ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠡᠢ᠌ᠲᠡᠯᠡᠭᠰᠡᠨ 92 ᠵᠦᠢ᠍ᠯ᠎ᠤᠨ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠠᠷᠭ᠎ᠠ ᠬᠡᠮᠵᠢᠶᠡᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠪᠤᠰᠤᠳ ᠦᠢ᠍ᠯᠡᠴᠢᠯᠡᠭᠡ ᠬᠠᠮᠢᠶᠠᠷᠤᠯᠲᠠ ᠵᠢᠨ ᠲᠠᠯ᠎ᠠ᠎ᠪᠠᠷ᠎ᠬᠢ ᠪᠣᠳᠠᠲᠠᠢ ᠠᠷᠭ᠎ᠠ ᠠᠪᠴᠠᠯ
ᠨᠡᠶ᠋ᠢᠲᠡᠯᠡᠭᠰᠡᠨ ᠴᠠᠭ᠄ 2019-01-02


      ᠵᠢᠷᠭᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠪᠤᠰᠤᠳ

      ᠦᠢ᠍ᠯᠡᠴᠢᠯᠡᠭᠡ ᠬᠠᠮᠢᠶᠠᠷᠤᠯᠲᠠ ᠵᠢᠨ ᠲᠠᠯ᠎ᠠ᠎ᠪᠠᠷ
     

     90. ᠨᠢᠭᠡᠳᠦᠭᠡᠷ ᠲᠥᠷᠥᠯ᠎ᠤᠨ ᠠᠮᠠᠷᠬᠠᠨ ᠬᠣᠣᠷ ᠦᠢ᠍ᠯᠡᠳᠪᠦᠷᠢᠯᠡᠵᠤ ᠪᠣᠯᠬᠣ ᠬᠢᠮᠢ ᠵᠢᠨ ᠡᠳ᠋ ᠪᠣᠳᠠᠰ᠎ᠢ ᠲᠡᠭᠡᠭᠡᠪᠦᠷᠢᠯᠡᠬᠦ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠵᠢ ᠪᠣᠭᠣᠨᠢᠰᠬᠠᠨ᠎ᠠ᠂ ᠬᠠᠤᠯᠢ᠎ᠪᠠᠷ ᠲᠣᠭᠲᠠᠭ᠋ᠠᠭᠰᠠᠨ 10 ᠠᠵᠢᠯ᠎ᠤᠨ ᠡᠳᠦᠷ᠎ᠢ ᠪᠣᠭᠣᠨᠢᠰᠬᠠᠭ᠋ᠠᠳ 5 ᠠᠵᠢᠯᠯᠠᠬᠤ ᠡᠳᠦᠷ ᠪᠣᠯᠭ᠋ᠠᠨ᠎ᠠ᠃ ᠨᠢᠭᠡᠳᠦᠭᠡᠷ ᠲᠥᠷᠥᠯ ᠎ᠤᠨ ᠠᠮᠠᠷᠬᠠᠨ ᠬᠣᠣᠷ ᠦᠢ᠍ᠯᠡᠳᠪᠦᠷᠢᠯᠡᠵᠤ ᠪᠣᠯᠬᠣ ᠬᠢᠮᠢ ᠵᠢᠨ ᠡᠳ᠋ ᠪᠣᠳᠠᠰ᠎ᠢ ᠬᠤᠳᠠᠯᠳᠤᠨ ᠠᠪᠬᠤ ᠵᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠵᠢ ᠤᠤᠯ᠎ᠤᠨ ᠬᠠᠤᠯᠢ᠎ᠪᠠᠷ ᠲᠣᠭᠲᠠᠭ᠋ᠠᠭᠰᠠᠨ 10 ᠠᠵᠢᠯ᠎ᠤᠨ ᠡᠳᠦᠷ ᠪᠠᠢ᠌ᠭᠰᠠᠨ᠎ᠢ ᠪᠣᠭᠣᠨᠢᠰᠬᠠᠭ᠋ᠠᠳ 8 ᠠᠵᠢᠯᠯᠠᠬᠤ ᠡᠳᠦᠷ ᠪᠣᠯᠭ᠋ᠠᠪᠠ᠃
     91. ᠰᠦᠯᠵᠢᠶᠡᠨ᠎ᠤ ᠠᠮᠤᠷ ᠲᠦᠪᠰᠢᠨ᠎ᠤ ᠵᠡᠷᠭᠡ ᠳᠡᠰ᠎ᠤᠨ ᠬᠠᠮᠠᠭ᠋ᠠᠯᠠᠯᠲᠠ ᠵᠢᠨ ᠳᠠᠩᠰᠠᠯᠠᠭᠤᠯᠤᠭᠰᠠᠨ ᠮᠠᠲ᠋ᠧᠷᠢᠶᠠᠯ᠎ᠢ ᠰᠢᠦᠳᠠᠨ ᠵᠶ᠋ᠠᠷ ᠲᠤᠰᠢᠶᠠᠵᠤ ᠬᠦᠷᠭᠡᠨ᠂ ᠨᠢᠭᠡ ᠤᠳᠠᠭ᠎ᠠ ᠠᠭᠤᠯᠵᠠᠵᠤ᠂ ᠨᠢᠭᠡᠯᠡ ᠤᠳᠠᠭ᠎ᠠ᠎ᠳᠤ ᠦᠨᠡᠮᠯᠡᠯ ᠠᠪᠬᠤ ᠵᠢ ᠪᠡᠶᠡᠯᠡᠭᠦᠯᠦᠨ᠂ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ   ᠤᠤᠯ᠎ᠤᠨ 10 ᠠᠵᠢᠯᠯᠠᠬᠤ ᠡᠳᠦᠷ ᠪᠠᠢ᠌ᠭᠰᠠᠨ᠎ᠢ ᠪᠣᠭᠣᠨᠢᠰᠬᠠᠭ᠋ᠠᠳ 5 ᠠᠵᠢᠯᠯᠠᠬᠤ ᠡᠳᠦᠷ ᠪᠣᠯᠭ᠋ᠠᠪᠠ᠃
     92. 《ᠢᠨᠲᠸᠷ ᠰᠦᠯᠵᠢᠶ᠎ᠡ + ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠠᠵᠢᠯ᠎ᠤᠨ ᠬᠡᠯᠪᠡᠷᠢ ᠵᠢ ᠲᠦᠯᠬᠢᠨ ᠠᠬᠢᠭᠣᠯᠵᠤ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠢ ᠪᠠᠶ᠋ᠢᠭᠤᠯᠤᠨ᠂ ᠠᠮᠤᠷ ᠲᠦᠪᠰᠢᠨ᠎ᠢ ᠬᠠᠮᠠᠭ᠋ᠠᠯᠠᠬᠤ᠂ ᠬᠢᠯᠢ᠎ᠪᠠᠷ ᠭᠠᠷᠬᠤ ᠣᠷᠣᠬᠤ ᠵᠢ ᠬᠠᠮᠢᠶᠠᠷᠬᠤ᠂ ᠬᠢᠯᠢ ᠵᠢᠨ ᠬᠠᠮᠠᠭ᠋ᠠᠯᠠᠯᠳᠠ᠂ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠰᠢᠨᠵᠢᠯᠡᠭᠡ ᠮᠡᠷᠭᠡᠵᠢᠯ ᠰᠤᠷᠠᠭ ᠵᠠᠩᠭᠢᠵᠢᠯᠲᠠ ᠵᠡᠷᠭᠡ ᠰᠠᠯᠠᠭ᠎ᠠ ᠮᠥᠴᠢᠷ᠂ ᠴᠠᠭᠳᠠᠭ᠋ᠠᠨ᠎ᠤ ᠲᠦᠷᠤᠯ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠰᠦᠯᠵᠢᠶᠡᠨ᠎ᠳᠤ ᠭᠠᠷᠭ᠋ᠠᠵᠤ ᠪᠣᠯᠬᠤ ᠵᠢ ᠪᠦᠬᠦᠨ᠎ᠢ ᠰᠦᠯᠵᠢᠶᠡᠨ᠎ᠳᠤ ᠭᠠᠷᠭ᠋ᠠᠵᠤ᠂ ᠪᠥᠬᠥ ᠶᠠᠪᠤᠴᠠ ᠵᠢ ᠰᠦᠯᠵᠢᠶᠡᠨ᠎ᠳᠤ ᠪᠠᠶ᠋ᠢᠯᠭ᠋ᠠᠬᠤ》 ᠵᠢ ᠪᠡᠶᠡᠯᠡᠭᠦᠯᠵᠤ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠮᠡᠳᠡᠭᠦᠯᠦᠨ ᠳᠠᠩᠰᠠᠯᠠᠭᠤᠯᠬᠤ ᠵᠢ ᠰᠦᠯᠵᠢᠶᠡᠨ ᠳᠡᠭᠡᠷ᠎ᠡ ᠭᠦᠢ᠍ᠴᠡᠳᠬᠡᠵᠤ᠂ ᠭᠤᠶᠤᠴᠢᠯᠠᠨ ᠮᠡᠳᠡᠭᠦᠯᠬᠦ᠂ ᠵᠥᠪᠯᠡᠯᠭᠡ ᠠᠪᠬᠤ᠂ ᠬᠦᠯᠢᠶᠡᠨ ᠠᠪᠴᠤ ᠰᠢᠢ᠍ᠳᠪᠦᠷᠢᠯᠡᠬᠦ᠂ ᠢᠯᠠ ᠪᠣᠯᠭ᠋ᠠᠬᠤ᠂ ᠯᠠᠪᠯᠠᠨ ᠪᠠᠶ᠋ᠢᠴᠠᠭ᠋ᠠᠬᠤ᠂ ᠭᠦᠢ᠍ᠴᠡᠳᠬᠡᠬᠦ ᠵᠡᠷᠭᠡ ᠵᠢ ᠨᠢᠭᠡ ᠯᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ ᠵᠢ ᠪᠡᠶᠡᠯᠡᠭᠦᠯᠦᠨ᠎ᠡ᠃

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠯᠪᠠᠨ ᠬᠡᠷ