6 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠥᠬᠡᠬᠣᠲᠠ᠎ᠳᠤ ᠬᠤᠷᠠᠯᠳᠤᠵᠤ᠂ 2019 ᠣᠨ᠎ᠠᠴᠠ ᠨᠠᠭ᠋ᠠᠰᠢᠬᠢ ᠪᠥᠬᠥ ᠣᠷᠣᠨ᠎ᠤ ᠬᠣᠤᠷ ᠴᠠᠭ᠋ᠠᠵᠠᠯᠠᠬᠤ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠵᠥᠪᠯᠡᠯ᠎ᠤᠨ ᠳᠡᠳ᠋ ᠡᠷᠬᠢᠯᠡᠭᠴᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠵᠥᠪᠯᠡᠯ᠎ᠤᠨ ᠭᠡᠰᠢᠭᠦᠨ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠵᠠᠩ ᠳ᠋ᠧ ᡁᠢ᠂ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠵᠥᠪᠯᠡᠯ᠎ᠤᠨ ᠭᠡᠰᠢᠭᠦᠨ᠂ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠳ᠋ᠦᠩ ᠭᠠᠩ᠂ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠵᠢᠯ᠎ᠤᠨ ᠠᠯᠪᠠᠨ ᠬᠡᠷ᠎ᠤᠨ ᠪᠠᠶ᠋ᠢᠩᠭᠤ ᠵᠢᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ ᠵᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠮᠨᠡᠯᠭᠡ ᠵᠢᠨ ᠶᠠᠪᠤᠳᠠᠯ᠎ᠤᠨ ᠭᠠᠵᠠᠷ᠎ᠤᠨ ᠳᠠᠷᠤᠭ᠎ᠠ ᠠᠷᠰᠯᠠᠨ᠂ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠫᠠᠨ ᠲᠣᠣ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠲᠠᠪᠤᠨ ᠵᠢᠯ᠎ᠤᠨ ᠲᠤᠷᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠬᠣᠣᠷ ᠴᠠᠭ᠋ᠠᠵᠠᠯᠠᠬᠤ ᠰᠠᠯᠠᠭ᠎ᠠ ᠮᠥᠴᠢᠷ᠎ᠤᠨ᠎ᠬᠢᠨ 《ᠴᠣᠬᠢᠯᠲᠠ ᠥᠭᠬᠦ᠂ ᠰᠡᠷᠭᠡᠶ᠋ᠢᠯᠡᠬᠦ᠂ ᠬᠠᠮᠢᠶᠠᠷᠬᠤ᠂ ᠬᠢᠵᠠᠭ᠋ᠠᠷᠯᠠᠬᠤ᠂ ᠴᠡᠭᠡᠷᠯᠡᠬᠦ᠂ ᠤᠬᠠᠭᠤᠯᠬᠤ》 ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ ᠵᠢ ᠪᠠᠷᠢᠮᠲᠠᠯᠠᠵᠤ᠂ 《ᠬᠣᠤᠷ ᠴᠠᠭ᠋ᠠᠵᠠᠯᠠᠬᠤ ᠬᠠᠤᠯᠢ ᠬᠡᠷᠡᠭᠵᠢᠭᠦᠯᠦᠯᠲᠡ ᠵᠢᠨ ᠴᠣᠬᠢᠯᠲᠠ ᠥᠭᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ᠂ ᠬᠣᠤᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠣᠤᠷ ᠲᠠᠲᠠᠭᠰᠠᠳ᠎ᠤᠨ ᠬᠠᠮᠢᠶᠠᠷᠤᠨ ᠡᠵᠡᠮᠳᠡᠬᠦ ᠨᠣᠷᠮ᠎ᠠ ᠵᠢ ᠳᠡᠭᠡᠭᠰᠢᠯᠡᠭᠦᠯᠬᠦ ᠪᠠ ᠬᠣᠤᠷᠲᠤ ᠡᠳ᠋᠎ᠤᠨ ᠭᠦᠢ᠍ᠯᠭᠡᠭᠡᠨ᠎ᠤ ᠲᠣᠭ᠎ᠠ ᠬᠡᠮᠵᠢᠶ᠎ᠡ ᠵᠢ ᠪᠠᠭᠤᠷᠠᠭᠤᠯᠬᠤ᠂ ᠬᠣᠤᠷ ᠲᠠᠲᠠᠭᠰᠠᠳ᠎ᠤᠨ ᠡᠵᠡᠯᠡᠬᠦ ᠬᠠᠷᠢᠴᠠᠯ᠎ᠢ ᠪᠠᠭᠤᠷᠠᠭᠤᠯᠬᠤ》 ᠠᠵᠢᠯ᠎ᠤᠨ ᠬᠠᠨᠳᠤᠰᠢ ᠵᠢ ᠪᠠᠲᠤᠯᠠᠵᠤ᠂ ᠰᠢᠨ᠎ᠡ ᠴᠠᠭ ᠦᠶ᠎ᠡ ᠵᠢᠨ ᠬᠣᠤᠷ ᠴᠠᠭ᠋ᠠᠵᠠᠯᠠᠬᠤ ᠠᠷᠠᠳ᠎ᠤᠨ ᠲᠡᠶ᠋ᠢᠨ᠎ᠳᠤ ᠢᠯᠡᠳᠲᠡ ᠦᠷ᠎ᠡ ᠪᠦᠲᠦᠮᠵᠢ ᠣᠯᠵᠤ᠂ ᠪᠥᠬᠥ ᠣᠷᠣᠨ᠎ᠤ ᠬᠣᠤᠷ ᠴᠠᠭ᠋ᠠᠵᠠᠯᠠᠬᠤ ᠲᠡᠮᠡᠴᠡᠯ᠎ᠤᠨ ᠪᠠᠶ᠋ᠢᠳᠠᠯ ᠲᠣᠭᠲᠠᠭᠤᠨ᠎ᠤ ᠳᠤᠮᠳᠠ ᠰᠠᠶ᠋ᠢᠵᠢᠷᠠᠪᠠ᠃
ᠬᠣᠣᠷᠲᠤ ᠡᠳ᠋᠎ᠤᠨ ᠠᠰᠠᠭᠤᠳᠠᠯ᠎ᠢ ᠶᠡᠷᠦᠩᠬᠡᠶ᠋ᠢᠯᠡᠨ ᠵᠠᠰᠠᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠬᠣᠤᠷ ᠴᠠᠭ᠋ᠠᠵᠠᠯᠠᠬᠤ ᠠᠵᠢᠯ᠎ᠢ ᠬᠣᠲᠠ ᠵᠢᠨ ᠬᠡᠪᠴᠢᠶᠡᠨ᠎ᠳᠠᠬᠢ ᠨᠡᠶ᠋ᠢᠭᠡᠮ᠎ᠤᠨ ᠵᠠᠰᠠᠯᠲᠠ ᠵᠢᠨ ᠬᠡᠪᠴᠢᠶᠡᠨ᠎ᠳᠤ ᠣᠷᠣᠭᠤᠯᠵᠤ᠂ ᠠᠮᠤᠷ ᠠᠮᠤᠭᠤᠯᠠᠩ᠎ᠤᠨ ᠪᠠᠶ᠋ᠢᠭᠤᠯᠤᠯᠲᠠ ᠪᠠ ᠪᠣᠯᠪᠠᠰᠤᠨ᠎ᠢ ᠡᠭᠦᠳᠦᠨ ᠪᠠᠶ᠋ᠢᠭᠤᠯᠬᠤ ᠰᠢᠯᠭ᠋ᠠᠨ ᠦᠨᠡᠯᠡᠯᠲᠡ᠎ᠳᠤ ᠣᠷᠣᠭᠤᠯᠪᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠯ ᠪᠦᠷᠢ ᠬᠣᠤᠷ ᠴᠠᠭ᠋ᠠᠵᠠᠯᠠᠬᠤ ᠲᠤᠰᠬᠠᠶ ᠵᠠᠷᠤᠳᠠᠯ᠎ᠢ ᠢᠵᠢ ᠪᠥᠷᠢᠳᠦᠭᠦᠯᠵᠦ᠂ ᠰᠠᠭᠤᠷᠢ ᠪᠡᠯᠡᠳᠬᠡᠮᠵᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠨᠣᠭ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢ ᠨᠡᠮᠡᠭᠳᠡᠭᠦᠯᠪᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠳᠦᠷᠢᠮ》᠎ᠢ ᠨᠡᠢ᠌ᠲᠡᠯᠡᠨ ᠬᠡᠷᠡᠭᠵᠢᠭᠦᠯᠪᠡ; ᠬᠣᠣᠷᠲᠤ ᠴᠠᠭ᠋ᠠᠵᠠᠯᠠᠬᠤ ᠵᠥᠪᠯᠡᠯ᠎ᠤᠨ ᠪᠦᠷᠢᠯᠳᠦᠬᠦᠨ ᠨᠢᠭᠡᠴᠢ᠎ᠨᠦᠭᠦᠳ ᠬᠣᠣᠷ ᠴᠠᠭ᠋ᠠᠵᠠᠯᠠᠬᠤ ᠤᠬᠠᠭᠤᠯᠭ᠎ᠠ ᠬᠢᠬᠦ᠂ ᠬᠣᠣᠷ ᠲᠠᠲᠠᠬᠤ ᠵᠢ ᠴᠠᠭ᠋ᠠᠵᠠᠯᠠᠵᠤ ᠬᠣᠣᠷ ᠲᠠᠲᠠᠬᠤ ᠵᠢ ᠵᠣᠭᠰᠣᠭ᠋ᠠᠬᠤ᠂ ᠬᠣᠣᠷᠲᠤ ᠡᠳ᠋᠎ᠤᠨ ᠤᠷᠭᠤᠮᠠᠯ ᠲᠠᠷᠢᠬᠤ ᠪᠠ ᠬᠣᠣᠷᠲᠤ ᠡᠳ᠋ ᠦᠢ᠍ᠯᠡᠳᠬᠦ ᠵᠢ ᠴᠠᠭ᠋ᠠᠵᠠᠯᠠᠬᠤ ᠵᠡᠷᠭᠡ ᠠᠵᠢᠯ᠎ᠢ ᠬᠦᠴᠦ᠎ᠪᠠᠨ ᠬᠠᠮᠲᠤᠳᠬᠠᠨ ᠠᠬᠢᠭᠤᠯᠪᠠ; ᠨᠡᠶ᠋ᠢᠭᠡᠮ᠎ᠤᠨ ᠣᠷᠣᠯᠴᠠᠬᠤ ᠲᠠᠪᠴᠠᠩ᠎ᠢ ᠪᠠᠶ᠋ᠢᠭᠤᠯᠵᠤ᠂ ᠬᠣᠣᠷᠲᠤ ᠡᠳ᠋᠎ᠢ ᠴᠠᠭ᠋ᠠᠵᠠᠯᠠᠬᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠢᠯᠣᠭᠣᠳᠤᠨ ᠪᠠᠶ᠋ᠢᠭᠤᠯᠵᠤ᠂ ᠬᠣᠣᠷᠲᠤ ᠡᠳ᠋᠎ᠢ ᠴᠠᠭ᠋ᠠᠵᠠᠯᠠᠬᠤ ᠰᠠᠢ᠍ᠢ᠍ᠨ ᠳᠤᠷ᠎ᠠ ᠵᠢᠨ ᠠᠵᠢᠯᠯᠠᠭᠴᠢ ᠵᠢᠨ ᠡᠩᠨᠡᠭᠡ ᠵᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠬᠣᠣᠷᠲᠤ ᠡᠳ᠋᠎ᠤᠨ ᠠᠰᠠᠭᠤᠳᠠᠯ᠎ᠢ ᠶᠡᠷᠦᠩᠬᠡᠶ᠋ᠢᠯᠡᠨ ᠵᠠᠰᠠᠬᠤ ᠲᠣᠭᠲᠠᠴᠠ ᠵᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃
ᠬᠣᠣᠷᠲᠤ ᠡᠳ᠋᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠦᠢ᠍ᠯᠡᠳᠦᠯ ᠴᠢᠳᠠᠪᠤᠷᠢ ᠶᠡᠬᠡ᠎ᠪᠠᠷ ᠳᠡᠭᠡᠭᠰᠢᠯᠡᠪᠡ᠃ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠭᠣᠤᠯ ᠬᠠᠷᠢᠭᠤᠴᠠᠯᠭ᠎ᠠ ᠵᠢ ᠡᠭᠦᠷᠭᠡᠯᠡᠵᠦ᠂ 《ᠢᠷᠡᠯᠲᠡ ᠵᠢ ᠠᠷᠢᠯᠭ᠋ᠠᠨ ᠤᠷᠤᠰᠬᠠᠯ᠎ᠢ ᠲᠠᠰᠤᠯᠬᠤ》 ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂ ᠰᠢᠤᠳᠠᠨ᠂ ᠪᠣᠭᠣᠮᠲᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠲᠡᠮᠦᠷ ᠵᠠᠮ ᠵᠡᠷᠭᠡ ᠰᠠᠯᠠᠭ᠎ᠠ ᠮᠥᠴᠢᠷ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠣᠤᠷᠲᠤ ᠡᠳ᠋᠎ᠢ ᠴᠠᠭ᠋ᠠᠵᠠᠯᠠᠬᠤ᠎ᠳᠤ ᠬᠦᠴᠦᠲᠡᠶ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶ᠋ᠢᠳᠠᠯ᠎ᠢ ᠪᠠᠲᠤᠯᠠᠵᠤ᠂ 5 ᠵᠢᠯ᠎ᠳᠤ ᠨᠡᠶ᠋ᠢᠲᠡ 2061 ᠤᠳᠠᠭ᠎ᠠ ᠬᠣᠤᠷᠲᠤ ᠡᠳ᠋᠎ᠤᠨ ᠡᠷᠡᠭᠦᠤ ᠵᠢᠨ ᠬᠡᠷᠡᠭ᠎ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ᠎ᠢ 3540 ᠪᠠᠷᠢᠪᠴᠢᠯᠠᠵᠤ᠂ ᠡᠯ᠎ᠡ ᠲᠥᠷᠥᠯ᠎ᠤᠨ ᠬᠣᠤᠷᠲᠤ ᠡᠳ᠋᠎ᠢ 102.2 ᠺᠢᠯᠣᠭ᠌ᠷᠠᠮ ᠣᠯᠵᠠᠯᠠᠪᠠ; ᠬᠦᠷᠭᠡᠬᠦ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠣᠤᠷᠲᠤ ᠡᠳ᠋ ᠫᠠᠨᠽᠠᠯᠠᠬᠤ ᠵᠠᠮ᠎ᠤᠨ ᠡᠵᠡᠮᠳᠡᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ 12 ᠠᠶ᠋ᠢᠮᠠᠭ ᠬᠣᠲᠠ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠲᠤ ᠬᠣᠤᠷᠲᠤ ᠡᠳ᠋ ᠴᠠᠭ᠋ᠠᠵᠠᠯᠠᠬᠤ ᠠᠵᠢᠯ᠎ᠤᠨ ᠥᠷᠲᠡᠭᠡ ᠪᠠᠶ᠋ᠢᠭᠤᠯᠵᠤ᠂ ᠬᠦᠷᠭᠡᠯᠲᠡ ᠭᠦᠢ᠍ᠯᠭᠡᠭᠡᠨ᠎ᠤ ᠵᠠᠮ᠎ᠤᠨ ᠬᠣᠤᠷᠲᠤ ᠡᠳ᠋᠎ᠲᠤ ᠬᠣᠯᠪᠣᠭᠳᠠᠭᠰᠠᠨ ᠰᠦᠪᠡᠭᠴᠢ ᠵᠢ ᠢᠯᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠬᠣᠤᠷᠲᠤ ᠡᠳ᠋ ᠫᠠᠨᠽᠠᠯᠠᠨ ᠵᠥᠭᠡᠭᠡᠪᠦᠷᠢᠯᠡᠬᠦ ᠵᠢᠨ ᠪᠠᠶ᠋ᠢᠴᠠᠭ᠋ᠠᠨ ᠪᠠᠷᠢᠪᠴᠢᠯᠠᠬᠤ ᠪᠠ ᠬᠠᠭ᠋ᠠᠵᠤ ᠬᠠᠰᠢᠬᠤ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠦ᠂ ᠡᠭᠦᠨ᠎ᠠᠴᠠ ᠢᠯᠡᠷᠡᠭᠦᠯᠦᠭᠰᠡᠨ ᠬᠣᠤᠷᠲᠤ ᠡᠳ᠋᠎ᠤᠨ ᠬᠡᠷᠡᠭ᠎ᠤᠨ ᠲᠣᠭ᠎ᠠ᠎ᠨᠢ ᠪᠥᠬᠥ ᠬᠡᠷᠡᠭ᠎ᠤᠨ ᠪᠥᠬᠥ ᠲᠣᠭ᠋ᠠᠨ᠎ᠤ 18.5% ᠵᠢ ᠡᠵᠡᠯᠡᠪᠡ᠃
ᠪᠥᠬᠥ ᠠᠷᠠᠳ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠭᠦᠨᠵᠡᠭᠡᠶ ᠥᠷᠭᠡᠳᠬᠡᠪᠡ᠃ ᠵᠠᠯᠠᠭᠤᠴᠤᠳ ᠪᠠᠭ᠋ᠠᠴᠤᠳ ᠵᠶ᠋ᠠᠷ ᠭᠣᠤᠯᠳᠠᠯᠭ᠎ᠠ ᠪᠣᠯᠭ᠋ᠠᠵᠤ᠂ ᠪᠥᠬᠥ ᠣᠷᠣᠨ᠎ᠤ 2800 ᠭᠠᠷᠤᠶ ᠰᠤᠷᠭ᠋ᠠᠭᠤᠯᠢ᠎ᠳᠤ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ 130 ᠭᠠᠷᠤᠶ ᠲᠦᠮᠡᠨ ᠰᠣᠷᠣᠭᠴᠢ ᠵᠢ ᠵᠣᠬᠢᠶᠠᠨ ᠪᠠᠶ᠋ᠢᠭᠤᠯᠤᠨ 《ᠵᠠᠯᠠᠭᠤᠴᠤᠳ ᠪᠠᠭ᠋ᠠᠴᠤᠳ᠎ᠤᠨ ᠬᠣᠣᠷ᠎ᠢ ᠰᠡᠷᠭᠡᠶ᠋ᠢᠯᠡᠬᠦ ᠬᠥᠮᠦᠵᠢᠯ᠎ᠤᠨ ᠲᠠᠪᠴᠠᠩ》 ᠵᠶ᠋ᠠᠷ ᠳᠠᠮᠵᠢᠭᠤᠯᠤᠨ ᠬᠣᠣᠷ ᠴᠠᠭ᠋ᠠᠵᠠᠯᠠᠬᠤ ᠮᠡᠳᠡᠯᠭᠡ ᠵᠢ ᠰᠤᠷᠤᠯᠴᠠᠭᠤᠯᠵᠤ᠂ ᠰᠤᠷᠤᠯᠴᠠᠯᠭ᠎ᠠ᠎ᠳᠤ ᠣᠷᠣᠯᠴᠠᠭᠰᠠᠨ ᠨᠣᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠦᠨ᠎ᠡ; ᠡᠯ᠎ᠡ ᠲᠥᠷᠥᠯ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ᠎ᠢ 128 ᠪᠠᠶ᠋ᠢᠭᠤᠯᠵᠤ᠂
《ᠪᠥᠬᠥ ᠤᠯᠤᠰ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ》᠎ᠢ 1 ᠪᠠᠶ᠋ᠢᠭᠤᠯᠪᠠ; ᠡᠭᠦᠨ᠎ᠤ ᠬᠠᠮᠲᠤ 《ᠲᠠᠪᠤ ᠵᠢ ᠨᠢᠭᠡ ᠴᠤᠭᠴᠠᠵᠢᠭᠤᠯᠬᠤ》 ᠬᠣᠣᠷ ᠴᠠᠭ᠋ᠠᠵᠠᠯᠠᠬᠤ ᠰᠢᠨ᠎ᠡ ᠵᠠᠭᠤᠴᠢᠯᠠᠭᠤᠷ᠎ᠤᠨ ᠰᠦᠯᠵᠢᠶᠡᠨ ᠳᠡᠭᠡᠷᠡᠬᠢ ᠲᠠᠪᠴᠠᠩ᠎ᠳᠤ ᠲᠦᠰᠢᠭᠯᠡᠨ ᠬᠣᠣᠷ ᠴᠠᠭ᠋ᠠᠵᠠᠯᠠᠬᠤ ᠮᠡᠳᠡᠭᠡ ᠨᠡᠶ᠋ᠢᠲᠡᠯᠡᠵᠦ᠂ ᠬᠣᠣᠷ ᠴᠠᠭ᠋ᠠᠵᠠᠯᠠᠬᠤ ᠮᠡᠳᠡᠯᠭᠡ ᠵᠢᠨ ᠲᠠᠶ᠋ᠢᠯᠤᠮᠵᠢ ᠥᠷᠨᠢᠭᠦᠯᠦᠨ᠎ᠡ; ᠬᠣᠣᠷ ᠴᠠᠭ᠋ᠠᠵᠠᠯᠠᠬᠤ ᠲᠣᠭᠣᠷᠢᠨ ᠤᠬᠠᠭᠤᠯᠤᠨ ᠲᠠᠶ᠋ᠢᠯᠪᠤᠷᠢᠯᠠᠬᠤ᠂ ᠬᠣᠣᠷ ᠴᠠᠭ᠋ᠠᠵᠠᠯᠠᠬᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠡᠷᠭᠡ ᠰᠦᠯᠵᠢᠶᠡᠨ ᠭᠠᠳᠠᠨᠠᠬᠢ ᠲᠤᠮᠤ ᠬᠡᠯᠪᠡᠷᠢ ᠵᠢᠨ ᠤᠬᠠᠭᠤᠯᠭ᠎ᠠ ᠵᠢᠨ ᠠᠵᠢᠯᠯᠠᠭ᠎ᠠ ᠵᠢ 400 ᠭᠠᠷᠤᠶ ᠲᠠᠯᠠᠪᠤᠷ (ᠤᠳᠠᠭ᠎ᠠ) ᠵᠣᠬᠢᠶᠠᠨ ᠪᠠᠶ᠋ᠢᠭᠤᠯᠵᠤ᠂ ᠠᠷᠠᠳ ᠤᠯᠠᠨ᠎ᠤ ᠬᠣᠣᠷᠲᠤ ᠡᠳ᠋᠎ᠢ ᠲᠠᠨᠢᠬᠤ ᠬᠣᠣᠷᠲᠤ ᠡᠳ᠋᠎ᠢ ᠰᠡᠷᠭᠡᠶ᠋ᠢᠯᠡᠬᠦ ᠬᠣᠣᠷᠲᠤ ᠡᠳ᠋᠎ᠢ ᠡᠰᠡᠷᠭᠦᠴᠡᠬᠦ ᠦᠵᠡᠯ ᠤᠬᠠᠮᠰᠠᠷ ᠢᠯᠡᠳᠲᠡ ᠴᠢᠩᠭ᠋ᠠᠷᠠᠪᠠ᠃
ᠬᠣᠤᠷ ᠲᠠᠲᠠᠭᠴᠢᠳ᠎ᠤᠨ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ ᠰᠠᠭᠤᠷᠢ ᠵᠢ ᠬᠦᠴᠦᠲᠡᠶ ᠪᠡᠬᠢᠵᠢᠭᠦᠯᠪᠡ᠃ 《ᠬᠣᠤᠷ ᠲᠠᠲᠠᠭᠰᠠᠳ᠎ᠢ ᠬᠤᠷᠢᠶᠠᠮᠵᠢᠯᠠᠨ ᠴᠡᠭᠡᠷᠯᠡᠭᠦᠯᠬᠦ ᠬᠤᠷᠢᠶᠠᠮᠵᠢᠯᠠᠨ ᠵᠠᠰᠠᠬᠤ》 ᠠᠵᠢᠯᠯᠠᠭ᠎ᠠ᠎ᠪᠠᠷ ᠭᠠᠷᠳᠠᠴᠠ ᠪᠣᠯᠭ᠋ᠠᠵᠤ᠂ ᠬᠣᠤᠷ ᠲᠠᠲᠠᠭᠰᠠᠳ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠶ᠋ᠢᠴᠠᠭ᠋ᠠᠨ ᠴᠡᠭᠡᠷᠯᠡᠭᠦᠯᠵᠦ᠂ ᠪᠥᠬᠥ ᠣᠷᠣᠨ᠎ᠳᠤ ᠣᠲᠣ ᠪᠠᠶ᠋ᠢᠭ᠎ᠠ ᠬᠣᠤᠷ ᠲᠠᠲᠠᠭᠴᠢᠳ 2019 ᠣᠨ᠎ᠳᠤ 2.9 ᠲᠦᠮᠡᠨ ᠬᠥᠮᠦᠨ ᠪᠠᠶ᠋ᠢᠭᠰᠠᠨ᠎ᠠᠴᠠ᠎ᠪᠠᠨ ᠣᠲᠣ 9875 ᠬᠥᠮᠦᠨ ᠪᠣᠯᠵᠣ ᠪᠠᠭ᠋ᠠᠰᠪᠠ; 《ᠬᠣᠤᠷ ᠲᠠᠲᠠᠬᠤ ᠵᠢ ᠴᠠᠭ᠋ᠠᠵᠠᠯᠠᠬᠤ ᠬᠣᠤᠷ ᠲᠠᠲᠠᠬᠤ ᠵᠢ ᠵᠣᠭᠰᠣᠭ᠋ᠠᠬᠤ ᠰᠠᠭᠤᠷᠢ ᠣᠨ》᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠡᠮ ᠵᠶ᠋ᠠᠷ ᠡᠮᠨᠡᠨ ᠵᠠᠰᠠᠬᠤ ᠵᠢ ᠪᠠᠲᠤᠯᠠᠬᠤ ᠪᠠ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠤᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠵᠢ ᠵᠠᠪᠰᠠᠷ ᠥᠬᠡᠶ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠬᠣᠤᠷ ᠴᠠᠭ᠋ᠠᠵᠠᠯᠠᠬᠤ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢ ᠬᠥᠭᠵᠢᠭᠦᠯᠵᠦ᠂ ᠬᠣᠤᠷ ᠲᠠᠲᠠᠭᠰᠠᠳ᠎ᠤᠨ ᠪᠥᠬᠥ ᠭᠣᠭᠴᠣᠭ᠎ᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠪᠠ; 《ᠠᠮᠤᠷ ᠠᠮᠤᠭᠤᠯᠠᠩ᠎ᠢ ᠬᠠᠯᠠᠮᠵᠢᠯᠠᠨ ᠬᠠᠶ᠋ᠢᠷᠠᠯᠠᠬᠤ》 ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠵᠡᠭᠡᠯᠢ ᠭᠤᠳᠤᠮᠵᠢ (ᠰᠢᠶᠠᠩ ᠪᠠᠯᠭ᠋ᠠᠰᠤ) ᠵᠢ ᠵᠣᠬᠢᠶᠠᠨ ᠪᠠᠶ᠋ᠢᠭᠤᠯᠤᠨ ᠬᠣᠤᠷ ᠲᠠᠲᠠᠬᠤ ᠵᠢ ᠵᠣᠭᠰᠣᠭ᠋ᠠᠬᠤ ᠡᠷᠡᠭᠦᠯᠵᠢᠭᠦᠯᠦᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠵᠦ᠂ ᠬᠣᠤᠷ ᠲᠠᠲᠠᠬᠤ ᠵᠢ ᠵᠣᠭᠰᠣᠭ᠋ᠠᠬᠤ ᠬᠥᠮᠦᠰ ᠵᠢᠴᠢ ᠲᠡᠳᠡᠨ᠎ᠤ ᠬᠡᠷ ᠪᠦᠯᠢ ᠵᠢᠨ ᠪᠦᠷᠢᠯᠳᠦᠬᠦᠨ᠎ᠢ ᠨᠡᠶ᠋ᠢᠲᠡ 9028 ᠬᠥᠮᠦᠨ ᠤᠳᠠᠭ᠎ᠠ ᠬᠠᠪᠰᠤᠷᠤᠨ ᠲᠡᠳᠬᠦᠪᠡ᠃
ᠬᠣᠣᠷᠲᠤ ᠬᠣᠯᠪᠣᠭᠳᠠᠬᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠰᠡᠷᠭᠡᠶ᠋ᠢᠯᠡᠨ ᠡᠵᠡᠮᠳᠡᠬᠦ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠪᠡ᠃ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠎ᠲᠠᠢ ᠤᠶᠠᠯᠳᠤᠭᠤᠯᠤᠨ᠂ ᠬᠣᠤᠷᠲᠤ ᠡᠳ᠋᠎ᠤᠨ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠬᠡᠪ᠎ᠤᠨ ᠪᠤᠰᠤ ᠭᠠᠵᠠᠷ ᠣᠷᠣᠨ᠎ᠤ ᠡᠬᠢ ᠰᠤᠷᠪᠤᠯᠵᠢ ᠵᠢ᠎ᠨᠢ ᠡᠷᠢᠵᠦ ᠬᠠᠷᠭᠤᠭᠤᠯᠤᠨ ᠪᠠᠶ᠋ᠢᠴᠠᠭ᠋ᠠᠬᠤ᠂ ᠴᠣᠬᠢᠯᠲᠠ ᠥᠭᠬᠦ᠂ ᠵᠠᠰᠠᠬᠤ ᠠᠵᠢᠯ᠎ᠤᠨ ᠪᠢᠲᠡᠭᠦᠦ ᠴᠠᠭ᠋ᠠᠷᠢᠭ᠎ᠢ ᠪᠣᠶ ᠪᠣᠯᠭ᠋ᠠᠪᠠ; ᠳᠣᠲᠣᠭ᠋ᠠᠳᠤ ᠵᠢ ᠬᠠᠮᠠᠭ᠋ᠠᠯᠠᠬᠤ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠵᠦ᠂ ᠬᠣᠤᠷᠲᠤ ᠡᠳ᠋ ᠦᠢ᠍ᠯᠡᠳᠬᠦ᠎ᠳᠤ ᠠᠮᠠᠷᠬᠠᠨ ᠬᠢᠮᠢ ᠵᠢᠨ ᠪᠣᠳᠠᠰ᠎ᠤᠨ ᠠᠵᠢᠯ ᠲᠥᠷᠥᠯ᠂ ᠲᠣᠨᠣᠭ ᠲᠥᠬᠥᠭᠡᠷᠦᠮᠵᠢ ᠵᠢᠨ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠪᠥᠬᠥ ᠣᠷᠣᠨ᠎ᠤ ᠬᠣᠤᠷᠲᠤ ᠡᠳ᠋ ᠦᠢ᠍ᠯᠡᠳᠬᠦ᠎ᠳᠤ ᠠᠮᠠᠷᠬᠠᠨ ᠬᠢᠮᠢ ᠵᠢᠨ ᠪᠣᠳᠠᠰ᠎ᠤᠨ ᠬᠠᠮᠢᠶᠠᠷᠤᠨ ᠡᠵᠡᠮᠳᠡᠬᠦ ᠨᠣᠷᠮ᠎ᠠ ᠵᠢ 100%᠎ᠳᠤ ᠬᠦᠷᠦᠭᠦᠯᠦᠨ᠎ᠡ; ᠳᠠᠭ᠋ᠠᠭᠤᠯᠢ ᠣᠳᠣᠨ᠎ᠤ ᠠᠯᠤᠰ ᠰᠡᠷᠡᠯ᠂ ᠵᠢᠯᠣᠭᠣᠴᠢ ᠥᠬᠡᠶ ᠨᠢᠰᠬᠡᠯ ᠵᠶ᠋ᠠᠷ ᠰᠡᠭᠦᠳᠡᠷᠯᠡᠬᠦ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠬᠣᠤᠷᠲᠤ ᠡᠳ᠋᠎ᠤᠨ ᠤᠷᠭᠤᠮᠠᠯ᠎ᠢ ᠳᠠᠷᠢᠬᠤ ᠵᠢ ᠴᠠᠭ᠋ᠠᠵᠠᠯᠠᠬᠤ ᠪᠠ ᠠᠷᠢᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠲᠠᠪᠤᠨ ᠵᠢᠯ᠎ᠳᠤ ᠶᠡᠬᠡ ᠬᠡᠪᠴᠢᠶ᠎ᠡ᠎ᠪᠠᠷ ᠬᠣᠤᠷᠲᠤ ᠡᠳ᠋᠎ᠤᠨ ᠤᠷᠭᠤᠮᠠᠯ᠎ᠢ ᠳᠠᠷᠢᠭᠰᠠᠨ ᠠᠰᠠᠭᠤᠳᠠᠯ ᠭᠠᠷᠤᠭᠰᠠᠨ ᠥᠬᠡᠶ᠃

ᠰᠤᠷᠪᠤᠯᠵᠢᠯᠠᠭᠴᠢ᠄ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠤᠷᠭ᠋ᠠᠭᠤᠯᠢ ᠵᠢᠨ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠠᠵᠢᠯ᠎ᠤᠨ ᠳᠤᠮᠳᠠ ᠶᠠᠮᠠᠷ ᠶᠠᠮᠠᠷ ᠠᠵᠢᠯ᠎ᠤᠨ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠠᠵᠢᠯ᠎ᠤᠨ ᠦᠷ᠎ᠡ ᠪᠦᠲᠦᠮᠵᠢ ᠣᠯᠤᠭᠰᠠᠨ ᠪᠣᠶ?

ᠵᠠᠩ ᠵᠢᠶᠦ᠋ᠨ ᠰᠢ᠄ ᠪᠢᠳᠡ ᠰᠤᠷᠭ᠋ᠠᠭᠤᠯᠢ ᠵᠢᠨ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠤᠳᠤᠷᠢᠳᠬᠤ ᠪᠠᠶ᠋ᠢᠭᠤᠯᠤᠮᠵᠢ ᠪᠠ ᠬᠠᠷᠢᠭᠤᠴᠠᠯᠭ᠎ᠠ ᠵᠢᠨ ᠰᠢᠰᠲ᠋ᠧᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠥᠮᠦᠨ ᠪᠣᠯᠭ᠋ᠠᠨ ᠬᠣᠤᠷᠲᠤ ᠡᠳ᠋᠎ᠢ ᠴᠠᠭ᠋ᠠᠵᠠᠯᠠᠬᠤ᠎ᠳᠤ ᠣᠷᠣᠯᠴᠠᠬᠤ》 ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠪᠠᠢ᠌ᠭᠤᠯᠪᠠ᠃ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠬᠥᠮᠦᠵᠢᠯ᠎ᠢ ᠬᠢᠴᠢᠶᠡᠯ᠎ᠤᠨ ᠲᠠᠩᠬᠢᠮ᠎ᠳᠤ ᠣᠷᠣᠭᠤᠯᠬᠤ ᠵᠢ ᠶᠡᠬᠡᠪᠡᠷ ᠠᠬᠢᠭᠤᠯᠵᠤ᠂ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠬᠥᠮᠦᠵᠢᠯ᠎ᠤᠨ ᠪᠦᠲᠦᠮᠵᠢᠲᠡᠶ ᠠᠷᠭ᠎ᠠ ᠤᠬᠠᠭ᠋ᠠᠨ᠎ᠢ ᠬᠠᠶ᠋ᠢᠨ ᠰᠦᠪᠡᠭᠴᠢᠯᠡᠪᠡ᠃ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ 《ᠬᠣᠣᠷ ᠦᠭᠡᠢ ᠵᠠᠯᠠᠭᠤ ᠨᠠᠰᠤ ᠬᠣᠤᠷ ᠥᠬᠡᠶ ᠤᠮᠠᠷᠠᠲᠤ ᠬᠢᠯᠢ》 ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ 1 ᠳᠡᠭᠡᠳᠦ ᠰᠤᠷᠭ᠋ᠠᠭᠤᠯᠢ᠎ᠳᠤ ᠥᠪᠡᠷᠲᠡᠭᠡᠨ ᠵᠠᠰᠠᠬᠤ ᠣᠷᠣᠨ᠎ᠤ ᠬᠣᠤᠷᠲᠤ ᠡᠳ᠋᠎ᠢ ᠴᠠᠭ᠋ᠠᠵᠠᠯᠠᠬᠤ ᠬᠥᠮᠦᠵᠢᠯ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠵᠤ᠂ 8 ᠳᠡᠭᠡᠳᠦ ᠰᠤᠷᠭ᠋ᠠᠭᠤᠯᠢ᠎ᠳᠤ ᠤᠮᠠᠷᠠᠲᠤ ᠬᠢᠯᠢ ᠵᠢᠨ ᠬᠣᠤᠷᠲᠤ ᠡᠳ᠋᠎ᠢ ᠴᠠᠭ᠋ᠠᠵᠠᠯᠠᠬᠤ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠵᠤ᠂ ᠴᠢᠬᠤᠯᠠ ᠵᠠᠩᠭᠢᠯᠠᠭ᠎ᠠ ᠵᠢᠨ ᠴᠡᠭ ᠪᠣᠯᠬᠤ ᠪᠦᠷᠢ ᠰᠤᠷᠭ᠋ᠠᠭᠤᠯᠢ ᠵᠢᠨ ᠬᠦᠷᠢᠶᠡᠨ᠎ᠳᠤ ᠬᠣᠤᠷᠲᠤ ᠡᠳ᠋᠎ᠢ ᠴᠠᠭ᠋ᠠᠵᠠᠯᠠᠬᠤ ᠭᠣᠤᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠪᠡ᠃ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠠᠵᠢᠯ᠎ᠤᠨ ᠨᠡᠶ᠋ᠢᠯᠡᠮᠡᠯ ᠬᠦᠴᠦᠨ᠎ᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠭᠠᠵᠠᠷ᠎ᠤᠨ ᠳᠤᠮᠳᠠᠳᠤ ᠪᠠᠭ᠎ᠠ ᠰᠤᠷᠭ᠋ᠠᠭᠤᠯᠢ᠎ᠨᠤᠭᠤᠳ ᠰᠤᠷᠭ᠋ᠠᠭᠤᠯᠢ ᠵᠢᠨ ᠪᠠᠭᠰᠢ᠂ ᠬᠠᠤᠯᠢ᠎ᠪᠠᠷ ᠵᠠᠰᠠᠬᠤ ᠳᠡᠳ᠋ ᠵᠠᠬᠢᠷᠤᠯ ᠪᠠ ᠰᠤᠷᠭ᠋ᠠᠭᠤᠯᠢ ᠵᠢᠨ ᠭᠠᠳᠠᠨᠠᠬᠢ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠢ ᠪᠠᠭᠲᠠᠭ᠋ᠠᠭᠰᠠᠨ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠪᠠᠭᠰᠢ ᠵᠢᠨ ᠬᠦᠴᠦᠨ᠎ᠢ ᠢᠳᠡᠪᠬᠢᠲᠡᠶ ᠪᠠᠶ᠋ᠢᠭᠤᠯᠵᠤ᠂ ᠬᠣᠤᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃
ᠰᠤᠷᠪᠤᠯᠵᠢᠯᠠᠭᠴᠢ᠄ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠤᠷ ᠲᠠᠲᠠᠬᠤ ᠵᠢ ᠵᠣᠭᠰᠣᠭ᠋ᠠᠬᠤ ᠪᠠᠶ᠋ᠢᠭᠤᠯᠭ᠎ᠠ᠎ᠨᠢ ᠬᠡᠷᠬᠢᠨ ᠰᠢᠨᠵᠢᠯᠡᠬᠦ ᠤᠬᠠᠭ᠋ᠠᠨᠴᠢ᠎ᠪᠠᠷ ᠵᠣᠭᠰᠣᠭ᠋ᠠᠬᠤ ᠵᠠᠰᠠᠬᠤ ᠵᠢ ᠬᠡᠷᠡᠭᠵᠢᠭᠦᠯᠵᠦ᠂ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠠᠨ ᠪᠠᠳᠠᠷᠠᠭᠤᠯᠤᠭᠰᠠᠨ ᠪᠣᠶ?

ᠫᠠᠨ ᠲᠤᠤ᠄ ᠤᠢ᠍ᠢ᠍ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠣᠭ᠋ᠠᠬᠤ ᠰᠢᠰᠲ᠋ᠧᠮ᠎ᠤᠨ ᠬᠠᠤᠯᠢ ᠴᠠᠭ᠋ᠠᠵᠠ ᠵᠢᠨ ᠶᠠᠮᠤᠨ᠎ᠤ ᠬᠣᠣᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠤᠷ ᠲᠠᠲᠠᠬᠤ ᠵᠢ ᠵᠣᠭᠰᠣᠭ᠋ᠠᠬᠤ ᠡᠷᠡᠭᠦᠯᠵᠢᠭᠦᠯᠬᠦ ᠪᠠ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠬᠦ ᠵᠢ ᠵᠢᠯᠣᠭᠣᠳᠬᠤ᠎ᠪᠠᠷ ᠬᠣᠶᠠᠷ ᠵᠢᠭᠦᠷ ᠪᠣᠯᠭ᠋ᠠᠭᠰᠠᠨ 《ᠨᠢᠭᠡ ᠴᠣᠭᠴᠠ ᠬᠣᠶᠠᠷ ᠵᠢᠭᠦᠷ》᠎ᠤᠨ ᠠᠵᠢᠯ᠎ᠤᠨ ᠪᠠᠶ᠋ᠢᠷᠢᠰᠢᠭᠤᠯᠤᠯᠲᠠ᠎ᠨᠢ ᠳᠣᠲᠣᠭ᠋ᠠᠳᠤ᠎ᠳᠤ᠎ᠪᠠᠨ ᠨᠢᠭᠲᠠ᠎ᠠᠴᠠ ᠨᠢᠭᠲᠠ ᠪᠠᠶ᠋ᠢᠵᠤ ᠰᠤᠷᠭ᠋ᠠᠨ ᠬᠥᠮᠦᠵᠢᠭᠦᠯᠵᠦ ᠴᠡᠭᠡᠷᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂ ᠭᠠᠳᠠᠭᠰᠢ᠎ᠪᠠᠨ ᠬᠣᠤᠷ ᠲᠠᠲᠠᠬᠤ ᠵᠢ ᠵᠣᠭᠰᠣᠭ᠋ᠠᠬᠤ ᠠᠵᠢᠯ᠎ᠢ ᠨᠡᠶ᠋ᠢᠭᠡᠮᠴᠢᠯᠡᠨ ᠤᠷᠲᠤᠳᠬᠠᠬᠤ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠬᠣᠤᠷ ᠴᠠᠭ᠋ᠠᠵᠠᠯᠠᠬᠤ ᠪᠠ ᠨᠡᠶ᠋ᠢᠭᠡᠮ᠎ᠤᠨ ᠶᠡᠷᠦᠩᠬᠡᠶ᠋ᠢᠯᠡᠨ ᠵᠠᠰᠠᠬᠤ ᠶᠡᠬᠡ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠭᠤᠯᠬᠤ ᠬᠡᠷᠡᠭᠲᠡᠶ᠃
ᠬᠥᠮᠦᠨ ᠵᠶ᠋ᠠᠷ ᠦᠨᠳᠦᠰᠦ ᠪᠣᠯᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠵᠣᠭᠰᠣᠭ᠋ᠠᠨ ᠵᠠᠰᠠᠵᠤ᠂ ᠰᠤᠳᠤᠯᠭ᠋ᠠᠨ᠎ᠤ ᠭᠠᠵᠠᠷ᠎ᠤᠨ ᠳᠣᠲᠣᠭ᠋ᠠᠳᠤ ᠵᠢᠨ ᠴᠡᠭᠡᠷᠯᠡᠨ ᠵᠣᠭᠰᠣᠭ᠋ᠠᠬᠤ ᠵᠠᠰᠠᠬᠤ ᠰᠢᠨ᠎ᠡ ᠬᠡᠪ ᠵᠠᠭᠪᠤᠷ᠎ᠢ ᠬᠠᠶ᠋ᠢᠨ ᠰᠦᠪᠡᠭᠴᠢᠯᠡᠵᠦ᠂ ᠣᠷᠣᠨ ᠪᠦᠰᠡ ᠵᠢ ᠰᠠᠯᠭ᠋ᠠᠨ ᠪᠠᠶ᠋ᠢᠭᠤᠯᠤᠭᠰᠠᠨ᠂ ᠲᠤᠰᠬᠠᠶ ᠮᠡᠷᠭᠡᠵᠢᠯ ᠵᠶ᠋ᠠᠷ ᠵᠣᠭᠰᠣᠭ᠋ᠠᠨ ᠵᠠᠰᠠᠭᠰᠠᠨ᠂ ᠡᠮᠴᠢᠯᠡᠭᠡ ᠪᠠ ᠰᠤᠷᠭ᠋ᠠᠨ ᠬᠥᠮᠦᠵᠢᠯ᠎ᠢ ᠵᠡᠷᠭᠡ᠎ᠪᠠᠷ ᠴᠢᠬᠤᠯᠠᠴᠢᠯᠠᠭᠰᠠᠨ᠂ ᠪᠦᠲᠦᠮᠵᠢᠲᠡᠶ᠎ᠪᠠᠷ ᠵᠣᠯᠭ᠋ᠠᠭᠤᠯᠤᠭᠰᠠᠨ ᠠᠵᠢᠯ᠎ᠤᠨ ᠰᠢᠰᠲ᠋ᠧᠮ᠎ᠢ ᠪᠦᠷᠢᠯᠳᠦᠭᠦᠯᠪᠡ᠃ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠳᠠᠪᠠᠭᠤᠯᠢᠭ ᠵᠶ᠋ᠠᠨ ᠶᠡᠬᠡᠰᠬᠡᠵᠦ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠬᠦ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠵᠤ᠂ ᠵᠠᠯᠠᠭᠤᠴᠤᠳ ᠪᠠᠭ᠋ᠠᠴᠤᠳ᠎ᠤᠨ ᠬᠣᠤᠷ ᠴᠠᠭ᠋ᠠᠵᠠᠯᠠᠬᠤ ᠤᠬᠠᠭᠤᠯᠭ᠎ᠠ ᠵᠢᠨ ᠬᠡᠯᠪᠡᠷᠢ ᠪᠠ ᠠᠴᠢᠶᠠᠯᠠᠪᠤᠷᠢ ᠵᠢ ᠲᠠᠰᠤᠷᠠᠯᠲᠠ ᠥᠬᠡᠶ ᠪᠠᠶᠠᠯᠢᠭᠵᠢᠭᠤᠯᠬᠤ ᠵᠢᠨ ᠬᠠᠮᠲᠤ᠂ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠡᠷᠡᠭᠦᠯᠵᠢᠯ᠎ᠤᠨ ᠵᠢᠯᠣᠭᠣᠳᠬᠤ ᠥᠷᠲᠡᠭᠡ ᠨᠡᠶ᠋ᠢᠲᠡ 91 ᠪᠠᠶ᠋ᠢᠭᠤᠯᠵᠤ᠂ ᠣᠳᠣᠬᠠᠨ᠎ᠳᠤ ᠨᠡᠶ᠋ᠢᠭᠡᠮ᠎ᠤᠨ ᠲᠣᠭᠣᠷᠢᠭ᠎ᠤᠨ ᠵᠣᠭᠰᠣᠭ᠋ᠠᠬᠤ ᠡᠷᠡᠭᠦᠯᠵᠢᠭᠦᠯᠬᠦ 2753 ᠬᠥᠮᠥᠨ᠎ᠢ ᠬᠠᠪᠰᠤᠷᠤᠨ ᠲᠡᠳᠬᠦᠵᠦ᠂ ᠠᠵᠢᠯ ᠣᠯᠭᠣᠯᠲᠠ ᠵᠢᠨ ᠲᠡᠳᠬᠦᠮᠵᠢ᠂ ᠬᠣᠤᠷ ᠲᠠᠲᠠᠬᠤ ᠵᠢ ᠵᠣᠭᠰᠣᠭ᠋ᠠᠬᠤ ᠡᠮᠴᠢᠯᠡᠭᠡ᠂ ᠨᠡᠶ᠋ᠢᠭᠡᠮ᠎ᠤᠨ ᠠᠪᠤᠷᠠᠨ ᠲᠤᠰᠠᠯᠠᠯᠲᠠ᠂ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠡᠷᠭᠡ ᠲᠠᠯ᠎ᠠ ᠵᠢᠨ 411 ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ 62 ᠤᠳᠠᠭ᠎ᠠ ᠥᠷᠨᠢᠭᠦᠯᠵᠦ᠂ 1300 ᠰᠢᠬᠠᠮ ᠬᠥᠮᠦᠨ᠎ᠳᠤ ᠠᠰᠢᠭ ᠬᠦᠷᠲᠡᠭᠡᠪᠡ᠃ ᠢᠳᠡᠪᠬᠢᠲᠡᠶ᠎ᠪᠠᠷ ᠰᠦᠪᠡᠭᠴᠢᠯᠡᠨ᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠣᠤᠷ ᠲᠠᠲᠠᠬᠤ ᠵᠢ ᠵᠣᠭᠰᠣᠭ᠋ᠠᠬᠤ ᠡᠷᠡᠭᠦᠯᠵᠢᠯ᠎ᠤᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ 《ᠨᠢᠭᠡ ᠥᠷᠲᠡᠭᠡᠨ᠎ᠤ ᠮᠠᠶᠢᠭ》᠎ᠤᠨ ᠵᠢᠯᠣᠭᠣᠳᠣᠯᠭ᠎ᠠ ᠦᠢ᠍ᠯᠡᠴᠢᠯᠡᠭᠡ ᠵᠢᠨ ᠬᠣᠤᠷ ᠲᠠᠲᠠᠬᠤ ᠵᠢ ᠵᠣᠭᠰᠣᠭ᠋ᠠᠬᠤ ᠡᠷᠡᠭᠦᠯᠵᠢᠯ᠎ᠤᠨ ᠵᠠᠭᠪᠤᠷ᠎ᠢ ᠰᠦᠪᠡᠭᠴᠢᠯᠡᠨ ᠪᠣᠶ ᠪᠣᠯᠭ᠋ᠠᠵᠤ᠂ ᠬᠣᠤᠷ ᠲᠠᠲᠠᠭᠰᠠᠳ᠎ᠤᠨ ᠠᠵᠢᠯ ᠤᠯᠬᠤ ᠨᠣᠷᠮ᠎ᠠ ᠵᠢ ᠳᠡᠭᠡᠭᠰᠢᠯᠡᠭᠦᠯᠬᠦ᠂ ᠨᠠᠰᠤᠨ᠎ᠳᠤ ᠥᠯᠥ ᠬᠥᠷᠬᠥ ᠬᠣᠤᠷ ᠲᠠᠲᠠᠭᠰᠠᠳ᠎ᠤᠨ ᠰᠤᠷᠤᠯᠭ᠎ᠠ᠎ᠪᠠᠨ ᠳᠣᠷᠭᠣᠨ ᠵᠣᠭᠰᠣᠬᠤ ᠨᠣᠷᠮ᠎ᠠ ᠵᠢ ᠪᠠᠭᠤᠷᠠᠭᠤᠯᠬᠤ᠂ ᠬᠣᠤᠷ ᠲᠠᠲᠠᠬᠤ᠎ᠪᠠᠨ ᠵᠣᠭᠰᠣᠭᠰᠠᠨ ᠬᠥᠮᠦᠰ᠎ᠤᠨ ᠳᠠᠬᠢᠨᠲᠠ ᠬᠠᠤᠯᠢ᠎ᠠᠴᠠ ᠵᠥᠷᠢᠴᠡᠨ ᠶᠠᠯ᠎ᠠ ᠬᠢᠬᠦ ᠨᠣᠷᠮ᠎ᠠ ᠵᠢ ᠪᠠᠭᠤᠷᠠᠭᠤᠯᠬᠤ᠂ ᠳᠠᠬᠢᠨ ᠲᠠᠲᠠᠬᠤ ᠨᠣᠷᠮ᠎ᠠ ᠵᠢ ᠪᠠᠭᠤᠷᠠᠭᠤᠯᠬᠤ ᠵᠡᠷᠭᠡ ᠠᠵᠢᠯ᠎ᠤᠨ ᠬᠠᠷᠠᠯᠲᠠ ᠵᠢ ᠪᠡᠶᠡᠯᠡᠭᠦᠯᠪᠡ᠃
ᠰᠤᠷᠪᠤᠯᠵᠢᠯᠠᠭᠴᠢ᠄ ᠮᠠᠨ᠎ᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠡᠮᠴᠢᠯᠡᠭᠡᠨ᠎ᠤ ᠪᠠᠶ᠋ᠢᠭᠤᠯᠤᠮᠵᠢ ᠵᠢᠨ ᠮᠢᠨᠴᠦᠭᠦᠷᠡᠭᠦᠯᠬᠦ᠂ ᠮᠡᠳᠡᠷᠡᠯ᠎ᠤᠨ ᠡᠮ ᠬᠡᠷᠡᠭᠯᠡᠬᠦ ᠵᠢ ᠬᠢᠨᠠᠨ ᠬᠠᠮᠢᠶᠠᠷᠬᠤ ᠵᠢ ᠬᠡᠷᠬᠢᠨ ᠪᠦᠲᠦᠮᠵᠢᠲᠡᠶ ᠥᠷᠨᠢᠭᠦᠯᠦᠭᠰᠡᠨ ᠪᠣᠶ?

ᠠᠷᠰᠯᠠᠨ᠄ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠭᠣᠤᠯᠳᠠᠭᠤ ᠳᠣᠤᠷᠠᠬᠢ ᠬᠡᠳᠦᠨ ᠲᠠᠯ᠎ᠠ᠎ᠪᠠᠷ ᠠᠵᠢᠯ ᠵᠶ᠋ᠠᠨ ᠥᠷᠨᠢᠭᠦᠯᠦᠨ᠎ᠡ᠄ ᠮᠢᠨᠴᠦᠷᠡᠭᠦᠯᠬᠦ ᠡᠮ᠎ᠤᠨ ᠵᠦᠢ᠍ᠯ ᠪᠠ ᠨᠢᠭᠡᠳᠦᠭᠡᠷ ᠲᠥᠷᠥᠯ᠎ᠤᠨ ᠮᠡᠳᠡᠷᠡᠯ᠎ᠤᠨ ᠡᠮ᠎ᠤᠨ ᠬᠠᠮᠢᠶᠠᠷᠤᠯᠲᠠ ᠵᠢᠨ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠮᠢᠨᠴᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠪᠡ᠃ ᠡᠮᠴᠢᠯᠡᠭᠡᠨ᠎ᠤ ᠪᠠᠶ᠋ᠢᠭᠤᠯᠤᠮᠵᠢ ᠵᠢᠨ 《ᠮᠢᠨᠴᠦᠷᠡᠭᠦᠯᠬᠦ ᠪᠠ ᠮᠡᠳᠡᠷᠡᠯ᠎ᠤᠨ ᠡᠮ᠎ᠤᠨ ᠵᠦᠢ᠍ᠯ》᠎ᠤᠨ ᠬᠠᠮᠢᠶᠠᠷᠤᠯᠲᠠ ᠵᠢᠨ ᠪᠠᠶ᠋ᠢᠳᠠᠯ᠎ᠢ ᠡᠮᠨᠡᠯᠭᠡ ᠵᠢᠨ ᠬᠣᠷᠢᠶ᠎ᠠ ᠵᠢᠨ ᠵᠡᠷᠭᠡ ᠳᠡᠰ᠎ᠢ ᠬᠢᠨᠠᠨ ᠲᠣᠭᠲᠠᠭ᠋ᠠᠬᠤ᠂ ᠵᠦᠶ ᠵᠣᠬᠢᠰᠲᠠᠶ ᠬᠡᠷᠡᠭᠯᠡᠬᠦ ᠡᠮ᠎ᠢ ᠬᠢᠨᠠᠨ ᠰᠢᠯᠭ᠋ᠠᠬᠤ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠶᠠᠰᠤ ᠴᠢᠨᠠᠷ᠎ᠢ ᠡᠵᠡᠮᠳᠡᠬᠦ ᠵᠡᠷᠭᠡ ᠠᠵᠢᠯ᠎ᠤᠨ ᠬᠢᠨᠠᠨ ᠰᠢᠯᠭ᠋ᠠᠬᠤ ᠪᠠ ᠦᠨᠡᠯᠡᠬᠦ᠎ᠳᠤ ᠵᠢᠭᠰᠠᠭ᠋ᠠᠨ ᠣᠷᠣᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠪᠠᠳᠠᠵᠤ ᠪᠠᠶ᠋ᠢᠭ᠋ᠠᠳ
《ᠮᠢᠨᠴᠦᠷᠡᠭᠦᠯᠬᠦ ᠪᠠ ᠮᠡᠳᠡᠷᠡᠯ᠎ᠤᠨ ᠡᠮ᠎ᠤᠨ ᠵᠦᠢ᠍ᠯ》᠎ᠤᠨ ᠬᠡᠷᠡᠭᠯᠡᠯᠲᠡ ᠬᠠᠮᠢᠶᠠᠷᠤᠯᠲᠠ ᠵᠢ ᠴᠢᠩᠭ᠋ᠠᠳᠬᠠᠪᠠ᠃ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠡᠮᠨᠡᠯᠭᠡ ᠵᠢᠨ ᠠᠵᠢᠯᠲᠠᠨ᠎ᠤ ᠬᠠᠮᠢᠶ᠎ᠠ ᠪᠥᠬᠥᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠰᠤᠷᠤᠯᠴᠠᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠡᠮᠴᠢ᠎ᠳᠤ 《ᠮᠢᠨᠴᠦᠷᠡᠭᠦᠯᠬᠦ ᠪᠠ ᠮᠡᠳᠡᠷᠡᠯ᠎ᠤᠨ ᠡᠮ᠎ᠤᠨ ᠵᠦᠢ᠍ᠯ》᠎ᠤᠨ ᠵᠣᠷ ᠣᠯᠭᠣᠬᠤ ᠡᠷᠬᠡ ᠵᠢ ᠵᠢᠷᠤᠮᠵᠢᠭᠤᠯᠤᠨ᠂ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠡᠮᠨᠡᠯᠭᠡ ᠵᠢᠨ ᠠᠵᠢᠯᠲᠠᠨ᠎ᠤ 《ᠮᠢᠨᠴᠦᠷᠡᠭᠦᠯᠬᠦ ᠪᠠ ᠮᠡᠳᠡᠷᠡᠯ᠎ᠤᠨ ᠡᠮ᠎ᠤᠨ ᠵᠦᠢ᠍ᠯ》᠎ᠤᠨ ᠬᠠᠮᠢᠶᠠᠷᠤᠯᠲᠠ ᠵᠢᠨ ᠠᠮᠤᠷ ᠲᠦᠪᠰᠢᠨ᠎ᠤ ᠦᠵᠡᠯ ᠤᠬᠠᠮᠰᠠᠷ᠂ ᠬᠠᠷᠢᠭᠤᠴᠠᠯᠭ᠎ᠠ ᠵᠢᠨ ᠦᠵᠡᠯ ᠤᠬᠠᠮᠰᠠᠷ ᠪᠣᠯᠤᠨ ᠬᠠᠤᠯᠢ ᠴᠠᠭ᠋ᠠᠵᠠ ᠵᠢᠨ ᠦᠵᠡᠯ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠪᠡ᠃ ᠳᠣᠲᠣᠭ᠋ᠠᠳᠤ ᠵᠢ ᠬᠠᠮᠠᠭ᠋ᠠᠯᠠᠬᠤ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠨ ᠮᠢᠨᠴᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠤᠰᠬᠠᠶ ᠪᠠᠶ᠋ᠢᠴᠠᠭ᠋ᠠᠯᠲᠠ ᠵᠢ ᠥᠷᠨᠢᠭᠦᠯᠵᠦ᠂ 《ᠮᠢᠨᠴᠦᠭᠦᠷᠡᠭᠦᠯᠬᠦ ᠡᠮ᠎ᠤᠨ ᠵᠦᠢ᠍ᠯ》᠎ᠤᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠬᠠᠮᠲᠤ᠎ᠪᠠᠷ ᠪᠠᠶ᠋ᠢᠭᠤᠯᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠨ᠎ᠠ᠃
ᠰᠤᠷᠪᠤᠯᠵᠢᠯᠠᠭᠴᠢ᠄ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ?

ᠵᠠᠩ ᠳ᠋ᠧ ᡁᠢ᠄ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠮᠢᠨᠴᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠮᠢᠨᠴᠦᠷᠡᠭᠦᠯᠬᠦ᠂ ᠮᠡᠳᠡᠷᠡᠯ᠎ᠤᠨ ᠡᠮ᠎ᠤᠨ ᠬᠠᠤᠯᠢ ᠪᠤᠰᠤ ᠵᠠᠮ᠎ᠳᠤ ᠣᠷᠣᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠨᠢᠭᠡ᠎ᠳᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠵᠢᠯ ᠪᠦᠷᠢ ᠪᠥᠬᠥ ᠣᠷᠣᠨ᠎ᠳᠤ ᠮᠢᠨᠴᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠢ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠠᠩᠭᠢᠯᠠᠭ᠎ᠠ ᠵᠢᠨ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠮ᠎ᠤᠨ ᠵᠦᠢ᠍ᠯ᠎ᠤᠨ ᠢᠷᠡᠯᠲᠡ ᠵᠢ ᠪᠠᠶ᠋ᠢᠴᠠᠭ᠋ᠠᠵᠤ ᠪᠣᠯᠬᠤ᠂ ᠬᠠᠮᠢᠭ᠋ᠠᠰᠢ ᠶᠠᠪᠤᠭᠰᠠᠨ᠎ᠢ ᠨᠡᠬᠡᠮᠵᠢᠯᠡᠵᠦ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠶᠠᠷ᠎ᠲᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠬᠠᠮᠲᠤ᠎ᠪᠠᠷ ᠵᠠᠰᠠᠬᠤ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ 《6·26》᠎ᠤ ᠬᠣᠤᠷ ᠴᠠᠭ᠋ᠠᠵᠠᠯᠠᠬᠤ ᠡᠳᠦᠷ᠂ 《ᠠᠮᠤᠷ ᠲᠦᠪᠰᠢᠨ ᠵᠶ᠋ᠠᠷ ᠡᠮ ᠬᠡᠷᠡᠭᠯᠡᠬᠦ ᠰᠠᠷ᠎ᠠ》 ᠵᠡᠷᠭᠡ ᠠᠵᠢᠯᠯᠠᠭ᠎ᠠ᠎ᠳᠤ ᠲᠦᠰᠢᠭᠯᠡᠨ᠂ ᠠᠮᠤᠷ ᠲᠦᠪᠰᠢᠨ ᠵᠶ᠋ᠠᠷ ᠡᠮ ᠬᠡᠷᠡᠭᠯᠡᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠭᠦᠯᠵᠢᠯᠡᠨ ᠥᠷᠨᠢᠭᠦᠯᠦᠨ᠎ᠡ᠃ ᠭᠤᠷᠪᠠ᠎ᠳᠤ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠲᠦᠷᠦᠯ ᠵᠦᠢ᠍ᠯ᠂ ᠭᠣᠣᠯᠳᠠᠯᠭ᠎ᠠ᠎ᠲᠠᠢ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠠᠲᠤᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠠᠯᠠᠭ᠎ᠠ ᠮᠥᠴᠢᠷ᠎ᠤᠨ ᠬᠠᠮᠵᠢᠯᠴᠠᠨ ᠬᠥᠳᠡᠯᠦᠯᠴᠡᠬᠦ ᠵᠢᠴᠢ ᠤᠬᠠᠭᠤᠯᠭ᠎ᠠ ᠬᠥᠮᠦᠵᠢᠯ᠎ᠢ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠨᠠᠰᠤᠨ᠎ᠳᠤ ᠥᠯᠥ ᠬᠦᠷᠦᠭᠰᠡᠳ ᠵᠢᠴᠢ ᠬᠡᠷ᠎ᠤᠨ ᠠᠬᠠᠮᠠᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠣᠶᠤᠨ ᠰᠠᠨᠠᠭ᠋ᠠᠨ᠎ᠤ ᠲᠥᠷᠥᠯ᠎ᠤᠨ ᠡᠮ᠎ᠢ ᠵᠥᠪ ᠲᠠᠨᠢᠭᠤᠯᠵᠤ᠂ ᠡᠮ᠎ᠢ ᠳᠤᠷ᠎ᠠ᠎ᠪᠠᠷ ᠵᠶ᠋ᠠᠨ ᠬᠡᠷᠡᠭᠯᠡᠬᠦ᠎ᠠᠴᠠ ᠤᠬᠠᠮᠰᠠᠷ᠎ᠠᠴᠠ᠎ᠪᠠᠨ ᠵᠠᠶ᠋ᠢᠯᠠᠰᠬᠢᠵᠦ᠂ ᠡᠮ᠎ᠤᠨ ᠰᠢᠨᠤᠯᠲᠠᠢ ᠪᠣᠯᠬᠤ ᠵᠢ ᠤᠷᠢᠳᠴᠢᠯᠠᠨ ᠰᠡᠷᠭᠡᠶ᠋ᠢᠯᠡᠵᠦ᠂ ᠨᠠᠰᠤᠨ᠎ᠳᠤ ᠥᠯᠥ ᠬᠦᠷᠦᠭᠰᠡᠳ᠎ᠤᠨ ᠲᠦᠭᠰᠢᠭᠦᠷᠢ ᠵᠢᠨ ᠦᠵᠡᠯ ᠤᠬᠠᠮᠰᠠᠷ ᠪᠠ ᠠᠮᠤᠷ ᠲᠦᠪᠰᠢᠨ ᠵᠦᠶ ᠵᠣᠬᠢᠰᠲᠠᠶ ᠡᠮ ᠬᠡᠷᠡᠭᠯᠡᠬᠦ ᠦᠵᠡᠯ ᠤᠬᠠᠮᠰᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
ᠰᠤᠷᠪᠤᠯᠵᠢᠯᠠᠭᠴᠢ᠄ ᠰᠢᠤᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠦᠷᠭᠡᠬᠦ ᠠᠷᠭ᠎ᠠ ᠵᠠᠮ᠎ᠤᠨ ᠬᠣᠤᠷ ᠴᠠᠭ᠋ᠠᠵᠠᠯᠠᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?

ᠳ᠋ᠦᠩ ᠭᠠᠩ᠄ ᠪᠢᠳᠡ ᠳᠣᠲᠣᠭ᠋ᠠᠳᠤ ᠵᠢ ᠬᠠᠮᠠᠭ᠋ᠠᠯᠠᠬᠤ ᠬᠣᠣᠷ ᠴᠠᠭ᠋ᠠᠵᠠᠯᠠᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠢᠯᠡᠭᠡᠬᠦ ᠬᠦᠷᠭᠡᠬᠦ ᠠᠷᠭ᠎ᠠ ᠵᠠᠮ ᠵᠶ᠋ᠠᠷ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠢ ᠪᠥᠬᠥ ᠲᠠᠯ᠎ᠠ᠎ᠪᠠᠷ ᠭᠦᠨᠵᠡᠭᠡᠶ ᠥᠷᠨᠢᠭᠦᠯᠦᠨ᠎ᠡ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ᠎ᠲᠠᠢ ᠬᠠᠮᠲᠤᠷᠠᠨ ᠲᠦᠷᠭᠡᠨ ᠬᠦᠷᠭᠡᠬᠦ ᠬᠦᠷᠢᠶᠡᠯᠡᠩ ᠲᠣᠭᠣᠷᠢᠭ᠎ᠤᠨ ᠬᠣᠤᠷ ᠴᠠᠭ᠋ᠠᠵᠠᠯᠠᠬᠤ ᠠᠵᠢᠯ᠎ᠤᠨ ᠥᠷᠲᠡᠭᠡ ᠵᠢᠨ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠵᠢ ᠠᠬᠢᠭᠤᠯᠵᠤ᠂ ᠰᠠᠯᠠᠭ᠎ᠠ ᠮᠥᠴᠢᠷ᠎ᠤᠨ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠲᠣᠭᠲᠠᠴᠠ ᠪᠠ ᠵᠠᠰᠠᠭ ᠠᠵᠤ ᠠᠬᠤᠶ᠋ᠢᠯᠠᠯ᠎ᠤᠨ ᠬᠠᠷᠢᠯᠴᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ᠎ᠠ᠃ ᠬᠣᠶᠠᠷ᠎ᠲᠤ᠂ ᠢᠯᠡᠭᠡᠬᠦ ᠬᠦᠷᠭᠡᠬᠦ ᠠᠷᠭ᠎ᠠ ᠵᠠᠮ᠎ᠤᠨ ᠠᠮᠤᠷ ᠲᠦᠪᠰᠢᠨ᠎ᠤ ᠬᠠᠮᠲᠤᠷᠠᠭᠰᠠᠨ ᠬᠢᠨᠠᠨ ᠬᠠᠮᠢᠶᠠᠷᠤᠯᠲᠠ ᠵᠢᠨ ᠠᠵᠢᠯ᠎ᠤᠨ ᠲᠣᠭᠲᠠᠴᠠ ᠵᠢ ᠪᠦᠷᠢᠨᠰᠢᠬᠦᠯᠵᠦ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠬᠦᠴᠦᠨ᠎ᠢ ᠠᠯᠬᠤᠮ ᠠᠯᠬᠤᠮ ᠵᠶ᠋ᠠᠷ ᠴᠢᠩᠭ᠋ᠠᠳᠬᠠᠵᠤ᠂ ᠬᠦᠷᠭᠡᠬᠦ ᠠᠷᠭ᠎ᠠ ᠵᠠᠮ᠎ᠤᠨ ᠬᠣᠤᠷᠲᠤ ᠡᠳ᠋᠎ᠲᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠵᠢ ᠬᠠᠮᠲᠤᠷᠠᠨ ᠪᠠᠶ᠋ᠢᠴᠠᠭ᠋ᠠᠨ ᠪᠠᠷᠢᠪᠴᠢᠯᠠᠬᠤ ᠠᠵᠢᠯ᠎ᠢ ᠭᠦᠨᠵᠡᠭᠡᠶ᠋ᠢᠷᠡᠭᠦᠯᠵᠦ᠂ ᠬᠦᠷᠭᠡᠬᠦ ᠠᠷᠭ᠎ᠠ ᠵᠠᠮ᠎ᠤᠨ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠰᠢᠨ᠎ᠡ ᠦᠷ᠎ᠡ ᠪᠦᠲᠦᠮᠵᠢ ᠤᠯᠬᠤ ᠵᠢ ᠲᠠᠰᠤᠷᠠᠯᠲᠠ ᠥᠬᠡᠶ ᠠᠬᠢᠭᠤᠯᠤᠨ᠎ᠠ᠃ ᠭᠤᠷᠪᠠ᠎ᠳᠤ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠯᠠᠨ ᠠᠷᠭ᠎ᠠ ᠵᠠᠮ ᠵᠶ᠋ᠠᠷ ᠠᠵᠢᠯᠲᠠᠨ ᠠᠵᠢᠯᠴᠢᠳ᠎ᠤᠨ ᠬᠣᠣᠷ ᠴᠠᠭ᠋ᠠᠵᠠᠯᠠᠬᠤ ᠤᠬᠠᠮᠰᠠᠷ ᠪᠣᠯᠤᠨ ᠪᠠᠶ᠋ᠢᠴᠠᠭ᠋ᠠᠨ ᠬᠣᠷᠢᠭᠯᠠᠵᠤ ᠢᠯᠭ᠋ᠠᠨ ᠲᠠᠨᠢᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠢᠳᠡ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠣᠤᠷ ᠴᠠᠭ᠋ᠠᠵᠠᠯᠠᠬᠤ ᠠᠵᠢᠯ᠎ᠤᠨ ᠥᠷᠲᠡᠭᠡ ᠵᠢᠨ ᠪᠣᠳᠠᠲᠤ ᠴᠣᠭᠴᠠᠲᠤ ᠠᠵᠢᠯᠯᠠᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠳᠣᠲᠣᠭ᠋ᠠᠳᠤ ᠵᠢ ᠬᠠᠮᠠᠭ᠋ᠠᠯᠠᠬᠤ ᠬᠣᠤᠷ ᠴᠠᠭ᠋ᠠᠵᠠᠯᠠᠬᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠨ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠪᠠᠶ᠋ᠢᠳᠠᠯ᠎ᠢ ᠮᠡᠳᠡᠭᠡᠯᠡᠬᠦ᠂ ᠰᠦᠪᠡᠭᠴᠢ ᠵᠢ ᠳᠠᠮᠵᠢᠭᠤᠯᠤᠨ ᠬᠦᠷᠭᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠢᠯᠡᠭᠡᠬᠦ ᠬᠦᠷᠭᠡᠬᠦ ᠠᠷᠭ᠎ᠠ ᠵᠠᠮ᠎ᠤᠨ ᠬᠣᠤᠷ ᠴᠠᠭ᠋ᠠᠵᠠᠯᠠᠬᠤ ᠠᠵᠢᠯ᠎ᠤᠨ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠬᠢᠷᠢ ᠲᠦᠪᠰᠢᠨ ᠪᠠ ᠬᠠᠮᠵᠢᠯᠴᠠᠨ ᠪᠠᠶ᠋ᠢᠯᠳᠤᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠬᠣᠤᠷᠲᠤ ᠡᠳ᠋᠎ᠢ ᠢᠯᠡᠭᠡᠬᠦ ᠬᠦᠷᠭᠡᠬᠦ ᠠᠷᠭ᠎ᠠ ᠵᠠᠮ ᠵᠶ᠋ᠠᠷ ᠳᠠᠮᠵᠢᠭᠤᠯᠤᠨ ᠲᠠᠷᠬᠠᠭ᠋ᠠᠬᠤ ᠵᠢ ᠴᠢᠩᠭ᠎ᠠ ᠰᠡᠷᠭᠡᠶ᠋ᠢᠯᠡᠨ᠎ᠡ᠃