ᠬᠡᠴᠢᠨᠡᠭᠡᠨ ᠪᠠᠶᠠᠷ ᠳᠤᠷᠠᠰᠬᠠᠯ᠎ᠤᠨ ᠡᠳᠦᠷ᠂ ᠰᠥᠨᠢ ᠦᠳᠡᠰᠢ ᠦᠭᠡᠢ᠂ ᠰᠠᠯᠬᠢ ᠪᠣᠷᠣᠭ᠋ᠠᠨ᠎ᠤ ᠳᠤᠮᠳᠠ ᠴᠤ᠌ ᠲᠡᠷᠡ᠂ ᠬᠠᠬᠢᠷ ᠬᠦᠢ᠍ᠲᠡᠨ ᠠᠭ᠋ᠠᠭᠢᠮ᠎ᠠ ᠬᠠᠯᠠᠭᠤᠨ᠎ᠳᠤ ᠴᠤ᠌ ᠲᠡᠷᠡ᠂ ᠥᠨᠳᠥᠷ ᠠᠭᠤᠯᠠ ᠠᠰᠬ᠎ᠠ ᠬᠠᠳᠠᠳᠤ ᠴᠤ᠌ ᠲᠡᠷᠡ᠂ ᠵᠡᠭᠡᠯᠢ ᠭᠤᠳᠤᠮᠵᠢ᠎ᠳᠤ ᠴᠤ᠌ ᠲᠡᠷᠡ᠂ ᠠᠶᠤᠯ ᠭᠠᠮᠰᠢᠭ᠎ᠠᠴᠠ ᠠᠪᠤᠷᠬᠠᠤ ᠡᠮᠦᠨ᠎ᠡ ᠹᠷᠣᠨᠲ ᠴᠤ᠌ ᠲᠡᠷᠡ᠂ ᠠᠮᠤᠷ᠎ᠢ ᠬᠠᠮᠠᠭ᠋ᠠᠯᠠᠬᠤ ᠲᠤᠬᠠᠶ ᠵᠢᠨ ᠲᠠᠯᠠᠪᠠᠶ᠎ᠳᠤ ᠴᠤ᠌ ᠲᠡᠷᠡ᠂ ᠦᠢ᠍ᠯᠡᠴᠢᠯᠡᠭᠡᠨ᠎ᠤ ᠴᠣᠩᠬᠣᠪᠴᠢ᠎ᠳᠤ ᠴᠤ᠌ ᠲᠡᠷᠡ᠂ ᠬᠡᠷᠡᠭ ᠭᠠᠷᠤᠭᠰᠠᠨ ᠲᠤᠬᠠᠶ ᠵᠢᠨ ᠲᠠᠯᠠᠪᠠᠶ᠎ᠳᠤ ᠴᠤ᠌ ᠲᠡᠷᠡ᠂ ᠲᠡᠷᠡ ᠪᠣᠯ ᠳᠠᠷᠤᠢ ᠬᠠᠮᠤᠭ᠎ᠤᠨ ᠪᠠᠬᠠᠷᠬᠠᠯᠲᠠᠢ ᠠᠷᠠᠳ᠎ᠤᠨ ᠴᠠᠭᠳᠠᠭ᠎ᠠ ᠨᠠᠷ ᠪᠣᠯᠣᠨ᠎ᠠ᠃
ᠳᠥᠷᠪᠡᠳᠦᠭᠡᠷ ᠤᠳᠠᠭ᠋ᠠᠨ᠎ᠤ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ᠎ᠳᠤ᠂ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠵᠠᠩ ᠯᠧ ᠥᠪᠡᠷ᠎ᠤᠨ ᠵᠢᠷᠤᠭᠰᠠᠨ ᠱᠣᠭ ᠵᠢᠷᠤᠭ ᠵᠶ᠋ᠠᠷ ᠵᠶ᠋ᠠᠨ ᠶᠡᠷᠦ ᠪᠤᠰᠤ ᠵᠢᠨ 《ᠲᠡᠷᠡ》᠎ᠳᠤ ᠬᠦᠨᠳᠦᠳᠬᠡᠯ ᠳᠡᠪᠰᠢᠭᠦᠯᠪᠡ᠃







