3 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠨᠢᠳᠤᠨᠤᠨ᠎ᠠᠴᠠ ᠨᠠᠭ᠋ᠠᠰᠢᠬᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠲᠤᠨ ᠭᠤᠤᠯ᠎ᠤᠨ ᠰᠠᠪᠠ ᠭᠠᠵᠠᠷ᠎ᠤᠨ ᠬᠠᠤᠯᠢ ᠪᠤᠰᠤ᠎ᠪᠠᠷ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠪᠣᠯᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠪᠡ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠬᠣᠶᠠᠳᠤᠭ᠋ᠠᠷ ᠳᠡᠰ᠎ᠤᠨ ᠳᠡᠭᠡᠳᠦ ᠵᠡᠷᠭᠡ ᠵᠢᠨ ᠴᠠᠭᠳᠠᠭ᠋ᠠᠨ ᠳᠠᠷᠤᠭ᠎ᠠ ᠵᠠᠩ ᠴᠢᠤᠸᠠᠨ ᠸᠧᠶ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠰᠠᠯᠪᠤᠷᠢ ᠠᠩᠭᠢ ᠵᠢᠨ ᠳᠠᠷᠤᠭ᠎ᠠ ᠪᠥᠬᠡ᠂ ᠠᠮᠢ ᠠᠬᠤᠶ ᠣᠷᠴᠢᠨ ᠲᠣᠭᠣᠷᠢᠨ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠪᠤᠷᠢ ᠠᠩᠭᠢ ᠵᠢᠨ ᠳᠠᠷᠤᠭ᠎ᠠ ᠲᠤᠩ ᠹᠸᠢ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠬᠠᠲᠤᠨ ᠭᠤᠤᠯ᠎ᠤᠨ ᠰᠠᠪᠠ ᠭᠠᠵᠠᠷ᠎ᠤᠨ ᠬᠠᠤᠯᠢ ᠪᠤᠰᠤ᠎ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭᠪᠡ
《ᠬᠠᠲᠤᠨ ᠭᠤᠤᠯ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠬᠤ》 ᠪᠣᠯ ᠪᠥᠬᠥ ᠲᠠᠯ᠎ᠠ ᠵᠢ ᠪᠣᠳᠣᠯᠬᠢᠯᠠᠬᠤ᠂ ᠦᠷ᠎ᠡ ᠬᠣᠶ᠋ᠢᠴᠢᠰ᠎ᠲᠠᠭᠠᠨ ᠠᠷᠭ᠎ᠠ ᠤᠬᠠᠭ᠋ᠠᠨ ᠰᠦᠪᠡᠭᠴᠢᠯᠡᠬᠦ ᠪᠠᠶ᠋ᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠮᠥᠨ᠂ ᠤᠰᠤᠨ᠎ᠤ ᠠᠮᠢ ᠠᠬᠤᠶ ᠵᠢ ᠰᠡᠷᠭᠦᠭᠡᠬᠦ᠂ ᠤᠰᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠪᠠᠲᠤᠯᠠᠬᠤ ᠪᠦᠲᠦᠮᠵᠢᠲᠡᠶ ᠠᠷᠭ᠎ᠠ ᠪᠠᠷᠢᠯ ᠮᠥᠨ᠃ ᠶᠡᠷᠦᠩᠬᠡᠶ ᠱᠦᠵᠢ ᠰᠢ ᠵᠢᠨ ᠫᠢᠩ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠳᠡᠭᠡᠳᠦ ᠬᠡᠮᠵᠢᠶ᠎ᠡ᠎ᠪᠠᠷ ᠰᠠᠨᠠᠭ᠋ᠠᠰᠢᠷᠠᠵᠤ᠂ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠥᠭᠴᠦ᠂ ᠪᠢᠳᠡᠨ᠎ᠤ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠬᠠᠲᠤᠨ ᠭᠣᠣᠯ᠎ᠤᠨ ᠬᠠᠮᠠᠭ᠋ᠠᠯᠠᠯᠲᠠ ᠵᠢᠨ ᠬᠠᠤᠯᠢ》 ᠵᠢ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠵᠦ᠂ 《ᠬᠠᠲᠤᠨ ᠭᠣᠣᠯ᠎ᠤᠨ ᠵᠢᠭ᠋ᠠᠰᠤ ᠠᠩᠨᠠᠬᠤ ᠵᠢ ᠴᠠᠭ᠋ᠠᠵᠠᠯᠠᠬᠤ》 ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠬᠠᠤᠯᠢ ᠶᠣᠰᠣᠭ᠋ᠠᠷ ᠡᠷᠡᠰ ᠬᠠᠮᠠᠭ᠋ᠠᠯᠠᠪᠠ᠃ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ 《ᠬᠠᠲᠤᠨ ᠭᠣᠣᠯ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠢᠭ᠋ᠠᠰᠤ ᠠᠩᠨᠠᠬᠤ ᠬᠣᠷᠢᠭ᠋ᠠᠲᠠᠶ ᠣᠷᠣᠨ᠂ ᠵᠢᠭ᠋ᠠᠰᠤ ᠠᠩᠨᠠᠬᠤ ᠬᠣᠷᠢᠭ᠋ᠠᠲᠠᠶ ᠬᠤᠭᠤᠴᠠᠭ᠋ᠠᠨ᠎ᠳᠤ ᠪᠤᠶᠤ ᠬᠡᠷᠡᠭᠯᠡᠬᠦ ᠵᠢ ᠴᠠᠭ᠋ᠠᠵᠠᠯᠠᠭᠰᠠᠨ ᠪᠠᠭ᠋ᠠᠵᠢ ᠬᠡᠷᠡᠭᠰᠡᠯ᠂ ᠠᠷᠭ᠎ᠠ᠎ᠪᠠᠷ ᠤᠰᠤᠨ ᠭᠠᠷᠤᠯᠲᠠ ᠵᠢ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠠᠮᠲᠤᠷᠠᠭᠰᠠᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ 《ᠬᠠᠲᠤᠨ ᠭᠤᠤᠯ᠎ᠤᠨ ᠵᠢᠭ᠋ᠠᠰᠤ ᠠᠩᠨᠠᠬᠤ ᠬᠣᠷᠢᠭ᠋ᠠᠲᠠᠶ ᠬᠤᠭᠤᠴᠠᠭ᠎ᠠ》 (4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ) ᠵᠢᠨ ᠲᠣᠭᠣᠷᠢᠨ᠎ᠳᠤ ᠠᠵᠢᠯ ᠵᠶ᠋ᠠᠨ ᠥᠷᠨᠢᠭᠦᠯᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠭᠤᠤᠯᠳᠠᠯᠭ᠎ᠠ᠎ᠲᠠᠢ ᠭᠤᠤᠯ᠎ᠤᠨ ᠬᠡᠰᠡᠭ᠂ ᠭᠤᠤᠯᠳᠠᠯᠭ᠎ᠠ᠎ᠲᠠᠢ ᠬᠡᠰᠡᠭ᠂ ᠴᠢᠬᠤᠯᠠ ᠭᠣᠭᠴᠣᠭ᠎ᠠ ᠵᠢ ᠴᠢᠩᠭ᠎ᠠ ᠠᠩᠬᠠᠷᠴᠤ᠂ ᠤᠰᠤᠨ ᠭᠠᠷᠤᠯᠲᠠ ᠵᠢ ᠬᠠᠤᠯᠢ ᠪᠤᠰᠤ᠎ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠡᠷᠡᠭᠦᠦ ᠵᠢᠨ ᠬᠡᠷᠡᠭ᠎ᠢ ᠢᠯᠡᠷᠡᠭᠦᠯᠵᠦ᠂ 《ᠪᠥᠬᠥ ᠭᠣᠭᠴᠣᠭ᠎ᠠ᠂ ᠪᠥᠬᠥ ᠬᠦᠴᠦᠨ ᠵᠦᠢᠯ᠂ ᠪᠥᠬᠥ ᠬᠡᠯᠬᠢᠶ᠎ᠡ》 ᠵᠢᠨ ᠴᠣᠬᠢᠯᠲᠠ ᠥᠭᠬᠦ ᠵᠢ ᠪᠡᠶᠡᠯᠡᠭᠦᠯᠵᠦ᠂ ᠬᠠᠤᠯᠢ ᠪᠤᠰᠤ᠎ᠪᠠᠷ ᠠᠩᠨᠠᠵᠤ ᠱᠦᠭᠦᠬᠦ᠂ ᠬᠠᠲᠤᠨ ᠭᠤᠤᠯ᠎ᠤᠨ ᠬᠡᠭᠡᠷ᠎ᠡ ᠵᠢᠨ ᠵᠢᠭ᠋ᠠᠰᠤᠨ᠎ᠤ ᠲᠥᠷᠥᠯ᠎ᠢ ᠳᠤᠷ᠎ᠠ᠎ᠪᠠᠷ ᠵᠶ᠋ᠠᠨ ᠠᠩᠨᠠᠵᠤ ᠬᠤᠳᠠᠯᠳᠤᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠠᠮᠤᠷ ᠲᠦᠪᠰᠢᠨ᠎ᠢ ᠪᠦᠲᠦᠮᠵᠢᠲᠡᠢ ᠬᠠᠮᠠᠭ᠋ᠠᠯᠠᠪᠠ᠃
ᠴᠢᠩᠭ᠎ᠠ ᠰᠡᠷᠭᠡᠶ᠋ᠢᠯᠡᠬᠦ ᠵᠢ ᠴᠢᠩᠭ᠎ᠠ ᠨᠢᠭᠲᠠ᠎ᠪᠠᠷ ᠠᠬᠢᠭᠤᠯᠬᠤ ᠵᠢ ᠪᠠᠷᠢᠮᠲᠠᠯᠠᠵᠤ᠂ ᠲᠤᠰᠬᠠᠢ ᠠᠵᠢᠯᠯᠠᠭ᠎ᠠ ᠵᠢ ᠨᠠᠷᠢᠨ ᠨᠢᠭᠲᠠ ᠲᠤᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ 《ᠬᠠᠲᠤᠨ ᠭᠤᠤᠯ᠎ᠤᠨ ᠵᠢᠭ᠋ᠠᠰᠤ ᠠᠩᠨᠠᠬᠤ ᠬᠣᠷᠢᠭ᠋ᠠᠲᠠᠢ ᠬᠤᠭᠤᠴᠠᠭ᠋ᠠᠨ᠎ᠤ ᠵᠠᠷᠯᠠᠯ》 ᠪᠠ 《ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠬᠠᠲᠤᠨ ᠭᠤᠤᠯ ᠳᠠᠭ᠋ᠠᠤ ᠵᠢᠨ ᠲᠤᠯᠤᠭ᠋ᠠᠨ ᠠᠶ᠋ᠢᠮᠠᠭ ᠬᠣᠲᠠ ᠵᠢᠨ ᠴᠠᠭᠳᠠᠭ᠋ᠠᠨ᠎ᠤ ᠡᠭᠴᠡ ᠨᠢᠰᠬᠡᠯ ᠵᠶ᠋ᠠᠷ ᠲᠣᠭᠣᠷᠢᠨ ᠪᠠᠶ᠋ᠢᠴᠠᠭ᠋ᠠᠬᠤ᠂ ᠵᠢᠯᠣᠭᠣᠴᠢ ᠥᠬᠡᠶ ᠨᠢᠰᠬᠡᠯ᠎ᠢ ᠬᠢᠨᠠᠨ ᠬᠡᠮᠵᠢᠵᠦ ᠲᠤᠷᠰᠢᠨ ᠪᠠᠶ᠋ᠢᠴᠠᠭ᠋ᠠᠬᠤ᠂ ᠳᠠᠭ᠋ᠠᠭᠤᠯᠢ ᠣᠳᠣᠨ᠎ᠤ ᠠᠯᠤᠰ ᠰᠡᠷᠡᠯ ᠵᠶ᠋ᠠᠷ ᠳᠦᠷᠰᠦ ᠵᠢ ᠵᠢᠭᠰᠠᠭ᠋ᠠᠨ ᠪᠠᠶ᠋ᠢᠴᠠᠭ᠋ᠠᠬᠤ᠂ ᠲᠣᠮᠣ ᠳ᠋ᠠᠶ᠋ᠢᠲ᠋ᠠ ᠵᠢ ᠰᠢᠭᠰᠢᠨ ᠪᠠᠶ᠋ᠢᠴᠠᠭ᠋ᠠᠬᠤ᠂ ᠬᠠᠮᠲᠤᠷᠠᠨ ᠪᠠᠶ᠋ᠢᠴᠠᠭ᠋ᠠᠬᠤ ᠵᠡᠷᠭᠡ 《ᠲᠠᠪᠤ ᠵᠢ ᠪᠠᠶ᠋ᠢᠴᠠᠭ᠋ᠠᠬᠤ》 ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠲᠤ ᠲᠣᠭᠣᠷᠢᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠠᠵᠢᠯ᠎ᠢ ᠨᠢᠭᠡᠳᠦᠯᠲᠡᠶ ᠪᠠᠶ᠋ᠢᠷᠢᠯᠠᠭᠤᠯᠪᠠ᠃ ᠡᠨᠡ ᠬᠤᠭᠤᠴᠠᠭ᠋ᠠᠨ᠎ᠳᠤ᠂ 125 ᠤᠳᠠᠭ᠎ᠠ ᠬᠠᠮᠲᠤᠷᠠᠨ ᠬᠠᠤᠯᠢ ᠬᠡᠷᠡᠭᠵᠢᠭᠦᠯᠵᠦ᠂ ᠭᠤᠤᠯᠳᠠᠯᠭ᠎ᠠ᠎ᠲᠠᠢ ᠣᠷᠣᠨ ᠪᠦᠰᠡ ᠵᠢ 182 ᠴᠠᠭᠳᠠᠨ ᠪᠠᠶ᠋ᠢᠴᠠᠭ᠋ᠠᠵᠤ᠂ 98 ᠵᠢᠭ᠋ᠠᠰᠤᠨ ᠣᠩᠭᠣᠴᠠ ᠵᠢ ᠴᠠᠭᠳᠠᠨ ᠪᠠᠶ᠋ᠢᠴᠠᠭ᠋ᠠᠵᠤ᠂ ᠰᠡᠷᠭᠡᠶ᠋ᠢᠯᠡᠨ ᠡᠵᠡᠮᠳᠡᠬᠦ ᠲᠤᠤᠷ᠎ᠢ ᠦᠨᠡᠨ ᠬᠦ᠌ ᠴᠢᠩᠭ᠎ᠠ ᠨᠢᠭᠲᠠ ᠰᠦᠯᠵᠢᠪᠡ᠃
ᠲᠤᠰᠬᠠᠶ ᠮᠡᠷᠭᠡᠵᠢᠯ ᠵᠶ᠋ᠠᠷ ᠲᠤᠰᠬᠠᠢ᠌ᠵᠢᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠬᠠᠤᠯᠢ ᠪᠤᠰᠤ᠎ᠪᠠᠷ ᠠᠩᠨᠠᠬᠤ ᠳᠤᠷ᠎ᠠ᠎ᠪᠠᠷ ᠵᠶ᠋ᠠᠨ ᠬᠤᠳᠠᠯᠳᠤᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠵᠢ ᠪᠠᠷᠢᠮᠲᠠᠯᠠᠪᠠ᠃ ᠬᠠᠲᠤᠨ ᠭᠤᠤᠯ ᠳᠠᠭ᠋ᠠᠤ ᠵᠢᠨ ᠲᠤᠯᠤᠭ᠋ᠠᠨ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ》᠂ 《ᠣᠶ ᠵᠢᠨ ᠳᠠᠷᠤᠭ᠎ᠠ》 ᠵᠡᠷᠭᠡ ᠠᠵᠢᠯ᠎ᠢ ᠳᠠᠭ᠋ᠠᠵᠤ᠂ ᠠᠮᠢ ᠠᠬᠤᠶ ᠵᠢᠨ ᠴᠠᠭᠳᠠᠭ᠋ᠠᠨ᠎ᠤ ᠳᠠᠷᠤᠭ᠎ᠠ ᠵᠢᠨ ᠲᠦᠷᠢᠮ᠎ᠢ ᠶᠡᠬᠡ᠎ᠪᠠᠷ ᠬᠡᠷᠡᠭᠵᠢᠭᠦᠯᠦᠨ᠂ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠡᠷᠭᠡᠶ᠋ᠢᠯᠡᠨ ᠡᠵᠡᠮᠳᠡᠬᠦ 《ᠡᠮᠦᠨ᠎ᠡ ᠵᠠᠬ᠎ᠠ ᠵᠢᠨ ᠬᠠᠷᠠᠭᠤᠯ᠎ᠤᠨ ᠭᠠᠵᠠᠷ》᠎ᠢ ᠬᠦᠴᠦᠯᠡᠨ ᠪᠠᠢ᠌ᠭᠤᠯᠪᠠ᠃ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠤᠶᠤᠨᠲᠤ ᠬᠠᠲᠤᠨ ᠭᠤᠤᠯ》 ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢ ᠠᠰᠢᠭᠯᠠᠨ᠂ ᠡᠮᠦᠨ᠎ᠡ ᠬᠡᠰᠡᠭ᠎ᠤᠨ ᠰᠡᠷᠡᠯ᠎ᠤᠨ ᠮᠡᠳᠡᠭᠡ ᠵᠠᠩᠭᠢ ᠵᠢᠨ ᠲᠤᠤᠷ᠎ᠢ ᠨᠢᠭᠲᠠ ᠰᠦᠯᠵᠢᠪᠡ; ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠭᠤᠤᠯ᠎ᠤᠨ ᠤᠰᠤᠯᠠᠯᠲᠠ ᠵᠢᠨ ᠠᠮᠢ ᠠᠬᠤᠶ ᠵᠢᠨ ᠵᠢᠷᠤᠮ᠎ᠤᠨ ᠴᠠᠭᠳᠠᠭ᠎ᠠ》᠎ᠪᠠᠷ ᠳᠠᠮᠵᠢᠭᠤᠯᠤᠨ ᠬᠠᠤᠯᠢ ᠪᠤᠰᠤ᠎ᠪᠠᠷ ᠠᠩᠨᠠᠵᠤ ᠱᠦᠭᠦᠬᠦ ᠰᠦᠪᠡᠭᠴᠢ ᠵᠢ ᠴᠤᠭᠯᠠᠭᠤᠯᠵᠤ᠂ ᠰᠦᠪᠡᠭᠴᠢ ᠵᠢᠨ ᠢᠷᠡᠯᠲᠡ ᠵᠢ ᠥᠷᠭᠡᠳᠬᠡᠨ᠂ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃
ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠠᠨ᠎ᠳᠤ ᠬᠠᠤᠯᠢ ᠶᠣᠰᠣᠭ᠋ᠠᠷ ᠴᠣᠬᠢᠯᠲᠠ ᠥᠭᠪᠡ
2024 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠭᠠᠯ ᠰᠡᠷᠭᠡᠶ᠋ᠢᠯᠡᠬᠦ ᠠᠶᠤᠯ ᠶᠡᠬᠡᠲᠡᠶ ᠭᠤᠤᠯᠳᠠᠯᠭ᠎ᠠ᠎ᠲᠠᠢ ᠴᠠᠭ ᠬᠤᠭᠤᠴᠠᠭ᠎ᠠ᠂ ᠭᠤᠤᠯᠳᠠᠯᠭ᠎ᠠ᠎ᠲᠠᠢ ᠭᠠᠵᠠᠷ ᠣᠷᠣᠨ᠂ ᠭᠤᠤᠯᠳᠠᠯᠭ᠎ᠠ᠎ᠲᠠᠢ ᠣᠷᠣᠨ ᠪᠠᠶ᠋ᠢᠷᠢ ᠵᠢ ᠴᠢᠩᠭ᠎ᠠ ᠠᠩᠬᠠᠷᠴᠤ᠂ ᠬᠠᠪᠤᠷ ᠨᠠᠮᠤᠷ᠎ᠤᠨ ᠬᠣᠶᠠᠷ ᠤᠯᠠᠷᠢᠯ᠎ᠤᠨ ᠠᠶᠤᠯ ᠲᠦᠭᠰᠢᠭᠦᠷᠢ ᠶᠡᠬᠡᠲᠡᠶ ᠭᠠᠯ ᠰᠡᠷᠭᠡᠶ᠋ᠢᠯᠡᠬᠦ ᠬᠤᠭᠤᠴᠠᠭ᠎ᠠ᠂ ᠴᠢᠬᠤᠯᠠ ᠪᠠᠶᠠᠷ᠎ᠤᠨ ᠡᠳᠦᠷ᠂ ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠪᠥᠬᠥ ᠵᠢᠯ᠎ᠳᠤ 1.8 ᠲᠦᠮᠡᠨ ᠭᠤᠤᠯᠳᠠᠯᠭ᠎ᠠ᠎ᠲᠠᠢ ᠭᠠᠵᠠᠷ ᠣᠷᠣᠨ᠎ᠢ ᠴᠠᠭᠳᠠᠨ ᠪᠠᠶ᠋ᠢᠴᠠᠭ᠋ᠠᠵᠤ᠂ ᠭᠠᠯ᠎ᠤᠨ ᠲᠦᠢ᠍ᠮᠡᠷ᠎ᠤᠨ ᠳᠠᠯᠳᠠ ᠬᠡᠮ᠎ᠢ 6917 ᠪᠠᠶ᠋ᠢᠴᠠᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠤᠨ ᠬᠡᠷᠡᠭ᠎ᠢ 1375 ᠪᠠᠶ᠋ᠢᠴᠠᠭ᠋ᠠᠨ ᠰᠢᠢ᠍ᠳᠪᠦᠷᠢᠯᠡᠵᠦ᠂ ᠬᠥᠮᠦᠨ᠎ᠠᠴᠠ ᠪᠣᠯᠵᠤ ᠡᠭᠦᠰᠦᠭᠰᠡᠨ ᠭᠠᠯ ᠲᠦᠢ᠍ᠮᠡᠷ᠎ᠤᠨ ᠬᠡᠷᠡᠭ᠎ᠤᠨ ᠲᠣᠭ᠎ᠠ ᠲᠡᠦᠬᠡ ᠵᠢᠨ ᠬᠠᠮᠤᠭ᠎ᠤᠨ ᠳᠤᠤᠷ᠎ᠠ ᠬᠡᠮᠵᠢᠶᠡᠨ᠎ᠳᠤ ᠬᠦᠷᠴᠡᠶ᠃ ᠠᠮᠤᠷ᠎ᠢ ᠬᠠᠮᠠᠭ᠋ᠠᠯᠠᠬᠤ᠂ ᠡᠷᠡᠭᠦᠦ ᠵᠢᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ ᠬᠡᠷᠡᠭ ᠢᠯᠡᠷᠡᠭᠦᠯᠦᠭᠰᠡᠨ ᠨᠤᠷᠮ᠎ᠠ ᠲᠤᠰ ᠲᠤᠰ 8 % ᠪᠠ 10 %᠎ᠪᠠᠷ ᠳᠡᠭᠡᠭᠰᠢᠯᠡᠪᠡ᠃
ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠷᠠᠭᠤᠯᠪᠠ᠃ ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠪᠠᠴᠢᠮ ᠪᠠᠶ᠋ᠢᠳᠠᠯ᠎ᠢ ᠠᠷᠭ᠋ᠠᠴᠠᠬᠤ᠂ ᠣᠶ ᠰᠢᠭᠤᠶ ᠨᠤᠲᠤᠭ ᠪᠡᠯᠴᠢᠭᠡᠷ᠂ ᠴᠠᠭ ᠠᠭᠤᠷ᠂ ᠭᠠᠯ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ᠎ᠯᠦᠭᠡ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠤᠪᠢᠶᠠᠯᠴᠠᠬᠤ᠂ ᠵᠠᠰᠠᠬᠤ ᠵᠠᠬᠢᠷᠭ᠋ᠠᠨ ᠡᠷᠡᠭᠦᠦ ᠰᠢᠢ᠍ᠳᠬᠡᠯ᠎ᠢ ᠵᠣᠯᠭ᠋ᠠᠭᠤᠯᠬᠤ ᠵᠡᠷᠭᠡ ᠬᠠᠮᠲᠤᠷᠠᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠭᠠᠯ᠎ᠤᠨ ᠠᠶᠤᠯ᠎ᠢ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠮᠠᠭ᠋ᠠᠳᠯᠠᠵᠤ᠂ ᠪᠣᠳᠠᠲᠤ ᠳᠠᠶ᠋ᠢᠨ᠎ᠤ ᠰᠣᠷᠢᠯᠲᠠ ᠵᠢ ᠴᠢᠩᠭ᠋ᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ 4 ᠵᠢᠯ ᠳᠠᠷᠠᠭ᠋ᠠᠯᠠᠨ ᠪᠦᠬᠦ ᠣᠷᠣᠨ᠎ᠤ ᠬᠡᠪᠴᠢᠶᠡᠨ᠎ᠳᠤ 《ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠬᠦᠨᠳᠦ ᠶᠡᠬᠡ ᠳᠠᠯᠳᠠ ᠭᠡᠮ᠎ᠢ ᠬᠥᠳᠡᠯᠦᠩᠭᠦᠶ᠎ᠪᠠᠷ ᠦᠭᠡᠶ ᠪᠣᠯᠭ᠋ᠠᠬᠤ ᠪᠠ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠶ ᠵᠦᠢ᠍ᠯ᠎ᠤᠨ ᠠᠵᠢᠯᠯᠠᠭ᠎ᠠ》 ᠵᠢ ᠥᠷᠨᠢᠭᠦᠯᠵᠦ᠂ ᠭᠠᠯ ᠭᠠᠷᠤᠭᠰᠠᠨ ᠭᠠᠵᠠᠷ᠎ᠢ ᠰᠡᠷᠡᠮᠵᠢᠯᠡᠬᠦ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠠᠮᠤᠷ᠎ᠢ ᠬᠠᠮᠠᠭ᠋ᠠᠯᠠᠬᠤ᠂ ᠭᠠᠯ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠵᠢᠴᠢ ᠭᠠᠯ ᠰᠡᠷᠭᠡᠶ᠋ᠢᠯᠡᠬᠦ ᠤᠬᠠᠭᠤᠯᠭ᠎ᠠ᠂ ᠭᠠᠯ᠎ᠤᠨ ᠠᠶᠤᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠂ ᠭᠣᠣᠯᠳᠠᠯᠭ᠎ᠠ᠎ᠲᠠᠢ ᠣᠷᠣᠨ ᠪᠦᠰᠡ ᠵᠢ ᠲᠣᠭᠣᠷᠢᠨ ᠬᠠᠮᠠᠭ᠋ᠠᠯᠠᠬᠤ᠂ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ᠎ᠢ ᠲᠣᠷᠭ᠋ᠠᠬᠤ ᠵᠡᠷᠭᠡ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠷᠢᠯᠲᠠ ᠬᠢᠬᠦ ᠪᠠ ᠴᠢᠩᠭ᠎ᠠ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶ᠋ᠢᠳᠠᠯ᠎ᠢ ᠪᠠᠷᠢᠮᠲᠠᠯᠠᠪᠠ᠃
ᠳᠣᠲᠣᠭ᠋ᠠᠳᠤ ᠵᠢᠨ ᠬᠠᠮᠵᠢᠯᠴᠠᠭ᠎ᠠ᠎ᠪᠠᠨ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠣᠬᠢᠴᠠᠭᠤᠯᠬᠤ ᠲᠣᠭᠲᠠᠴᠠ》 ᠵᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ ᠵᠶ᠋ᠠᠷ ᠲᠦᠷᠦᠭᠦᠯᠡᠭᠦᠯᠦᠨ᠂ ᠬᠠᠮᠢᠶ᠎ᠠ ᠪᠥᠬᠥᠶ ᠴᠠᠭᠳᠠᠭ᠋ᠠᠨ᠎ᠤ ᠲᠥᠷᠥᠯ᠎ᠤᠨ᠎ᠬᠢᠨ ᠴᠡᠷᠢᠭ ᠬᠤᠪᠢᠶᠠᠨ ᠪᠣᠭᠣᠮᠲᠠ ᠰᠠᠬᠢᠬᠤ ᠬᠠᠮᠵᠢᠯᠴᠠᠨ ᠪᠠᠶ᠋ᠢᠯᠳᠤᠬᠤ ᠰᠢᠰᠲ᠋ᠧᠮᠵᠢ ᠵᠢ ᠪᠠᠢ᠌ᠭᠤᠯᠵᠠᠢ᠃ ᠡᠯ᠎ᠡ ᠠᠶ᠋ᠢᠮᠠᠭ ᠬᠣᠲᠠ᠂ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠳᠡᠭᠡᠷ᠎ᠡ᠎ᠠᠴᠠ ᠳᠣᠷᠣᠭᠰᠢ᠎ᠪᠠᠨ ᠲᠤᠰᠬᠠᠶ ᠬᠥᠮᠦᠨ ᠵᠶ᠋ᠠᠷ ᠬᠠᠷᠢᠭᠤᠴᠠᠭᠤᠯᠬᠤ᠂ ᠲᠥᠪᠯᠡᠷᠡᠭᠦᠯᠦᠨ ᠲᠣᠬᠢᠷᠠᠭᠤᠯᠬᠤ ᠠᠵᠢᠯ᠎ᠤᠨ ᠵᠠᠭᠪᠤᠷ᠎ᠢ ᠠᠪᠴᠤ᠂ ᠬᠠᠷᠠᠯᠲᠠ ᠵᠢᠨ ᠡᠭᠦᠷᠭᠡ᠎ᠪᠠᠨ ᠲᠣᠳᠣᠷᠬᠠᠶ᠋ᠢᠯᠠᠵᠤ᠂ ᠠᠵᠢᠯ᠎ᠤᠨ ᠭᠣᠣᠯᠳᠠᠯᠭ᠎ᠠ᠎ᠪᠠᠨ ᠲᠣᠪᠣᠶ᠋ᠢᠯᠭ᠋ᠠᠨ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ᠂ ᠨᠢᠭᠡ ᠴᠣᠭᠴᠠ᠎ᠪᠠᠷ ᠲᠦᠯᠬᠢᠨ ᠠᠬᠢᠭᠤᠯᠪᠠ᠃
ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠪᠡ᠃ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠶ ᠰᠢᠭᠤᠶ ᠵᠢᠨ ᠴᠡᠴᠡᠷᠯᠢᠭ᠎ᠲᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ ᠦᠯᠡᠳᠡᠭᠡᠵᠦ᠂ ᠪᠤᠰᠤᠳ ᠰᠤᠮᠤ᠂ ᠰᠢᠶᠠᠩ ᠪᠠᠯᠭ᠋ᠠᠰᠤ᠎ᠳᠤ 《ᠣᠷᠣᠨ ᠨᠤᠲᠤᠭ᠎ᠤᠨ ᠭᠠᠵᠠᠷ》 ᠬᠢᠭᠡᠳ 《ᠣᠶ ᠰᠢᠭᠤᠶ ᠵᠢᠨ ᠭᠠᠵᠠᠷ》 ᠭᠡᠬᠦ ᠬᠣᠶᠠᠷ ᠭᠠᠵᠠᠷ᠎ᠢ ᠨᠢᠭᠡᠳᠬᠡᠬᠦ ᠵᠢ ᠬᠡᠷᠡᠭᠵᠢᠭᠦᠯᠵᠦ᠂ ᠬᠢᠯᠢ ᠬᠢᠵᠠᠭ᠋ᠠᠷ ᠣᠷᠣᠨ᠎ᠳᠤ ᠣᠶ ᠰᠢᠭᠤᠶ ᠪᠠ ᠬᠢᠯᠢ ᠵᠢᠨ ᠬᠠᠮᠠᠭ᠋ᠠᠯᠠᠯᠲᠠ ᠵᠢᠨ ᠲᠣᠮᠢᠯᠠᠭᠰᠠᠨ ᠰᠠᠯᠪᠤᠷᠢ᠎ᠪᠠᠷ ᠲᠦᠰᠢᠭ ᠪᠣᠯᠭ᠋ᠠᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠵᠤ ᠬᠠᠮᠵᠢᠯᠴᠠᠬᠤ ᠲᠣᠭᠲᠠᠴᠠ ᠵᠢ ᠪᠠᠢ᠌ᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠣᠷᠳᠣᠰ ᠬᠣᠲᠠ᠎ᠳᠤ ᠠᠮᠢ ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠣᠶᠤᠨᠴᠢ ᠲᠤᠷᠰᠢᠨ ᠪᠠᠶ᠋ᠢᠴᠠᠭ᠋ᠠᠬᠤ ᠲᠥᠪ ᠪᠠ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠨ ᠬᠥᠳᠡᠯᠦᠯᠴᠡᠬᠦ ᠲᠥᠪ᠎ᠢ ᠲᠤᠷᠰᠢᠨ ᠪᠠᠢ᠌ᠭᠤᠯᠪᠠ᠃ ᠣᠳᠣᠬᠠᠨ᠎ᠳᠤ ᠪᠥᠬᠥ ᠣᠷᠣᠨ᠎ᠳᠤ ᠨᠢᠭᠡᠨᠲᠡ 8 ᠠᠶ᠋ᠢᠮᠠᠭ ᠬᠣᠲᠠ ᠠᠮᠢ ᠠᠬᠤᠶ ᠵᠢᠨ ᠴᠠᠭᠳᠠᠭ᠋ᠠᠨ᠎ᠤ ᠳᠠᠷᠤᠭ᠎ᠠ ᠵᠢᠨ ᠲᠦᠷᠢᠮ᠎ᠢ ᠪᠠᠶ᠋ᠢᠭᠤᠯᠵᠤ᠂ 38 ᠬᠣᠰᠢᠭᠤ ᠰᠢᠶᠠᠨ ᠪᠣᠳᠠᠲᠤ ᠴᠣᠭᠴᠠ ᠵᠢᠨ ᠠᠵᠢᠯᠯᠠᠭ᠋ᠠᠨ᠎ᠤ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠢ 111 ᠠᠵᠢᠯᠯᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠢ ᠰᠡᠷᠭᠡᠶ᠋ᠢᠯᠡᠬᠦ ᠠᠵᠢᠯ᠎ᠤᠨ ᠬᠠᠮᠤᠭ ᠥᠷᠭᠡᠨ ᠬᠡᠪᠴᠢᠶ᠎ᠡ᠎ᠪᠠᠷ ᠬᠠᠮᠤᠷᠬᠤ ᠵᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃