ᠤᠨ ᠪᠠᠢ᠌ᠳᠠᠯ ᠠᠳᠠᠯᠢ ᠬᠤᠭᠤᠴᠠᠭ᠋ᠠᠨ᠎ᠤ᠎ᠬᠢ᠎ᠠᠴᠠ 19.3%᠎ᠪᠠᠷ ᠪᠠᠭᠤᠷᠠᠪᠠ᠃
ᠬᠤᠶᠠᠷ ᠤᠳᠠᠭ᠋ᠠᠨ᠎ᠤ ᠨᠢᠭᠡᠳᠦᠯᠲᠡᠶ ᠠᠵᠢᠯᠯᠠᠭ᠎ᠠ ᠳᠤᠮᠳᠠ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠴᠣᠬᠢᠯᠲᠠ ᠥᠭᠬᠦ ᠰᠡᠷᠭᠡᠶ᠋ᠢᠯᠡᠬᠦ ᠬᠠᠮᠢᠶᠠᠷᠬᠤ ᠵᠠᠰᠠᠬᠤ》 ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠬᠦᠴᠦᠲᠡᠶ ᠠᠬᠢᠭᠤᠯᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠣᠭᠤᠭ᠎ᠢ ᠨᠡᠶ᠋ᠢᠲᠡ 1.1 ᠲᠦᠮᠡ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ᠂ 8176 ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 97.2 ᠲᠦᠮᠡᠨ ᠬᠤᠪᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ 14 ᠲᠦᠮᠡ ᠭᠠᠷᠤᠶ ᠤᠬᠠᠭᠤᠯᠭ᠎ᠠ ᠵᠢᠨ ᠸᠢᠳᠢᠣ᠋ ᠨᠡᠪᠲᠡᠷᠡᠭᠦᠯᠵᠦ᠂ 272 ᠲᠦᠮᠡ ᠭᠠᠷᠤᠶ ᠬᠥᠮᠦᠨ᠎ᠳᠤ ᠬᠥᠮᠦᠵᠢᠯ ᠬᠦᠷᠲᠡᠭᠡᠪᠡ᠃
ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠪᠥᠬᠦ ᠣᠷᠣᠨ᠎ᠤ ᠣᠲᠣ ᠵᠢᠨ ᠬᠡᠷᠡᠭ ᠦᠢ᠍ᠯᠡᠳᠦᠭᠰᠡᠨ 21 ᠠᠮᠢᠨ ᠬᠡᠷᠡᠭ᠎ᠢ ᠪᠦᠬᠦᠨ᠎ᠢ ᠢᠯᠡᠷᠡᠭᠦᠯᠦᠭᠰᠡᠨ ᠪᠥᠭᠡᠳ 14 ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠢ ᠳᠡᠩᠨᠡᠨ ᠢᠯᠡᠷᠡᠭᠦᠯᠪᠡ; ᠨᠢᠭᠡ ᠪᠦᠯᠦᠭ ᠪᠡᠯᠭᠡ ᠵᠢᠨ ᠬᠠᠯᠳᠠᠯᠭ᠎ᠠ᠂ ᠮᠡᠬᠡᠯᠡᠨ ᠬᠤᠳᠠᠯᠳᠤᠬᠤ ᠲᠥᠷᠥᠯ᠎ᠤᠨ ᠬᠡᠷᠡᠭ᠎ᠢ ᠠᠮᠵᠢᠯᠲᠠ᠎ᠲᠠᠢ᠎ᠪᠠᠷ ᠳᠡᠩᠨᠡᠨ ᠢᠯᠡᠷᠡᠭᠦᠯᠵᠦ᠂ ᠢᠯᠠᠩᠭᠤᠶ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠢᠨᠠᠨ ᠬᠠᠷᠭᠤᠭᠤᠯᠵᠤ ᠮᠡᠬᠡᠯᠡᠨ ᠬᠤᠳᠠᠯᠳᠤᠭᠰᠠᠨ 5 ᠬᠡᠷᠡᠭ᠎ᠢ ᠲᠤᠷᠰᠢᠨ ᠪᠠᠶ᠋ᠢᠴᠠᠭ᠋ᠠᠵᠤ ᠳᠠᠭᠤᠰᠬᠠᠨ᠂ 19 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 6 ᠡᠮᠡᠭᠲᠡᠶ ᠵᠢ ᠠᠪᠤᠷᠠᠪᠠ; 80 ᠭᠠᠷᠤᠶ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠬᠡᠷᠡᠭ᠎ᠢ ᠢᠯᠡᠷᠡᠭᠦᠯᠵᠦ᠂ 210 ᠭᠠᠷᠤᠶ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠪᠤᠵᠠᠷ ᠵᠣᠭᠤᠰ ᠪᠤᠵᠠᠷ ᠡᠳ᠋᠎ᠢ 3 ᠳ᠋ᠦᠩᠰᠢᠭᠤᠷ ᠰᠢᠬᠠᠮ ᠲᠥᠭᠦᠷᠢᠭ᠎ᠤᠨ ᠬᠤᠬᠢᠷᠠᠯ᠎ᠢ ᠡᠭᠡᠭᠦᠯᠦᠨ ᠠᠪᠴᠢᠷᠠᠵᠠᠶ; ᠠᠵᠤ ᠠᠬᠤᠢ ᠵᠢᠨ ᠶᠠᠯᠠᠲᠤ ᠬᠡᠷᠡᠭ᠎ᠢ 298 ᠳᠡᠩᠨᠡᠨ ᠢᠯᠡᠷᠡᠭᠦᠯᠵᠦ᠂ 468 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠤᠯᠪᠣᠭᠳᠠᠭᠰᠠᠨ ᠵᠣᠭᠤᠰ᠎ᠤᠨ ᠲᠤᠭ᠎ᠠ᠎ᠨᠢ 4.26 ᠳ᠋ᠦᠩᠰᠢᠭᠤᠷ ᠲᠥᠭᠦᠷᠢᠭ᠎ᠲᠤ ᠬᠦᠷᠴᠦ᠂ 2.32 ᠳ᠋ᠦᠩᠰᠢᠭᠤᠷ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠢ ᠡᠭᠡᠭᠦᠯᠦᠨ ᠠᠪᠴᠢᠷᠠᠪᠠ; 《ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯᠡᠰ》᠎ᠤᠨ ᠬᠦᠷᠢᠶᠡᠨ᠎ᠳᠠᠬᠢ ᠡᠷᠡᠭᠦᠦ ᠵᠢᠨ ᠬᠡᠷᠡᠭ᠎ᠢ 261 ᠢᠯᠡᠷᠡᠭᠦᠯᠵᠦ᠂ 391 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠤᠯᠪᠣᠭᠳᠠᠭᠰᠠᠨ ᠥᠷᠲᠡᠭ᠎ᠨᠢ 3536 ᠲᠦᠮᠡᠨ ᠲᠥᠭᠦᠷᠢᠭ᠎ᠲᠤ ᠬᠦᠷᠴᠡᠶ᠃
ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠡᠶ᠋ᠢᠭᠡᠮ᠎ᠤᠨ ᠲᠠᠯ᠎ᠠ ᠵᠢᠨ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠴᠠᠭᠳᠠᠭ᠋ᠠᠨ᠎ᠤ ᠬᠦᠴᠦᠨ᠎ᠢ ᠨᠡᠶ᠋ᠢᠲᠡ 34.9 ᠲᠦᠮᠡᠨ ᠬᠥᠮᠦᠨ ᠤᠳᠠᠭ᠎ᠠ ᠬᠥᠳᠡᠯᠭᠡᠵᠦ᠂ ᠨᠡᠶ᠋ᠢᠭᠡᠮ᠎ᠤᠨ ᠲᠠᠯ᠎ᠠ ᠵᠢᠨ ᠶᠡᠭᠡ ᠲᠣᠭᠤᠷᠢᠨ ᠪᠠᠶ᠋ᠢᠴᠠᠭ᠋ᠠᠬᠤ ᠠᠵᠢᠯᠯᠠᠭ᠎ᠠ ᠵᠢ 6877 ᠤᠳᠠᠭ᠎ᠠ ᠥᠷᠨᠢᠭᠦᠯᠵᠦ᠂ ᠰᠥᠨᠢ ᠵᠢᠨ ᠪᠠᠶ᠋ᠢᠴᠠᠭ᠋ᠠᠯᠲᠠ᠎ᠠᠴᠠ ᠡᠮᠦᠨ᠎ᠡ 7837 ᠤᠳᠠᠭ᠎ᠠ ᠪᠠᠶ᠋ᠢᠴᠠᠭ᠋ᠠᠵᠤ᠂ 217 ᠣᠷᠭᠤᠳᠠᠭᠤᠯ ᠬᠡᠷᠡᠭᠲᠡᠨ᠎ᠢ ᠪᠠᠷᠢᠪᠴᠢᠯᠠᠵᠤ᠂ ᠣᠯᠠᠨ ᠲᠦᠮᠡᠨ᠎ᠳᠤ 16483 ᠤᠳᠠᠭ᠎ᠠ ᠦᠢ᠍ᠯᠡᠴᠢᠯᠡᠨ ᠠᠪᠤᠷᠠᠨ ᠲᠤᠰᠠᠯᠠᠵᠤ᠂ ᠵᠡᠭᠡᠯᠢ ᠭᠤᠳᠤᠮᠵᠢ ᠵᠢᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ᠎ᠢ ᠪᠦᠲᠦᠮᠵᠢᠲᠡᠶ ᠬᠠᠮᠠᠭ᠋ᠠᠯᠠᠪᠠ᠃
ᠠᠵᠢᠯᠯᠠᠭ᠎ᠠ ᠵᠢᠨ ᠳᠤᠮᠳᠠ᠂ ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠱᠠᠯᠢᠭ ᠵᠠᠪᠬᠠᠶ᠂ ᠵᠣᠭᠤᠰ ᠮᠥᠷᠦ᠋ᠢ᠍ᠴᠡᠬᠦ᠂ ᠬᠤᠤᠷᠲᠤ ᠡᠳ᠋ ᠫᠠᠨᠽᠠᠯᠠᠵᠤ ᠡᠳ᠋ᠯᠡᠬᠦ》 ᠵᠡᠷᠭᠡ ᠲᠣᠪᠤᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠥᠬᠦ ᠲᠠᠯ᠎ᠠ ᠵᠢᠨ᠂ ᠪᠦᠬᠦᠨ᠎ᠢ ᠬᠠᠮᠤᠷᠤᠭᠰᠠᠨ ᠠᠵᠢᠯ ᠲᠥᠷᠥᠯ᠎ᠤᠨ ᠲᠠᠯᠠᠪᠤᠷ᠎ᠤᠨ ᠶᠡᠭᠡ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠵᠤᠭ᠎ᠠ ᠴᠡᠩᠭᠡᠯ᠎ᠤᠨ ᠭᠠᠵᠠᠷ᠎ᠢ ᠨᠡᠶ᠋ᠢᠲᠡ 2.9 ᠲᠦᠮᠡ᠂ ᠵᠣᠴᠢᠳ᠎ᠤᠨ ᠪᠠᠭᠤᠳᠠᠯ᠎ᠢ 5.5 ᠲᠦᠮᠡ᠂ ᠲᠦᠷᠢᠶᠡᠰᠦᠯᠡᠭᠰᠡᠨ ᠬᠡᠷ᠎ᠢ 18.2 ᠲᠦᠮᠡ ᠪᠠᠢ᠌ᠴᠠᠭ᠋ᠠᠪᠠ; 177 ᠠᠮᠤᠷ ᠲᠤᠭᠳᠠᠭᠤᠨ ᠪᠣᠰᠤ ᠭᠠᠵᠠᠷ᠎ᠢ ᠴᠡᠭᠴᠡᠯᠡᠨ ᠵᠠᠰᠠᠵᠤ᠂ ᠱᠠᠯᠢᠭ ᠵᠠᠪᠬᠠᠶ ᠵᠦᠢ᠍ᠯ᠎ᠲᠠᠢ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠬᠡᠷᠡᠭ᠎ᠢ 598 ᠪᠠᠶ᠋ᠢᠴᠠᠭ᠋ᠠᠨ ᠰᠢᠢ᠍ᠳᠪᠦᠷᠢᠯᠡᠵᠦ᠂ 1364 ᠬᠥᠮᠦᠨ᠎ᠳᠤ ᠠᠮᠤᠷ᠎ᠢ ᠬᠠᠮᠠᠭ᠋ᠠᠯᠠᠬᠤ ᠰᠢᠳᠬᠡᠯ ᠥᠭᠴᠦ᠂ ᠵᠣᠭᠤᠰ ᠮᠦᠷᠦᠢ᠌ᠴᠡᠬᠦ᠎ᠲᠠᠢ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠬᠡᠷᠡᠭ᠎ᠢ 1638 ᠪᠠᠶ᠋ᠢᠴᠠᠭ᠋ᠠᠨ ᠰᠢᠢ᠍ᠳᠪᠦᠷᠢᠯᠡᠵᠦ᠂ 8064 ᠬᠥᠮᠦᠨ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠪᠡ᠃
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠪᠠ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠡᠯ᠎ᠡ ᠲᠦᠷᠦᠯ᠎ᠤᠨ ᠵᠥᠷᠢᠴᠡᠯ 11753 ᠵᠢ ᠴᠠᠭ ᠲᠤᠬᠠᠢᠳᠤᠨᠢ ᠵᠢᠭᠰᠠᠭ᠋ᠠᠨ ᠪᠠᠶ᠋ᠢᠴᠠᠭ᠋ᠠᠵᠤ᠂ ᠪᠦᠲᠦᠮᠵᠢᠲᠡᠢ ᠰᠢᠢ᠍ᠳᠪᠦᠷᠢᠯᠡᠪᠡ; 《ᠫᠤᠤ ᠰᠤᠮᠤ ᠵᠢ ᠬᠤᠷᠢᠶᠠᠮᠵᠢᠯᠠᠵᠤ ᠳᠡᠯᠪᠡᠷᠡᠬᠦ ᠡᠳ᠋᠎ᠢ ᠵᠠᠰᠠᠬᠤ》 ᠲᠤᠰᠬᠠᠶ ᠠᠵᠢᠯᠯᠠᠭ᠎ᠠ ᠵᠢ ᠬᠦᠴᠦᠲᠡᠶ ᠠᠬᠢᠭᠤᠯᠵᠤ᠂ ᠡᠯ᠎ᠡ ᠲᠥᠷᠥᠯ᠎ᠤᠨ ᠫᠤᠤ ᠵᠡᠪᠰᠡᠭ᠎ᠢ 140᠂ ᠰᠤᠮᠤ ᠵᠢ 5.9 ᠲᠦᠮᠡ᠂ ᠲᠡᠰᠦᠷᠡᠭᠦᠯᠦᠭᠴᠢ ᠵᠢ 1.7 ᠲᠦᠮᠡ᠂ ᠳᠠᠷᠢ ᠵᠢ 7312 ᠺᠢᠯᠣᠭ᠌ᠷᠠᠮ᠂ ᠵᠠᠬᠢᠷᠤᠨ ᠬᠠᠮᠢᠶᠠᠷᠬᠤ ᠬᠢᠲᠤᠭ᠎ᠠ ᠪᠠᠭ᠋ᠠᠵᠢ ᠵᠢ 2193 ᠵᠢ ᠬᠤᠷᠢᠶᠠᠨ ᠠᠪᠤᠪᠠ; ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠰᠬᠠᠶ ᠴᠡᠭᠴᠡᠯᠡᠨ ᠵᠠᠰᠠᠯᠲᠠ ᠵᠢ ᠭᠦᠨᠵᠡᠭᠡᠶ ᠠᠬᠢᠭᠤᠯᠵᠤ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠰᠣᠭᠲᠣᠭᠤ᠎ᠪᠠᠷ ᠲᠡᠷᠭᠡ ᠵᠢᠯᠣᠭᠤᠳᠤᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 5148 ᠤᠳᠠᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ 《ᠵᠡᠭᠡᠯᠢ ᠵᠢ ᠦᠢ᠍ᠮᠡᠭᠦᠯᠦᠭᠰᠡᠨ》 ᠠᠷᠠᠳ᠎ᠢ ᠦᠢ᠍ᠮᠡᠭᠦᠯᠦᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 121 ᠤᠳᠠᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠪᠥᠬᠦ ᠣᠷᠣᠨ᠎ᠤ ᠡᠩ᠎ᠤᠨ ᠵᠠᠮ ᠬᠠᠷᠢᠯᠴᠠᠭ᠋ᠠᠨ᠎ᠤ ᠠᠳᠡᠯ ᠠᠳᠠᠯᠢ ᠬᠤᠭᠤᠴᠠᠭ᠋ᠠᠨ᠎ᠤ᠎ᠬᠢ᠎ᠠᠴᠠ 19.52% ᠵᠶ᠋ᠠᠷ ᠪᠠᠭᠤᠷᠠᠪᠠ᠃
ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ ᠲᠤᠬᠠᠶ ᠵᠢᠨ ᠲᠠᠯᠠᠪᠠᠶ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ᠄ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠢᠨ᠎ᠡ ᠠᠶᠤᠯ ᠲᠦᠭᠰᠢᠭᠦᠷᠢ ᠥᠷᠢᠰᠥᠯᠳᠦᠭᠡᠨ᠎ᠢ ᠬᠡᠷᠬᠢᠨ ᠠᠷᠭ᠋ᠠᠴᠠᠭ᠋ᠠᠬᠤ ᠪᠣᠶ? ᠥᠷᠭᠡᠨ ᠤᠯᠠᠨ ᠲᠦᠮᠡᠨ᠎ᠤ ᠰᠢᠨ᠎ᠡ ᠬᠡᠷᠡᠭᠴᠡᠭᠡ ᠵᠢ ᠬᠡᠷᠬᠢᠨ ᠬᠠᠩᠭ᠋ᠠᠬᠤ ᠪᠤᠢ? ᠴᠢᠨᠠᠷ ᠰᠠᠶ᠋ᠢᠲᠠᠶ ᠬᠥᠭᠵᠢᠯᠲᠡ ᠵᠢ ᠬᠡᠷᠬᠢᠨ ᠪᠡᠶᠡᠯᠡᠭᠦᠯᠬᠦ ᠪᠣᠶ?
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠵᠢᠨ ᠯᠦᠩ᠄ ᠰᠢᠨ᠎ᠡ ᠴᠠᠭ ᠦᠶ᠎ᠡ ᠵᠢᠨ ᠰᠢᠨ᠎ᠡ ᠪᠠᠶ᠋ᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ᠎ᠤ ᠡᠮᠦᠨ᠎ᠡ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠶᠡᠷᠦᠩᠬᠡᠶ ᠱᠦᠵᠢ ᠰᠢ ᠵᠢᠨ ᠫᠢᠩ᠎ᠤᠨ
《ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠤᠤᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠵᠢ ᠴᠢᠩᠭ᠎ᠠ ᠪᠠᠢ᠌ᠬᠤ》 ᠶᠡᠷᠦᠩᠬᠡᠶ ᠱᠠᠭ᠋ᠠᠷᠳᠠᠯᠭ᠎ᠠ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠤᠯᠤᠰ ᠲᠥᠷᠥ ᠵᠢᠨ ᠤᠬᠠᠮᠰᠠᠷ ᠪᠣᠯᠤᠨ ᠠᠮᠤᠷ ᠲᠦᠪᠰᠢᠨ ᠪᠠᠶ᠋ᠢᠬᠤ ᠦᠶ᠎ᠡ᠎ᠳᠤ᠎ᠪᠠᠨ ᠠᠶᠤᠯ ᠲᠦᠭᠰᠢᠭᠦᠷᠢ ᠵᠢ ᠮᠠᠷᠲᠠᠬᠤ ᠥᠬᠡᠶ ᠰᠠᠨᠠᠭ᠋ᠠᠰᠢᠷᠠᠬᠤ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠵᠤ᠂ ᠴᠠᠭ ᠢᠮᠠᠭᠲᠠ ᠣᠯᠠᠨ ᠲᠦᠮᠡᠨ᠎ᠢ 《ᠰᠠᠨᠠᠭ᠎ᠠ ᠠᠮᠤᠷ ᠪᠠᠶ᠋ᠢᠯᠭ᠋ᠠᠬᠤ》᠎ᠪᠠᠷ ᠰᠣᠯᠢᠵᠤ᠂ ᠵᠢᠮ᠎ᠡ ᠶᠣᠰᠣ ᠵᠢ ᠰᠦᠪᠡᠭᠴᠢᠯᠡᠬᠦ᠂ ᠤᠷᠢᠳᠠᠪᠠᠷ ᠰᠢᠲᠠᠷ᠎ᠠ ᠲᠠᠯᠪᠢᠬᠤ᠂ ᠰᠠᠨᠠᠭ᠋ᠠᠴᠢᠯᠠᠭ᠋ᠠᠲᠤ ᠲᠡᠶ᠋ᠢᠨ ᠬᠢᠬᠦ ᠵᠢ ᠪᠠᠷᠢᠮᠲᠠᠯᠠᠵᠤ᠂ ᠡᠯ᠎ᠡ ᠲᠥᠷᠥᠯ᠎ᠤᠨ ᠠᠶᠤᠯ ᠲᠦᠭᠰᠢᠭᠦᠷᠢ ᠵᠢ ᠡᠭᠦᠰᠬᠦ᠎ᠠᠴᠠ᠎ᠨᠢ ᠡᠮᠦᠨ᠎ᠡ ᠰᠡᠷᠭᠡᠶ᠋ᠢᠯᠡᠬᠦ᠂ ᠡᠭᠦᠰᠬᠦ᠎ᠠᠴᠠ᠎ᠨᠢ ᠡᠮᠦᠨ᠎ᠡ ᠰᠡᠷᠭᠡᠶ᠋ᠢᠯᠡᠬᠦ᠎ᠪᠠᠷ ᠴᠢᠷᠮᠠᠢ᠌ᠪᠠ;
《ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ》 ᠵᠢ ᠪᠠᠷᠢᠮᠲᠠᠯᠠᠵᠤ᠂ ᠣᠯᠠᠨ ᠲᠦᠮᠡᠨ᠎ᠤ ᠠᠰᠢᠭ ᠲᠤᠰᠠ᠎ᠪᠠᠷ ᠭᠤᠤᠯ ᠪᠣᠯᠭ᠋ᠠᠵᠤ᠂ ᠣᠯᠠᠨ ᠲᠦᠮᠡᠨ᠎ᠳᠤ ᠲᠠᠭ᠋ᠠᠰᠢᠶᠠᠭᠳᠠᠬᠤ᠎ᠪᠠᠷ ᠦᠨᠳᠦᠰᠦ ᠪᠣᠯᠭ᠋ᠠᠵᠤ᠂ ᠰᠢᠨ᠎ᠡ ᠴᠠᠭ ᠦᠶ᠎ᠡ ᠵᠢᠨ ᠣᠯᠠᠨ ᠲᠦᠮᠡᠨᠴᠢ ᠱᠤᠭᠤᠮ ᠵᠶ᠋ᠠᠷ ᠯᠠᠪᠳᠠᠭᠤᠨ ᠪᠠᠲᠤᠲᠠᠶ ᠰᠠᠶ᠋ᠢᠲᠤᠷ ᠵᠠᠮᠨᠠᠵᠤ᠂ 《ᠲᠥᠪ ᠭᠤᠤᠯᠴᠢ ᠰᠢᠳᠤᠷᠭᠤ ᠶᠣᠰᠣ》 ᠵᠢ ᠢᠮᠠᠭᠲᠠ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠠᠮᠢᠨ ᠰᠤᠳᠠᠰᠤ ᠪᠠ ᠥᠨᠳᠥᠷ ᠳᠠᠷᠤᠯᠲᠠ ᠵᠢᠨ ᠱᠤᠭᠤᠮ ᠪᠣᠯᠭ᠋ᠠᠵᠤ᠂ ᠴᠣᠬᠢᠯᠲᠠ ᠥᠭᠴᠦ ᠵᠠᠰᠠᠬᠤ ᠬᠤᠷᠴᠠ ᠦᠵᠦᠭᠦᠷ᠎ᠢ ᠢᠮᠠᠭᠲᠠ ᠠᠷᠠᠳ ᠣᠯᠠᠨ᠎ᠤ ᠬᠠᠮᠤᠭ᠎ᠠᠴᠠ ᠵᠢᠭᠰᠢᠨ ᠬᠤᠷᠣᠰᠴᠤ ᠪᠠᠶ᠋ᠢᠭ᠎ᠠ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠨᠳᠤᠭᠤᠯᠵᠤ᠂ 《ᠠᠷᠠᠳ᠎ᠲᠤ ᠠᠰᠢᠭ ᠬᠦᠷᠲᠡᠭᠡᠬᠦ》 ᠵᠢ ᠢᠮᠠᠭᠲᠠ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢᠨ ᠵᠣᠷᠢᠯᠲᠠ᠂ ᠲᠤᠰᠤᠯᠲᠠ ᠪᠣᠯᠭ᠋ᠠᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠪᠠᠶ᠋ᠢᠪᠠᠯ ᠳᠣᠲᠣᠭ᠋ᠠᠳᠤ ᠵᠢ ᠬᠠᠮᠠᠭ᠋ᠠᠯᠠᠬᠤ᠎ᠨᠢ ᠯᠠᠪᠲᠠᠶ ᠬᠠᠷᠢᠭᠤ ᠲᠤᠰᠬᠠᠯ᠎ᠲᠠᠢ ᠪᠠᠶ᠋ᠢᠬᠤ ᠵᠢ ᠦᠨᠡᠨ ᠬᠦ᠌ ᠪᠠᠳᠤᠯᠠᠪᠠ; 《ᠠᠵᠢᠯ ᠵᠶ᠋ᠠᠨ ᠰᠠᠶ᠋ᠢᠨ ᠬᠢᠬᠦ ᠵᠢ ᠪᠠᠷᠢᠮᠲᠠᠯᠠᠬᠤ᠂ ᠡᠩᠨᠡᠭᠡᠨ᠎ᠤ ᠲᠥᠪ ᠰᠤᠷᠲᠠᠯ ᠪᠠ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠤᠢ ᠪᠣᠯᠭ᠋ᠠᠬᠤ》 ᠵᠢ ᠪᠠᠷᠢᠮᠲᠠᠯᠠᠵᠤ᠂ ᠥᠪᠥᠷ ᠮᠣᠩᠭᠤᠯ᠎ᠤᠨ 《ᠵᠢᠷᠭᠤᠭ᠋ᠠᠨ ᠵᠦᠢ᠍ᠯ᠎ᠤᠨ ᠳᠦᠷᠢ ᠲᠥᠷᠬᠦ》 ᠵᠢ ᠪᠣᠶ ᠪᠣᠯᠭ᠋ᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠤᠤ ᠴᠧᠩ᠎ᠤᠨ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠪᠠ ᠦᠬᠡᠨᠴᠡ ᠵᠠᠰᠠᠭ ᠵᠠᠯᠬᠠᠭᠤ ᠵᠠᠰᠠᠭ᠎ᠤᠨ ᠦᠵᠡᠭᠳᠡᠯ᠎ᠢ ᠴᠡᠭᠴᠡᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ 《ᠲᠠᠪᠤᠨ ᠲᠡᠷᠢᠭᠦᠨ ᠳᠡᠰ》᠎ᠤᠨ ᠬᠥᠭᠵᠢᠯᠲᠡ ᠵᠢᠨ ᠬᠠᠷᠠᠯᠲᠠ ᠵᠢ ᠲᠤᠭᠳᠠᠭ᠋ᠠᠨ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠎ᠠ ᠠᠳᠬᠤᠵᠤ᠂ ᠡᠩᠨᠡᠭᠡᠨ᠎ᠤ ᠳᠣᠲᠣᠭ᠋ᠠᠳᠤ ᠵᠢᠨ ᠬᠥᠳᠡᠯᠭᠡᠬᠦ ᠬᠦᠴᠦᠨ᠂ ᠡᠩᠨᠡᠭᠡᠨ᠎ᠤ ᠠᠮᠢᠵᠢᠷᠠᠯ᠎ᠤᠨ ᠬᠦᠴᠦᠨ᠎ᠢ ᠪᠠᠳᠠᠷᠠᠭᠤᠯᠬᠤ᠂ ᠡᠩᠨᠡᠭᠡᠨ᠎ᠤ ᠳᠠᠶ᠋ᠢᠴᠢᠨ ᠬᠦᠴᠦᠨ᠎ᠢ ᠳᠡᠭᠡᠭᠰᠢᠯᠡᠭᠦᠯᠬᠦ ᠵᠢ ᠳᠠᠰᠤᠷᠠᠯᠲᠠ ᠦᠭᠡᠢ ᠰᠦᠪᠡᠭᠴᠢᠯᠡᠵᠦ᠂ 《ᠬᠤᠶᠠᠷ ᠬᠠᠯᠬᠠᠪᠴᠢ》 ᠵᠢᠨ ᠤᠯᠤᠰ ᠲᠥᠷᠥ ᠵᠢᠨ ᠡᠭᠦᠷᠭᠡᠯᠡᠯ᠂ ᠬᠠᠷᠢᠭᠤᠴᠠᠯᠭ᠎ᠠ ᠡᠭᠦᠷᠭᠡᠯᠡᠬᠦ᠂ ᠡᠭᠦᠷᠭᠡ ᠬᠠᠷᠢᠭᠤᠴᠠᠯᠭ᠎ᠠ ᠵᠢᠨ ᠦᠨᠡᠨᠴᠢ ᠰᠢᠳᠤᠷᠭᠤ ᠬᠠᠮᠠᠭ᠋ᠠᠯᠠᠭᠴᠢ ᠪᠣᠯᠵᠤ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠯᠠᠪᠳᠠᠭᠤᠨ ᠪᠠᠲᠤᠲᠠᠶ ᠪᠢᠴᠢᠭᠯᠡᠶ᠎ᠡ᠃
ᠥᠪᠥᠷ ᠮᠣᠩᠭᠤᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ
《ᠬᠤᠷᠢᠳᠤᠭ᠋ᠠᠷ ᠶᠡᠭᠡ ᠬᠤᠷᠠᠯ᠎ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ᠎ᠪᠠᠷ ᠠᠮᠤᠷ ᠲᠤᠭᠳᠠᠭᠤᠨ᠎ᠢ ᠬᠠᠮᠠᠭ᠋ᠠᠯᠠᠬᠤ》 ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠬᠡᠷᠬᠢᠨ ᠦᠷᠭᠦᠯᠵᠢᠯᠡᠨ ᠭᠦᠨᠵᠡᠭᠡᠶ ᠥᠷᠨᠢᠭᠦᠯᠬᠦ ᠪᠣᠶ?
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠶᠡᠷᠦᠩᠬᠡᠶ᠋ᠢᠯᠡᠭᠰᠡᠨ ᠭᠠᠵᠠᠷ᠎ᠤᠨ ᠬᠤᠶᠠᠳᠤᠭ᠋ᠠᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠸᠠᠩ ᠬᠠᠶ ᠱᠧᠩ᠄ ᠲᠠᠷᠠᠭ᠋ᠠᠴᠢ ᠵᠢᠨ ᠠᠯᠬᠤᠮ᠎ᠳᠤ ᠪᠢᠳᠡ ᠭᠤᠷᠪᠠᠨ 《ᠨᠢᠭᠡ ᠠᠯᠬᠤᠮ》᠎ᠢ ᠦᠷᠭᠦᠯᠵᠢᠯᠡᠨ ᠰᠠᠶ᠋ᠢᠲᠤᠷ ᠬᠢᠨ᠎ᠠ᠄ ᠲᠤᠬᠠᠶ᠋ᠢᠯᠠᠪᠠᠯ ᠭᠤᠤᠯ ᠬᠠᠷᠢᠭᠤᠴᠠᠯᠭ᠎ᠠ ᠭᠤᠤᠯ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠠᠳᠬᠤᠵᠤ᠂ ᠪᠣᠳᠠᠲᠤ ᠠᠮᠵᠢᠯᠲᠠ ᠪᠦᠲᠦᠮᠵᠢ ᠵᠢ ᠡᠷᠬᠢᠮᠯᠡᠨ᠎ᠡ᠃ ᠪᠢᠳᠡ 《ᠨᠠᠷᠢᠯᠢᠭ᠂ ᠰᠠᠢ᠌ᠨ᠂ ᠣᠬᠢ》 ᠠᠵᠢᠯ᠎ᠤᠨ ᠰᠤᠷᠲᠠᠯ᠎ᠢ ᠭᠦᠢ᠍ᠴᠡᠳ ᠪᠠᠳᠠᠷᠠᠭᠤᠯᠵᠤ᠂ ᠡᠯ᠎ᠡ ᠵᠦᠢ᠍ᠯ᠎ᠤᠨ ᠠᠮᠤᠷ᠎ᠢ ᠬᠠᠮᠠᠭ᠋ᠠᠯᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃ ᠰᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠠᠵᠢᠯ᠎ᠢ ᠭᠦᠨᠵᠡᠭᠡᠶ ᠥᠷᠨᠢᠭᠦᠯᠦᠨ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ ᠪᠠ ᠲᠣᠭᠲᠠᠭᠤᠨ ᠪᠤᠰᠤ ᠬᠦᠴᠦᠨ ᠵᠦᠢ᠍ᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠠᠷᠢᠯᠭ᠋ᠠᠵᠤ᠂ ᠪᠥᠬᠦ ᠴᠠᠭᠳᠠᠭ᠎ᠠ ᠵᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶ᠋ᠢᠭ᠋ᠠᠳ ᠨᠠᠩ ᠴᠢᠩᠭ᠎ᠠ ᠤᠯᠤᠰ ᠲᠥᠷᠥ ᠵᠢᠨ ᠡᠭᠦᠷᠭᠡᠯᠡᠯ᠂ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠡᠭᠦᠷᠭᠡᠯᠡᠯ ᠵᠶ᠋ᠠᠷ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠶ ᠨᠠᠷᠢᠯᠢᠭ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠤᠷ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ᠎ᠳᠤ ᠪᠠᠲᠤ ᠪᠠᠬᠢ ᠰᠠᠭᠤᠷᠢ ᠵᠢ ᠲᠠᠯᠪᠢᠨ᠎ᠠ᠃ ᠠᠷᠭ᠎ᠠ ᠪᠠᠷᠢᠯ ᠬᠡᠯᠪᠡᠷᠢ ᠵᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠥᠪ ᠲᠠᠯ᠎ᠠ ᠵᠢᠨ ᠤᠬᠠᠭᠤᠯᠭ᠎ᠠ ᠵᠢ ᠴᠢᠩᠭ᠋ᠠᠳᠬᠠᠨ᠎ᠠ᠃ ᠪᠢᠳᠡ ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠠᠭᠤᠯᠭ᠎ᠠ ᠪᠣᠯᠤᠨ ᠬᠡᠯᠪᠡᠷᠢ ᠵᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠬᠠᠭᠤᠯᠭ᠎ᠠ ᠵᠢᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ ᠰᠢᠨ᠎ᠡ ᠵᠠᠭᠤᠴᠢᠯᠠᠭᠤᠷ᠎ᠤᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠰᠣᠨᠢᠨ᠂ ᠰᠦᠯᠵᠢᠶ᠎ᠡ᠂ ᠸᠢᠴᠠᠲ᠂ ᠰᠡᠳᠬᠦᠯ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠵᠡᠷᠭᠡ᠎ᠪᠠᠷ ᠮᠡᠳᠡᠭᠳᠡᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠪᠤᠳᠠᠳᠤ ᠦᠢ᠍ᠯᠡᠳᠦᠯᠭᠡ ᠪᠣᠯᠤᠨ ᠡᠯᠪᠡᠭ ᠦᠷ᠎ᠡ ᠪᠦᠳᠦᠮᠵᠢ ᠵᠢ ᠭᠦᠢ᠍ᠴᠡᠳ ᠢᠯᠡᠷᠡᠭᠦᠯᠦᠨ᠎ᠡ᠃ ᠳᠣᠲᠣᠭ᠋ᠠᠳᠤ ᠭᠠᠳᠠᠭ᠋ᠠᠳᠤ ᠵᠢᠨ ᠤᠬᠠᠭᠤᠯᠭ᠎ᠠ ᠵᠢᠨ ᠡᠬᠢ ᠪᠠᠶᠠᠯᠢᠭ᠎ᠢ ᠭᠦᠢ᠍ᠴᠡᠳ ᠰᠠᠶ᠋ᠢᠲᠤᠷ ᠠᠰᠢᠭᠯᠠᠵᠤ ᠠᠮᠢᠳᠤᠯᠢᠭ ᠬᠡᠷᠡᠭᠯᠡᠬᠦ ᠲᠠᠯ᠎ᠠ᠎ᠪᠠᠷ ᠲᠠᠰ ᠳᠡᠪᠰᠢᠭᠦᠯᠬᠦ᠂ ᠵᠠᠭᠤᠴᠢᠯᠠᠭᠤᠷ᠎ᠤᠨ ᠰᠤᠷᠪᠤᠯᠵᠢᠯᠠᠭᠴᠢ ᠵᠢ ᠵᠣᠬᠢᠶᠠᠨ ᠪᠠᠶ᠋ᠢᠭᠤᠯᠵᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ᠂ ᠴᠠᠭᠳᠠᠭ᠎ᠠ ᠵᠢ᠎ᠲᠠᠭᠠᠨ ᠪᠠᠶ᠋ᠢᠯᠳᠤᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠪᠠ ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ ᠵᠢ ᠭᠦᠨᠵᠡᠭᠡᠶ ᠤᠬᠠᠭᠤᠯᠵᠤ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠥᠬᠦ ᠬᠦᠴᠦᠨ ᠵᠶ᠋ᠠᠷ ᠵᠶ᠋ᠠᠨ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ ᠠᠵᠢᠯ᠎ᠳᠤ ᠣᠷᠣᠯᠴᠠᠭᠰᠠᠨ ᠰᠠᠶ᠋ᠢᠨ ᠰᠠᠶ᠋ᠢᠬᠠᠨ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠤᠷ᠎ᠢ ᠬᠠᠮᠠᠭ᠋ᠠᠯᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠰᠢᠯᠭ᠋ᠠᠨ ᠬᠢᠨᠠᠵᠤ ᠬᠢᠨᠠᠨ ᠵᠢᠯᠣᠭᠤᠳᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠩᠨᠡᠭᠡ ᠵᠢᠨ ᠬᠠᠮᠢᠶᠠᠷᠤᠯᠲᠠ ᠵᠢ ᠴᠢᠩᠳᠠᠯᠠᠨ᠎ᠠ᠃ ᠪᠢᠳᠡ ᠪᠠᠰᠠ ᠣᠯᠠᠨ ᠵᠦᠢ᠍ᠯ᠎ᠤᠨ ᠠᠷᠭ᠎ᠠ ᠵᠢ ᠭᠦᠢ᠍ᠴᠡᠳ ᠬᠡᠷᠡᠭᠯᠡᠵᠦ᠂ ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠤᠳᠤᠷᠢᠳᠬᠤ᠂ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠂ ᠠᠬᠢᠴᠠ ᠵᠢᠨ ᠦᠷ᠎ᠡ ᠪᠦᠲᠦᠮᠵᠢ ᠵᠡᠷᠭᠡ ᠲᠠᠯ᠎ᠠ ᠵᠢᠨ ᠪᠠᠶ᠋ᠢᠳᠠᠯ᠎ᠢ ᠪᠦᠲᠦᠮᠵᠢᠲᠡᠶ ᠠᠬᠢᠭᠤᠯᠬᠤ ᠵᠢ ᠴᠢᠩᠭ᠋ᠠᠳᠬᠠᠨ᠎ᠠ᠃ ᠡᠩᠨᠡᠭᠡᠨ᠎ᠤ ᠠᠷᠢᠭᠤᠨ ᠴᠢᠬᠡᠴᠢ ᠵᠢᠨ ᠬᠥᠮᠦᠵᠢᠯ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠦᠵᠡᠯ ᠰᠠᠨᠠᠭ᠎ᠠ ᠤᠯᠤᠰ ᠲᠦᠷᠦ ᠪᠠ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠡᠩ᠎ᠤᠨ ᠦᠶ᠎ᠡ᠎ᠳᠤ ᠴᠢᠩᠭ᠎ᠠ ᠪᠠᠶ᠋ᠢᠬᠤ᠂ ᠡᠳᠦᠷ ᠲᠤᠳᠤᠮ᠎ᠤᠨ ᠠᠵᠢᠯ᠎ᠳᠤ ᠬᠠᠮᠢᠶᠠᠷᠬᠤ ᠵᠢ ᠪᠠᠷᠢᠮᠲᠠᠯᠠᠨ᠎ᠠ᠃ ᠡᠭᠦᠨ᠎ᠤ ᠬᠠᠮᠲᠤ ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠲᠠᠶ᠋ᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠵᠢ ᠡᠷᠡᠰ ᠲᠡᠪᠴᠢᠵᠦ᠂ ᠡᠯ᠎ᠡ ᠵᠦᠢ᠍ᠯ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠭᠡ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠤ ᠪᠠᠲᠤ ᠴᠢᠩᠭ᠎ᠠ ᠡᠩᠨᠡᠭᠡ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠪᠡ᠃