ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠢ᠌ᠲᠡᠯᠡᠭᠰᠡᠨ 92 ᠵᠦᠢ᠍ᠯ᠎ᠤᠨ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠠᠷᠭ᠎ᠠ ᠬᠡᠮᠵᠢᠶᠡᠨ᠎ᠤ ᠵᠠᠮ ᠬᠠᠷᠢᠯᠴᠠᠭ᠋ᠠᠨ᠎ᠤ ᠦᠢ᠍ᠯᠡᠴᠢᠯᠡᠭᠡ ᠬᠠᠮᠢᠶᠠᠷᠤᠯᠲᠠ ᠵᠢᠨ ᠲᠠᠯ᠎ᠠ᠎ᠪᠠᠷ᠎ᠬᠢ ᠪᠣᠳᠠᠲᠠᠢ ᠠᠷᠭ᠎ᠠ ᠠᠪᠴᠠᠯ
ᠨᠡᠶ᠋ᠢᠲᠡᠯᠡᠭᠰᠡᠨ ᠴᠠᠭ᠄ 2018-12-27

      ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠢ᠌ᠲᠡᠯᠡᠭᠰᠡᠨ 92 ᠵᠦᠢ᠍ᠯ᠎ᠤᠨ 《ᠲᠠᠯᠪᠢᠬᠤ᠂  

      ᠬᠠᠮᠢᠶᠠᠷᠬᠤ᠂ ᠦᠢ᠍ᠯᠡᠴᠢᠯᠡᠬᠦ》 ᠠᠷᠭ᠎ᠠ ᠬᠡᠮᠵᠢᠶᠡᠨ᠎ᠤ ᠵᠠᠮ ᠬᠠᠷᠢᠯᠴᠠᠭ᠋ᠠᠨ᠎ᠤ ᠦᠢ᠍ᠯᠡᠴᠢᠯᠡᠭᠡ

      ᠬᠠᠮᠢᠶᠠᠷᠤᠯᠲᠠ ᠵᠢᠨ ᠲᠠᠯ᠎ᠠ᠎ᠪᠠᠷ᠎ᠬᠢ ᠪᠣᠳᠠᠲᠠᠢ ᠠᠷᠭ᠎ᠠ ᠠᠪᠴᠠᠯ
     

    ᠲᠠᠪᠤ᠂ ᠵᠠᠮ ᠬᠠᠷᠢᠯᠴᠠᠭ᠋ᠠᠨ᠎ᠤ ᠦᠢ᠍ᠯᠡᠴᠢᠯᠡᠭᠡ ᠬᠠᠮᠢᠶᠠᠷᠤᠯᠲᠠ ᠵᠢᠨ ᠲᠠᠯ᠎ᠠ᠎ᠪᠠᠷ
    54. ᠳᠥᠷᠪᠡᠨ ᠵᠦᠢ᠍ᠯ᠎ᠤᠨ ᠭᠤᠶᠤᠴᠢᠯᠠᠬᠤ ᠮᠠᠲ᠋ᠧᠷᠢᠶᠠᠯ᠎ᠤᠨ ᠶᠠᠪᠤᠴᠠ ᠵᠢ ᠬᠠᠰᠤᠵᠤ ᠳᠥᠭᠥᠮᠴᠢᠯᠡᠪᠠ᠃ ᠪᠡᠶ᠎ᠡ ᠵᠢᠨ ᠭᠠᠷᠤᠯ᠎ᠤᠨ ᠭᠡᠷᠡᠴᠢᠯᠡᠯᠲᠡ ᠵᠢ ᠳᠠᠷᠤᠮᠠᠯᠯᠠᠬᠤ (ᠬᠠᠭᠤᠯᠪᠤᠷᠢᠯᠠᠬᠤ) ᠵᠢ ᠦᠭᠡᠢ᠌ᠰᠬᠡᠵᠦ᠂ ᠭᠤᠶᠤᠴᠢᠯᠠᠬᠤ ᠬᠦᠰᠦᠨᠦᠭᠲᠦ ᠵᠢ ᠭᠠᠷ ᠵᠶ᠋ᠠᠷ ᠲᠠᠭᠯᠠᠬᠤ ᠵᠢ ᠦᠭᠡᠶ᠋ᠢᠰᠬᠡᠭᠰᠡᠨ᠂ ᠲᠡᠷᠭᠡᠨ᠎ᠤ ᠢᠯᠭ᠋ᠠᠨ ᠲᠠᠨᠢᠬᠤ ᠳ᠋ᠤᠭ᠋ᠠᠷ᠎ᠢ ᠦᠨ᠎ᠡ ᠲᠥᠯᠥᠪᠦᠷᠢ ᠦᠭᠡᠢ᠎ᠪᠠᠷ ᠳᠠᠷᠤᠮᠠᠯᠯᠠᠵᠦ ᠥᠭᠭᠦᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠦᠨᠡᠮᠯᠡᠯ᠎ᠤᠨ ᠭᠡᠷᠡᠴᠢᠯᠡᠭᠡ᠎ᠨᠢ ᠰᠦᠯᠵᠢᠶ᠎ᠡ᠎ᠳᠤ ᠨᠡᠪᠲᠡᠷᠡᠭᠰᠡᠨ ᠪᠠᠶ᠋ᠢᠪᠠᠯ᠂ ᠲᠡᠳᠡᠭᠡᠷ ᠮᠠᠲ᠋ᠧᠷᠢᠶᠠᠯ᠎ᠢ ᠲᠤᠰᠢᠶᠠᠬᠤ ᠴᠢᠬᠤᠯᠠ ᠦᠭᠡᠢ ᠪᠣᠯᠭ᠋ᠠᠪᠠ᠃
    55. ᠳᠥᠭᠥᠮᠬᠡᠨ ᠭᠠᠷ ᠭᠦᠢ᠍ᠴᠡᠳᠬᠡᠯ᠎ᠢ ᠨᠢᠭᠡ ᠯᠡ ᠦᠨᠡᠮᠯᠡᠯ ᠵᠶ᠋ᠠᠷ ᠰᠢᠢ᠍ᠳᠪᠦᠷᠢᠯᠡᠨ᠎ᠡ᠃ ᠵᠢᠯᠣᠭᠣᠴᠢ ᠵᠢᠨ ᠦᠨᠡᠮᠯᠡᠯ ᠵᠶ᠋ᠠᠨ ᠨᠦᠬᠦᠬᠦ ᠰᠣᠯᠢᠬᠤ ᠠᠪᠬᠤ ᠪᠤᠶᠤ ᠬᠢᠨᠠᠨ ᠰᠢᠯᠭ᠋ᠠᠬᠤ᠂ ᠮᠠᠰᠢᠨ ᠲᠡᠷᠭᠡᠨ᠎ᠤ ᠵᠠᠮᠨᠠᠬᠤ (ᠠᠶᠠᠯᠠᠬᠤ) ᠵᠢ ᠵᠦᠪᠰᠢᠶᠡᠷᠡᠬᠦ ᠦᠨᠡᠮᠯᠡᠯ ᠵᠡᠷᠭᠡ ᠵᠢ ᠨᠥᠬᠥᠵᠦ ᠠᠪᠬᠤ ᠵᠢᠯᠣᠭᠣᠴᠢ ᠪᠣᠯᠤᠨ ᠮᠠᠰᠢᠨ ᠲᠡᠷᠭᠡᠨ᠎ᠤ ᠥᠮᠴᠢᠯᠡᠯ᠎ᠤᠨ ᠡᠷᠬᠡ᠎ᠲᠠᠢ ᠬᠥᠮᠦᠨ᠎ᠤ ᠬᠠᠷᠢᠯᠴᠠᠬᠤ ᠤᠲᠠᠰᠤᠨ ᠳ᠋ᠤᠭ᠋ᠠᠷ᠎ᠢ ᠰᠣᠯᠢᠬᠣ ᠵᠡᠷᠭᠡ 18 ᠵᠦᠢ᠍ᠯ᠎ᠤᠨ ᠵᠢᠯᠣᠭᠣᠴᠢ ᠪᠣᠯᠤᠨ ᠲᠡᠷᠭᠡ᠎ᠲᠠᠢ ᠬᠣᠯᠪᠣᠭᠳᠠᠬᠤ ᠭᠠᠷ ᠭᠦᠢ᠍ᠴᠡᠳᠬᠡᠯ᠎ᠳᠤ ᠵᠥᠪᠬᠡᠨ ᠲᠤᠬᠠᠶ ᠵᠢᠨ ᠬᠥᠮᠦᠨ᠎ᠤ ᠪᠡᠶ᠎ᠡ ᠵᠢᠨ ᠦᠨᠡᠮᠯᠡᠯ ᠵᠶ᠋ᠠᠷ ᠭᠠᠷ ᠭᠦᠢ᠍ᠴᠡᠳᠬᠡᠯ ᠬᠢᠵᠦ ᠪᠣᠯᠤᠨ᠎ᠠ᠂ ᠤᠣᠯ᠎ᠤᠨ ᠵᠢᠯᠣᠭᠣᠴᠢ ᠵᠢᠨ ᠦᠨᠡᠮᠯᠡᠯ ᠂ ᠲᠡᠷᠭᠡᠨ᠎ᠤ ᠦᠨᠡᠮᠯᠡᠯ᠎ᠢ ᠬᠢᠨᠠᠨ ᠬᠠᠷᠭᠤᠭᠤᠯᠬᠤ ᠪᠤᠶᠤ ᠬᠤᠷᠢᠶᠠᠵᠤ ᠠᠪᠬᠤ ᠵᠡᠷᠭᠡ ᠠᠯᠬᠤᠮ ᠳᠠᠷᠠᠭ᠎ᠠ ᠵᠢ ᠦᠭᠡᠶ᠋ᠢᠰᠬᠡᠨ᠂ ᠳᠣᠲᠣᠭ᠋ᠠᠳᠤ ᠰᠢᠰᠲ᠋ᠧᠮ᠎ᠳᠤ ᠬᠢᠨᠠᠨ ᠬᠠᠷᠭᠤᠭᠤᠯᠤᠭ᠋ᠠᠳ ᠠᠰᠠᠭᠤᠳᠠᠯ ᠦᠭᠡᠢ ᠪᠣᠯ ᠤᠭ ᠡᠬᠢ ᠮᠠᠲᠸᠷᠢᠶᠠᠯ᠎ᠤᠳ᠎ᠢ ᠲᠤᠰᠢᠶᠠᠬᠤ ᠴᠢᠬᠤᠯᠠ ᠦᠭᠡᠢ ᠪᠣᠯᠪᠠ᠃
     56. ᠨᠢᠭᠡ ᠯᠡ ᠴᠣᠩᠬᠤᠪᠴᠢ ᠳᠡᠭᠡᠷ᠎ᠡ ᠭᠠᠷ ᠭᠦᠢ᠍ᠴᠡᠳᠬᠡᠯ ᠬᠢᠬᠦ ᠵᠢ ᠠᠬᠢᠭᠤᠯᠤᠨ᠎ᠠ᠃ ᠮᠠᠰᠢᠨ ᠲᠡᠷᠭᠡ᠂ ᠵᠢᠯᠣᠭᠣᠴᠢ ᠵᠢᠨ ᠬᠠᠮᠢᠶᠠᠲᠠᠶ ᠭᠠᠷ ᠭᠦᠢ᠍ᠴᠡᠳᠬᠡᠯ᠎ᠢ ᠨᠢᠭᠡ ᠯᠡ ᠴᠣᠩᠬᠤᠪᠴᠢ ᠳᠡᠭᠡᠷ᠎ᠡ ᠬᠦᠯᠢᠶᠡᠨ ᠠᠪᠴᠤ᠂ ᠲᠥᠪᠯᠡᠷᠡᠭᠦᠯᠦᠨ ᠭᠦᠢ᠍ᠴᠡᠳᠬᠡᠬᠦ ᠵᠢ ᠠᠬᠢᠭᠤᠯᠤᠨ᠂ ᠡᠯᠧᠺᠲᠷᠣᠨ ᠰᠦᠢ᠍ᠳᠬᠡᠯ ᠲᠤᠰᠢᠶᠠᠬᠤ ᠠᠷᠭ᠎ᠠ ᠵᠢ ᠠᠭ᠋ᠠᠵᠢᠮ ᠵᠶ᠋ᠠᠷ ᠲᠡᠭᠦᠯᠳᠡᠷᠵᠢᠭᠦᠯᠦᠨ᠂ ᠦᠢ᠍ᠯᠡᠴᠢᠯᠡᠭᠡᠨ᠎ᠤ ᠴᠣᠩᠬᠤᠪᠴᠢ᠎ᠳᠤ ᠰᠦᠯᠵᠢᠶᠡᠨ ᠪᠠᠩᠬᠢ᠂ ᡁᠢ ᠹᠦ᠋ ᠪᠣᠣ᠂ ᠸᠢᠴᠠᠲ ᠵᠡᠷᠭᠡ᠎ᠪᠠᠷ ᠰᠦᠢ᠍ᠳᠬᠡᠯ ᠲᠤᠰᠢᠶᠠᠬᠤ ᠵᠢ ᠳᠡᠯᠭᠡᠷᠡᠭᠦᠯᠦᠨ᠂ ᠬᠦᠯᠢᠶᠡᠠ ᠠᠪᠬᠤ᠂ ᠬᠢᠨᠠᠨ ᠰᠢᠯᠭ᠋ᠠᠯᠲᠠ ᠬᠢᠬᠦ᠂ ᠰᠦᠢ᠍ᠳᠬᠡᠯ ᠲᠤᠰᠢᠶᠠᠬᠤ᠂ ᠦᠨᠡᠮᠯᠡᠯ ᠣᠯᠭᠣᠬᠤ ᠵᠡᠷᠭᠡ᠎ᠳᠤ᠂ 《ᠨᠢᠭᠡ ᠯᠡ ᠮᠥᠷᠯᠡᠨ᠂ ᠨᠢᠭᠡ ᠯᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ》 ᠪᠣᠯᠭ᠋ᠠᠨ᠎ᠠ᠃
     57. ᠴᠡᠷᠢᠭ᠎ᠠᠴᠠ ᠬᠠᠯᠠᠭᠳᠠᠭᠰᠠᠳ ᠰᠢᠨ᠎ᠡ ᠬᠡᠯᠪᠡᠷᠢ ᠵᠢᠨ ᠵᠢᠯᠣᠭᠣᠴᠢ ᠵᠢᠨ ᠦᠨᠡᠮᠯᠡᠯ ᠵᠶ᠋ᠠᠨ ᠣᠷᠤᠨ ᠨᠤᠲᠤᠭ᠎ᠤᠨ ᠵᠢᠯᠣᠭᠣᠴᠢ ᠵᠢᠨ ᠦᠨᠡᠮᠯᠡᠯ ᠵᠶ᠋ᠠᠷ ᠰᠣᠯᠢᠬᠤ᠎ᠳᠤ᠂ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ ᠳᠣᠲᠣᠭ᠋ᠠᠳᠤ᠎ᠳᠠᠭᠠᠨ ᠬᠢᠨᠠᠨ ᠪᠠᠢ᠌ᠴᠠᠭ᠋ᠠᠭ᠋ᠠᠳ ᠠᠰᠭᠤᠳᠠᠯ ᠦᠭᠡᠢ ᠪᠣᠯ ᠰᠢᠭᠤᠳ ᠬᠠᠮᠢᠶ᠎ᠠ ᠪᠦᠬᠦᠢ ᠭᠠᠷ ᠭᠦᠢ᠍ᠴᠡᠳᠬᠡᠯ᠎ᠢ ᠬᠢᠵᠣ ᠥᠭᠭᠦᠨ᠎ᠠ᠃ ᠤᠤᠯ᠎ᠤᠨ ᠴᠡᠷᠢᠭ ᠠᠨᠭ᠌ᠭᠢ᠎ᠠᠴᠠ᠎ᠪᠠᠨ ᠯᠠᠪᠯᠠᠨ ᠪᠠᠶ᠋ᠢᠴᠠᠭ᠋ᠠᠬᠤ ᠵᠠᠬᠢᠳᠠᠯ ᠵᠡᠷᠭᠡ ᠮᠠᠲᠸᠷᠢᠶᠠᠯ ᠬᠠᠩᠭ᠋ᠠᠬᠤ ᠴᠢᠬᠤᠯᠠ ᠦᠭᠡᠶ ᠪᠣᠯᠵᠠᠶ᠃
     58. ᠣᠷᠣᠨ᠎ᠤ ᠳᠣᠲᠣᠷᠠᠬᠢ ᠣᠨᠳᠣᠣ ᠭᠠᠵᠠᠷ ᠵᠢᠯᠣᠭᠣᠴᠢ ᠵᠢᠨ ᠦᠨᠡᠮᠯᠡᠯ ᠭᠤᠶᠤᠴᠢᠯᠠᠨ ᠠᠪᠬᠤ᠎ᠳᠤ ᠳᠥᠭᠥᠮ ᠪᠣᠯᠭ᠋ᠠᠨ᠎ᠠ᠃ ᠣᠷᠤᠨ᠎ᠤ ᠳᠣᠲᠣᠷᠠᠬᠢ ᠡᠷᠦᠬᠡ ᠠᠮᠠ ᠵᠢᠨ ᠲᠠᠨᠭ᠌ᠰᠠ᠎ᠲᠠᠢ ᠬᠥᠮᠦᠨ ᠣᠷᠣᠨ᠎ᠤ ᠳᠣᠳᠤᠷᠠᠬᠢ ᠪᠣᠰᠣᠳ ᠭᠠᠵᠠᠷ ᠵᠢᠯᠣᠭᠣᠴᠢ ᠵᠢᠨ ᠦᠨᠡᠮᠯᠡᠯ ᠰᠢᠯᠭ᠋ᠠᠭᠤᠯᠬᠤ᠎ᠳᠤ᠂ ᠭᠤᠶᠤᠴᠢᠯᠠᠭᠴᠢ ᠥᠪᠡᠷ᠎ᠤᠨ ᠪᠡᠶ᠎ᠡ ᠵᠢᠨ ᠦᠨᠡᠮᠯᠡᠯ ᠵᠶ᠋ᠠᠷ ᠵᠶ᠋ᠠᠨ ᠰᠢᠭᠤᠳ ᠭᠤᠶᠤᠴᠢᠯᠠᠵᠤ ᠪᠣᠯᠤᠨ᠎ᠠ᠂ ᠣᠷᠣᠰᠢᠨ ᠰᠠᠭᠤᠭᠴᠢ ᠵᠢᠨ ᠦᠨᠡᠮᠯᠡᠯ ᠱᠠᠭ᠋ᠠᠷᠳᠠᠬᠤ ᠤᠢ᠍ᠭᠡᠢ᠃
     59. ᠣᠷᠣᠨ᠎ᠤ ᠳᠣᠲᠣᠷ᠎ᠠ ᠠᠵᠢᠯᠯᠠᠵᠤ ᠠᠮᠢᠳᠤᠷᠠᠵᠤ ᠪᠠᠶ᠋ᠢᠭ᠎ᠠ ᠭᠠᠳᠠᠷ ᠮᠤᠵᠢ (ᠣᠷᠣᠨ᠎ᠤ) ᠵᠢᠨ ᠬᠥᠮᠥᠨ᠂ ᠲᠤᠬᠠᠶ ᠵᠢᠨ ᠠᠮᠢᠳᠤᠷᠠᠵᠤ ᠪᠠᠶ᠋ᠢᠭ᠎ᠠ ᠠᠶ᠋ᠢᠮᠠᠭ ᠬᠣᠲᠠ᠎ᠳᠤ᠎ᠪᠠᠨ ᠣᠷᠣᠰᠢᠨ ᠰᠠᠭᠤᠭᠴᠢ ᠵᠢᠨ ᠦᠨᠡᠮᠯᠡᠯ ᠪᠦᠷᠢᠳᠬᠡᠭᠦᠯᠦᠭᠰᠡᠨ ᠪᠣᠯ ᠮᠥᠨ ᠴᠦ᠍ ᠪᠦᠬᠦ ᠣᠷᠣᠨ᠎ᠤ ᠬᠡᠪᠴᠢᠶᠡᠨ᠎ᠳᠤ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ ᠭᠤᠶᠤᠴᠢᠯᠠᠵᠤ ᠪᠣᠯᠤᠨ᠎ᠠ᠃
     60. ᠵᠢᠯᠣᠭᠣᠴᠢ ᠵᠢᠨ ᠰᠤᠷᠭ᠋ᠠᠭᠤᠯᠢ᠎ᠠᠴᠠ ᠰᠤᠷᠤᠭᠴᠢᠳ᠎ᠤᠨ ᠡᠯ᠎ᠡ ᠲᠥᠷᠦᠯ᠎ᠤᠨ ᠪᠣᠯᠪᠠᠰᠤᠷᠠᠯ᠎ᠢ ᠴᠠᠭ ᠲᠡᠮᠳᠡᠭᠯᠡᠨ ᠪᠣᠯᠪᠠᠰᠤᠷᠠᠬᠰᠠᠨ ᠲᠡᠮᠳᠡᠭᠯᠡᠯ ᠲᠤᠰᠢᠶᠠᠬᠤ ᠵᠢ ᠦᠭᠡᠶ᠋ᠢᠰᠬᠡᠵᠦ᠂ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠯᠣᠭᠣᠴᠢ ᠵᠢᠨ ᠴᠠᠭ᠎ᠢ ᠲᠡᠮᠳᠡᠭᠯᠡᠨ ᠪᠣᠯᠪᠠᠰᠤᠷᠠᠬᠤ ᠰᠢᠰᠲ᠋ᠧᠮ ᠪᠣᠯᠣᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠯᠣᠭᠣᠴᠢ ᠵᠢᠨ ᠰᠢᠯᠭ᠋ᠠᠯᠲᠠ ᠵᠢᠨ ᠰᠢᠰᠲ᠋ᠧᠮ᠎ᠢ ᠰᠦᠯᠵᠢᠶ᠎ᠡ᠎ᠪᠠᠷ ᠬᠣᠯᠪᠣᠵᠤ᠂ ᠰᠦᠯᠵᠢᠶᠡᠨ ᠳᠡᠭᠡᠷ᠎ᠡ᠎ᠠᠴᠠ ᠰᠢᠭᠤᠳ ᠡᠯ᠎ᠡ ᠲᠦᠷᠦᠯ᠎ᠤᠨ ᠵᠢᠯᠣᠭᠣᠴᠢ ᠵᠢᠨ ᠪᠣᠯᠪᠠᠰᠤᠷᠠᠯ᠎ᠢ ᠴᠠᠭ ᠲᠡᠮᠳᠡᠭᠯᠡᠨ ᠪᠣᠯᠪᠠᠰᠤᠷᠠᠭᠰᠠᠨ ᠲᠡᠮᠳᠡᠭᠯᠡᠯ᠎ᠢ ᠬᠢᠨᠠᠨ ᠪᠠᠢ᠍ᠴᠠᠭ᠋ᠠᠵᠤ᠂ ᠵᠢᠯᠣᠭᠣᠴᠢ ᠵᠢᠨ ᠰᠤᠷᠭ᠋ᠠᠭᠤᠯᠢ ᠰᠢᠯᠭ᠋ᠠᠬᠤ᠎ᠠᠴᠠ ᠡᠮᠦᠨᠡᠬᠢ ᠡᠯ᠎ᠡ ᠲᠦᠷᠦᠯ᠎ᠤᠨ ᠴᠠᠭ ᠲᠡᠮᠳᠡᠭᠯᠡᠨ ᠪᠣᠯᠪᠠᠰᠤᠷᠠᠭᠰᠠᠨ ᠲᠡᠮᠳᠡᠭᠯᠡᠯ᠎ᠢ ᠬᠠᠩᠭ᠋ᠠᠬᠤ ᠬᠡᠷᠡᠭ ᠤᠢ᠍ᠭᠡᠢ ᠪᠠᠶ᠋ᠢᠵᠤ᠂ ᠰᠤᠷᠤᠭᠴᠢᠳ᠎ᠤᠨ ᠴᠠᠭ ᠲᠤᠬᠠᠶ᠎ᠳᠠᠭᠠᠨ ᠰᠢᠯᠭ᠋ᠠᠬᠤ᠎ᠪᠠᠷ ᠪᠣᠯᠵᠣᠬᠤ᠎ᠳᠤ ᠳᠥᠭᠥᠮ ᠦᠵᠡᠭᠦᠯᠬᠦ ᠳᠥᠭᠥᠮ ᠪᠣᠯᠭ᠋ᠠᠭᠰᠠᠨ ᠪᠠᠶ᠋ᠢᠨ᠎ᠠ᠃
     61. ᠲᠡᠷᠭᠡ ᠳᠠᠩᠰᠠᠯᠠᠬᠤ ᠶᠠᠪᠤᠴᠠ ᠵᠢ ᠳᠥᠭᠥᠮᠴᠢᠯᠡᠨ᠂ PDA ᠮᠡᠷᠭᠡᠵᠢᠯ ᠵᠶ᠋ᠠᠷ ᠲᠡᠷᠭᠡ ᠬᠢᠨᠠᠨ ᠪᠠᠶ᠋ᠢᠴᠠᠭ᠋ᠠᠬᠤ ᠵᠢ ᠳᠡᠯᠭᠡᠷᠡᠭᠦᠯᠦᠨ᠂ ᠬᠢᠨᠠᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠰᠤᠷᠠᠭ ᠵᠠᠩᠭᠢ ᠵᠢᠨ ᠬᠡᠯᠪᠡᠷᠢ᠎ᠪᠠᠷ ᠵᠢᠯᠣᠭᠣᠴᠢ᠎ᠳᠤ ᠬᠦᠷᠭᠡᠵᠦ ᠲᠡᠷᠭᠡ ᠳᠠᠩᠰᠠᠯᠠᠬᠤ ᠶᠠᠪᠤᠴᠠ ᠵᠢ ᠳᠥᠭᠥᠮᠴᠢᠯᠡᠪᠠ᠃
     62. ᠲᠦᠷᠢᠮᠵᠢᠬᠦᠨ ᠵᠢᠯᠤᠭᠤᠳᠤᠮᠵᠢ ᠵᠢᠨ ᠦᠢ᠍ᠯᠡᠴᠢᠯᠡᠭᠡ ᠵᠢ ᠬᠠᠩᠭ᠋ᠠᠵᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠭᠠᠵᠠᠷ᠎ᠲᠤ ᠭᠠᠷ ᠭᠦᠢ᠍ᠴᠡᠳᠬᠡᠯ ᠬᠢᠬᠦ ᠠᠯᠬᠤᠮ ᠳᠠᠷᠠᠭ᠎ᠠ ᠵᠢ ᠵᠢᠷᠤᠭ ᠳᠦᠷᠰᠦ ᠵᠢᠨ ᠬᠡᠯᠪᠡᠷᠢ᠎ᠪᠠᠷ ᠭᠠᠷᠭ᠋ᠠᠵᠤ᠂ ᠦᠵᠡᠵᠦ ᠣᠶ᠋ᠢᠯᠠᠭ᠋ᠠᠬᠤ᠎ᠳᠤ ᠳᠦᠭᠦᠮ ᠪᠣᠯᠭ᠋ᠠᠨ᠂ ᠦᠨ᠎ᠡ ᠲᠥᠯᠥᠪᠦᠷᠢ ᠦᠬᠡᠢ ᠵᠢᠯᠣᠭᠣᠳᠬᠤ ᠦᠢ᠍ᠯᠡᠴᠢᠯᠡᠭᠡ ᠬᠠᠩᠭ᠋ᠠᠨ᠎ᠠ᠃
     63. ᠮᠠᠰᠢᠨ ᠲᠡᠷᠭᠡ ᠵᠢ ᠮᠤᠵᠢ ᠠᠯᠤᠰᠯᠠᠨ ᠣᠨᠳᠣᠤ ᠭᠠᠵᠠᠷ᠎ᠲᠤ ᠪᠠᠶ᠋ᠢᠴᠠᠭ᠋ᠠᠨ ᠰᠢᠯᠭ᠋ᠠᠬᠤ ᠵᠢ ᠠᠬᠢᠭᠤᠯᠤᠨ᠎ᠠ᠂ ᠲᠤᠮᠤ ᠬᠡᠯᠪᠡᠷᠢ ᠵᠢᠨ ᠠᠶᠠᠨᠴᠢᠨ᠎ᠤ ᠮᠠᠰᠢᠨ᠂ ᠰᠤᠷᠭ᠋ᠠᠭᠤᠯᠢ ᠵᠢᠨ ᠲᠡᠷᠭᠡ  ᠂ ᠠᠶᠤᠯᠲᠠᠶ
ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ᠎ᠠᠴᠠ ᠪᠤᠰᠤᠳ ᠮᠠᠰᠢᠨ ᠲᠡᠷᠭᠡᠨ᠎ᠤ ᠮᠤᠵᠢ (ᠣᠷᠣᠨ᠂ ᠬᠣᠲᠠ) ᠠᠯᠤᠰᠯᠠᠨ ᠣᠨᠳᠣᠤ ᠭᠠᠵᠠᠷ᠎ᠲᠤ ᠪᠠᠶ᠋ᠢᠴᠠᠭ᠋ᠠᠨ ᠰᠢᠯᠭ᠋ᠠᠬᠤ ᠵᠢ ᠬᠡᠷᠡᠭᠵᠢᠭᠦᠯᠣᠨ᠎ᠠ᠃ ᠭᠤᠶᠤᠴᠢᠯᠠᠭᠴᠢ᠎ᠨᠢ᠂ ᠮᠠᠰᠢᠨ ᠲᠡᠷᠭᠡ ᠳᠠᠩᠰᠠᠯᠠᠭᠤᠯᠤᠭᠰᠠᠨ ᠭᠠᠵᠠᠷ᠎ᠠᠴᠠ ᠪᠤᠰᠤᠳ ᠮᠤᠵᠢ (ᠣᠷᠣᠨ᠂ ᠬᠣᠲᠠ) ᠎ᠳᠤ ᠰᠢᠭᠤᠳ ᠰᠢᠯᠭ᠋ᠠᠨ ᠪᠠᠶ᠋ᠢᠴᠠᠭ᠋ᠠᠵᠤ᠂ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠲᠡᠮᠳᠡᠭ (ᠦᠨᠡᠮᠯᠡᠯ) ᠭᠤᠶᠤᠴᠢᠯᠠᠨ ᠠᠪᠴᠤ ᠪᠣᠯᠤᠨ᠎ᠠ᠂ ᠬᠠᠷᠢᠨ ᠨᠠᠶ᠋ᠢᠳᠠᠵᠤ ᠰᠢᠯᠭ᠋ᠠᠨ ᠪᠠᠶ᠋ᠢᠴᠠᠭ᠋ᠠᠯᠭ᠋ᠠᠬᠤ ᠭᠠᠷ ᠭᠦᠢ᠍ᠴᠡᠳᠬᠡᠯ᠎ᠢ ᠬᠢᠬᠦ ᠬᠡᠷᠡᠭ ᠦᠭᠡᠢ᠃ 6 ᠵᠢᠯ᠎ᠤᠨ ᠳᠣᠲᠣᠷ᠎ᠠ ᠪᠠᠶ᠋ᠢᠴᠠᠭ᠋ᠠᠬᠤ ᠴᠢᠬᠤᠯᠠ ᠦᠭᠡᠢ ᠲᠡᠷᠭᠡ ᠵᠢ᠂ ᠭᠤᠶᠤᠴᠢᠯᠠᠭᠴᠢ᠎ᠨᠢ ᠮᠤᠵᠢ ᠠᠯᠤᠰᠯᠠᠨ ᠣᠨᠳᠣᠣ ᠭᠠᠵᠠᠷ᠎ᠲᠤ ᠰᠢᠯᠭ᠋ᠠᠨ ᠪᠠᠶ᠋ᠢᠴᠠᠭ᠋ᠠᠭᠰᠠᠨ ᠲᠡᠮᠳᠡᠭ᠎ᠢ ᠭᠤᠶᠤᠴᠢᠯᠠᠨ ᠠᠪᠴᠤ ᠪᠣᠯᠤᠨ᠎ᠠ᠃
     64. ᠮᠠᠰᠢᠨ ᠲᠡᠷᠭᠡ ᠵᠢᠨ ᠰᠢᠯᠭ᠋ᠠᠨ ᠪᠠᠶ᠋ᠢᠴᠠᠭ᠋ᠠᠯᠲᠠ ᠵᠢᠨ ᠵᠢᠷᠤᠮ (ᠶᠠᠪᠤᠴᠠ)᠎ᠢ ᠰᠢᠯᠢᠳᠡᠭᠵᠢᠭᠦᠯᠵᠤ᠂ ᠰᠦᠯᠵᠢᠶᠡᠨ ᠳᠡᠭᠡᠷ᠎ᠡ ᠲᠡᠷᠭᠡ ᠰᠢᠯᠭ᠋ᠠᠨ ᠪᠠᠶ᠋ᠢᠴᠠᠭ᠋ᠠᠬᠤ ᠦᠢ᠍ᠯᠡᠴᠢᠯᠡᠭᠡ ᠵᠢ ᠲᠥᠯᠬᠢᠨ ᠠᠬᠢᠭᠤᠯᠵᠤ᠂ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠢᠨᠲᠸᠷ ᠰᠦᠯᠵᠢᠶ᠎ᠡ᠂ ᠭᠠᠷ ᠤᠲᠠᠰᠤᠨ᠎ᠤ APP᠂
ᠠᠪᠢᠶᠠᠨ᠎ᠤ ᠤᠲᠠᠰᠤ ᠵᠡᠷᠭᠡ 《 ᠴᠡᠭ᠎ᠠᠴᠠ ᠴᠡᠭ᠎ᠲᠤ ᠬᠥᠷᠬᠥ 》 ᠮᠠᠰᠢᠨ ᠲᠡᠷᠭᠡ ᠵᠢᠨ ᠰᠢᠯᠭ᠋ᠠᠨ ᠪᠠᠶ᠋ᠢᠴᠠᠭ᠋ᠠᠯᠲᠠ ᠵᠢ ᠤᠷᠢᠳᠴᠢᠯᠠᠨ ᠪᠣᠯᠵᠣᠬᠤ ᠦᠢ᠍ᠯᠡᠴᠢᠯᠡᠭᠡ ᠵᠢ ᠲᠦᠯᠬᠢᠨ ᠠᠬᠢᠭᠤᠯᠵᠤ᠂ ᠤᠷᠢᠳᠴᠢᠯᠠᠨ ᠪᠣᠯᠵᠣᠬᠣ ᠴᠣᠩᠬᠣᠪᠴᠢ ᠵᠢ ᠲᠣᠬᠢᠷᠠᠭᠤᠯᠤᠨ᠂ ᠤᠯᠠᠨ ᠲᠦᠮᠡᠨ᠎ᠳᠤ ᠳᠦᠭᠦᠮ ᠦᠵᠡᠭᠦᠯᠵᠦ᠂ 《ᠬᠦᠷᠦᠮᠡᠭᠴᠡ ᠲᠡᠷᠭᠡ᠎ᠪᠠᠨ ᠰᠢᠯᠭ᠋ᠠᠨ ᠪᠠᠢ᠌ᠴᠠᠭ᠋ᠠᠬᠤ》 ᠪᠣᠯᠭ᠋ᠠᠨ᠎ᠠ᠃
     65. ᠰᠦᠯᠵᠢᠶᠡᠨ ᠳᠡᠭᠡᠷ᠎ᠡ᠎ᠠᠴᠠ ᠲᠡᠷᠭᠡ ᠰᠢᠯᠭ᠋ᠠᠨ ᠪᠠᠶ᠋ᠢᠴᠠᠭ᠋ᠠᠬᠤ᠎ᠠᠴᠠ ᠬᠡᠯᠲᠦᠷᠢᠭᠦᠯᠬᠦ ᠲᠡᠮᠳᠡᠭ᠎ᠢ ᠭᠤᠶᠤᠴᠢᠯᠠᠨ ᠠᠪᠬᠤ ᠵᠢ ᠬᠡᠷᠡᠭᠵᠢᠭᠦᠯᠵᠦ᠂ ᠠᠶᠠᠯᠠᠨ ᠶᠠᠪᠤᠬᠤ ᠦᠨᠡᠮᠯᠡᠯ᠎ᠢ ᠳᠠᠬᠢᠨ ᠴᠣᠬᠣᠬᠤ ᠴᠢᠬᠤᠯᠠ ᠦᠭᠡᠢ᠂ ᠰᠦᠯᠵᠢᠶᠡᠨ ᠳᠡᠭᠡᠷ᠎ᠡ ᠭᠤᠶᠤᠴᠢᠯᠠᠵᠤ ᠰᠢᠦᠳᠠᠨ ᠵᠶ᠋ᠠᠷ ᠬᠦᠷᠭᠡᠬᠦ ᠵᠢ ᠪᠡᠶᠡᠯᠡᠭᠦᠯᠦᠨ᠎ᠡ᠃
     66. ᠮᠠᠰᠢᠨ ᠲᠡᠷᠭᠡᠨ᠎ᠤ ᠰᠢᠯᠭ᠋ᠠᠨ ᠪᠠᠶ᠋ᠢᠴᠠᠭ᠋ᠠᠬᠤ ᠦᠢ᠍ᠯᠡᠴᠢᠯᠡᠭᠡᠨ᠎ᠤ ᠶᠠᠪᠤᠴᠠ ᠵᠢ ᠳᠥᠭᠥᠮᠴᠢᠯᠡᠵᠦ᠂ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠎ᠠᠴᠠ ᠡᠵᠡᠩᠨᠡᠯᠲᠡ ᠵᠢᠨ ᠪᠤᠰᠤ ᠵᠢᠵᠢᠭ ᠪᠢᠴᠢᠯ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ ᠵᠢ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠤ ᠬᠣᠶ᠋ᠢᠨ᠎ᠠ᠂ ᠲᠡᠷᠭᠡ ᠬᠥᠰᠬᠡ ᠵᠢᠨ ᠬᠠᠮᠢᠶᠠᠷᠤᠯᠲᠠ ᠵᠢᠨ ᠭᠠᠵᠠᠷ᠎ᠤᠨ᠎ᠬᠢᠨ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠲᠡᠮᠳᠡᠭ᠎ᠢ (ᠠᠯᠤᠰ᠎ᠠᠴᠠ) ᠤᠷᠢᠳᠠᠪᠠᠷ ᠣᠯᠭᠣᠵᠦ᠂ ᠳᠠᠷᠠᠭ᠎ᠠ᠎ᠨᠢ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠲᠡᠷᠭᠡᠨ ᠳᠣᠲᠣᠷ᠎ᠠ᠎ᠠᠴᠠ ᠰᠤᠭᠤᠴᠢᠨ (ᠰᠣᠩᠭᠣᠨ) ᠪᠠᠶ᠋ᠢᠴᠠᠭ᠋ᠠᠵᠤ᠂ ᠡᠨᠡ ᠬᠦ᠌ ᠠᠵᠢᠯ᠎ᠳᠤ ᠬᠢᠨᠠᠯᠲᠠ ᠲᠠᠯᠪᠢᠨ᠂ ᠰᠢᠯᠭ᠋ᠠᠨ ᠪᠠᠶ᠋ᠢᠴᠠᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠰᠢᠯᠭ᠋ᠠᠨ ᠪᠠᠶ᠋ᠢᠴᠠᠭ᠋ᠠᠬᠤ ᠠᠵᠢᠯ᠎ᠤᠨ ᠳᠤᠮᠳᠠᠬᠢ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠣᠨ᠎ᠠ᠃
     67. 《ᠴᠠᠭᠳᠠᠭ᠎ᠠ᠂ ᠰᠢᠦᠳᠠᠠᠴᠢ ᠵᠢᠨ ᠬᠠᠮᠲᠤᠷᠠᠯᠴᠠᠭ᠎ᠠ》 ᠬᠡᠯᠪᠡᠷᠢ ᠵᠢᠨ ᠠᠵᠢᠯᠯᠠᠬᠤ ᠠᠷᠭ᠎ᠠ ᠵᠢ ᠲᠦᠭᠡᠮᠡᠯᠵᠢᠭᠦᠯᠵᠦ᠂ ᠰᠢᠦᠳᠠᠨ᠎ᠤ ᠲᠦᠷᠭᠡᠨ (ᠪᠤᠤᠬᠢᠶ᠎ᠠ) ᠬᠦᠷᠭᠡᠯᠲᠡ᠎ᠪᠠᠷ ᠠᠴᠢᠶᠠᠯᠠᠭᠴᠢ ᠪᠣᠯᠭ᠋ᠠᠭᠰᠠᠨ ᠲᠡᠷᠭᠡ ᠬᠥᠰᠬᠡ ᠵᠢᠨ ᠬᠠᠮᠢᠶᠠᠷᠤᠯᠲᠠ ᠵᠢᠨ ᠵᠠᠭᠪᠤᠷ᠎ᠢ ᠲᠡᠭᠦᠯᠳᠡᠷᠵᠢᠭᠦᠯᠦᠨ᠂ ᠰᠢᠦᠳᠠᠨ ᠬᠣᠯᠪᠣᠭ᠋ᠠᠨ᠎ᠤ ᠦᠢ᠍ᠯᠡᠴᠢᠯᠡᠭᠡᠨ᠎ᠤ ᠲᠣᠣᠷ ᠴᠡᠭ᠎ᠲᠤ᠂ ᠮᠠᠰᠢᠨ ᠲᠡᠷᠭᠡᠨ᠎ᠤ ᠨᠣᠮᠧᠷ᠎ᠤᠨ ᠫᠠᠶ᠋ᠢᠰᠠ᠂ ᠵᠠᠮᠨᠠᠬᠤ ᠦᠨᠡᠮᠯᠡᠯ᠂ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠲᠡᠮᠲᠡᠭ᠎ᠢ ᠨᠥᠬᠥᠬᠦ ᠪᠤᠶᠤ ᠰᠣᠯᠢᠵᠤ ᠠᠪᠬᠤ᠂ ᠮᠠᠰᠢᠨ ᠲᠡᠷᠭᠡ ᠵᠢᠯᠣᠭᠣᠳᠬᠤ ᠦᠨᠡᠮᠯᠡᠯ ᠵᠶ᠋ᠠᠨ ᠨᠥᠬᠥᠬᠦ ᠪᠤᠶᠤ ᠰᠣᠯᠢᠬᠤ᠂ ᠵᠢᠷᠭᠤᠭ᠋ᠠᠨ ᠵᠢᠯ᠎ᠤᠨ ᠳᠣᠲᠣᠷ᠎ᠠ ᠪᠠᠶ᠋ᠢᠴᠠᠭ᠋ᠠᠬᠤ᠎ᠠᠴᠠ ᠬᠡᠯᠲᠦᠷᠢᠭᠦᠯᠬᠦ ᠲᠡᠷᠭᠡ ᠬᠥᠰᠬᠡ ᠵᠢ ᠰᠢᠯᠭ᠋ᠠᠨ ᠪᠠᠶ᠋ᠢᠴᠠᠭ᠋ᠠᠭᠰᠠᠨ ᠲᠡᠮᠳᠡᠭ᠎ᠢ ᠭᠤᠶᠤᠴᠢᠯᠠᠨ ᠠᠪᠬᠤ᠂ ᠵᠢᠯᠣᠭᠣᠴᠢ ᠵᠢ ᠬᠤᠪᠢᠷᠠᠭᠤᠯᠬᠤ ᠪᠣᠯᠤᠨ ᠮᠠᠰᠢᠨ ᠲᠡᠷᠭᠡᠨ᠎ᠤ ᠥᠮᠴᠢᠯᠡᠭᠴᠢ ᠵᠢᠨ ᠬᠠᠷᠢᠯᠴᠠᠬᠤ ᠠᠷᠭ᠎ᠠ ᠵᠢ ᠰᠣᠯᠢᠬᠤ ᠵᠡᠷᠭᠡ ᠲᠡᠷᠭᠡ ᠬᠥᠰᠬᠡ ᠵᠢᠨ ᠲᠤᠬᠠᠶ᠋ᠢᠯᠠᠭᠰᠠᠨ ᠠᠵᠢᠯ᠎ᠤᠨ ᠠᠯᠤᠰ ᠡᠵᠡᠮᠰᠢᠯ᠎ᠤᠨ ᠦᠢ᠍ᠯᠡᠴᠢᠯᠡᠭᠡ ᠵᠢ ᠲᠡᠭᠦᠯᠳᠡᠷᠵᠢᠭᠦᠯᠤᠨ᠎ᠠ᠃
     68. ᠬᠣᠰᠢᠭᠤ ᠰᠢᠶᠠᠨ (ᠲᠣᠭᠣᠷᠢᠭ)᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠵᠢᠨ ᠲᠡᠷᠭᠡ ᠬᠥᠰᠬᠡ ᠵᠢᠨ ᠬᠠᠮᠢᠶᠠᠷᠤᠯᠲᠠ ᠵᠢᠨ ᠭᠠᠵᠠᠷ᠎ᠲᠤ᠂ ᠮᠠᠰᠢᠨ ᠲᠡᠷᠭᠡ ᠵᠢᠨ ᠲᠦᠷ ᠴᠠᠭ᠎ᠤᠨ ᠨᠣᠮᠧᠷ᠎ᠤᠨ ᠫᠠᠢ᠌ᠰᠠ ᠵᠢ ᠳᠠᠩᠰᠠᠯᠬᠤ᠂ ᠲᠦᠷᠢᠶᠡᠰᠦᠨ ᠮᠠᠰᠢᠨ ᠲᠡᠷᠭᠡ ᠵᠢ ᠳᠡᠩᠰᠡᠯᠡᠬᠤ᠂ ᠰᠢᠯᠭ᠋ᠠᠯᠲᠠ ᠵᠢᠨ ᠲᠤᠬᠠᠶ᠋ᠢᠯᠠᠭᠰᠠᠨ ᠠᠵᠢᠯ᠂ ᠮᠠᠰᠢᠨ ᠲᠡᠷᠭᠡ ᠵᠢ ᠣᠨᠳᠣᠤ ᠭᠠᠵᠠᠷ᠎ᠲᠤ
ᠬᠡᠷᠡᠭᠯᠡᠭᠡᠨ᠎ᠠᠴᠠ ᠭᠠᠷᠭ᠋ᠠᠬᠤ ᠵᠡᠷᠭᠡ 38 ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠳ ᠎ᠢ ᠰᠢᠭᠤᠳ ᠭᠦᠢ᠍ᠴᠡᠳᠬᠡᠵᠦ ᠪᠣᠯᠬᠤ ᠮᠥᠷᠲᠡᠭᠡᠨ ᠳᠠᠭ᠋ᠠᠤ  ᠎ᠳᠤᠨᠢ   ᠦᠢ᠍ᠯᠡᠴᠢᠯᠡᠭᠡᠨ ᠎ᠤ   ᠲᠣᠤᠷ   ᠴᠡᠭ   ᠨᠡᠮᠡᠵᠦ᠂ ᠲᠤᠬᠠᠶ᠋ᠢᠯᠠᠭᠰᠠᠨ ᠠᠵᠢᠯ᠎ᠤᠨ ᠲᠥᠪ᠎ᠢ ᠲᠠᠷᠬᠠᠵᠤ᠂ ᠡᠯ᠎ᠡ ᠦᠢ᠍ᠯᠡᠴᠢᠯᠡᠭᠡᠨ᠎ᠤ ᠥᠷᠲᠡᠭᠡ ᠴᠡᠭ ᠬᠦᠷᠲᠡᠯ᠎ᠡ ᠥᠷᠭᠡᠳᠬᠡᠨ᠂ ᠤᠯᠠᠨ ᠲᠦᠮᠡᠨ᠎ᠤ ᠬᠠᠮᠤᠭ᠎ᠤᠨ ᠣᠢ᠌ᠷᠠᠬᠠᠨ ᠴᠡᠭ᠎ᠲᠤ ᠬᠦᠷᠴᠦ ᠬᠠᠮᠢᠶ᠎ᠠ ᠪᠦᠬᠦᠢ ᠭᠠᠷ ᠭᠦᠢ᠍ᠴᠡᠳᠬᠡᠯ ᠬᠢᠬᠦ᠎ᠳᠤ ᠳᠥᠭᠥᠮ ᠳᠥᠲᠡ ᠪᠣᠯᠭ᠋ᠠᠪᠠ᠃
     69. ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ᠎ᠢ ᠬᠢᠵᠦ ᠵᠣᠬᠢᠶᠠᠬᠤ ᠠᠵᠢᠯ᠎ᠢ ᠬᠣᠰᠢᠭᠤ ᠰᠢᠶᠠᠨ᠎ᠤ ᠱᠠᠲᠤᠨ᠎ᠤ ᠲᠡᠷᠭᠡ ᠬᠠᠮᠢᠶᠠᠷᠬᠤ ᠭᠠᠵᠠᠷ᠎ᠲᠤ ᠳᠠᠭ᠋ᠠᠯᠭ᠋ᠠᠵᠤ᠂ ᠡᠯ᠎ᠡ ᠬᠢᠴᠢᠶᠡᠯ ᠲᠥᠷᠥᠯ᠎ᠤᠨ ᠰᠢᠯᠭ᠋ᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ ᠡᠯ᠎ᠡ ᠭᠠᠵᠠᠷ᠎ᠤᠨ ᠲᠡᠷᠭᠡ ᠬᠥᠰᠬᠡ ᠬᠠᠮᠢᠶᠠᠷᠬᠤ ᠭᠠᠵᠠᠷ ᠎ᠠᠴᠠ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ᠎ᠢ ᠦᠢ᠍ᠯᠡᠳᠴᠦ᠂ (ᠦᠨᠡᠮᠯᠡᠯ) ᠣᠯᠭᠣᠨ᠎ᠠ᠃
     70. ᠪᠤᠶ᠋ᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ᠎ᠤ ᠲᠣᠮᠢᠯᠠᠭᠰᠠᠨ ᠰᠠᠯᠪᠤᠷᠢ᠎ᠳᠤ ᠨᠠᠶ᠋ᠢᠳᠠᠵᠤ᠂ ᠲᠡᠷᠭᠡ ᠬᠥᠰᠬᠡ ᠵᠢᠨ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠵᠢ ᠠᠬᠢᠭᠤᠯᠤᠨ᠎ᠠ᠃ ᠵᠢᠯᠣᠭᠣᠴᠢ ᠵᠢᠨ ᠦᠨᠡᠮᠯᠡᠯ ᠵᠶ᠋ᠠᠨ ᠨᠥᠬᠥᠬᠦ ᠰᠣᠯᠢᠬᠤ᠂ ᠬᠢᠨᠠᠨ ᠪᠠᠢ᠌ᠴᠠᠭ᠋ᠠᠯᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠵᠢᠨ ᠭᠡᠷᠡᠴᠢ ᠲᠤᠰᠢᠶᠠᠬᠤ᠂ ᠵᠠᠮᠨᠠᠬᠤ ᠦᠨᠡᠮᠯᠡᠯ ᠵᠢᠴᠢ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠲᠡᠮᠳᠡᠭ (ᠦᠨᠡᠮᠯᠡᠯ) ᠨᠥᠬᠥᠬᠦ ᠪᠤᠶᠤ ᠭᠤᠶᠤᠴᠢᠯᠠᠨ ᠠᠪᠬᠤ᠂ ᠮᠠᠰᠢᠨ ᠲᠡᠷᠭᠡ ᠵᠢ 6 ᠵᠢᠯ ᠪᠠᠢ᠌ᠴᠠᠭ᠋ᠠᠬᠤ᠎ᠠᠴᠠ ᠬᠡᠯᠲᠦᠷᠢᠭᠦᠯᠬᠦ ᠢᠯᠡᠳᠬᠡᠮᠵᠢ ᠳᠡᠮᠳᠡᠭ᠎ᠢ ᠭᠤᠶᠤᠴᠢᠯᠠᠨ ᠠᠪᠬᠤ ᠵᠡᠷᠭᠡ ᠲᠡᠷᠭᠡ ᠬᠥᠰᠬᠡ ᠵᠢᠨ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠪᠣᠶ᠋ᠢᠳᠠ ᠪᠥᠭᠯᠡᠭᠦᠤ ᠭᠠᠵᠠᠷ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠳᠤ ᠨᠠᠶ᠋ᠢᠳᠠᠵᠤ ᠭᠦᠢ᠍ᠴᠡᠳᠬᠡᠭᠦᠯᠦᠨ᠎ᠡ᠃
     71. ᠬᠣᠰᠢᠭᠤ ᠰᠢᠶᠠᠨ᠎ᠤ ᠱᠠᠲᠤᠨ᠎ᠤ ᠲᠡᠷᠭᠡ ᠬᠥᠰᠬᠡ ᠬᠠᠮᠢᠶᠠᠷᠬᠤ ᠭᠠᠵᠠᠷ᠎ᠨᠢ᠂ ᠤᠯᠠᠷᠢᠯ ᠪᠦᠷᠢ᠎ᠳᠤ ᠬᠠᠮᠤᠭ ᠪᠠᠭ᠎ᠠ᠎ᠳᠠᠭᠠᠨ ᠨᠢᠭᠡ ᠤᠳᠠᠭ᠎ᠠ ᠬᠠᠷᠢᠶ᠎ᠠ ᠣᠷᠣᠨ᠎ᠤ᠎ᠪᠠᠨ ᠰᠢᠶᠠᠩ᠂ ᠪᠠᠯᠭ᠋ᠠᠰᠤ᠂ ᠰᠤᠮᠤᠨ᠎ᠳᠤ ᠭᠦᠨᠵᠡᠭᠡᠢ᠌ᠷᠡᠨ ᠰᠢᠨ᠎ᠡ ᠮᠣᠲ᠋ᠣᠷ ᠲᠡᠷᠭᠡ ᠵᠢ ᠳᠠᠩᠰᠠᠯᠠᠬᠤ᠂ ᠰᠢᠯᠭ᠋ᠠᠨ ᠪᠠᠶ᠋ᠢᠴᠠᠭ᠋ᠠᠬᠤ ᠵᠢᠴᠢ ᠮᠣᠲ᠋ᠣᠷ ᠲᠡᠷᠭᠡ ᠵᠢᠯᠣᠭᠣᠳᠬᠤ (ᠤᠨᠤᠬᠤ) ᠦᠨᠡᠮᠯᠡᠯ᠎ᠢ ᠰᠢᠯᠭ᠋ᠠᠬᠤ᠂ ᠦᠨᠡᠮᠯᠡᠯ ᠵᠶ᠋ᠠᠨ ᠨᠥᠬᠥᠬᠦ ᠪᠤᠶᠤ ᠰᠣᠯᠢᠬᠤ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠨ᠎ᠡ᠃
     72. ᠮᠣᠲ᠋ᠣᠷ ᠲᠡᠷᠭᠡᠨ᠎ᠤ (D᠂ E᠂ F ᠦᠨᠡᠮᠯᠡᠯ) ᠵᠢᠯᠣᠭᠣᠴᠢ ᠵᠢᠨ ᠰᠢᠯᠭ᠋ᠠᠯᠲᠠ ᠵᠢᠨ ᠶᠠᠪᠤᠴᠠ ᠵᠢ ᠳᠥᠭᠥᠮᠴᠢᠯᠡᠵᠦ᠂ ᠵᠢᠯᠣᠭᠣᠴᠢ ᠬᠣᠰᠢᠭᠤ ᠰᠢᠶᠠᠨ᠎ᠤ ᠱᠠᠲᠤᠨ᠎ᠤ ᠲᠡᠷᠭᠡ ᠬᠥᠰᠬᠡ ᠬᠠᠮᠢᠶᠠᠷᠬᠤ ᠭᠠᠵᠠᠷ᠎ᠲᠤ ᠨᠡᠷ᠎ᠡ ᠮᠡᠳᠡᠭᠦᠯᠦᠨ ᠰᠢᠯᠭ᠋ᠠᠯᠲᠠ ᠬᠢᠵᠦ᠂ ᠬᠢᠷᠢ ᠲᠡᠩᠴᠡᠪᠡᠯ ᠦᠨᠡᠮᠯᠡᠯ ᠣᠯᠭᠣᠨ᠎ᠠ᠂ ᠵᠢᠯᠣᠭᠣᠴᠢ ᠵᠢᠨ ᠰᠤᠷᠭ᠋ᠠᠭᠤᠯᠢ ᠵᠢᠨ ᠪᠣᠯᠪᠠᠰᠤᠷᠠᠭᠤᠯᠤᠯ᠎ᠳᠤ ᠨᠡᠷ᠎ᠡ ᠮᠡᠳᠡᠭᠦᠯᠵᠦ ᠵᠥᠪᠰᠢᠶᠡᠷᠡᠭᠦᠯᠬᠦ ᠬᠡᠷᠡᠭ ᠦᠭᠡᠢ᠃
     73. ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ ᠵᠶ᠋ᠠᠨ ᠨᠥᠬᠥᠬᠦ ᠪᠤᠶᠤ ᠰᠣᠯᠢᠬᠤ᠂ ᠮᠠᠰᠢᠨ ᠲᠡᠷᠭᠡ ᠵᠢᠨ ᠨᠣᠮᠧᠷ᠎ᠤᠨ ᠫᠠᠶ᠋ᠢᠰᠠ ᠵᠢ ᠨᠥᠬᠥᠬᠦ ᠪᠤᠶᠤ ᠰᠣᠯᠢᠬᠤ᠂ ᠮᠠᠰᠢᠨ ᠲᠡᠷᠭᠡᠨ᠎ᠤ ᠵᠠᠮᠨᠠᠬᠤ (ᠠᠶᠠᠯᠠᠨ ᠶᠠᠪᠤᠬᠤ) ᠦᠨᠡᠮᠯᠡᠯ᠎ᠢ ᠨᠥᠬᠥᠬᠦ ᠪᠤᠶᠤ ᠰᠣᠯᠢᠬᠤ ᠵᠡᠷᠭᠡ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠲᠤᠬᠠᠶ᠋ᠢᠯᠠᠭᠰᠠᠨ ᠠᠵᠢᠯ᠎ᠢ ᠡᠯ᠎ᠡ ᠭᠠᠵᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠳᠤᠮᠳᠠ ᠠᠩᠭᠢ᠎ᠳᠤ ᠰᠢ᠌ᠳᠪᠦᠷᠢᠯᠡᠨ᠎ᠠ᠃
     74. ᠬᠥᠮᠦᠨ ᠠᠮᠠ ᠨᠢᠭᠲᠠᠷᠬᠠᠰᠠᠨ ᠲᠠᠯᠠᠪᠤᠷ᠎ᠲᠤ᠂ ᠬᠡᠷᠡᠭ ᠰᠢᠢ᠍ᠳᠪᠦᠷᠢᠯᠡᠵᠦ ᠦᠨᠡᠮᠯᠡᠯ
ᠭᠠᠷᠭ᠋ᠠᠵᠤ ᠥᠭᠬᠦ ᠲᠣᠣᠷ ᠴᠡᠭ᠎ᠢ ᠨᠡᠮᠡᠨ ᠪᠠᠶ᠋ᠢᠭᠤᠯᠵᠤ᠂ ᠬᠣᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠥᠪ᠎ᠤᠨ ᠶᠡᠬᠡ ᠲᠢᠩᠬᠢᠮ᠂ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠵᠡᠷᠭᠡ ᠬᠥᠮᠦᠨ ᠠᠮᠠ ᠨᠢᠭᠲᠠᠷᠬᠠᠰᠠᠨ ᠲᠠᠯᠠᠪᠤᠷ᠎ᠲᠤ ᠲᠡᠷᠭᠡ ᠬᠥᠰᠬᠡ ᠬᠠᠮᠢᠶᠠᠷᠬᠤ ᠲᠤᠬᠠᠶ᠋ᠢᠯᠠᠭᠰᠠᠨ ᠠᠵᠢᠯ᠎ᠤᠨ ᠲᠣᠣᠷ ᠴᠡᠭ᠎ᠢ ᠨᠡᠮᠡᠵᠦ ᠲᠣᠬᠢᠷᠠᠭᠤᠯᠬᠤ ᠠᠵᠢᠯ᠎ᠢ ᠢᠳᠡᠪᠬᠢᠲᠡᠶ ᠠᠬᠢᠭᠤᠯᠣᠨ᠂ ᠤᠯᠠᠨ ᠲᠦᠮᠡᠨ᠎ᠤ ᠣᠢ᠌ᠷᠠᠯᠴᠠᠭ᠋ᠠᠬᠢ ᠭᠠᠵᠠᠷ᠎ᠲᠤ ᠬᠡᠷᠡᠭ ᠰᠢᠢ᠍ᠳᠪᠦᠷᠢᠯᠡᠬᠦ᠎ᠳᠤ ᠳᠦᠭᠦᠮ ᠦᠵᠡᠭᠦᠯᠣᠨ᠎ᠠ᠃
     75. ᠨᠡᠶ᠋ᠢᠭᠡᠮ᠎ᠤᠨ ᠪᠠᠶ᠋ᠢᠭᠤᠯᠤᠮᠵᠢ᠎ᠳᠤ ᠨᠠᠶ᠋ᠢᠳᠠᠨ ᠲᠡᠷᠭᠡ ᠬᠥᠰᠬᠡ ᠬᠠᠮᠢᠶᠠᠷᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠵᠢ ᠠᠬᠢᠭᠤᠯᠤᠨ᠎ᠠ᠂ ᠨᠥᠬᠥᠴᠡᠯ᠎ᠳᠤ ᠨᠡᠶ᠋ᠢᠴᠡᠬᠦ ᠮᠠᠰᠢᠨ ᠲᠡᠷᠭᠡ ᠪᠣᠷᠣᠯᠠᠭᠤᠯᠬᠤ ᠠᠵᠤ ᠠᠬᠤᠶ᠋ᠢᠯᠠᠯ᠂ ᠭᠠᠷ ᠳᠠᠮᠵᠢᠭᠰᠠᠨ ᠮᠠᠰᠢᠨ ᠲᠡᠷᠭᠡᠨ᠎ᠤ ᠰᠣᠯᠢᠯᠴᠠᠭ᠋ᠠᠨ᠎ᠤ ᠵᠠᠬ᠎ᠠ ᠳᠡᠯᠭᠡᠭᠦᠷ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠡᠷᠭᠡ ᠬᠥᠰᠬᠡ ᠵᠢ ᠬᠠᠮᠢᠶᠠᠷᠬᠤ ᠲᠤᠬᠠᠶ᠋ᠢᠯᠠᠭᠰᠠᠨ ᠠᠵᠢᠯ᠎ᠢ ᠣᠷᠣᠯᠠᠨ ᠭᠦᠢ᠍ᠴᠡᠳᠬᠡᠭᠦᠯᠦᠨ᠎ᠡ᠃ ᠤᠯᠤᠰ᠎ᠲᠠᠭᠠᠨ ᠦᠢ᠍ᠯᠡᠳᠪᠦᠷᠢᠯᠡᠭᠰᠡᠨ ᠵᠢᠵᠢᠭ ᠬᠡᠯᠪᠡᠷᠢ ᠵᠢᠨ ᠦᠯᠦ ᠪᠠᠶ᠋ᠢᠴᠠᠭ᠋ᠠᠬᠤ ᠲᠡᠷᠭᠡ ᠬᠥᠰᠬᠡ ᠵᠢ ᠳᠠᠩᠰᠠᠯᠠᠭᠤᠯᠤᠨ ᠲᠡᠮᠳᠡᠭᠯᠡᠭᠦᠯᠬᠦ᠂ ᠭᠠᠷ ᠳᠠᠮᠵᠢᠭᠰᠠᠨ ᠮᠠᠰᠢᠨ ᠲᠡᠷᠭᠡ ᠵᠢ ᠰᠢᠯᠵᠢᠭᠦᠯᠦᠨ ᠥᠭᠬᠦ ᠲᠠᠨᠭ᠌ᠰᠠᠯᠠᠯᠳᠠ᠂ ᠵᠢᠯᠣᠭᠣᠴᠢ ᠵᠢᠨ ᠦᠨᠡᠮᠯᠡᠯ᠎ᠢ ᠨᠥᠬᠥᠬᠦ ᠪᠤᠶᠤ ᠰᠣᠯᠢᠬᠤ᠂ ᠬᠢᠨᠠᠨ ᠬᠠᠷᠭᠤᠭᠤᠯᠤᠭ᠋ᠠᠳ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠎ᠢ ᠲᠠᠷᠬᠠᠭ᠋ᠠᠬᠤ ᠵᠡᠷᠭᠡ ᠲᠤᠬᠠᠶ᠋ᠢᠯᠠᠭᠰᠠᠨ ᠠᠵᠢᠯ᠎ᠢ ᠳᠡᠭᠡᠷ᠎ᠡ ᠳᠤᠷᠠᠳᠤᠭᠰᠠᠨ ᠨᠡᠶ᠋ᠢᠭᠡᠮ᠎ᠤᠨ ᠪᠠᠶ᠋ᠢᠭᠤᠯᠤᠮᠵᠢ ᠎ᠳᠤ ᠳᠠᠭ᠋ᠠᠭ᠋ᠠᠯᠭ᠋ᠠᠵᠤ ᠥᠭᠭᠦᠨ᠂ ᠤᠯᠠᠨ ᠲᠦᠮᠡᠨ᠎ᠤ ᠦᠢ᠍ᠷ᠎ᠠ ᠬᠠᠪᠢ᠎ᠳᠠᠭᠠᠨ ᠲᠡᠷᠭᠡ ᠬᠥᠰᠬᠡ ᠵᠢᠨ ᠲᠤᠬᠠᠶ᠋ᠢᠯᠠᠭᠰᠠᠨ ᠠᠵᠢᠯ ᠎ᠢ ᠭᠦᠢ᠍ᠴᠡᠳᠬᠡᠬᠦ᠎ᠳᠤ ᠳᠥᠭᠥᠮ ᠦᠵᠡᠭᠦᠯᠦᠨ᠎ᠡ᠃
     76. ᠲᠡᠷᠭᠡ ᠬᠥᠰᠬᠡ ᠵᠢ ᠬᠠᠮᠢᠶᠠᠷᠬᠤ ᠭᠠᠵᠠᠷ᠎ᠲᠤ ᠠᠦ᠋ᠲ᠋ᠣ᠋ ᠦᠢ᠍ᠯᠡᠴᠢᠯᠡᠬᠦ ᠲᠣᠭᠣᠷᠢᠭ ᠲᠣᠬᠢᠷᠠᠭᠤᠯᠤᠨ᠂ ᠠᠦ᠋ᠲ᠋ᠣ᠋ ᠦᠢ᠍ᠯᠡᠴᠢᠯᠡᠭᠡ ᠵᠢ ᠳᠡᠯᠭᠡᠷᠡᠭᠦᠯᠵᠦ᠂ ᠵᠢᠯᠣᠭᠣᠴᠢ ᠵᠢᠨ ᠦᠨᠡᠮᠯᠡᠯ ᠰᠣᠯᠢᠬᠤ ᠨᠥᠬᠥᠬᠦ᠂ ᠮᠠᠰᠢᠨ ᠲᠡᠷᠭᠡ ᠵᠢᠨ ᠨᠣᠮᠧᠷ ᠰᠣᠩᠭᠣᠬᠤ᠂ ᠮᠡᠳᠡᠭᠡ ᠵᠠᠩᠭᠢ᠎ᠪᠠᠨ ᠵᠠᠰᠠᠵᠤ ᠬᠤᠪᠢᠷᠠᠭᠤᠯᠬᠤ᠂ ᠵᠠᠮ ᠬᠠᠷᠢᠯᠴᠠᠭ᠋ᠠᠨ᠎ᠤ ᠬᠠᠤᠯᠢ ᠵᠥᠷᠢᠴᠡᠭᠰᠡᠨ ᠠᠵᠢᠯᠯᠠᠭ᠎ᠠ᠎ᠪᠠᠨ ᠰᠢᠢ᠍ᠳᠪᠦᠷᠢᠯᠡᠬᠦ ᠵᠡᠷᠭᠡ ᠦᠢ᠍ᠯᠡᠴᠢᠯᠡᠭᠡ ᠵᠢ ᠬᠠᠩᠭ᠋ᠠᠵᠤ᠂ ᠪᠡᠶ᠎ᠡ ᠵᠢᠨ ᠭᠠᠷᠤᠯ᠎ᠤᠨ ᠭᠡᠷᠡᠴᠢᠯᠡᠭᠡ᠂ ᠬᠦᠯᠢᠶᠡᠨ ᠠᠪᠴᠤ ᠬᠢᠨᠠᠨ ᠬᠠᠷᠭᠤᠭᠤᠯᠬᠤ᠂ ᠰᠦᠢ᠍ᠳᠬᠡᠯ ᠲᠤᠰᠢᠶᠠᠬᠤ ᠵᠡᠷᠭᠡ ᠪᠦᠬᠦ ᠶᠠᠪᠤᠴᠠ᠎ᠳᠤ ᠥᠪᠡᠷᠲᠡᠭᠡᠨ ᠡᠵᠡᠨ ᠮᠡᠳᠡᠨ ᠠᠦ᠋ᠲ᠋ᠣ᠋᠎ᠪᠠᠷ ᠰᠢᠢ᠍ᠳᠪᠦᠷᠢᠯᠡᠵᠦ᠂ ᠴᠣᠩᠬᠣᠪᠴᠢ᠎ᠠᠴᠠ ᠵᠠᠷᠢᠮ ᠮᠠᠲ᠋ᠧᠷᠢᠶᠠᠯ᠎ᠢ ᠭᠠᠷᠭ᠋ᠠᠨ ᠠᠪᠬᠤ ᠪᠤᠶᠤ ᠰᠢᠦᠳᠠᠨ᠎ᠤ ᠲᠦᠷᠭᠡᠨ ᠬᠦᠷᠭᠡᠯᠲᠡ ᠎ᠪᠠᠷ ᠬᠦᠷᠭᠡᠯᠭᠡᠵᠦ ᠪᠣᠯᠤᠨ᠎ᠠ᠃
     77. ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ (ᠳᠤᠮᠳᠠ) ᠠᠩᠭᠢ᠂ ᠮᠠᠰᠢᠨ ᠲᠡᠷᠭᠡ ᠳᠠᠩᠰᠠᠯᠠᠭᠤᠯᠬᠤ ᠦᠢ᠍ᠯᠡᠴᠢᠯᠡᠭᠡᠨ᠎ᠤ ᠥᠷᠲᠡᠭᠡ᠂ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠡᠷᠭᠡ ᠭᠠᠵᠠᠷ᠎ᠲᠤ ᠠᠦ᠋ᠲ᠋ᠣ᠋ ᠦᠢ᠍ᠯᠡᠴᠢᠯᠡᠬᠦ ᠲᠥᠬᠥᠭᠡᠷᠦᠮᠵᠢ ᠵᠢ ᠢᠳᠡᠪᠬᠢᠲᠡᠶ ᠲᠣᠬᠢᠷᠠᠭᠤᠯᠵᠤ᠂ ᠣᠯᠠᠨ ᠲᠦᠮᠡᠨ᠎ᠤ ᠣᠶ᠋ᠢᠷ᠎ᠠ ᠬᠠᠪᠢ᠎ᠳᠠᠬᠢ ᠭᠠᠵᠠᠷ᠎ᠲᠤ ᠪᠤᠶᠤ ᠥᠪᠡᠰᠦᠪᠡᠨ ᠡᠵᠡᠨ ᠮᠡᠳᠡᠨ ᠠᠦ᠋ᠲ᠋ᠣ᠋ ᠮᠠᠰᠢᠨ ᠳᠡᠭᠡᠷ᠎ᠡ ᠰᠢᠢ᠍ᠳᠪᠦᠷᠢᠯᠡᠬᠦ᠎ᠳᠤᠨᠢ ᠲᠥᠬᠥᠮ ᠦᠵᠡᠭᠦᠯᠦᠨ᠎ᠡ᠃
     78. ᠢᠨᠲᠸᠷ ᠰᠦᠯᠵᠢᠶᠡᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ ᠪᠠ 《ᠵᠠᠮ ᠨᠡᠪᠲᠡᠷᠡᠯᠭᠡ ᠵᠢᠨ ᠬᠠᠮᠢᠶᠠᠷᠤᠯᠲᠠ ᠵᠢᠨ 12123》 ᠭᠠᠷ ᠤᠲᠠᠰᠤᠨ᠎ᠤ APP ᠵᠡᠷᠭᠡ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠢ᠍ᠯᠡᠴᠢᠯᠡᠭᠡ ᠵᠢ ᠥᠷᠭᠡᠳᠬᠡᠵᠦ᠂ ᠵᠢᠯᠣᠭᠣᠴᠢ ᠵᠢᠨ ᠰᠢᠯᠭ᠋ᠠᠯᠲᠠ ᠵᠢ ᠤᠷᠢᠳᠴᠢᠯᠠᠨ ᠪᠣᠯᠵᠣᠬᠤ᠂ ᠮᠠᠰᠢᠨ ᠲᠡᠷᠭᠡ ᠵᠢᠨ ᠨᠣᠮᠧᠷ ᠰᠣᠩᠭᠣᠬᠤ᠂ ᠵᠢᠯᠤᠭᠤᠴᠢ ᠵᠢᠨ ᠦᠨᠡᠮᠯᠡᠯ ᠨᠥᠬᠦᠬᠦ ᠰᠣᠯᠢᠬᠤ ᠭᠤᠶᠤᠴᠢᠯᠠᠨ ᠠᠪᠬᠤ ᠵᠡᠷᠭᠡ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠠᠬᠢᠭᠤᠯᠤᠨ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢ᠍ᠳᠪᠦᠷᠢᠯᠡᠬᠦ ᠭᠤᠶᠤᠴᠢᠯᠠᠯ ᠭᠠᠷᠭ᠋ᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠠᠷᠤ ᠲᠠᠪᠴᠠᠩ᠎ᠠᠴᠠ ᠬᠢᠨᠠᠨ ᠬᠠᠷᠭᠤᠭᠤᠯᠵᠤ᠂ ᠫᠠᠶ᠋ᠢᠰᠠ᠂ ᠦᠨᠡᠮᠯᠡᠯ᠎ᠢ ᠰᠢᠦᠳᠠᠨ ᠵᠶ᠋ᠠᠷ ᠬᠦᠷᠭᠡᠵᠦ ᠪᠣᠯᠤᠨ᠎ᠠ᠃
     79. ᠮᠠᠰᠢᠨ ᠲᠡᠷᠭᠡᠨ᠎ᠤ ᠵᠢᠯᠣᠭᠣᠴᠢ ᠵᠢᠨ  《  ᠬᠣᠶᠠᠷ   ᠬᠥᠮᠦᠵᠢᠯ  》  (  ᠪᠦᠷᠢᠨ   ᠬᠤᠪᠢ ᠵᠢᠨ ᠰᠤᠷᠤᠯᠴᠠᠯᠭ᠎ᠠ᠂ ᠬᠢᠨᠠᠨ ᠰᠢᠯᠭ᠋ᠠᠬᠤ ᠬᠥᠮᠦᠵᠢᠯ)᠎ᠤᠨ   ᠲᠤᠬᠠᠶ᠋ᠢᠯᠠᠭᠰᠠᠨ   ᠠᠵᠢᠯ  ᠎ᠤᠨ ᠡᠷᠬᠡ ᠵᠢ   ᠳᠣᠷᠣᠭᠰᠢ   ᠪᠠᠭᠤᠯᠭ᠋ᠠᠵᠤ᠂ ᠬᠣᠰᠢᠭᠤ ᠰᠢᠶᠠᠨ᠎ᠤ ᠱᠠᠲᠤᠨ᠎ᠤ ᠲᠡᠷᠭᠡ ᠬᠠᠮᠢᠶᠠᠷᠬᠤ ᠭᠠᠵᠠᠷ᠎ᠠᠴᠠ 《ᠬᠣᠶᠠᠷ ᠬᠥᠮᠦᠵᠢᠯ》 ᠬᠢᠬᠦ ᠢᠨᠲᠸᠷ ᠰᠦᠯᠵᠢᠶᠡᠨ᠎ᠤ ᠰᠤᠷᠤᠯᠴᠠᠯᠭ᠎ᠠ ᠵᠢᠨ ᠵᠠᠭᠪᠤᠷ᠎ᠢ ᠳᠡᠯᠭᠡᠷᠡᠭᠦᠯᠵᠦ᠂ ᠵᠢᠯᠣᠭᠣᠴᠢ ᠪᠡᠶ᠎ᠡ᠎ᠪᠠᠨ ᠳᠠᠭ᠋ᠠᠭ᠋ᠠᠵᠤ ᠰᠠᠢ᠌ᠨ ᠰᠤᠷᠤᠯᠴᠠᠬᠤ ᠵᠢᠴᠢ ᠬᠢᠨᠠᠨ ᠰᠢᠯᠭ᠋ᠠᠬᠤ ᠬᠥᠮᠦᠵᠢᠯ᠎ᠢ ᠪᠦᠷᠢᠨ ᠪᠡᠶᠡᠯᠡᠭᠦᠯᠵᠦ᠂ ᠢᠨᠲᠸᠷ ᠰᠦᠯᠵᠢᠶ᠎ᠡ᠂ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠤᠨᠤᠯ᠎ᠤᠨ ᠮᠡᠳᠡᠯᠭᠡ ᠰᠤᠷᠤᠯᠴᠠᠬᠤ ᠵᠢ ᠪᠡᠶᠡᠯᠡᠭᠦᠯᠦᠨ᠎ᠡ᠃
     80. ᠠᠷᠠᠳ᠎ᠤᠨ ᠰᠢᠭᠦᠬᠦ ᠬᠣᠷᠢᠶ᠎ᠠ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠲᠣᠭ᠎ᠠ ᠪᠠᠷᠢᠮᠲᠠ (ᠳ᠋ᠠᠢ᠌ᠲ᠋ᠠ) ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠤᠨ᠂ ᠮᠡᠳᠡᠭᠡ ᠵᠠᠩᠭᠢ᠎ᠪᠠᠨ ᠬᠠᠷᠢᠯᠴᠠᠨ ᠰᠣᠯᠢᠯᠴᠠᠵᠣ ᠬᠠᠮᠲᠤ᠎ᠪᠠᠷ ᠡᠳ᠋ᠯᠡᠬᠦ ᠲᠠᠪᠴᠠᠩ᠎ᠢ ᠪᠠᠶ᠋ᠢᠭᠤᠯᠵᠤ᠂ ᠵᠠᠮ ᠬᠠᠷᠢᠯᠴᠠᠭ᠋ᠠᠨ᠎ᠤ ᠡᠨᠳᠡᠯ᠎ᠤᠨ ᠮᠡᠳᠡᠭᠡ ᠵᠠᠩᠭᠢ ᠵᠢ ᠰᠠᠯᠠᠭ᠎ᠠ ᠮᠥᠴᠢᠷ ᠠᠯᠤᠰᠯᠠᠨ ᠴᠠᠭ ᠲᠤᠬᠠᠶ᠎ᠳᠤᠨᠢ ᠠᠰᠠᠭᠤᠨ ᠯᠠᠪᠯᠠᠵᠦ᠂ ᠴᠠᠭ ᠲᠤᠬᠠᠶ᠎ᠳᠤᠨᠢ ᠬᠠᠷᠢᠭᠤ ᠲᠤᠰᠬᠠᠬᠤ ᠵᠢ ᠪᠡᠶᠡᠯᠡᠭᠦᠯᠦᠨ᠎ᠡ᠂ ᠲᠡᠷᠭᠡᠨ᠎ᠤ ᠬᠣᠬᠢᠷᠠᠯ᠂ ᠡᠨᠳᠡᠯ᠎ᠢ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢ᠍ᠳᠪᠦᠷᠢᠯᠡᠬᠦ᠂ ᠰᠦᠯᠵᠢᠶᠡᠨ ᠳᠡᠭᠡᠷ᠎ᠡ ᠬᠠᠷᠢᠭᠤᠴᠠᠯᠭ᠎ᠠ ᠲᠣᠭᠲᠠᠭ᠋ᠠᠬᠤ᠂ ᠰᠦᠯᠵᠢᠶᠡᠨ ᠳᠡᠭᠡᠷ᠎ᠡ ᠵᠥᠪᠳᠡᠯᠴᠡᠬᠦ᠂ ᠰᠦᠯᠵᠢᠶᠡᠨ ᠳᠡᠭᠡᠷ᠎ᠡ ᠬᠣᠬᠢᠷᠠᠯ᠎ᠤᠨ ᠬᠡᠮᠵᠢᠶ᠎ᠡ ᠵᠢ ᠲᠣᠭᠲᠠᠭ᠋ᠠᠬᠤ᠂ ᠰᠦᠯᠵᠢᠶᠡᠨ ᠳᠡᠭᠡᠷ᠎ᠡ ᠲᠥᠯᠥᠬᠥ ᠵᠢ ᠠᠬᠢᠭᠤᠯᠤᠨ᠎ᠠ᠃
     81. 《ᠰᠦᠯᠵᠢᠶ᠎ᠡ᠎ᠪᠠᠷ ᠲᠣᠭ᠎ᠠ ᠪᠠᠷᠢᠮᠲᠠ ᠵᠢ ᠨᠢᠭᠡ ᠴᠣᠭᠴᠠᠵᠢᠭᠣᠯᠵᠣ ᠰᠢᠢ᠍ᠳᠪᠦᠷᠢᠯᠡᠬᠦ》 ᠵᠠᠭᠪᠤᠷ᠎ᠲᠤ ᠲᠦᠰᠢᠭᠯᠡᠨ᠂ ᠲᠤᠬᠠᠶ ᠵᠢᠨ ᠬᠥᠮᠦᠨ᠎ᠢ ᠢᠳᠡᠪᠬᠢᠲᠡᠶ ᠬᠥᠲᠥᠯᠥᠨ ᠵᠢᠯᠣᠭᠣᠳᠴᠤ᠂ ᠳᠠᠭ᠋ᠠᠳᠬᠠᠯ᠎ᠤᠨ ᠠᠵᠢᠯ ᠲᠥᠷᠥᠯ᠎ᠤᠨ ᠠᠷᠠᠳ᠎ᠤᠨ ᠡᠶᠡᠳᠡᠭᠦᠯᠬᠦ ᠵᠣᠬᠢᠶᠠᠨ ᠪᠠᠶ᠋ᠢᠭᠤᠯᠤᠯᠲᠠ᠎ᠪᠠᠷ ᠳᠠᠮᠵᠢᠭᠤᠯᠤᠨ ᠭᠡᠨᠡᠳᠡᠯ (ᠡᠨᠳᠡᠯ)᠎ᠤᠨ ᠬᠣᠬᠢᠷᠠᠯ ᠬᠥᠨᠥᠭᠡᠯ ᠤᠴᠠᠷᠠᠭᠤᠯᠤᠭᠰᠠᠨ ᠲᠥᠯᠥᠪᠦᠷᠢ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠨ᠂ ᠲᠡᠷᠭᠡᠨ ᠡᠨᠳᠡᠯ᠎ᠠᠴᠠ ᠪᠣᠯᠣᠭᠰᠠᠨ ᠵᠥᠷᠢᠴᠡᠯ ᠵᠢᠭᠤᠷᠠᠯᠳᠣᠭ᠋ᠠᠨ᠎ᠢ ᠲᠥᠪ ᠭᠣᠣᠯᠴᠢ᠂ ᠥᠨᠳᠥᠷ ᠪᠦᠲᠦᠮᠵᠢᠲᠡᠶ ᠰᠢᠢ᠍ᠳᠪᠦᠷᠢᠯᠡᠬᠦ ᠵᠢ ᠠᠬᠢᠭᠤᠯᠤᠨ᠎ᠠ᠃
     82. ᠵᠠᠮ ᠬᠠᠷᠢᠯᠴᠠᠭ᠋ᠠᠨ᠎ᠤ ᠡᠨᠳᠡᠯ᠎ᠢ ᠲᠦᠷᠭᠡᠨ ᠰᠢᠢ᠍ᠳᠪᠦᠷᠢᠯᠡᠵᠦ ᠳᠥᠯᠥᠬᠦ ᠲᠣᠭᠲᠠᠴᠠ ᠵᠢ ᠲᠡᠭᠦᠯᠳᠡᠷᠵᠢᠭᠦᠯᠵᠦ᠂ 《ᠴᠠᠭᠳᠠᠭ᠎ᠠ ᠰᠢᠤᠳᠠᠨᠴᠢ ᠬᠠᠮᠲᠤᠷᠠᠨ ᠠᠵᠢᠯᠯᠠᠬᠤ》 ᠰᠢᠨ᠎ᠡ ᠬᠡᠪ ᠵᠠᠭᠪᠤᠷ᠎ᠢ ᠬᠡᠷᠡᠭᠵᠢᠭᠦᠯᠦᠨ᠂ ᠳᠠᠭ᠋ᠠᠳᠬᠠᠯ᠎ᠤᠨ ᠪᠠᠶ᠋ᠢᠭᠤᠯᠤᠮᠵᠢ᠎ᠲᠠᠢ ᠢᠳᠡᠪᠬᠢᠳᠡᠢ ᠬᠠᠮᠵᠢᠯᠴᠠᠵᠤ᠂ 《  ᠴᠠᠭᠳᠠᠭ᠎ᠠ   ᠰᠢᠤᠳᠠᠨᠴᠢ   ᠬᠠᠮᠲᠤᠷᠠᠨ   ᠠᠵᠢᠯᠯᠠᠬᠤ  》 ᠲᠣᠭᠲᠠᠴᠠ ᠵᠢ ᠪᠠᠶ᠋ᠢᠭᠤᠯᠵᠤ᠂ ᠳᠠᠭ᠋ᠠᠳᠬᠠᠯ᠎ᠤᠨ ᠺᠣᠮᠫᠠᠨᠢ ᠵᠢᠨ ᠲᠥᠯᠥᠪᠦᠷᠢ ᠥᠭᠬᠦ ᠵᠢ ᠬᠠᠷᠢᠭᠤᠴᠠᠭᠴᠢ᠂ ᠴᠠᠭᠳᠠᠭ᠎ᠠ᠎ᠲᠠᠢ ᠬᠠᠮᠲᠤ ᠵᠠᠮ ᠳᠡᠭᠡᠷ᠎ᠡ ᠴᠠᠭᠳᠠᠨ ᠪᠠᠶ᠋ᠢᠴᠠᠭ᠋ᠠᠬᠤ ᠵᠢ ᠲᠦᠯᠬᠢᠨ ᠠᠬᠢᠭᠤᠯᠵᠤ᠂ ᠵᠠᠮ ᠬᠠᠷᠢᠯᠴᠠᠭ᠋ᠠᠨ᠎ᠤ ᠡᠨᠳᠡᠯ ᠭᠠᠷᠣᠭᠰᠠᠭ᠋ᠠᠷ᠂ ᠬᠠᠮᠤᠭ ᠲᠡᠷᠢᠭᠦᠨ᠎ᠳᠤ ᠣᠯᠵᠤ ᠮᠡᠳᠡᠨ᠂ ᠡ᠊ᠨᠳᠡᠯ᠎ᠤᠨ ᠲᠤᠬᠠᠶ ᠵᠢᠨ ᠲᠠᠯᠠᠪᠤᠷ᠎ᠲᠤ ᠬᠦᠷᠬᠦ ᠵᠢ ᠠᠬᠢᠭᠤᠯᠤᠨ᠂ 《ᠵᠠᠮ ᠨᠡᠪᠲᠡᠷᠡᠯᠭᠡ ᠵᠢᠨ ᠬᠠᠮᠢᠶᠠᠷᠤᠯᠲᠠ 12123》 ᠵᠠᠮ ᠬᠠᠷᠢᠯᠴᠠᠭ᠋ᠠᠨ᠎ᠤ ᠡᠨᠳᠡᠯ᠎ᠢ ᠲᠦᠷᠭᠡᠨ ᠰᠢᠢ᠍ᠳᠪᠦᠷᠢᠯᠡᠵᠤ ᠳᠥᠯᠥᠬᠦ ᠰᠢᠰᠲ᠋ᠧᠮ ᠵᠶ᠋ᠠᠷ ᠳᠠᠮᠵᠢᠨ᠂ ᠵᠠᠮ ᠬᠠᠷᠢᠯᠴᠠᠭ᠋ᠠᠨ᠎ᠤ ᠡᠨᠳᠡᠯ᠎ᠠᠴᠠ ᠡᠭᠦᠰᠦᠭᠰᠡᠨ ᠡᠳ᠋ ᠬᠦᠷᠦᠨᠭᠭᠡ ᠵᠢᠨ ᠬᠣᠬᠢᠷᠠᠯ᠎ᠢ ᠲᠦᠷᠭᠡᠨ ᠰᠢᠢ᠍ᠳᠪᠦᠷᠢᠯᠡᠨ᠂ ᠵᠠᠮ ᠬᠠᠷᠢᠯᠴᠠᠭ᠋ᠠᠨ᠎ᠤ ᠭᠡᠨᠡᠳᠡᠯ᠎ᠢ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠋ᠠᠨ᠎ᠤ ᠡᠨᠳᠡᠯ᠎ᠢ ᠲᠦᠷᠭᠡᠨ ᠰᠢᠢ᠍ᠳᠪᠦᠷᠢᠯᠡᠵᠦ ᠳᠥᠯᠥᠬᠦ ᠲᠣᠭᠲᠠᠴᠠ ᠵᠢ ᠮᠠᠯᠵᠢᠬᠤ ᠲᠠᠷᠢᠶᠠᠯᠠᠬᠤ ᠣᠷᠣᠨ ᠳᠠᠰᠢ ᠦᠷᠭᠡᠳᠬᠡᠨ᠂ ᠮᠠᠯᠵᠢᠬᠤ ᠣᠷᠣᠨ ᠬᠥᠳᠡᠭᠡ ᠲᠣᠰᠬᠣᠨ᠎ᠤ ᠵᠠᠮ ᠬᠠᠷᠢᠯᠴᠠᠭ᠋ᠠᠨ᠎ᠤ ᠡᠨᠳᠡᠯ᠎ᠢ ᠲᠦᠷᠭᠡᠨ ᠰᠢᠢ᠍ᠳᠪᠦᠷᠢᠯᠡᠬᠦ ᠲᠤᠰᠠᠯᠠᠭᠴᠢ ᠵᠢᠨ ᠡᠩᠨᠡᠭᠡ ᠵᠢᠨ ᠪᠦᠳᠦᠭᠡᠨ ᠪᠠᠶ᠋ᠢᠭᠤᠯᠤᠯᠳᠠ ᠵᠢ ᠲᠦᠷᠭᠡᠳᠬᠡᠨ᠂ ᠲᠤᠬᠠᠶ ᠵᠢᠨ ᠬᠥᠮᠦᠨ᠎ᠳᠤ ᠬᠠᠮᠵᠢᠨ ᠮᠠᠯᠵᠢᠬᠤ ᠣᠷᠣᠨ ᠬᠥᠳᠡᠭᠡ ᠲᠣᠰᠬᠣᠨ᠎ᠳᠤ ᠡᠭᠦᠰᠦᠭᠰᠡᠨ ᠵᠠᠮ ᠬᠠᠷᠢᠯᠴᠠᠭ᠋ᠠᠨ᠎ᠤ ᠡᠨᠳᠡᠯ᠂ ᠡᠳ᠋ ᠬᠦᠷᠦᠩᠭᠡ ᠵᠢᠨ ᠬᠣᠬᠢᠷᠠᠯ᠎ᠢ ᠴᠠᠭ ᠲᠤᠬᠠᠢ᠎ᠳᠤ᠎ᠨᠢ ᠬᠦᠯᠢᠶᠡᠨ ᠠᠪᠴᠤ ᠲᠦᠷᠭᠡᠨ ᠰᠢᠢ᠍ᠳᠪᠦᠷᠢᠯᠡᠵᠤ ᠲᠥᠯᠦᠬᠦ ᠵᠢ ᠪᠡᠶᠡᠯᠡᠭᠦᠯᠦᠨ᠎ᠡ᠃
     83. ᠵᠠᠮ ᠬᠠᠷᠢᠯᠴᠠᠭ᠋ᠠᠨ᠎ᠤ ᠡᠨᠳᠡᠯ᠎ᠤᠨ ᠠᠪᠤᠷᠠᠨ ᠲᠤᠰᠠᠯᠠᠬᠤ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠂ ᠵᠠᠮ ᠬᠠᠷᠢᠯᠴᠠᠭ᠋ᠠᠨ᠎ᠤ ᠡᠨᠳᠡᠯ᠎ᠤᠨ ᠠᠪᠤᠷᠠᠨ ᠲᠤᠰᠠᠯᠠᠬᠤ ᠰᠠᠭᠤᠷᠢ ᠮᠥᠩᠭᠥ ᠵᠢ ᠬᠢᠨᠠᠨ ᠵᠥᠪᠰᠢᠶᠡᠷᠡᠬᠦ ᠠᠵᠢᠯ᠎ᠢ 5 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠵᠤ᠂ ᠠᠪᠤᠷᠠᠨ ᠲᠤᠰᠠᠯᠠᠬᠤ ᠨᠥᠬᠥᠴᠡᠯ᠎ᠳᠤ ᠨᠡᠶ᠋ᠢᠴᠡᠭᠰᠡᠨ ᠵᠠᠮ ᠬᠠᠷᠢᠯᠴᠠᠭ᠋ᠠᠨ᠎ᠤ ᠡᠨᠳᠡᠯ᠎ᠤᠨ ᠬᠣᠣᠷ (ᠬᠣᠬᠢᠷᠠᠯ) ᠠᠮᠰᠠᠭᠴᠢ ᠵᠢ ᠴᠠᠭ ᠲᠤᠬᠠᠶ᠎ᠳᠤᠨᠢ ᠠᠪᠤᠷᠠᠨ ᠲᠤᠰᠠᠯᠠᠬᠤ ᠵᠢ ᠪᠠᠳᠤᠯᠠᠨ᠎ᠠ᠃
     84. 《ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠡᠨᠳᠡᠯ᠎ᠤᠨ ᠡᠮ ᠡᠮᠨᠡᠯᠭᠡ ᠵᠢᠨ ᠵᠠᠷᠤᠳᠠᠯ᠎ᠢ ᠲᠦᠷᠭᠡᠨ ᠥᠭᠬᠦ
(ᠲᠦᠯᠦᠬᠦ) ᠲᠥᠷᠥᠯ ᠵᠦᠢ᠍ᠯ》᠎ᠢ ᠳᠡᠯᠭᠡᠷᠡᠭᠦᠯᠵᠦ᠂ ᠵᠠᠮ ᠬᠠᠷᠢᠯᠴᠠᠭ᠋ᠠᠨ᠎ᠤ ᠡᠨᠳᠡᠯ᠎ᠳᠤ᠂ ᠤᠷᠢᠳᠠᠪᠡᠷ ᠰᠢᠷᠬᠠᠲᠤᠭᠰᠠᠳ᠎ᠢ ᠠᠪᠤᠷᠠᠨ ᠡᠮᠨᠡᠭᠦᠯᠵᠤ᠂ ᠳᠠᠷᠠᠭ᠎ᠠ  ᠎ᠨᠢ   ᠬᠢᠨᠠᠨ   ᠬᠠᠷᠭᠤᠭᠤᠯᠵᠤ   ᠲᠥᠯᠥᠪᠦᠷᠢ   ᠥᠭᠬᠦ ᠵᠢ   ᠪᠡᠶᠡᠯᠡᠭᠦᠯᠦᠨ᠂ ᠬᠣᠬᠢᠷᠠᠯ ᠠᠮᠰᠠᠭᠴᠢᠳ᠎ᠢ ᠴᠠᠭ ᠲᠤᠬᠠᠶ᠎ᠳᠤᠨᠢ ᠪᠦᠬᠦ ᠲᠠᠯ᠎ᠠ᠎ᠪᠠᠷ ᠠᠪᠤᠷᠠᠨ ᠡᠮᠨᠡᠭᠦᠯᠬᠦ ᠵᠢ ᠠᠬᠢᠭᠤᠯᠤᠨ᠎ᠠ᠃
     85. ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠠᠵᠢᠯ᠎ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠡᠯ᠎ᠡ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠎ᠲᠠᠢ ᠬᠠᠮᠳᠤᠷᠠᠨ ᠠᠵᠢᠯᠯᠠᠵᠤ᠂ ᠵᠢᠯᠣᠭᠣᠴᠢ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠲᠤᠬᠠᠶ᠋ᠢᠯᠠᠭᠰᠠᠨ ᠠᠵᠢᠯ᠎ᠢ ᠰᠤᠮᠤ ᠰᠢᠶᠠᠩ᠂ ᠪᠠᠯᠭ᠋ᠠᠰᠤᠨ᠎ᠤ ᠭᠣᠣᠯ ᠪᠣᠯᠬᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠤᠶᠣ ᠲᠦᠪ᠎ᠲᠤ ᠨᠠᠢ᠌ᠳᠠᠨ ᠭᠦᠢ᠍ᠴᠡᠳᠬᠡᠬᠦᠯᠦᠨ᠎ᠠ᠂ ᠤᠯᠠᠨ ᠲᠦᠮᠡᠨ᠎ᠤ ᠦᠢ᠍ᠷ᠎ᠠ ᠬᠠᠪᠢ᠎ᠳᠠᠭᠠᠨ ᠪᠡᠶ᠎ᠡ ᠵᠢᠨ ᠪᠠᠶ᠋ᠢᠴᠠᠭ᠋ᠠᠯᠲᠠ ᠬᠢᠬᠦ ᠲᠤᠬᠠᠶ᠋ᠢᠯᠠᠭᠰᠠᠨ ᠠᠵᠢᠯ᠎ᠢ ᠲᠡᠯᠭᠡᠷᠡᠭᠦᠯᠦᠨ᠎ᠡ᠃
     86. ᠲᠤᠰᠬᠠᠶ ᠬᠦᠯᠢᠶᠡᠨ ᠠᠪᠴᠤ ᠰᠢᠢ᠍ᠳᠪᠦᠷᠢᠯᠡᠬᠦ
ᠵᠠᠮ ᠰᠤᠪᠠᠭ᠎ᠢ ᠲᠣᠬᠢᠷᠠᠭᠤᠯᠤᠨ᠂ ᠭᠣᠣᠯᠳᠠᠯᠭ᠎ᠠ᠎ᠲᠠᠢ ᠪᠦᠳᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠣᠨ ᠭᠣᠣᠯᠳᠠᠯᠭ᠎ᠠ᠎ᠲᠠᠢ ᠭᠠᠶ᠋ᠢᠯᠢ ᠲᠤᠰᠢᠶᠠᠬᠤ ᠠᠵᠤ ᠠᠬᠤᠶ᠋ᠢᠯᠠᠯ᠎ᠤᠨ ᠦᠯᠡᠮᠵᠢ ᠲᠣᠭ᠋ᠠᠨ᠎ᠤ ᠲᠡᠷᠭᠡ ᠬᠥᠰᠬᠡ ᠵᠢᠨ ᠬᠠᠮᠢᠶᠠᠷᠤᠯᠳᠠ ᠵᠢᠨ ᠲᠤᠬᠠᠶ᠋ᠢᠯᠠᠭᠰᠠᠨ ᠠᠵᠢᠯ᠎ᠢ ᠲᠥᠪᠯᠡᠷᠡᠭᠦᠯᠦᠨ ᠬᠦᠯᠢᠶᠡᠨ ᠠᠪᠴᠤ ᠰᠢᠢ᠍ᠳᠪᠦᠷᠢᠯᠡᠨ᠎ᠡ᠃ ᠲᠤᠰᠬᠠᠢ ᠪᠠᠷᠠᠭ᠋ᠠᠨ᠎ᠤ ᠲᠡᠭᠡᠭᠡᠪᠦᠷᠢ ᠵᠢᠨ ᠦᠢ᠍ᠯᠡᠰ ᠡᠷᠬᠢᠯᠡᠵᠦ ᠪᠠᠢ᠌ᠭ᠎ᠠ ᠠᠵᠤ ᠠᠬᠤᠢ᠌ᠯᠠᠯ ᠪᠣᠯᠣᠨ ᠲᠡᠭᠡᠭᠡᠪᠦᠷᠢ ᠡᠵᠡᠩᠨᠡᠯᠲᠡ ᠵᠢᠨ ᠲᠡᠷᠭᠡ ᠵᠢᠨ ᠠᠵᠤ ᠠᠬᠤᠶ᠋ᠢᠯᠠᠯ᠎ᠨᠢ 30᠎ᠠᠴᠠ ᠳᠡᠭᠡᠭᠰᠢ ᠲᠣᠭ᠋ᠠᠨ᠎ᠤ ᠲᠡᠷᠭᠡ᠎ᠲᠠᠢ ᠪᠣᠯ ᠤᠷᠢᠳᠴᠢᠯᠠᠨ ᠪᠣᠯᠵᠣᠵᠤ᠂ ᠠᠵᠤ ᠠᠬᠤᠢ᠌ᠯᠠᠯ᠎ᠳᠤ ᠬᠦᠷᠴᠦ ᠦᠢ᠍ᠯᠡᠴᠢᠯᠡᠬᠦ ᠦᠢ᠍ᠯᠡᠴᠢᠯᠡᠭᠡ ᠬᠠᠩᠭ᠋ᠠᠨ᠎ᠠ᠂ ᠮᠠᠰᠢᠨ ᠲᠡᠷᠭᠡ ᠵᠢᠨ ᠫᠠᠶ᠋ᠢᠰᠠ ᠦᠨᠡᠮᠯᠡᠯ ᠣᠯᠭᠣᠬᠤ ᠵᠢᠴᠢ ᠵᠢᠯᠣᠭᠣᠴᠢ ᠵᠢ ᠬᠢᠨᠠᠨ ᠰᠢᠯᠭ᠋ᠠᠬᠤ᠂ ᠦᠨᠡᠮᠯᠡᠯ ᠰᠣᠯᠢᠬᠤ᠂ ᠦᠨᠡᠮᠯᠡᠯ ᠨᠥᠬᠥᠬᠦ ᠵᠡᠷᠭᠡ ᠲᠤᠬᠠᠶ᠋ᠢᠯᠠᠭᠰᠠᠨ ᠠᠵᠢᠯ᠎ᠢ ᠲᠥᠪᠯᠡᠷᠡᠭᠦᠯᠦᠨ ᠭᠦᠢ᠍ᠴᠡᠳᠬᠡᠨ᠎ᠡ᠃
     87. ᠭᠣᠣᠯᠳᠠᠯᠭ᠎ᠠ᠎ᠲᠠᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠲᠡᠷᠭᠡ᠂ ᠲᠤᠮᠤ ᠬᠡᠯᠪᠡᠷᠢ ᠵᠢᠨ ᠲᠥᠬᠥᠭᠡᠷᠦᠮᠵᠢ ᠲᠡᠭᠡᠭᠡᠪᠦᠷᠢᠯᠡᠵᠤ ᠪᠠᠢ᠌ᠭ᠎ᠠ ᠲᠡᠷᠭᠡ ᠪᠠ ᠠᠮᠢᠳᠤ᠂ ᠰᠢᠨ᠎ᠡ ᠰᠣᠷᠭᠣᠭ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠲᠡᠭᠡᠭᠡᠪᠦᠷᠢᠯᠡᠵᠤ ᠪᠠᠢ᠌ᠭ᠎ᠠ ᠲᠡᠷᠭᠡ ᠵᠡᠷᠭᠡ᠎ᠳᠤ᠂ ᠵᠠᠮ ᠨᠡᠪᠲᠡᠷᠡᠯᠭᠡ ᠵᠢᠨ ᠴᠠᠭ᠂   ᠠᠶᠠᠯᠠᠬᠤ  (ᠶᠠᠪᠤᠬᠤ)   ᠵᠠᠮ   ᠱᠤᠭᠤᠮ  ᠂   ᠵᠢᠭ᠋ᠠᠨ   ᠵᠢᠯᠣᠭᠣᠳᠬᠤ   ᠵᠡᠷᠭᠡ   ᠲᠠᠯ᠎ᠠ ᠎ᠪᠠᠷ   ᠳᠥᠭᠥᠮ   ᠳᠥᠲᠡ   ᠦᠢ᠍ᠯᠡᠴᠢᠯᠡᠭᠡᠨ   ᠬᠠᠩᠭ᠋ᠠᠨ᠎ᠠ᠃
     88. ᠡᠨᠳᠡᠯ ᠬᠡᠷᠡᠭ᠎ᠲᠤ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠠᠵᠢᠯ᠎ᠢ ᠴᠢᠩᠭ᠋ᠠᠳᠬᠠᠵᠤ᠂ ᠡᠨᠳᠡᠯ ᠣᠯᠠᠨ ᠭᠠᠷᠳᠠᠭ ᠵᠠᠮ᠎ᠤᠨ ᠬᠡᠰᠡᠭ᠎ᠲᠤ᠂ 《ᠬᠣᠶᠠᠷ᠎ᠢ ᠨᠡᠢ᠌ᠲᠡᠯᠡᠵᠤ᠂ ᠨᠢᠭᠡ ᠵᠢ ᠰᠠᠨᠠᠭᠤᠯᠬᠤ》 ᠵᠡᠷᠭᠡ ᠠᠷᠭ᠎ᠠ ᠮᠠᠶᠢᠭ ᠵᠶ᠋ᠠᠷ   ᠵᠠᠮ   ᠬᠠᠷᠢᠯᠴᠠᠭ᠋ᠠᠨ  ᠎ᠤ
  ᠣᠷᠣᠯᠴᠠᠭᠴ᠊᠎ᠢ ᠎ᠳᠤ  ᠂   ᠴᠠᠭ ᠲᠤᠬᠠᠶ᠎ᠳᠤᠨᠢ ᠠᠮᠤᠷ ᠲᠦᠪᠰᠢᠨ᠎ᠤ ᠰᠠᠨᠠᠭᠤᠯᠤᠮᠵᠢ ᠦᠢ᠍ᠯᠡᠴᠢᠯᠡᠭᠡ ᠬᠠᠩᠭ᠋ᠠᠨ᠎ᠠ᠃
     89. ᠰᠣᠨᠢᠨ ᠮᠡᠳᠡᠭᠡᠨ᠎ᠤ ᠵᠠᠭᠤᠴᠢᠯᠠᠭᠤᠷ᠂ ᠢᠨᠲᠸᠷ ᠰᠦᠯᠵᠢᠶ᠎ᠡ᠂ ᠲᠤᠬᠠᠶ᠋ᠢᠯᠠᠭᠰᠠᠨ ᠠᠵᠢᠯ᠎ᠤᠨ ᠶᠡᠬᠡ ᠲᠢᠩᠬᠢᠮ ᠵᠡᠷᠭᠡ᠎ᠪᠠᠷ ᠳᠠᠮᠵᠢᠭᠤᠯᠤᠨ᠂ ᠡᠯ᠎ᠡ ᠭᠠᠵᠠᠷ᠎ᠤᠨ ᠲᠡᠷᠭᠡ ᠬᠦᠰᠬᠡ ᠬᠠᠮᠢᠶᠠᠷᠬᠤ ᠭᠠᠵᠠᠷ᠂ ᠰᠢᠯᠭ᠋ᠠᠯᠲᠠ ᠵᠢᠨ ᠲᠥᠪ᠂ ᠢᠨᠲᠸᠷ ᠰᠦᠯᠵᠢᠶᠡᠨ᠎ᠤ ᠰᠢᠢ᠍ᠳᠪᠦᠷᠢᠯᠡᠬᠦ ᠲᠥᠪ᠂ ᠪᠠᠶ᠋ᠢᠴᠠᠭ᠋ᠠᠯᠲᠠ ᠵᠢᠨ
ᠱᠤᠭᠤᠮ (ᠲᠦᠪ) ᠂ ᠮᠠᠰᠢᠨ ᠲᠡᠷᠭᠡᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠵᠢᠨ ᠨᠡᠷᠡᠶ᠋ᠢᠳᠦᠯ᠂ ᠬᠠᠶᠢᠭ᠂ ᠠᠰᠠᠭᠤᠨ ᠯᠠᠪᠯᠠᠬᠤ ᠤᠲᠠᠰᠤ (ᠳ᠋ᠢᠶᠠᠩᠬᠤᠸᠠ)᠂ ᠬᠢᠨᠠᠯᠲᠠ ᠲᠠᠯᠪᠢᠬᠤ ᠤᠳᠠᠰᠤ ᠵᠡᠷᠭᠡ ᠵᠢ ᠵᠠᠷᠯᠠᠵᠤ ᠨᠡᠢ᠌ᠳᠡᠯᠡᠨ᠂ ᠣᠯᠠᠨ ᠲᠦᠮᠡᠨ᠎ᠳᠤ ᠰᠠᠨᠠᠭᠤᠯᠤᠮᠵᠢ ᠵᠥᠪᠯᠡᠯᠭᠡ ᠥᠭᠭᠦᠨ᠂ ᠤᠴᠢᠷ ᠶᠠᠪᠤᠳᠠᠯ ᠵᠶ᠋ᠠᠨ ᠰᠢᠢ᠍ᠳᠪᠦᠷᠢᠯᠡᠭᠦ᠎ᠳᠤ᠎ᠨᠢ ᠲᠥᠬᠥᠮ ᠦᠵᠡᠭᠦᠯᠦᠨ᠎ᠡ᠃  

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠯᠪᠠᠨ ᠬᠡᠷ