ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠠᠵᠢᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ》 ᠵᠢᠨ ᠱᠠᠲᠤᠴᠢ ᠴᠢᠨᠠᠷᠲᠠᠶ ᠳᠠᠢ᠌ᠨ᠎ᠤ ᠦᠷ᠎ᠡ ᠳ᠋ᠦᠩ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2023-10-10

      8 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠠᠵᠢᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ (《ᠵᠣᠨ᠎ᠤ ᠤᠯᠠᠷᠢᠯ᠎ᠤᠨ ᠠᠵᠢᠯᠯᠠᠭ᠎ᠠ》 ᠭᠡᠵᠦ ᠲᠣᠪᠴᠢᠯᠠᠨ᠎ᠠ) ᠵᠢ ᠥᠷᠨᠢᠭᠦᠯᠦᠭᠰᠡᠨ ᠪᠠᠶ᠋ᠢᠳᠠᠯ᠎ᠢ ᠵᠠᠷᠯᠠᠨ ᠮᠡᠳᠡᠭᠳᠡᠪᠡ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠳᠠᠷᠤᠭ᠎ᠠ ᠶᠠᠩ ᠢ᠂ ᠠᠵᠤ ᠠᠬᠤᠶ ᠵᠢᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠳᠡᠳ᠋ ᠳᠠᠷᠤᠭ᠎ᠠ ᠨᠢᠦ ᠵᠢᠶᠠᠨ ᠴᠢᠶᠠᠩ᠂ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠳᠡᠳ᠋ ᠳᠠᠷᠤᠭ᠎ᠠ ᠶᠠᠩ ᠱᠠᠨ ᠸᠠᠩ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠡᠮᠬᠢ ᠵᠢᠷᠤᠮ᠎ᠤᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠳᠠᠷᠤᠭ᠎ᠠ ᠮᠢᠶᠣᠣ ᠱ᠌ᠢ ᠵᠢᠶᠠᠨ᠂ ᠬᠣᠤᠷ ᠴᠠᠭ᠋ᠠᠵᠠᠯᠠᠬᠤ ᠶᠡᠷᠦᠩᠬᠡᠶ ᠠᠩᠭᠢ ᠵᠢᠨ ᠳᠡᠳ᠋ ᠳᠠᠷᠤᠭ᠎ᠠ ᠲᠤᠶᠠᠭ᠋ᠠᠷᠠᠯ᠂ ᠠᠮᠢ ᠠᠬᠤᠶ ᠵᠢᠨ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠬᠣᠶᠠᠳᠤᠭ᠋ᠠᠷ ᠳᠡᠰ᠎ᠤᠨ ᠳᠡᠭᠡᠳᠦ ᠲᠠᠰ᠎ᠤᠨ ᠴᠠᠭᠳᠠᠭ᠋ᠠᠨ ᠳᠠᠷᠤᠭ᠎ᠠ ᠭᠦᠸᠧ ᠵᠧᠨ ᠭᠠᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

W020230823353043256834.jpg


      ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠵᠤᠨ᠎ᠤ ᠤᠯᠠᠷᠢᠯ᠎ᠤᠨ ᠠᠵᠢᠯᠯᠠᠭ᠎ᠠ》 ᠵᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ 《ᠵᠢᠷᠭᠤᠭ᠎ᠠ ᠵᠢ ᠰᠡᠷᠭᠡᠶ᠋ᠢᠯᠡᠵᠦ ᠲᠠᠪᠤ ᠵᠢ ᠡᠵᠡᠮᠳᠡᠵᠦ ᠳᠥᠷᠪᠡ ᠵᠢ ᠠᠬᠢᠭᠤᠯᠬᠤ》 ᠰᠠᠭᠤᠷᠢ ᠵᠢ ᠴᠢᠩᠭ᠋ᠠᠳᠬᠠᠬᠤ ᠢᠨᠵᠧᠨᠧᠷᠢᠩ ᠵᠶ᠋ᠠᠷ ᠭᠠᠷᠳᠠᠴᠠ ᠪᠣᠯᠭ᠋ᠠᠵᠤ᠂ 《ᠳᠥᠷᠪᠡᠨ ᠨᠢᠭᠡ ᠪᠦᠯᠦᠭ᠂ ᠳᠥᠷᠪᠡ ᠵᠢ ᠴᠢᠩᠭ᠎ᠠ ᠰᠡᠷᠭᠡᠶ᠋ᠢᠯᠡᠵᠦ᠂ ᠬᠣᠶᠠᠷ᠎ᠢ ᠦᠨᠡᠨ ᠬᠦ᠌ ᠪᠠᠲᠤᠯᠠᠬᠤ》 ᠠᠵᠢᠯ᠎ᠤᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠤᠯᠢ᠎ᠠᠴᠠ ᠵᠥᠷᠢᠴᠡᠭᠰᠡᠨ ᠲᠣᠪᠣᠶ᠋ᠢᠮ᠎ᠠ ᠶᠠᠯᠠᠲᠤ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭᠴᠦ᠂ ᠨᠡᠶ᠋ᠢᠭᠡᠮ᠎ᠤᠨ ᠠᠮᠤᠷ ᠲᠦᠪᠰᠢᠨ᠎ᠤ ᠠᠰᠠᠭᠤᠳᠠᠯ᠎ᠢ ᠶᠡᠬᠡᠪᠡᠷ ᠴᠡᠭᠴᠡᠯᠡᠨ ᠵᠠᠰᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠣᠭᠣᠭ᠎ᠢ ᠰᠢᠪᠲᠤᠯᠤᠨ ᠰᠢᠢ᠍ᠳᠪᠦᠷᠢᠯᠡᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠵᠣᠨ᠎ᠤ ᠤᠯᠠᠷᠢᠯ᠎ᠤᠨ ᠠᠵᠢᠯᠯᠠᠭ᠎ᠠ》  ᠱᠠᠲᠤᠴᠢ ᠴᠢᠨᠠᠷᠲᠠᠶ ᠢᠯᠡᠳᠲᠡ ᠦᠷ᠎ᠡ ᠪᠦᠲᠦᠮᠵᠢ ᠤᠯᠪᠠ᠃
      ᠰᠠᠨᠠᠭ᠋ᠠᠴᠢᠯᠠᠭ᠎ᠠ᠎ᠲᠠᠢ᠎ᠪᠠᠷ ᠳᠠᠭ᠋ᠠᠷᠢᠬᠤ ᠵᠢ ᠪᠠᠷᠢᠮᠲᠠᠯᠠᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠪᠡ
      ᠵᠤᠨ᠎ᠤ ᠤᠯᠠᠷᠢᠯ᠎ᠳᠤ ᠣᠯᠠᠨ ᠭᠠᠷᠳᠠᠭ ᠬᠡᠷᠡᠭ᠎ᠢ ᠲᠦᠷᠭᠡᠨ ᠳᠡᠩᠨᠡᠨ ᠪᠠᠶ᠋ᠢᠴᠠᠭ᠋ᠠᠵᠤ ᠲᠦᠷᠭᠡᠨ ᠢᠯᠡᠷᠡᠭᠦᠯᠬᠦ ᠬᠡᠷᠡᠭᠲᠡᠶ᠃ ᠠᠵᠢᠯᠯᠠᠭ᠎ᠠ ᠡᠬᠢᠯᠡᠭᠰᠡᠨ᠎ᠠᠴᠠ ᠨᠠᠭ᠋ᠠᠰᠢ᠂ ᠡᠯ᠎ᠡ ᠲᠥᠷᠥᠯ᠎ᠤᠨ ᠡᠷᠡᠭᠦᠤ ᠵᠢᠨ ᠬᠡᠷᠡᠭ᠎ᠢ 3900 ᠭᠠᠷᠤᠶ ᠳᠡᠩᠨᠡᠨ ᠢᠯᠡᠷᠡᠭᠦᠯᠵᠦ᠂ 3800 ᠭᠠᠷᠤᠶ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠪᠠ᠃
      ᠬᠦᠨᠳᠦ ᠨᠣᠴᠢᠲᠠᠶ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭᠪᠡ᠃ 15 ᠠᠮᠢᠨ ᠬᠡᠷᠡᠭ᠎ᠢ ᠪᠦᠬᠦᠨ᠎ᠢ ᠢᠯᠡᠷᠡᠭᠦᠯᠵᠦ᠂ ᠬᠥᠬᠡᠬᠣᠲᠠ ᠵᠢᠨ 《1996 · 9 · 24》᠎ᠤ ᠵᠣᠷᠢᠭᠤᠳᠠ ᠬᠥᠮᠦᠨ ᠠᠯᠠᠭᠰᠠᠨ ᠬᠡᠷᠡᠭ᠂ ᠬᠢᠩᠭ᠋ᠠᠨ ᠠᠶ᠋ᠢᠮᠠᠭ᠎ᠤᠨ 1993 ᠣᠨ᠎ᠤ ᠼᠠᠢ ᠣᠪᠣᠭᠲᠤ ᠵᠢᠨ ᠠᠯᠠᠭᠳᠠᠭᠰᠠᠨ ᠬᠡᠷᠡᠭ ᠵᠡᠷᠭᠡ ᠨᠢᠭᠡ ᠪᠦᠯᠦᠭ ᠳᠠᠷᠤᠭᠳᠠᠮᠠᠯ ᠠᠮᠢᠨ ᠬᠡᠷᠡᠭ᠎ᠢ ᠠᠮᠵᠢᠯᠲᠠ᠎ᠲᠠᠢ ᠢᠯᠡᠷᠡᠭᠦᠯᠵᠦ᠂ ᠯᠢᠶᠣᠤᠨᠢᠩ ᠮᠤᠵᠢ ᠵᠢᠨ 28 ᠵᠢᠯ᠎ᠤᠨ ᠡᠮᠦᠨᠡᠬᠢ ᠠᠮᠢᠨ ᠬᠡᠷᠡᠭ ᠪᠠ ᠣᠷᠭᠣᠳᠤᠤᠯ ᠬᠡᠷᠡᠭᠲᠡᠨ᠎ᠢ ᠰᠦᠯᠵᠢᠶᠡᠨ ᠳᠡᠭᠡᠷ᠎ᠡ ᠨᠡᠬᠡᠮᠵᠢᠯᠡᠨ ᠪᠠᠷᠢᠪᠴᠢᠯᠠᠭᠰᠠᠨ ᠵᠡᠷᠭᠡ ᠨᠢᠭᠡ ᠪᠦᠯᠦᠭ ᠰᠦᠯᠵᠢᠶᠡᠨ ᠳᠡᠭᠡᠷ᠎ᠡ ᠣᠷᠭᠣᠳᠤᠤᠯ ᠬᠡᠷᠡᠭᠲᠡᠨ᠎ᠢ ᠪᠠᠷᠢᠪᠴᠢᠯᠠᠪᠠ᠃ ᠬᠣᠣᠷ ᠲᠠᠲᠠᠭᠰᠠᠳ᠎ᠢ 《ᠶᠡᠬᠡᠪᠡᠷ ᠬᠤᠷᠢᠶᠠᠮᠵᠢᠯᠠᠨ ᠴᠡᠭᠡᠷᠯᠡᠭᠦᠯᠬᠦ》 ᠠᠵᠢᠯ᠎ᠢ ᠥᠷᠨᠢᠭᠦᠯᠵᠦ᠂  ᠬᠣᠣᠷᠲᠤ ᠡᠳ᠋᠎ᠤᠨ ᠡᠷᠡᠭᠦᠦ ᠵᠢᠨ ᠬᠡᠷᠡᠭ᠎ᠢ 62 ᠲᠠᠨᠭ᠌ᠨᠠᠨ ᠢᠯᠡᠷᠡᠭᠦᠯᠪᠡ᠃
      ᠬᠠᠤᠯᠢ ᠵᠢ ᠵᠥᠷᠢᠴᠡᠭᠰᠡᠨ ᠰᠢᠨ᠎ᠡ ᠮᠠᠶᠢᠭ᠎ᠤᠨ ᠶᠠᠯᠠᠲᠤ ᠬᠡᠷᠡᠭ᠎ᠢ ᠢᠯᠡᠷᠡᠭᠦᠯᠬᠦ ᠪᠣᠭᠣᠮᠲᠠ ᠵᠢ ᠬᠦᠴᠦ ᠲᠥᠪᠯᠡᠷᠡᠭᠦᠯᠦᠨ ᠰᠢᠪᠲᠤᠯᠪᠠ᠃ ᠪᠥᠬᠥ ᠣᠷᠣᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠬᠡᠷᠡᠭ᠎ᠢ ᠢᠯᠡᠷᠡᠭᠦᠯᠦᠭᠰᠡᠨ ᠲᠣᠭ᠎ᠠ᠂ ᠪᠠᠷᠢᠪᠴᠢᠯᠠᠭᠰᠠᠨ ᠶᠠᠯ᠎ᠠ ᠬᠢᠭᠰᠡᠨ ᠰᠡᠵᠢᠭᠳᠡᠨ᠎ᠤ ᠲᠣᠭ᠎ᠠ᠂ ᠪᠤᠵᠠᠷ ᠡᠳ᠋᠎ᠢ ᠨᠡᠬᠡᠮᠵᠢᠯᠡᠭᠰᠡᠨ ᠬᠣᠬᠢᠷᠠᠯ᠎ᠤᠨ ᠲᠣᠭ᠎ᠠ ᠵᠡᠷᠭᠡ 《ᠭᠤᠷᠪᠠᠨ ᠵᠦᠢ᠍ᠯ᠎ᠤᠨ ᠭᠦᠢ᠍ᠴᠡᠳᠬᠡᠯ ᠲᠣᠭ᠎ᠠ》᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 101%᠂ 202%᠂ 58%᠎ᠪᠠᠷ ᠳᠡᠭᠡᠭᠰᠢᠯᠡᠭᠰᠡᠨ ᠪᠠᠶ᠋ᠢᠨ᠎ᠠ᠃
      ᠱᠠᠯᠢᠭ ᠵᠠᠪᠬᠠᠶ ᠵᠦᠢ᠍ᠯ ᠪᠠ ᠵᠣᠭᠣᠰ ᠨᠠᠭ᠋ᠠᠳᠬᠤ᠎ᠳᠤ ᠬᠣᠯᠪᠣᠭᠳᠠᠭᠰᠠᠨ ᠬᠡᠷᠡᠭ᠎ᠢ ᠴᠢᠩᠭ᠎ᠠ ᠪᠠᠶ᠋ᠢᠴᠠᠭ᠋ᠠᠵᠤ ᠴᠢᠩᠭ᠎ᠠ ᠴᠣᠬᠢᠯᠲᠠ ᠥᠭᠪᠡ᠃ ᠠᠮᠤᠷ ᠲᠦᠪᠰᠢᠨ᠎ᠤ ᠡᠮᠬᠢ ᠵᠠᠮᠪᠠᠷᠠᠭ᠎ᠠ ᠦᠭᠡᠢ ᠭᠠᠵᠠᠷ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠠᠵᠢᠯ ᠲᠦᠷᠦᠯ᠎ᠤᠨ ᠲᠠᠯᠠᠪᠤᠷ ᠭᠠᠵᠠᠷ᠎ᠢ ᠪᠦᠬᠦ ᠲᠠᠯ᠎ᠠ᠎ᠪᠠᠷ ᠪᠠᠢ᠌ᠴᠠᠭ᠋ᠠᠵᠤ᠂ ᠱᠠᠯᠢᠭ ᠵᠠᠪᠬᠠᠶ ᠵᠣᠭᠣᠰ ᠨᠠᠭ᠋ᠠᠳᠤᠭᠰᠠᠨ ᠵᠦᠢ᠍ᠯ᠎ᠳᠤ ᠬᠣᠯᠪᠣᠭᠳᠠᠭᠰᠠᠨ ᠰᠦᠪᠡᠭᠴᠢ ᠵᠢ ᠪᠦᠬᠦ ᠲᠠᠯ᠎ᠠ᠎ᠪᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠪᠦᠯᠦᠭ ᠭᠣᠣᠯᠳᠠᠯᠭ᠎ᠠ᠎ᠲᠠᠢ ᠬᠡᠷᠡᠭ᠎ᠢ ᠲᠥᠪᠯᠡᠷᠡᠭᠦᠯᠦᠨ ᠫᠠᠶ᠋ᠢᠰᠠ ᠡᠯᠭᠦᠨ ᠨᠢᠭᠡ ᠪᠦᠯᠦᠭ ᠭᠣᠣᠯᠳᠠᠯᠭ᠎ᠠ᠎ᠲᠠᠢ ᠰᠦᠪᠡᠭᠴᠢ ᠵᠢ ᠰᠢᠪᠠᠳᠠᠨ ᠰᠢᠢ᠍ᠳᠪᠦᠷᠢᠯᠡᠭᠦᠯᠵᠦ᠂ ᠱᠠᠯᠢᠭ ᠵᠠᠪᠬᠠᠶ᠂ ᠵᠣᠭᠣᠰ ᠨᠠᠭ᠋ᠠᠳᠤᠭᠰᠠᠨ ᠵᠦᠢ᠍ᠯ᠎ᠳᠤ ᠬᠣᠯᠪᠣᠭᠳᠠᠭᠰᠠᠨ 2541 ᠬᠡᠷᠡᠭ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠵᠦ᠂ 7820 ᠭᠠᠷᠤᠶ ᠬᠥᠮᠦᠨ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠨᠥᠬᠥᠴᠡᠯ᠎ᠢ ᠦᠷᠭᠦᠯᠵᠢᠯᠡᠨ ᠴᠡᠪᠡᠷᠰᠢᠭᠦᠯᠪᠡ᠃
      ᠬᠥᠮᠥᠷᠭᠡ᠎ᠪᠠᠨ ᠴᠡᠪᠡᠷᠯᠡᠬᠦ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠥᠬᠥ ᠬᠦᠴᠦᠨ ᠵᠶ᠋ᠠᠷ ᠵᠶ᠋ᠠᠨ ᠠᠷᠢᠯᠭ᠋ᠠᠪᠠ
      ᠠᠵᠢᠯᠯᠠᠭ᠎ᠠ ᠡᠬᠢᠯᠡᠭᠰᠡᠨ᠎ᠠᠴᠠ ᠨᠠᠰᠢ ᠡᠯ᠎ᠡ ᠲᠥᠷᠥᠯ᠎ᠤᠨ ᠵᠥᠷᠢᠴᠡᠯ ᠵᠢᠭᠤᠷᠠᠯᠳᠤᠭ᠋ᠠᠨ᠎ᠢ 1.38 ᠲᠦᠮᠡᠨ ᠤᠳᠠᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠰᠢᠢ᠍ᠳᠪᠦᠷᠢᠯᠡᠭᠰᠡᠨ ᠨᠣᠷᠮ᠎ᠠ᠎ᠨᠢ 98.6%᠎ᠳᠤ ᠬᠦᠷᠴᠡᠶ᠃
      ᠫᠤᠤ ᠵᠡᠪᠰᠡᠭ ᠳᠡᠯᠪᠡᠷᠡᠬᠦ ᠡᠳ᠋ ᠬᠢᠲᠤᠭ᠎ᠠ᠎ᠳᠤ ᠬᠣᠯᠪᠣᠭᠳᠠᠭᠰᠠᠨ ᠳᠠᠯᠳᠠ ᠭᠡᠮ᠎ᠢ ᠴᠡᠪᠡᠷᠯᠡᠨ ᠠᠷᠢᠯᠭ᠋ᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠫᠤᠤ ᠵᠡᠪᠰᠡᠭ ᠳᠡᠯᠪᠡᠷᠡᠬᠦ ᠡᠳ᠋᠎ᠤᠨ ᠠᠮᠤᠷ ᠲᠦᠪᠰᠢᠨ᠎ᠤ ᠳᠠᠯᠳᠠ ᠬᠡᠮ᠎ᠢ 188 ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠪᠠ᠃ ᠬᠢᠳᠤᠭ᠋ᠠᠨ ᠪᠠᠭ᠋ᠠᠵᠢ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠬᠠᠮᠢᠶᠠᠷᠴᠤ ᠪᠥᠬᠥᠶ ᠠᠵᠤ ᠠᠬᠤᠶ᠋ᠢᠯᠠᠯ᠎ᠤᠨ ᠬᠤᠳᠠᠯᠳᠤᠭ᠋ᠠᠨ᠎ᠤ ᠡᠷᠦᠬᠡ ᠵᠢᠨ 《ᠬᠣᠶᠠᠷ 100%》᠎ᠪᠠᠷ ᠳᠠᠩᠰᠠᠯᠠᠭᠤᠯᠬᠤ ᠪᠠ ᠦᠨᠡᠨ ᠨᠡᠷ᠎ᠡ᠎ᠪᠠᠷ ᠬᠤᠳᠠᠯᠳᠤᠨ ᠠᠪᠬᠤ᠂ ᠪᠣᠷᠣᠯᠠᠭᠤᠯᠬᠤ ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠣᠭᠲᠠᠭ᠋ᠠᠯ᠎ᠠᠴᠠ ᠵᠥᠷᠢᠴᠡᠭᠰᠡᠨ ᠬᠢᠳᠤᠭ᠋ᠠᠨ ᠪᠠᠭ᠋ᠠᠵᠢ ᠵᠢ 2776 ᠬᠣᠷᠢᠶᠠᠨ  ᠠᠪᠤᠪᠠ᠃
      ᠰᠦᠯᠵᠢᠶᠡᠨ᠎ᠤ ᠣᠷᠣᠨ ᠵᠠᠶ ᠵᠢ ᠬᠠᠮᠵᠢᠯᠴᠠᠨ ᠵᠠᠰᠠᠬᠤ ᠵᠢ ᠯᠠᠪᠳᠠᠭᠤᠨ ᠪᠠᠲᠤᠲᠠᠶ ᠥᠷᠨᠢᠭᠦᠯᠪᠡ᠃ 《ᠰᠦᠯᠵᠢᠶ᠎ᠡ ᠵᠢ ᠴᠡᠪᠡᠷᠰᠢᠭᠦᠯᠬᠦ 2023》 ᠲᠤᠰᠬᠠᠶ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭᠰᠠᠨ᠂ ᠬᠠᠺᠸᠷ᠎ᠤᠨ ᠲᠠᠭ᠋ᠠᠷᠢᠯᠳᠠ᠂ ᠰᠦᠯᠵᠢᠶᠡᠨ᠎ᠤ ᠬᠠᠤᠯᠢ ᠪᠣᠰᠤ ᠠᠵᠤ ᠦᠢ᠍ᠯᠡᠰ᠎ᠲᠤ ᠬᠠᠯᠳᠠᠭᠰᠠᠨ ᠵᠡᠷᠭᠡ 529 ᠬᠡᠷᠡᠭ᠎ᠢ ᠬᠡᠷᠡᠭ ᠪᠣᠯᠭ᠋ᠠᠨ ᠲᠠᠨᠭ᠌ᠰᠠᠯᠠᠵᠤ ᠲᠠᠨᠭ᠌ᠨᠠᠨ ᠰᠢᠢ᠍ᠳᠪᠦᠷᠢᠯᠡᠵᠦ᠂ ᠬᠠᠤᠯᠢ ᠵᠢ ᠵᠥᠷᠢᠴᠡᠵᠦ ᠶᠠᠯ᠎ᠠ ᠬᠢᠭᠰᠡᠨ 502 ᠰᠡᠵᠢᠭᠳᠡᠨ᠎ᠢ ᠪᠠᠷᠢᠪᠴᠢᠯᠠᠪᠠ᠃
      ᠭᠣᠣᠯᠳᠠᠯᠭ᠎ᠠ᠎ᠲᠠᠢ ᠣᠷᠣᠨ ᠪᠦᠰᠡ ᠵᠢ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠪᠡ᠃ ᠬᠠᠮᠲᠤᠷᠠᠭᠰᠠᠨ ᠪᠠᠶ᠋ᠢᠴᠠᠭ᠋ᠠᠯᠲᠠ ᠵᠢ 1300 ᠭᠠᠷᠤᠶ ᠤᠳᠠᠭ᠎ᠠ ᠥᠷᠨᠢᠭᠦᠯᠵᠦ᠂ ᠠᠮᠤᠷ ᠲᠦᠪᠰᠢᠨ᠎ᠤ ᠳᠠᠯᠳᠠ ᠭᠡᠮ᠎ᠢ 6292 (ᠭᠠᠵᠠᠷ) ᠠᠷᠢᠯᠭ᠋ᠠᠪᠠ᠃
      ᠣᠯᠠᠨ ᠨᠡᠶ᠋ᠢᠲᠡ ᠵᠢᠨ ᠠᠮᠤᠷ ᠲᠦᠪᠰᠢᠨ᠎ᠤ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠵᠢ ᠯᠠᠪᠳᠠᠭᠤᠨ ᠪᠠᠲᠤᠲᠠᠶ ᠥᠷᠨᠢᠭᠦᠯᠪᠡ᠃ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠨ ᠶᠡᠬᠡ ᠵᠢ ᠡᠵᠡᠮᠳᠡᠬᠦ》 《ᠲᠠᠪᠤ ᠵᠢ ᠵᠠᠰᠠᠵᠤ ᠳᠥᠷᠪᠡ ᠵᠢ ᠪᠠᠶ᠋ᠢᠴᠠᠭ᠋ᠠᠬᠤ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ 《ᠬᠣᠶᠠᠷ ᠠᠶᠠᠨᠴᠢᠳ᠎ᠤᠨ ᠲᠡᠷᠭᠡ ᠠᠶᠤᠯ᠎ᠲᠠᠢ ᠪᠤᠳᠠᠰ ᠲᠡᠭᠡᠭᠡᠪᠦᠷᠢᠯᠡᠬᠦ ᠲᠡᠷᠭᠡ ᠨᠢᠭᠡ ᠪᠠᠷᠠᠭ᠋ᠠᠨ᠎ᠤ ᠲᠡᠷᠭᠡ》᠂ 6 ᠰᠠᠭᠤᠳᠠᠯ᠎ᠠᠴᠠ ᠳᠡᠭᠡᠭᠰᠢᠬᠢ ᠵᠢᠵᠢᠭ ᠰᠠᠭᠤᠳᠠᠯ᠎ᠤᠨ ᠲᠡᠷᠭᠡ ᠵᠡᠷᠭᠡ ᠭᠣᠤᠯᠳᠠᠯᠭ᠎ᠠ᠎ᠲᠠᠢ ᠲᠡᠷᠭᠡ ᠬᠥᠰᠬᠡ ᠵᠢ ᠴᠢᠩᠭ᠎ᠠ ᠠᠩᠬᠠᠷᠴᠤ᠂ 《ᠭᠤᠷᠪᠠ ᠵᠢ ᠬᠡᠲᠦᠷᠡᠭᠦᠯᠦᠨ ᠨᠢᠭᠡ ᠶᠠᠳᠠᠷᠠᠬᠤ》᠂ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠬᠤ᠂ ᠫᠠᠶ᠋ᠢᠰᠠ ᠦᠨᠡᠮᠯᠡᠯ᠎ᠳᠤ ᠬᠣᠯᠪᠣᠭᠳᠠᠬᠤ ᠵᠡᠷᠭᠡ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ ᠵᠢ ᠴᠢᠩᠭ᠎ᠠ ᠬᠠᠮᠢᠶᠠᠷᠤᠨ ᠴᠢᠩᠭ᠎ᠠ ᠪᠠᠶ᠋ᠢᠴᠠᠭ᠋ᠠᠨ᠎ᠠ᠃ ᠡᠭᠦᠨ᠎ᠤ ᠬᠠᠮᠲᠤ᠂ 《ᠪᠠᠭ᠎ᠠ ᠭᠠᠯ ᠵᠶ᠋ᠠᠷ ᠥᠭᠦᠭᠰᠡᠨ》 ᠡᠨᠳᠡᠯ ᠭᠠᠷᠬᠤ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠵᠦ᠂ ᠭᠠᠯ ᠤᠨᠲᠠᠷᠠᠭ᠋ᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠰᠠᠷ᠎ᠠ ᠪᠦᠷᠢ ᠨᠠᠭ᠋ᠠᠳᠤ ᠵᠠᠬ᠎ᠠ᠎ᠳᠤ᠎ᠪᠠᠨ ᠨᠢᠭᠡ ᠤᠳᠠᠭ᠎ᠠ 《ᠶᠢᠰᠦᠨ ᠪᠠᠭ᠎ᠠ ᠲᠠᠯᠠᠪᠤᠷ》᠎ᠤᠨ ᠭᠠᠯ ᠤᠨᠲᠠᠷᠠᠭ᠋ᠠᠬᠤ ᠳᠠᠯᠳᠠ ᠬᠡᠮ᠎ᠤᠨ ᠶᠡᠬᠡ ᠪᠠᠶ᠋ᠢᠴᠠᠭ᠋ᠠᠯᠲᠠ ᠵᠢ ᠥᠷᠨᠢᠭᠦᠯᠵᠦ᠂ 2754 ᠳᠠᠯᠳᠠ ᠬᠡᠮ᠎ᠢ ᠮᠥᠷᠳᠡᠨ ᠪᠠᠶ᠋ᠢᠴᠠᠭ᠋ᠠᠵᠤ ᠴᠡᠭᠴᠡᠯᠡᠨ ᠵᠠᠰᠠᠪᠠ᠃
      ᠪᠦᠬᠦᠯᠢ ᠴᠣᠭᠴᠠ᠎ᠪᠠᠷ᠎ᠨᠢ ᠰᠡᠷᠭᠡᠶ᠋ᠢᠯᠡᠨ ᠡᠵᠡᠮᠳᠡᠬᠦ ᠵᠢ ᠪᠠᠷᠢᠮᠲᠠᠯᠠᠵᠤ᠂ ᠠᠮᠤᠷ ᠲᠦᠪᠰᠢᠨ᠎ᠢ ᠡᠵᠡᠮᠳᠡᠬᠦ ᠡᠷᠴᠢᠮ᠎ᠢ ᠴᠢᠩᠭ᠋ᠠᠷᠠᠭᠤᠯᠪᠠ
      ᠭᠣᠣᠯᠳᠠᠯᠭ᠎ᠠ᠎ᠲᠠᠢ ᠣᠷᠣᠨ ᠪᠦᠰᠡ ᠵᠢᠨ ᠲᠣᠭᠣᠷᠢᠨ ᠪᠠᠶ᠋ᠢᠴᠠᠭ᠋ᠠᠯᠲᠠ ᠵᠢ ᠴᠢᠩᠭ᠋ᠠᠳᠬᠠᠪᠠ᠃ ᠳᠣᠲᠣᠭ᠋ᠠᠳᠤ ᠵᠢ ᠬᠠᠮᠠᠭ᠋ᠠᠯᠠᠬᠤ᠂ ᠵᠡᠪᠰᠡᠭᠲᠦ ᠴᠠᠭᠳᠠᠭ᠎ᠠ᠂ ᠨᠡᠶ᠋ᠢᠭᠡᠮ ᠲᠣᠭᠣᠷᠢᠭ᠎ᠤᠨ ᠴᠠᠭᠳᠠᠭ᠋ᠠᠨ᠎ᠤ ᠶᠠᠪᠤᠳᠠᠯ᠎ᠤᠨ ᠪᠦᠯᠬᠦᠮ ᠵᠢᠴᠢ ᠡᠯ᠎ᠡ ᠲᠥᠷᠥᠯ᠎ᠤᠨ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠬᠦᠴᠦᠨ᠎ᠢ ᠭᠦᠢ᠍ᠴᠡᠳ ᠡᠮᠬᠢᠯᠡᠨ ᠨᠡᠶ᠋ᠢᠯᠡᠭᠦᠯᠵᠦ᠂ 《ᠵᠠᠪᠠᠯ ᠲᠣᠭᠣᠷᠢᠨ ᠪᠠᠶ᠋ᠢᠴᠠᠭ᠋ᠠᠬᠤ ᠱᠤᠭᠤᠮ》᠎ᠢ 1266 ᠵᠤᠷᠪᠤᠰ᠂ 《ᠵᠠᠪᠠᠯ ᠲᠣᠭᠣᠷᠢᠨ ᠪᠠᠶ᠋ᠢᠴᠠᠭ᠋ᠠᠬᠤ ᠴᠡᠭ》᠎ᠢ 2971 ᠭᠠᠵᠠᠷ᠎ᠲᠤ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠲᠣᠭᠣᠷᠢᠨ ᠴᠠᠭᠳᠠᠬᠤ ᠳᠤᠭᠤᠶ᠋ᠢᠯᠠᠩ᠎ᠤᠨ 3798 ᠳᠤᠭᠤᠶ᠋ᠢᠯᠠᠩ᠎ᠢ ᠬᠥᠳᠡᠯᠭᠡᠵᠦ᠂ ᠳᠣᠲᠣᠭ᠋ᠠᠳᠤ ᠵᠢ ᠬᠠᠮᠠᠭ᠋ᠠᠯᠠᠬᠤ ᠣᠨᠴᠠ ᠴᠠᠭᠳᠠᠭ᠎ᠠ ᠵᠢᠨ PTU ᠵᠢ 120 ᠵᠣᠬᠢᠶᠠᠨ ᠪᠠᠶ᠋ᠢᠭᠤᠯᠵᠤ᠂ ᠤᠯᠤᠰ ᠲᠦᠷᠦ ᠵᠢᠨ ᠭᠣᠣᠯᠯᠠᠭᠴᠢ ᠣᠷᠣᠨ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠣᠷᠣᠨ᠂ ᠨᠡᠭᠦᠳᠡᠯ ᠬᠥᠮᠦᠨ ᠠᠮᠠ ᠲᠥᠪᠯᠡᠷᠡᠭᠰᠡᠨ ᠣᠷᠣᠨ ᠵᠡᠷᠭᠡ ᠴᠢᠬᠤᠯᠠ ᠣᠷᠣᠨ ᠪᠦᠰᠡ ᠵᠢᠨ ᠴᠠᠭᠳᠠᠨ ᠰᠡᠷᠭᠡᠶ᠋ᠢᠯᠡᠬᠦ ᠡᠷᠴᠢᠮ᠎ᠢ ᠪᠦᠬᠦ ᠲᠠᠯ᠎ᠠ᠎ᠪᠠᠷ ᠴᠢᠩᠭ᠋ᠠᠷᠠᠭᠤᠯᠵᠤ᠂ ᠨᠡᠢ᠍ᠢ᠍ᠳᠡ 44 ᠲᠦᠮᠡ ᠭᠠᠷᠤᠶ ᠬᠥᠮᠦᠨ ᠤᠳᠠᠭ᠎ᠠ ᠴᠠᠭᠳᠠᠨ ᠪᠠᠶ᠋ᠢᠴᠠᠭ᠋ᠠᠬᠤ ᠴᠠᠭᠳᠠᠭ᠎ᠠ ᠵᠢᠨ ᠬᠦᠴᠦᠨ᠎ᠢ ᠣᠷᠣᠭᠤᠯᠵᠤ᠂ 《ᠵᠢᠷᠤᠮ᠎ᠤᠨ ᠴᠠᠭᠳᠠᠭ᠎ᠠ》 ᠵᠢ 5.6 ᠲᠦᠮᠡᠨ ᠬᠥᠮᠦᠨ᠎ᠢ ᠬᠥᠮᠦᠵᠢᠭᠦᠯᠦᠨ᠂ 13.6 ᠲᠦᠮᠡᠨ ᠲᠠᠰᠤᠯᠭ᠎ᠠ ᠭᠡᠷ ᠪᠠᠶ᠋ᠢᠰᠢᠩ ᠲᠦᠷᠢᠶᠡᠰᠦᠯᠡᠭᠦᠯᠦᠭᠰᠡᠨ᠎ᠢ ᠪᠠᠶ᠋ᠢᠴᠠᠭ᠋ᠠᠨ ᠲᠣᠳᠣᠷᠬᠠᠶ᠋ᠢᠯᠠᠵᠤ᠂ 73 ᠲᠦᠮᠡ ᠰᠢᠬᠠᠮ ᠨᠡᠭᠦᠳᠡᠯ ᠬᠥᠮᠦᠨ ᠠᠮᠠ ᠵᠢ ᠬᠢᠨᠠᠨ ᠪᠠᠶ᠋ᠢᠴᠠᠭ᠋ᠠᠵᠤ᠂ 342 ᠬᠠᠤᠯᠢ ᠵᠢ ᠵᠥᠷᠢᠴᠡᠭᠰᠡᠨ ᠬᠢᠵᠦ ᠪᠠᠢ᠌ᠭ᠎ᠠ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠬᠠᠤᠯᠢ ᠵᠢ ᠵᠥᠷᠢᠴᠡᠵᠦ ᠶᠠᠯ᠎ᠠ ᠬᠢᠵᠦ ᠪᠠᠢ᠌ᠭ᠎ᠠ ᠰᠡᠵᠢᠭᠲᠡᠨ᠎ᠢ 670 ᠪᠠᠷᠢᠪᠴᠢᠯᠠᠪᠠ᠃
      ᠭᠣᠤᠯᠳᠠᠯᠭ᠎ᠠ᠎ᠲᠠᠢ ᠨᠡᠪᠲᠡᠷᠡᠬᠦ ᠵᠠᠮ᠎ᠢ ᠪᠠᠶ᠋ᠢᠴᠠᠭ᠋ᠠᠨ ᠡᠵᠡᠮᠳᠡᠬᠦ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠢ ᠲᠣᠭᠣᠷᠢᠭᠰᠠᠨ 《ᠭᠤᠷᠪᠠᠨ ᠱᠠᠲᠤᠨ᠎ᠤ ᠪᠠᠶ᠋ᠢᠴᠠᠭ᠋ᠠᠨ ᠡᠵᠡᠮᠳᠡᠬᠦ ᠬᠦᠷᠢᠶ᠎ᠡ》 ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠥᠷᠲᠡᠭᠡ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠳᠡᠭᠡᠳᠦ ᠲᠠᠰ᠎ᠤᠨ ᠪᠠᠶ᠋ᠢᠴᠠᠭ᠋ᠠᠨ ᠡᠵᠡᠮᠳᠡᠬᠦ ᠦᠢ᠍ᠯᠡᠴᠢᠯᠡᠭᠡᠨ᠎ᠤ ᠠᠵᠢᠯ᠎ᠢ ᠡᠬᠢᠯᠡᠭᠦᠯᠵᠦ᠂ ᠬᠥᠮᠦᠨ᠂ ᠲᠡᠷᠭᠡ᠂ ᠪᠣᠳᠠᠰ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠨᠢᠭᠲᠠ ᠴᠢᠩᠭ᠎ᠠ ᠬᠢᠵᠦ᠂ 22 ᠣᠷᠭᠣᠳᠤᠤᠯ ᠬᠡᠷᠡᠭᠲᠡᠨ᠎ᠢ ᠪᠠᠷᠢᠪᠴᠢᠯᠠᠵᠤ᠂ ᠵᠠᠬᠢᠷᠤᠨ ᠬᠠᠮᠢᠶᠠᠷᠴᠤ ᠪᠥᠬᠥᠶ ᠬᠢᠲᠤᠭ᠎ᠠ ᠪᠠᠭ᠋ᠠᠵᠢ ᠵᠡᠷᠭᠡ 2226 ᠠᠶᠤᠯᠲᠠᠶ ᠪᠣᠳᠠᠰ᠎ᠢ ᠪᠠᠶ᠋ᠢᠴᠠᠭ᠋ᠠᠨ ᠲᠤᠰᠢᠶᠠᠯᠭ᠋ᠠᠪᠠ᠃ ᠪᠥᠬᠥ ᠣᠷᠣᠨ᠎ᠤ ᠡᠯ᠎ᠡ ᠬᠢᠯᠢ ᠵᠢᠨ ᠪᠠᠶ᠋ᠢᠴᠠᠭ᠋ᠠᠯᠲᠠ ᠵᠢᠨ ᠥᠷᠲᠡᠭᠡ᠎ᠨᠦᠭᠦᠳ ᠤᠯᠤᠰ᠎ᠤᠨ ᠡᠭᠦᠳᠡᠨ᠎ᠤ ᠪᠣᠭᠣᠮᠲᠠ ᠵᠢᠨ ᠪᠠᠶ᠋ᠢᠴᠠᠭ᠋ᠠᠯᠲᠠ ᠵᠢ ᠴᠢᠩᠳᠠᠯᠠᠵᠤ᠂ 3400 ᠭᠠᠷᠤᠶ ᠬᠥᠮᠦᠨ ᠤᠳᠠᠭ᠎ᠠ ᠵᠢᠨ ᠬᠢᠯᠢ ᠬᠢᠵᠠᠭ᠋ᠠᠷ᠎ᠲᠤ ᠬᠦᠷᠴᠦ ᠢᠷᠡᠭᠰᠡᠳ᠎ᠢ ᠪᠠᠶ᠋ᠢᠴᠠᠭ᠋ᠠᠪᠠ᠃
      ᠲᠥᠪᠯᠡᠷᠡᠭᠦᠯᠦᠨ ᠨᠢᠭᠡᠳᠦᠯᠲᠡᠶ ᠲᠣᠳᠣᠯᠠᠨ ᠪᠠᠶ᠋ᠢᠴᠠᠭ᠋ᠠᠬᠤ ᠵᠢ ᠴᠢᠩᠭ᠋ᠠᠳᠬᠠᠪᠠ᠃ 《ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ + ᠲᠦᠷ  ᠪᠠᠶ᠋ᠢᠴᠠᠭ᠋ᠠᠬᠤ》 ᠠᠵᠢᠯ᠎ᠤᠨ ᠵᠠᠭᠪᠤᠷ᠎ᠢ ᠪᠠᠷᠢᠮᠲᠠᠯᠠᠵᠤ᠂ 7 ᠤᠳᠠᠭ᠎ᠠ ᠵᠢᠨ ᠨᠢᠭᠡᠳᠦᠯᠲᠡᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠣᠣᠯᠳᠠᠯᠭ᠎ᠠ᠎ᠲᠠᠢ ᠵᠤᠭ᠎ᠠ ᠴᠡᠩᠭᠡᠯ᠎ᠤᠨ ᠭᠠᠵᠠᠷ᠎ᠢ ᠨᠡᠢ᠍ᠢ᠍ᠳᠡ 81490 ᠲᠣᠳᠣᠯᠠᠨ ᠪᠠᠢ᠌ᠴᠠᠭ᠋ᠠᠵᠤ᠂ ᠬᠣᠶᠠᠷ ᠪᠤᠯᠢᠶᠠᠭᠰᠠᠨ ᠨᠢᠭᠡ ᠬᠤᠯᠠᠭ᠋ᠠᠶ᠋ᠢᠯᠠᠭᠰᠠᠨ᠂ ᠪᠠᠭᠤᠷᠠᠢ᠍ᠢ᠍ᠴᠤᠤᠯ᠎ᠳᠤ ᠬᠠᠯᠳᠠᠭᠰᠠᠨ ᠵᠡᠷᠭᠡ 330 ᠭᠠᠷᠤᠢ ᠬᠡᠷᠡᠭ᠎ᠢ ᠢᠯᠡᠷᠡᠭᠦᠯᠵᠦ᠂ ᠠᠷᠢᠬᠢ ᠤᠤᠭᠤᠭ᠋ᠠᠳ ᠲᠡᠷᠭᠡ ᠵᠢᠯᠣᠭᠣᠳᠤᠭᠰᠠᠨ ᠬᠡᠷᠡᠭ᠎ᠢ 1704᠂ ᠰᠣᠭᠲᠣᠭᠤ᠎ᠪᠠᠷ ᠲᠡᠷᠭᠡ ᠵᠢᠯᠣᠭᠣᠳᠤᠭᠰᠠᠨ ᠬᠡᠷᠡᠭ᠎ᠢ 569᠂ ᠲᠡᠷᠭᠡ ᠳᠠᠪᠬᠢᠭᠤᠯᠵᠤ ᠵᠡᠭᠡᠯᠢ ᠦᠢ᠍ᠮᠡᠭᠦᠯᠦᠭᠰᠡᠨ ᠬᠡᠷᠡᠭ᠎ᠢ 135 ᠪᠠᠶ᠋ᠢᠴᠠᠭ᠋ᠠᠨ ᠰᠢᠢ᠍ᠳᠪᠦᠷᠢᠯᠡᠵᠦ᠂ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠬᠦᠴᠦᠷᠬᠡᠭ ᠶᠡᠬᠡ ᠰᠦᠷ ᠬᠦᠴᠦᠨ᠎ᠢ ᠪᠤᠢ ᠪᠣᠯᠭ᠋ᠠᠪᠠ᠃
      ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠭᠤᠯᠭ᠎ᠠ ᠵᠢ ᠴᠢᠩᠭ᠋ᠠᠳᠬᠠᠪᠠ᠃ 《ᠥᠷᠭᠡᠨ ᠣᠯᠠᠨ ᠴᠠᠭᠳᠠᠭ᠎ᠠ ᠡᠷᠦᠬᠡ ᠪᠣᠯᠭ᠋ᠠᠨ᠎ᠳᠤ ᠭᠦᠨᠵᠡᠭᠡᠢ᠌ᠷᠡᠬᠦ》 ᠠᠵᠢᠯᠯᠠᠭ᠎ᠠ ᠵᠢ ᠠᠬᠢᠭᠤᠯᠵᠤ᠂ ᠡᠷᠦᠬᠡ᠎ᠳᠤ ᠬᠦᠷᠴᠦ ᠤᠬᠠᠭᠤᠯᠬᠤ ᠠᠵᠢᠯ᠎ᠢ ᠥᠷᠭᠡᠨ ᠵᠶ᠋ᠠᠷ ᠥᠷᠨᠢᠭᠦᠯᠵᠦ᠂ ᠣᠯᠠᠨ ᠲᠦᠮᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠦᠵᠡᠯ ᠤᠬᠠᠮᠰᠠᠷ᠎ᠤᠨ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠷᠠᠭᠤᠯᠪᠠ᠃ 《ᠰᠦᠯᠵᠢᠶ᠎ᠡ ᠰᠣᠨᠢᠨ ᠲᠸᠯᠸᠢᠰ ᠬᠣᠷᠢᠶ᠎ᠠ ᠪᠢᠴᠢᠯ ᠦᠵᠦᠭᠦᠷ》 ᠵᠡᠷᠭᠡ ᠲᠠᠪᠴᠠᠩ᠎ᠳᠤ ᠲᠦᠰᠢᠭᠯᠡᠨ᠂ ᠡᠯ᠎ᠡ ᠲᠥᠷᠥᠯ᠎ᠤᠨ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠎ᠲᠤ ᠮᠠᠨ᠎ᠤ ᠣᠷᠣᠨ᠎ᠤ 《ᠵᠣᠨ᠎ᠤ ᠤᠯᠠᠷᠢᠯ᠎ᠤᠨ ᠠᠵᠢᠯᠯᠠᠭ᠎ᠠ》 ᠵᠢ 3300 ᠭᠠᠷᠤᠶ ᠤᠳᠠᠭ᠎ᠠ ᠮᠡᠳᠡᠭᠡᠯᠡᠵᠦ᠂ ᠰᠦᠯᠵᠢᠶᠡᠨ ᠭᠠᠳᠠᠨᠠᠬᠢ ᠤᠬᠠᠭᠤᠯᠭ᠎ᠠ ᠵᠢᠨ ᠰᠡᠷᠭᠡᠶ᠋ᠢᠯᠡᠯᠲᠡ ᠵᠢᠨ ᠴᠢᠭ᠎ᠢ ᠵᠡᠷᠭᠡ᠎ᠳᠤ᠎ᠨᠢ 1422 ᠪᠠᠶ᠋ᠢᠷᠢᠯᠠᠭᠤᠯᠵᠤ᠂ ᠤᠬᠠᠭᠤᠯᠭ᠎ᠠ ᠵᠢᠨ ᠮᠠᠲ᠋ᠧᠷᠢᠶᠠᠯ᠎ᠢ 36.8 ᠲᠦᠮᠡᠨ ᠬᠤᠪᠢ ᠲᠠᠷᠬᠠᠭ᠋ᠠᠵᠤ᠂ ᠤᠬᠠᠭᠤᠯᠭ᠎ᠠ ᠵᠢᠨ ᠸᠢᠳᠢᠣ᠋ ᠵᠢ 1.3 ᠲᠦᠮᠡ ᠭᠠᠷᠤᠶ ᠨᠡᠪᠲᠡᠷᠡᠭᠦᠯᠵᠦ᠂ ᠣᠯᠠᠨ ᠲᠦᠮᠡᠨ᠎ᠢ 120 ᠭᠠᠷᠤᠶ ᠲᠦᠮᠡᠨ ᠬᠥᠮᠦᠨ᠎ᠳᠤ ᠰᠤᠷᠭ᠋ᠠᠨ ᠬᠥᠮᠦᠵᠢᠭᠦᠯᠵᠦ᠂ 《ᠵᠣᠨ᠎ᠤ ᠤᠯᠠᠷᠢᠯ᠎ᠤᠨ ᠠᠵᠢᠯᠯᠠᠭ᠎ᠠ》 ᠵᠢᠨ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠰᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ ᠪᠠ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃
      ᠳᠠᠷᠠᠭ᠋ᠠᠴᠢ ᠵᠢᠨ ᠠᠯᠬᠤᠮ᠎ᠳᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ 《ᠵᠤᠨ᠎ᠤ ᠤᠯᠠᠷᠢᠯ᠎ᠤᠨ ᠠᠵᠢᠯᠯᠠᠭ᠎ᠠ》 ᠵᠢ ᠳᠣᠣᠷ᠎ᠠ ᠬᠠᠭ᠋ᠠᠰ ᠵᠢᠯ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠠᠵᠢᠯ᠎ᠤᠨ ᠴᠢᠬᠤᠯᠠ ᠠᠴᠢᠶᠠᠯᠠᠪᠤᠷᠢ ᠪᠣᠯᠭ᠋ᠠᠵᠤ᠂ 《ᠵᠢᠷᠭᠤᠭ᠎ᠠ ᠵᠢ ᠰᠡᠷᠭᠡᠶ᠋ᠢᠯᠡᠵᠦ ᠲᠠᠪᠤ ᠵᠢ ᠡᠵᠡᠮᠳᠡᠵᠦ ᠳᠥᠷᠪᠡ ᠵᠢ ᠠᠬᠢᠭᠤᠯᠬᠤ》 ᠰᠠᠭᠤᠷᠢ ᠵᠢ ᠴᠢᠩᠭ᠋ᠠᠳᠬᠠᠬᠤ ᠢᠨᠵᠧᠨᠧᠷᠢᠩ ᠵᠶ᠋ᠠᠷ ᠭᠠᠷᠳᠠᠴᠠ ᠪᠣᠯᠭ᠋ᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠠᠬᠢᠨ ᠳᠡᠭᠡᠭᠰᠢᠯᠡᠭᠦᠯᠬᠦ᠂ ᠨᠢᠭᠡᠳᠦᠯᠲᠡᠶ ᠲᠥᠯᠥᠪᠯᠡᠨ ᠠᠬᠢᠭᠤᠯᠵᠤ ᠳᠠᠬᠢᠨ ᠴᠢᠩᠭ᠋ᠠᠷᠠᠭᠤᠯᠬᠤ᠂ ᠴᠣᠬᠢᠯᠲᠠ ᠥᠭᠴᠦ ᠴᠡᠭᠴᠡᠯᠡᠨ ᠵᠠᠰᠠᠬᠤ ᠵᠢ ᠳᠠᠬᠢᠨ ᠭᠦᠨᠵᠡᠭᠡᠶ᠋ᠢᠷᠡᠭᠦᠯᠬᠦ᠂ ᠨᠡᠶ᠋ᠢᠭᠡᠮ᠎ᠤᠨ ᠰᠡᠷᠭᠡᠶ᠋ᠢᠯᠡᠨ ᠡᠵᠡᠮᠳᠡᠬᠦ ᠵᠢ ᠳᠠᠬᠢᠨ ᠨᠢᠭᠲᠠ ᠴᠢᠩᠭ᠎ᠠ ᠪᠣᠯᠭ᠋ᠠᠬᠤ᠂ ᠤᠬᠠᠭᠤᠯᠤᠨ ᠳᠠᠶ᠋ᠢᠴᠢᠯᠠᠵᠤ ᠳᠠᠬᠢᠨ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠦᠨᠡᠨ ᠪᠣᠳᠠᠲᠠᠶ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ 《ᠵᠣᠨ᠎ᠤ ᠤᠯᠠᠷᠢᠯ᠎ᠤᠨ ᠠᠵᠢᠯᠯᠠᠭ᠎ᠠ》 ᠵᠢ ᠭᠦᠨᠵᠡᠭᠡᠶ ᠠᠬᠢᠭᠤᠯᠵᠤ᠂ ᠮᠠᠨ᠎ᠤ ᠣᠷᠣᠨ᠎ᠤ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠡᠷᠡᠰ ᠬᠠᠮᠠᠭ᠋ᠠᠯᠠᠵᠤ᠂ ᠠᠷᠠᠳ ᠲᠦᠮᠡᠨ᠎ᠤ ᠠᠮᠤᠷ ᠲᠣᠭᠲᠠᠭᠤᠨ᠎ᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠳᠤᠲᠤᠭ᠋ᠠᠳᠤ ᠵᠢ ᠬᠠᠮᠠᠭ᠋ᠠᠯᠠᠬᠤ ᠲᠢᠩᠬᠢᠮ