ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠭᠤᠷᠪᠠᠨ ᠰᠠᠯᠠᠭ᠎ᠠ ᠮᠥᠴᠢᠷ ᠬᠠᠮᠲᠤᠷᠠᠨ ᠣᠷᠴᠢᠮᠬᠠᠨ ᠬᠠᠤᠯᠢ ᠪᠤᠰᠤ ᠫᠤᠤ ᠵᠡᠪᠰᠡᠭ ᠳᠠᠷᠢ ᠰᠤᠮᠤ ᠳᠡᠯᠪᠡᠷᠡᠬᠦ ᠡᠳ᠋ ᠪᠣᠳᠠᠰ᠎ᠢ ᠬᠠᠤᠯᠢ ᠶᠣᠰᠣᠭ᠋ᠠᠷ ᠬᠣᠷᠢᠶᠠᠨ ᠠᠪᠬᠤ ᠲᠤᠬᠠᠢ ᠵᠠᠷᠯᠠᠯ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2019-06-02

      ᠥᠪᠥᠷ ᠮᠣᠩᠭᠣᠯ᠎ᠤᠨ ᠭᠤᠷᠪᠠᠨ ᠰᠠᠯᠠᠭ᠎ᠠ ᠮᠥᠴᠢᠷ ᠬᠠᠮᠲᠤᠷᠠᠨ ᠣᠷᠴᠢᠮᠬᠠᠨ ᠬᠠᠤᠯᠢ ᠪᠤᠰᠤ ᠫᠤᠤ ᠵᠡᠪᠰᠡᠭ

      ᠳᠠᠷᠢ ᠰᠤᠮᠤ ᠳᠡᠯᠪᠡᠷᠡᠬᠦ ᠡᠳ᠋ ᠪᠣᠳᠠᠰ᠎ᠢ ᠬᠠᠤᠯᠢ ᠶᠣᠰᠣᠭ᠋ᠠᠷ ᠬᠣᠷᠢᠶᠠᠨ ᠠᠪᠬᠤ ᠲᠤᠬᠠᠢ ᠵᠠᠷᠯᠠᠯ᠎ᠢ ᠨᠡᠢ᠌ᠲᠡᠯᠡᠪᠡ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ

   

      ᠬᠠᠤᠯᠢ ᠪᠤᠰᠤ ᠫᠤᠤ ᠵᠡᠪᠰᠡᠭ ᠳᠠᠷᠢ ᠰᠤᠮᠤ ᠳᠡᠯᠪᠡᠷᠡᠬᠦ ᠡᠳ᠋ ᠪᠣᠳᠠᠰ᠎ᠢ ᠬᠠᠤᠯᠢ ᠶᠣᠰᠣᠭ᠋ᠠᠷ ᠬᠣᠷᠢᠶᠠᠨ

      ᠠᠪᠬᠤ ᠲᠤᠬᠠᠢ ᠮᠡᠳᠡᠭᠳᠡᠯ

     

      ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠤᠯᠤᠰ ᠣᠷᠣᠨ᠎ᠤ ᠠᠮᠤᠷ ᠲᠦᠪᠰᠢᠨ ᠪᠠ ᠨᠡᠢ᠌ᠭᠡᠮ᠎ᠤᠨ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠬᠠᠮᠠᠭ᠋ᠠᠯᠠᠬᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠪᠠ ᠥᠷᠭᠡᠨ ᠤᠯᠠᠨ ᠠᠷᠠᠳ ᠲᠦᠮᠡᠨ᠎ᠢ ᠪᠦᠬᠦ ᠲᠠᠯ᠎ᠠ᠎ᠪᠠᠷ ᠲᠡᠶ᠋ᠢᠴᠢᠯᠡᠨ ᠫᠤᠤ ᠵᠡᠪᠰᠡᠭ ᠳᠡᠯᠪᠡᠷᠡᠬᠦ ᠡᠳ᠋ ᠪᠣᠳᠠᠰ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠪᠠ ᠲᠡᠭᠦᠨ᠎ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠎ᠳᠤ ᠢᠳᠡᠪᠬᠢᠲᠡᠶ ᠤᠷᠤᠯᠴᠠᠭᠤᠯᠬᠤ᠂ ᠨᠡᠢ᠌ᠭᠡᠮ᠎ᠤᠨ ᠡᠯ᠎ᠡ ᠲᠥᠷᠥᠯ᠎ᠤᠨ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠴᠢᠬᠦ ᠡᠳ᠋ ᠪᠣᠳᠠᠰ᠎ᠢ ᠲᠤᠶ᠋ᠢᠯᠪᠤᠷᠢᠲᠠᠶ ᠬᠣᠷᠢᠶᠠᠨ ᠠᠪᠴᠤ᠂ ᠫᠤᠤ ᠵᠡᠪᠰᠡᠭ᠂ ᠰᠤᠮᠤ ᠲᠠᠷᠢ᠂ ᠳᠡᠯᠪᠡᠴᠢᠬᠦ ᠡᠳ᠋ ᠪᠣᠳᠠᠰ᠎ᠤᠨ ᠬᠠᠮᠢᠶᠠᠷᠤᠯᠲᠠ ᠵᠢ ᠵᠥᠷᠢᠴᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠵᠢᠨ ᠲᠥᠯᠥᠭᠡ᠂ 《ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》᠂ 《ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠫᠤᠤ ᠵᠡᠪᠰᠡᠭ᠎ᠤᠨ ᠬᠠᠮᠢᠶᠠᠷᠤᠯᠲᠠ ᠵᠢᠨ ᠬᠠᠤᠯᠢ》᠂ 《ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠳᠬᠡᠯ᠎ᠤᠨ ᠬᠠᠤᠯᠢ》 ᠪᠣᠯᠣᠨ 《ᠠᠷᠠᠳ ᠎ᠤᠨ ᠬᠡᠷᠡᠭᠯᠡᠭᠡᠨ ᠎ᠤ ᠳᠡᠯᠪᠡᠷᠡᠬᠦ ᠡᠳ᠋ ᠪᠣᠳᠠᠰ᠎ᠤᠨ ᠠᠶᠤᠯᠭᠦᠶ ᠵᠢᠨ ᠬᠠᠮᠢᠶᠠᠷᠤᠯᠲᠠ ᠵᠢᠨ ᠳᠦᠷᠢᠮ》 ᠵᠡᠷᠭᠡ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠎ᠢ ᠦᠨᠳᠦᠰᠦᠯᠡᠨ᠂ ᠣᠨᠴᠠᠭ᠋ᠠᠢ᠌ᠯᠠᠨ ᠳᠣᠣᠷᠠᠬᠢ ᠮᠡᠲᠦ᠎ᠪᠠᠷ ᠮᠡᠳᠡᠭᠳᠡᠶ᠎ᠡ᠄
      ᠨᠢᠭᠡ᠂ ᠫᠤᠤ ᠵᠡᠪᠰᠡᠭ᠂ ᠰᠤᠮᠤ ᠲᠠᠷᠢ᠂ ᠳᠡᠯᠪᠡᠴᠢᠬᠦ ᠪᠣᠳᠠᠰ᠎ᠢ ᠬᠠᠤᠯᠢ ᠪᠤᠰᠤ᠎ᠪᠠᠷ ᠦᠢ᠍ᠯᠡᠳᠬᠦ᠂   ᠪᠣᠷᠣᠯᠠᠭᠤᠯᠵᠤ ᠬᠤᠳᠠᠯᠳᠤᠬᠤ᠂ ᠲᠡᠭᠡᠭᠡᠪᠦᠷᠢᠯᠡᠬᠦ᠂ ᠰᠢᠤᠳᠠᠨ ᠵᠶ᠋ᠠᠷ ᠢᠯᠡᠭᠡᠬᠦ᠂ ᠬᠤᠷᠢᠶᠠᠵᠤ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ ᠵᠡᠪᠰᠡᠭ᠂ ᠰᠤᠮᠤ ᠳᠠᠷᠢ ᠵᠢ ᠬᠠᠤᠯᠢ ᠪᠤᠰᠤ᠎ᠪᠠᠷ ᠡᠵᠡᠮᠰᠢᠵᠦ᠂ ᠬᠤᠪᠢ᠎ᠪᠠᠷ ᠵᠶ᠋ᠠᠨ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠳᠡᠯᠪᠡᠷᠡᠬᠦ ᠡᠳ᠋ ᠪᠣᠳᠠᠰ᠎ᠢ ᠬᠠᠤᠯᠢ ᠪᠤᠰᠤ᠎ᠪᠠᠷ ᠬᠡᠷᠡᠭᠯᠡᠬᠦ᠂ ᠬᠤᠪᠢ᠎ᠪᠠᠷ ᠵᠶ᠋ᠠᠨ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ ᠵᠡᠪᠰᠡᠭ᠂ ᠰᠤᠮᠤ ᠲᠠᠷᠢ᠂ ᠳᠡᠯᠪᠡᠴᠢᠬᠦ ᠪᠣᠳᠠᠰ᠎ᠢ ᠬᠤᠯᠠᠭ᠋ᠠᠶ᠋ᠢᠯᠠᠬᠤ᠂ ᠪᠤᠯᠢᠶᠠᠬᠤ᠂ ᠨᠢᠭᠤᠴᠠ᠎ᠪᠠᠷ ᠠᠷᠠᠯᠵᠢᠶᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠎ᠢ ᠣᠯᠠᠨ ᠨᠡᠢ᠌ᠲᠡ ᠵᠢᠨ ᠲᠠᠯᠠᠪᠤᠷ ᠪᠤᠶᠤ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠳᠡᠭᠡᠷ᠎ᠡ ᠬᠠᠤᠯᠢ ᠪᠤᠰᠤ᠎ᠪᠠᠷ ᠠᠪᠴᠤ ᠣᠷᠣᠬᠤ ᠵᠢ ᠴᠢᠩᠭ᠎ᠠ ᠴᠠᠭ᠋ᠠᠵᠠᠯᠠᠨ᠎ᠠ; ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠵᠶ᠋ᠠᠷ ᠬᠠᠤᠯᠢ ᠲᠣᠭᠲᠠᠭ᠋ᠠᠯ᠎ᠢ ᠵᠥᠷᠢᠴᠡᠨ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ ᠠᠬᠤᠭᠤᠯᠤᠭᠰᠠᠨ ᠮᠡᠳᠡᠭᠡ ᠵᠠᠩᠭᠢ ᠵᠢ ᠵᠣᠬᠢᠶᠠᠬᠤ᠂ ᠪᠠᠭᠤᠯᠭ᠋ᠠᠬᠤ᠂ ᠨᠡᠶ᠋ᠢᠲᠡᠯᠡᠬᠦ᠂ ᠲᠠᠷᠬᠠᠭ᠋ᠠᠬᠤ ᠵᠢ ᠴᠢᠩᠭ᠎ᠠ ᠴᠠᠭ᠋ᠠᠵᠠᠯᠠᠨ᠎ᠠ; ᠳᠠᠭᠤᠷᠢᠶᠠᠮᠠᠯ ᠫᠤᠤ ᠦᠢ᠍ᠯᠡᠳᠴᠦ ᠪᠣᠷᠣᠯᠠᠭᠤᠯᠬᠤ ᠵᠢ ᠴᠢᠩᠭ᠎ᠠ ᠴᠠᠭ᠋ᠠᠵᠠᠯᠠᠨ᠎ᠠ᠃
      ᠬᠣᠶᠠᠷ᠂ ᠳᠡᠭᠡᠷ᠎ᠡ ᠳᠤᠷᠠᠳᠤᠭᠰᠠᠨ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠡᠷᠬᠡᠪᠰᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠪᠠᠨ ᠳᠠᠷᠤᠶ ᠲᠦᠷᠭᠡᠨ ᠵᠣᠭᠰᠣᠭ᠋ᠠᠬᠤ ᠵᠢᠨ ᠬᠠᠮᠲᠤ ᠪᠡᠶ᠎ᠡ᠎ᠪᠠᠨ ᠲᠤᠰᠢᠶᠠᠵᠤ᠂ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠴᠢᠬᠦ ᠡᠳ᠋ ᠪᠣᠳᠠᠰ᠎ᠢ ᠲᠤᠬᠠᠶ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠤᠰᠢᠶᠠᠬᠤ ᠬᠡᠷᠡᠭᠲᠡᠶ᠃
      ᠭᠤᠷᠪᠠ᠂ 2019 ᠣᠨ᠎ᠤ 8 ᠰᠠᠷ᠎ᠠ ᠵᠢᠨ 31᠎ᠤ ᠡᠳᠦᠷ᠎ᠠᠴᠠ ᠡᠮᠦᠨ᠎ᠡ ᠪᠡᠶ᠎ᠡ᠎ᠪᠠᠨ ᠲᠤᠰᠢᠶᠠᠭᠰᠠᠨ ᠪᠤᠶᠤ ᠳᠡᠭᠡᠷ᠎ᠡ ᠳᠤᠷᠠᠳᠤᠭᠰᠠᠨ ᠬᠠᠤᠯᠢ ᠪᠤᠰᠤ ᠡᠳ᠋ ᠪᠣᠳᠠᠰ᠎ᠢ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠭᠰᠠᠨ ᠪᠠᠢ᠌ᠪᠠᠯ᠂ ᠬᠠᠤᠯᠢ ᠶᠣᠰᠣᠭ᠋ᠠᠷ ᠬᠥᠩᠭᠡᠨ ᠵᠶ᠋ᠠᠷ ᠰᠢᠳᠬᠡᠬᠦ᠂ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ᠎ᠠᠴᠠ ᠬᠡᠯᠲᠦᠷᠢᠭᠦᠯᠵᠦ ᠪᠣᠯᠤᠨ᠎ᠠ; ᠬᠡᠷᠡᠭ ᠵᠶ᠋ᠠᠨ ᠮᠡᠳᠡᠷᠡᠵᠦ ᠪᠡᠶ᠎ᠡ᠎ᠪᠠᠨ ᠲᠤᠰᠢᠶᠠᠬᠤ ᠦᠭᠡᠢ᠂ ᠬᠠᠤᠯᠢ ᠪᠤᠰᠤ ᠡᠳ᠋ ᠪᠣᠳᠠᠰ ᠵᠶ᠋ᠠᠨ ᠲᠤᠰᠢᠶᠠᠬᠤ ᠵᠢ ᠲᠡᠪᠴᠢᠭᠰᠡᠨ ᠪᠠᠢ᠌ᠪᠠᠯ᠂ ᠬᠠᠤᠯᠢ ᠶᠣᠰᠣᠭ᠋ᠠᠷ ᠴᠢᠩᠭ᠎ᠠ ᠰᠢᠳᠬᠡᠨ᠎ᠡ᠃
      ᠳᠥᠷᠪᠡ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠳ ᠪᠤᠰᠤᠳ ᠬᠥᠮᠦᠨ᠎ᠤ ᠫᠤᠤ ᠵᠡᠪᠰᠡᠭ᠂ ᠳᠡᠯᠪᠡᠷᠡᠯᠲᠡ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠪᠥᠭᠡᠳ ᠪᠠᠢ᠌ᠴᠠᠭ᠋ᠠᠨ ᠲᠣᠳᠣᠯᠠᠭ᠋ᠠᠳ ᠦᠨᠡᠨ ᠮᠠᠭ᠋ᠠᠳ ᠪᠣᠯᠤᠭᠰᠠᠨ᠂ ᠡᠰᠡᠬᠦᠯ᠎ᠡ ᠫᠤᠤ ᠵᠡᠪᠰᠡᠭ ᠳᠡᠯᠪᠡᠷᠡᠯᠲᠡ᠎ᠳᠤ ᠬᠣᠯᠪᠣᠭᠳᠠᠭᠰᠠᠨ ᠪᠤᠰᠤᠳ ᠬᠡᠷᠡᠭ᠎ᠢ ᠲᠠᠩᠨᠠᠨ ᠢᠯᠡᠷᠡᠭᠦᠯᠬᠦ᠎ᠳᠤ ᠴᠢᠬᠤᠯᠠ ᠰᠦᠪᠡᠭᠴᠢ ᠬᠠᠩᠭ᠋ᠠᠭᠰᠠᠨ ᠵᠡᠷᠭᠡ ᠭᠠᠪᠢᠶ᠎ᠠ ᠪᠠᠢ᠌ᠭᠤᠯᠤᠭᠰᠠᠨ ᠢᠯᠡᠷᠡᠯ᠎ᠲᠠᠢ ᠪᠠᠢ᠌ᠪᠠᠯ᠂ ᠬᠠᠤᠯᠢ ᠶᠣᠰᠣᠭ᠋ᠠᠷ ᠬᠥᠩᠭᠡᠨ ᠵᠶ᠋ᠠᠷ ᠰᠢᠳᠬᠡᠬᠦ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ; ᠴᠢᠬᠤᠯᠠ ᠶᠡᠬᠡ ᠭᠠᠪᠢᠶ᠎ᠠ ᠪᠠᠢ᠌ᠭᠤᠯᠤᠭᠰᠠᠨ ᠢᠯᠡᠷᠡᠯ᠎ᠲᠠᠢ ᠪᠣᠯ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ᠎ᠠᠴᠠ ᠬᠡᠯᠲᠦᠷᠢᠭᠦᠯᠵᠦ ᠪᠣᠯᠤᠨ᠎ᠠ᠃
      ᠲᠠᠪᠤ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ ᠬᠤᠯᠠᠭ᠋ᠠᠢ᠍ᠯᠠᠭᠳᠠᠭᠰᠠᠨ᠂ ᠪᠤᠯᠢᠶᠠᠭᠳᠠᠭᠰᠠᠨ ᠪᠤᠶᠤ ᠭᠡᠭᠡᠭᠳᠡᠭᠰᠡᠨ ᠪᠠᠢ᠌ᠪᠠᠯ᠂ ᠴᠠᠭ ᠲᠤᠬᠠᠢ᠎ᠳᠤᠨᠢ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠮᠡᠳᠡᠭᠦᠯᠬᠦ ᠬᠡᠷᠡᠭᠲᠡᠢ᠃ ᠴᠠᠭ ᠲᠤᠬᠠᠶ᠎ᠳᠤᠨᠢ ᠮᠡᠳᠡᠭᠦᠯᠦᠭᠰᠡᠨ ᠦᠭᠡᠢ ᠪᠠᠢ᠌ᠪᠠᠯ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠠ ᠪᠠ ᠠᠵᠢᠯᠲᠠᠨ᠎ᠢ ᠬᠠᠤᠯᠢ ᠶᠣᠰᠣᠭ᠋ᠠᠷ ᠰᠢᠳᠬᠡᠨ᠎ᠡ; ᠠᠷᠠᠳ ᠢᠷᠭᠡᠨ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ ᠪᠤᠶᠤ ᠳᠡᠯᠪᠡᠷᠡᠬᠦ ᠰᠡᠵᠢᠭᠯᠡᠯᠲᠡᠶ ᠡᠳ᠋ ᠪᠣᠳᠠᠰ᠎ᠢ ᠣᠯᠵᠤ ᠮᠡᠳᠡᠭᠰᠡᠨ᠂ ᠣᠯᠵᠤ ᠠᠪᠤᠭᠰᠠᠨ ᠪᠠᠢ᠌ᠪᠠᠯ᠂ ᠲᠡᠷᠡ ᠳᠠᠷᠤᠶ᠎ᠳᠤᠨᠢ ᠲᠤᠬᠠᠶ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠤᠰᠢᠶᠠᠬᠤ ᠪᠤᠶᠤ ᠮᠡᠳᠡᠭᠦᠯᠬᠦ ᠬᠡᠷᠡᠭᠲᠡᠶ᠃ ᠫᠤᠤ ᠵᠡᠪᠰᠡᠭ ᠳᠡᠯᠪᠡᠷᠡᠯᠲᠡ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠡᠲᠡᠭᠡᠳ᠎ᠢ ᠨᠢᠭᠤᠨ ᠳᠠᠯᠳᠠᠯᠠᠵᠤ ᠥᠮᠥᠭᠯᠡᠭᠰᠡᠨ᠂ ᠬᠠᠤᠯᠢ ᠵᠢ ᠵᠥᠷᠢᠴᠡᠭᠰᠡᠨ ᠶᠠᠯᠠᠲᠤ ᠡᠲᠡᠭᠡᠳ᠎ᠢ ᠬᠠᠪᠰᠤᠷᠴᠤ ᠪᠠᠢ᠌ᠭ᠋ᠠᠳ ᠭᠡᠷᠡᠴᠢ ᠪᠠᠷᠢᠮᠲᠠ ᠵᠢ᠎ᠨᠢ ᠰᠦᠢ᠍ᠳᠬᠡᠨ ᠤᠰᠠᠳᠬᠠᠭᠰᠠᠨ᠂ ᠬᠠᠭᠤᠷᠮᠠᠭᠯᠠᠨ ᠵᠣᠬᠢᠶᠠᠭᠰᠠᠨ ᠪᠠᠢ᠌ᠪᠠᠯ᠂ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠵᠢᠷᠭᠤᠭ᠎ᠠ᠂ ᠥᠷᠭᠡᠨ ᠤᠯᠠᠨ ᠠᠷᠠᠳ ᠲᠦᠮᠡᠨ᠎ᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠳᠡᠪᠬᠢᠲᠡᠢ ᠢᠯᠡᠴᠢᠯᠡᠨ ᠮᠡᠳᠡᠭᠦᠯᠬᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠬᠠᠩᠭ᠋ᠠᠵᠤ᠂ ᠫᠤᠤ ᠵᠡᠪᠰᠡᠭ ᠳᠡᠯᠪᠡᠷᠡᠯᠲᠡ᠎ᠳᠤ ᠬᠣᠯᠪᠣᠭᠳᠠᠭᠰᠠᠨ ᠬᠡᠷᠡᠭ᠎ᠤᠨ ᠶᠠᠯᠠᠲᠤ ᠠᠵᠢᠯᠯᠠᠭ᠎ᠠ ᠵᠢ ᠲᠡᠶ᠋ᠢᠴᠢᠯᠡᠨ ᠢᠳᠬᠠᠵᠤ ᠪᠠᠢ᠌ᠭ᠋ᠠᠳ ᠬᠡᠷᠡᠭ ᠵᠶ᠋ᠠᠨ ᠴᠠᠭ᠋ᠠᠪᠤᠷᠯᠠᠵᠤ ᠪᠡᠶ᠎ᠡ᠎ᠪᠠᠨ   ᠲᠤᠰᠢᠶᠠᠬᠤ ᠵᠢ ᠵᠣᠷᠢᠭᠵᠢᠭᠤᠯᠤᠨ ᠬᠠᠮᠠᠭ᠋ᠠᠯᠠᠨ᠎ᠠ᠃ ᠢᠯᠡᠴᠢᠯᠡᠨ ᠮᠡᠳᠡᠭᠦᠯᠦᠭᠰᠡᠨ᠎ᠨᠢ ᠭᠠᠪᠢᠶ᠎ᠠ᠎ᠲᠠᠢ   ᠪᠣᠯ᠂ ᠲᠤᠬᠠᠢ ᠵᠢᠨ ᠭᠠᠵᠠᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠱᠠᠩᠨᠠᠨ ᠬᠥᠬᠢᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠢᠯᠡᠴᠢᠯᠡᠨ ᠮᠡᠳᠡᠭᠦᠯᠦᠭᠴᠢ ᠵᠢᠨ ᠬᠤᠪᠢ ᠬᠥᠮᠦᠨ᠎ᠤ ᠮᠡᠳᠡᠭᠡ ᠵᠠᠩᠭᠢ ᠵᠢᠴᠢ ᠠᠮᠤᠷ ᠲᠦᠪᠰᠢᠨ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ᠃ ᠢᠯᠡᠴᠢᠯᠡᠨ ᠮᠡᠳᠡᠭᠦᠯᠦᠭᠴᠢ᠂ ᠵᠠᠭ᠋ᠠᠯᠳᠤᠭᠴᠢ ᠵᠢ ᠠᠶᠤᠯᠭ᠋ᠠᠨ ᠰᠦᠷᠳᠡᠭᠦᠯᠵᠦ᠂ ᠬᠠᠷᠢᠭᠤ ᠠᠪᠤᠭᠰᠠᠨ ᠪᠠᠢ᠌ᠪᠠᠯ᠂ ᠬᠠᠤᠯᠢ ᠶᠣᠰᠣᠭ᠋ᠠᠷ ᠴᠢᠩᠭ᠎ᠠ ᠰᠢᠳᠬᠡᠨ᠎ᠡ᠃
      ᠳᠣᠯᠣᠭ᠎ᠠ᠂ ᠥᠷᠭᠡᠨ ᠤᠯᠠᠨ ᠠᠷᠠᠳ ᠲᠦᠮᠡᠨ ᠲᠣᠭᠯᠠᠭ᠋ᠠᠮ᠎ᠤᠨ ᠫᠤᠤ ᠬᠤᠳᠠᠯᠳᠤᠨ ᠠᠪᠬᠤ᠎ᠳᠠᠭᠠᠨ ᠵᠢᠩᠬᠢᠨᠢ ᠦᠢ᠍ᠯᠡᠳᠪᠦᠷᠢ ᠵᠢᠨ ᠦᠢ᠍ᠯᠡᠳᠪᠦᠷᠢᠯᠡᠭᠰᠡᠨ ᠦᠢ᠍ᠯᠡᠳᠬᠦᠨ᠎ᠢ ᠰᠣᠩᠭᠣᠬᠤ ᠬᠡᠷᠡᠭᠲᠡᠶ᠂ ᠦᠢ᠍ᠯᠡᠳᠪᠦᠷᠢ ᠵᠢᠨ ᠨᠡᠷ᠎ᠡ ᠪᠤᠶᠤ ᠬᠠᠶᠢᠭ ᠦᠭᠡᠢ᠂ ᠵᠥᠪᠰᠢᠶᠡᠷᠡᠯ᠎ᠤᠨ ᠦᠨᠡᠮᠯᠡᠯ᠎ᠤᠨ ᠨᠣᠮᠧᠷ ᠦᠭᠡᠢ᠂ ᠦᠢ᠍ᠯᠡᠳᠬᠦᠨ᠎ᠤ ᠲᠡᠮᠳᠡᠭ ᠦᠭᠡᠢ᠂ ᠢᠷᠡᠯᠲᠡ᠎ᠨᠢ ᠲᠣᠳᠣᠷᠬᠠᠶ ᠦᠭᠡᠢ ᠲᠣᠭᠯᠠᠭ᠋ᠠᠮ᠎ᠤᠨ ᠫᠤᠤ ᠬᠤᠳᠠᠯᠳᠤᠨ ᠠᠪᠴᠤ ᠪᠣᠯᠬᠤ ᠦᠭᠡᠢ᠂ ᠳᠠᠭᠤᠷᠢᠶᠠᠮᠠᠯ ᠫᠤᠤ᠂ ᠴᠦᠢ᠍ᠳᠡᠩ᠎ᠤᠨ ᠫᠤᠤ ᠵᠡᠷᠭᠡ ᠠᠮᠠᠷᠬᠠᠨ ᠬᠣᠣᠷ ᠬᠥᠨᠥᠭᠡᠯ ᠡᠭᠦᠰᠭᠡᠬᠦ ᠡᠳ᠋ ᠪᠣᠳᠠᠰ᠎ᠢ ᠬᠤᠳᠠᠯᠳᠤᠨ ᠠᠪᠴᠤ ᠪᠣᠯᠬᠤ ᠦᠭᠡᠢ᠃
    ᠨᠠᠢ᠍ᠮᠠ᠂ ᠥᠷᠭᠡᠨ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠰᠤᠷᠭ᠋ᠠᠭᠤᠯᠢ᠎ᠳᠤ ᠪᠠᠢ᠌ᠭ᠎ᠠ ᠰᠤᠷᠤᠭᠴᠢ ᠵᠢᠴᠢ ᠬᠢᠮᠢ ᠵᠢᠨ ᠠᠵᠢᠯ᠎ᠳᠤ ᠪᠠᠬᠠᠲᠠᠶ ᠬᠥᠮᠦᠰ ᠠᠮᠠᠷᠬᠠᠨ ᠳᠡᠯᠪᠡᠷᠡᠬᠦ ᠠᠶᠤᠯᠲᠠᠶ ᠬᠢᠮᠢ ᠵᠢᠨ ᠵᠦᠢ᠍ᠯ (ᠵᠦᠢ᠍ᠯᠡᠰ)᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠬᠢᠮᠢ ᠵᠢᠨ ᠵᠦᠢ᠍ᠯ᠎ᠢ ᠳᠤᠷ᠎ᠠ᠎ᠪᠠᠷ ᠵᠶ᠋ᠠᠨ ᠬᠤᠳᠠᠯᠳᠤᠨ ᠠᠪᠴᠤ᠂ ᠬᠠᠳᠠᠭ᠋ᠠᠯᠠᠵᠤ ᠪᠣᠯᠬᠤ ᠦᠭᠡᠢ᠃ ᠠᠮᠠᠷᠬᠠᠨ ᠳᠡᠯᠪᠡᠷᠡᠬᠦ ᠠᠶᠤᠯᠲᠠᠶ ᠬᠢᠮᠢ ᠵᠢᠨ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠬᠢᠮᠢ ᠵᠢᠨ ᠵᠦᠢ᠍ᠯ᠎ᠢ ᠬᠤᠪᠢ᠎ᠪᠠᠷ ᠵᠶ᠋ᠠᠨ ᠬᠠᠳᠠᠭ᠋ᠠᠯᠠᠭᠰᠠᠨ ᠪᠠᠢ᠌ᠪᠠᠯ᠂ ᠲᠡᠷᠡ ᠳᠠᠷᠤᠶ᠎ᠳᠤᠨᠢ ᠲᠤᠬᠠᠶ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠮᠡᠳᠡᠭᠦᠯᠬᠦ ᠬᠡᠷᠡᠭᠲᠡᠶ᠃
      ᠶᠢᠰᠦ᠂ ᠲᠤᠰ ᠵᠠᠷᠯᠠᠯ (ᠵᠠᠷ)᠎ᠳᠤ ᠬᠡᠯᠡᠵᠦ ᠪᠠᠢ᠌ᠭ᠎ᠠ ᠫᠤᠤ ᠵᠡᠪᠰᠡᠭ᠎ᠨᠢ᠄ ᠴᠡᠷᠢᠭ᠎ᠤᠨ ᠬᠡᠷᠡᠭᠯᠡᠭᠡᠨ᠎ᠤ ᠫᠤᠤ᠂ ᠠᠪᠠ ᠵᠢᠨ ᠫᠤᠤ᠂ ᠫᠤᠤᠳᠠᠯᠭ᠎ᠠ ᠵᠢᠨ ᠲᠠᠮᠢᠷ᠎ᠤᠨ ᠬᠥᠳᠡᠯᠭᠡᠭᠡᠨ᠎ᠤ ᠫᠤᠤ᠂ ᠮᠢᠨᠴᠦᠷᠡᠭᠦᠯᠬᠦ ᠲᠠᠷᠢᠯᠭ᠎ᠠ ᠵᠢᠨ ᠫᠤᠤ᠂ ᠬᠡᠶ᠋ᠢᠲᠦ ᠫᠤᠤ᠂ ᠥᠩᠭᠡᠲᠦ ᠰᠤᠮᠤ᠎ᠲᠠᠢ ᠫᠤᠤ᠂ ᠳᠠᠷᠢ ᠵᠢᠨ ᠫᠤᠤ ᠵᠡᠷᠭᠡ ᠡᠯ᠎ᠡ ᠵᠦᠢ᠍ᠯ᠎ᠤᠨ ᠬᠡᠯᠪᠡᠷᠢ ᠵᠢᠨ ᠫᠤᠤ ᠵᠡᠪᠰᠡᠭ᠂ ᠬᠠᠷᠪᠤᠵᠤ ᠴᠢᠳᠠᠬᠤ ᠬᠡᠯᠪᠡᠷᠢ ᠵᠢᠨ ᠰᠤᠮᠤ ᠲᠠᠷᠢ ᠪᠤᠶᠤ ᠫᠤᠤ ᠵᠢᠨ ᠠᠮᠠ ᠵᠢᠨ ᠬᠥᠳᠡᠯᠭᠡᠭᠴᠢ ᠡᠨᠧᠷᠭᠢ᠎ᠨᠢ 1.8
ᠵᠤᠤᠢ᠍ᠯ / ᠺᠦᠸᠠᠳ᠋ ᠰᠠᠨᠲ᠋ᠢᠮᠧᠲᠷ᠎ᠲᠠᠢ ᠲᠡᠩᠴᠡᠬᠦ ᠳᠦᠷᠢᠮᠲᠦ ᠪᠤᠰᠤ ᠫᠤᠤ ᠵᠡᠪᠰᠡᠭ ᠵᠢᠴᠢ ᠫᠤᠤ ᠵᠡᠪᠰᠡᠭ᠎ᠤᠨ ᠰᠡᠯᠪᠢᠭ ᠲᠣᠨᠣᠭ᠎ᠢ ᠵᠢᠭ᠋ᠠᠵᠤ ᠪᠠᠢ᠌ᠨ᠎ᠠ; ᠰᠤᠮᠤ ᠳᠠᠷᠢ᠎ᠳᠤ᠄ ᠳᠡᠭᠡᠷᠡᠬᠢ ᠡᠯ᠎ᠡ ᠲᠥᠷᠥᠯ᠎ᠤᠨ ᠫᠤᠤ ᠵᠡᠪᠰᠡᠭ᠎ᠤᠨ ᠬᠡᠷᠡᠭᠯᠡᠯᠲᠡ ᠵᠢᠨ ᠬᠡᠯᠪᠡᠷᠢ  (ᠳᠦᠷᠢᠮᠲᠦ) ᠂ ᠳᠦᠷᠢᠮᠲᠦ ᠪᠤᠰᠤ ᠰᠤᠮᠤ ᠵᠢ ᠵᠢᠭ᠋ᠠᠵᠤ ᠪᠣᠢ; ᠳᠡᠯᠪᠡᠷᠡᠬᠦ ᠡᠳ᠋ ᠪᠣᠳᠠᠰ᠎ᠲᠤ᠄ ᠲᠠᠷᠢ᠂ ᠲᠡᠰᠦᠷᠡᠭᠦᠯᠦᠭᠴᠢ᠂ ᠭᠠᠯ ᠰᠢᠵᠢᠮ᠂ ᠲᠡᠰᠦᠷᠡᠭᠦᠯᠦᠭᠴᠢ ᠭᠢᠨᠵᠢ᠂ ᠲᠡᠰᠦᠷᠡᠭᠦᠯᠦᠭᠴᠢ ᠰᠤᠮᠤ᠂ ᠬᠠᠷ᠎ᠠ ᠳᠠᠷᠢ᠂ ᠤᠲᠤᠭ᠋ᠠᠲᠤ ᠳᠠᠷᠢ᠂ ᠭᠠᠷᠨᠠᠲᠠ᠂ ᠮᠢᠨ᠎ᠠ ᠵᠡᠷᠭᠡ ᠡᠯ᠎ᠡ ᠲᠥᠷᠥᠯ᠎ᠤᠨ ᠳᠡᠯᠪᠡᠷᠡᠬᠦ ᠡᠳ᠋ ᠪᠣᠳᠠᠰ ᠵᠢᠴᠢ ᠳᠡᠯᠪᠡᠷᠡᠮᠡᠲᠡᠭᠡᠶ ᠠᠶᠤᠯᠲᠠᠶ ᠬᠢᠮᠢ ᠵᠢᠨ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠵᠤ ᠪᠠᠢ᠌ᠭ᠎ᠠ ᠳᠡᠯᠪᠡᠷᠡᠬᠦ ᠡᠳ᠋ ᠪᠣᠳᠠᠰ᠎ᠢ ᠦᠢ᠍ᠯᠡᠳᠬᠦ᠎ᠳᠤ ᠬᠡᠷᠡᠭᠯᠡᠵᠦ ᠪᠣᠯᠬᠤ ᠠᠶᠤᠯᠲᠠᠶ ᠬᠢᠮᠢ ᠵᠢᠨ ᠵᠦᠢ᠍ᠯᠡᠰ᠎ᠢ ᠪᠠᠭᠲᠠᠭ᠋ᠠᠨ᠎ᠠ᠃
      ᠲᠤᠰ ᠵᠠᠷᠯᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
                            2019 ᠣᠨ᠎ᠤ 5 ᠰᠠᠷ᠎ᠠ ᠵᠢᠨ 28᠎ᠤ ᠡᠳᠦᠷ

ᠢᠷᠡᠯᠲᠡ᠄ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ᠎ᠤᠨ ᠠᠯᠪᠠᠨ ᠰᠦᠯᠵᠢᠶ᠎ᠡ