ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ (2)
ᠨᠡᠶ᠋ᠢᠲᠡᠯᠡᠭᠰᠡᠨ ᠴᠠᠭ᠄ 2020-02-27

ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ (2)


   (1988 ᠤᠠ᠎ᠤ 11 ᠰᠡᠷ᠎ᠠ ᠵᠢᠨ 8᠎ᠤ ᠡᠳᠦᠷ ᠲᠤᠯᠤᠳᠦᠭ᠋ᠠᠷ ᠬᠤᠭᠤᠴᠡᠭ᠋ᠠᠠ᠎ᠤ ᠪᠦᠬᠦ ᠤᠯᠦᠰ᠎ᠤᠨ ᠠᠷᠡᠦᠠ᠎ᠤᠨ ᠲᠦᠯᠦᠭᠡᠯᠡᠭᠴᠢᠦᠠ᠎ᠤᠨ ᠶᠡᠭᠡ ᠬᠤᠷᠡᠯ᠎ᠤᠨ ᠪᠠᠶ᠋ᠢᠡᠭᠭᠤ ᠵᠢᠨ ᠬᠤᠷᠢᠶᠠᠨ᠎ᠤ ᠲᠦᠷᠪᠡᠳᠤᠭᠡᠷ ᠬᠤᠷᠡᠯᠳᠦᠭ᠋ᠠᠠ᠎ᠠᠴᠠ ᠪᠡᠳᠦᠯᠡᠪᠡ


      ᠨᠢᠭᠡᠳᠦᠭᠡᠷ ᠪᠦᠯᠦᠭ   ᠶᠡᠷᠦᠩᠬᠡᠢ ᠳᠦᠷᠢᠮ ᠨᠢᠭᠡᠳᠦᠭᠡᠷ ᠵᠦᠢ᠍ᠯ   ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠵᠤ᠂ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠵᠢᠨ ᠠᠮᠢᠲᠠᠨ᠎ᠢ ᠠᠪᠦᠷᠠᠵᠤ᠂ ᠠᠮᠢᠳᠤ ᠪᠤᠳᠠᠰ᠎ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠵᠢᠨ ᠲᠡᠩᠴᠡᠭᠦᠷᠢ ᠵᠢ ᠬᠠᠮᠠᠭ᠋ᠠᠯᠠᠨ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠦᠯᠤᠭᠡ᠂ ᠲᠤᠰ ᠬᠠᠤᠯᠢ ᠵᠢ ᠲᠤᠭᠲᠠᠭ᠋ᠠᠪᠠ᠃
      ᠬᠤᠶᠡᠳᠦᠭ᠋ᠠᠷ ᠵᠦᠢ᠍ᠯ   ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠨᠤᠲᠤᠭ ᠳᠡᠪᠢᠰᠭᠡᠷ ᠪᠤᠯᠤᠨ ᠬᠠᠮᠢᠶᠠᠷᠤᠨ ᠬᠠᠷᠢᠶᠠᠯᠠᠬᠤ ᠪᠤᠰᠤᠳ ᠳᠠᠯᠠᠢ ᠵᠢᠨ ᠤᠷᠤᠨ᠎ᠳᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠵᠢᠴᠢ ᠬᠤᠯᠪᠤᠭᠳᠠᠯ ᠪᠦᠬᠦᠢ ᠠᠵᠢᠯᠯᠠᠭ᠎ᠠ ᠵᠢ ᠬᠢᠬᠦ᠎ᠳᠤ ᠲᠤᠰ ᠬᠠᠤᠯᠢ ᠵᠢ ᠲᠤᠬᠢᠷᠠᠭᠤᠯᠤᠨ ᠬᠡᠷᠡᠭᠯᠡᠨ᠎ᠡ᠃
      ᠲᠤᠰ ᠬᠠᠦᠯᠢ᠎ᠳᠤ ᠬᠠᠮᠠᠭ᠋ᠠᠯᠠᠬᠤ᠎ᠪᠠᠷ ᠲᠤᠭᠳᠠᠭ᠋ᠠᠭᠰᠠᠨ ᠭᠡᠭᠡᠷ᠎ᠡ ᠵᠢᠨ ᠠᠮᠢᠲᠠᠨ ᠭᠡᠳᠡᠭ᠎ᠨᠢ ᠬᠤᠪᠤᠷ ᠨᠠᠨᠳᠢᠨ᠂ ᠮᠦᠬᠦᠬᠦ ᠰᠢᠬᠠᠭᠰᠠᠨ ᠬᠠᠭᠤᠷᠠᠢ ᠵᠢᠨ ᠪᠠ ᠤᠰᠤᠨ᠎ᠤ ᠭᠡᠭᠡᠷ᠎ᠡ ᠵᠢᠨ ᠠᠮᠢᠲᠠᠨ ᠪᠤᠯᠤᠨ ᠠᠮᠢ ᠠᠬᠤᠢ᠂ ᠰᠢᠨᠵᠢᠯᠡᠬᠦ ᠤᠬᠠᠭ᠋ᠠᠨ᠂ ᠨᠡᠶ᠋ᠢᠭᠡᠮ᠎ᠤᠨ ᠴᠢᠬᠤᠯᠠ ᠦᠨ᠎ᠡ ᠴᠡᠨ᠎ᠡ᠎ᠲᠠᠢ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠵᠢᠭ᠋ᠠᠵᠤ ᠪᠠᠶ᠋ᠢᠨ᠎ᠠ᠃
      ᠲᠤᠰ ᠬᠠᠤᠯᠢ᠎ᠳᠤ ᠲᠤᠭᠲᠠᠭ᠋ᠠᠭᠰᠠᠨ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ ᠭᠡᠳᠡᠭ᠎ᠨᠢ ᠭᠡᠭᠡᠷ᠎ᠡ ᠵᠢᠨ ᠠᠮᠢᠲᠠᠨ᠎ᠤ ᠪᠦᠬᠦᠯᠢ ᠴᠤᠭᠴᠠ (ᠦᠨᠳᠡᠭᠡ ᠵᠢ ᠪᠠᠭᠲᠠᠭ᠋ᠠᠨ᠎ᠠ)᠂ ᠨᠢᠭᠡ ᠬᠡᠰᠡᠭ ᠵᠢᠴᠢ ᠲᠡᠭᠦᠨ᠎ᠤ ᠡᠬᠦᠰᠦᠮᠡᠯ ᠪᠤᠳᠠᠰ᠎ᠢ ᠵᠢᠭ᠋ᠠᠵᠤ ᠪᠠᠶ᠋ᠢᠨ᠎ᠠ᠃
      ᠬᠤᠪᠤᠷ ᠨᠠᠨᠳᠢᠨ᠂ ᠮᠥᠬᠦᠬᠦ ᠰᠢᠬᠠᠭᠰᠠᠨ ᠤᠰᠤᠨ᠎ᠤ ᠭᠡᠭᠡᠷ᠎ᠡ ᠵᠢᠨ ᠠᠮᠢᠲᠠᠨ᠎ᠠᠴᠠ ᠭᠠᠳᠠᠨᠠᠬᠢ ᠪᠤᠰᠤᠳ ᠤᠰᠤᠨ᠎ᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠎ᠳᠤ 《ᠪᠦᠭᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠵᠢᠭ᠋ᠠᠰᠤᠨ ᠠᠵᠤ ᠠᠬᠤᠢ ᠵᠢᠨ ᠬᠠᠤᠯᠢ》 ᠵᠡᠷᠭᠡ ᠬᠤᠯᠪᠤᠭᠳᠠᠯ ᠪᠦᠬᠦᠢ ᠬᠠᠤᠯᠢ ᠴᠠᠭ᠋ᠠᠵᠠ ᠵᠢᠨ ᠲᠤᠭᠲᠠᠭ᠋ᠠᠯ᠎ᠢ ᠭᠡᠷᠡᠭᠯᠡᠨ᠎ᠡ᠃
      ᠭᠤᠷᠪᠡᠳᠦᠭ᠋ᠠᠷ ᠵᠦᠢ᠍ᠯ   ᠭᠡᠭᠡᠷ᠎ᠡ ᠵᠢᠨ ᠠᠮᠢᠲᠠᠨ᠎ᠤ ᠡᠬᠢ ᠪᠠᠶᠠᠯᠢᠭ ᠤᠯᠤᠰ᠎ᠲᠤ ᠦᠮᠴᠢᠯᠡᠭᠳᠡᠨ᠎ᠡ᠃
      ᠤᠯᠤᠰ᠎ᠠᠴᠠ ᠬᠠᠤᠯᠢ ᠶᠤᠰᠤᠭ᠋ᠠᠷ ᠭᠡᠭᠡᠷ᠎ᠡ ᠵᠢᠨ ᠠᠮᠢᠲᠠᠨ᠎ᠤ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠬᠦᠮᠦᠨ᠎ᠤ ᠬᠦᠴᠦ᠎ᠪᠠᠷ ᠲᠡᠵᠢᠭᠡᠨ ᠦᠷᠡᠵᠢᠭᠦᠯᠬᠦ ᠵᠡᠷᠭᠡ ᠬᠠᠮᠠᠭ᠋ᠠᠯᠠᠯᠲᠠ ᠵᠢᠴᠢ ᠬᠤᠯᠪᠤᠭᠳᠠᠯ ᠪᠦᠬᠦᠢ ᠠᠵᠢᠯᠯᠠᠭ᠎ᠠ ᠬᠢᠵᠤ ᠪᠠᠶ᠋ᠢᠭ᠎ᠠ ᠵᠤᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠤ ᠬᠠᠤᠯᠢ ᠶᠤᠰᠤᠨ᠎ᠤ ᠡᠷᠭᠡ ᠠᠰᠢᠭ᠎ᠢ ᠪᠠᠲᠤᠯᠠᠨ᠎ᠠ᠃
      ᠲᠦᠷᠪᠡᠳᠦᠭᠡᠷ ᠵᠦᠢ᠍ᠯ   ᠤᠯᠤᠰ᠎ᠠᠴᠠ ᠭᠡᠭᠡᠷ᠎ᠡ ᠵᠢᠨ ᠠᠮᠢᠲᠠᠨ᠎ᠳᠤ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠵᠢᠷᠤᠮᠵᠢᠭᠤᠨ ᠠᠰᠢᠭᠯᠠᠬᠤ᠂ ᠴᠢᠩᠭ᠎ᠠ ᠬᠢᠨᠠᠨ ᠬᠠᠮᠢᠶᠠᠷᠬᠤ ᠵᠠᠷᠴᠢᠮ᠎ᠢ ᠭᠡᠷᠡᠭᠵᠢᠬᠦᠯᠵᠤ᠂ ᠭᠡᠭᠡᠷ᠎ᠡ ᠵᠢᠨ ᠠᠮᠢᠲᠠᠨ᠎ᠤ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠦᠷᠨᠢᠬᠦᠯᠬᠦ ᠵᠢ ᠵᠤᠷᠢᠬ᠍ᠵᠢᠭᠤᠯᠤᠨ᠂ ᠠᠷᠠᠳ ᠢᠷᠭᠡᠨ᠎ᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠮᠰᠠᠷ᠎ᠢ ᠪᠤᠢ ᠪᠤᠯᠭ᠋ᠠᠵᠦ᠂ ᠬᠦᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠤᠬᠢᠴᠠᠯ᠎ᠲᠠᠢ ᠬᠦᠭᠵᠢᠯᠲᠡ ᠵᠢ ᠠᠬᠢᠭᠤᠯᠤᠨ᠎ᠠ᠃
      ᠲᠡᠪᠦᠳᠦᠭ᠋ᠠᠷ ᠵᠦᠢ᠍ᠯ   ᠤᠯᠤᠰ᠎ᠠᠴᠠ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠤᠷᠤᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠤᠷᠤᠰᠢᠨ ᠠᠮᠢᠳᠤᠷᠠᠬᠤ ᠭᠠᠵᠠᠷ᠎ᠤᠨ ᠬᠤᠯᠪᠤᠭᠳᠠᠯ ᠪᠦᠬᠦᠢ ᠬᠠᠮᠠᠭ᠋ᠠᠯᠠᠯᠲᠠ ᠵᠢᠨ ᠲᠦᠯᠦᠪᠵᠢᠭᠦᠯᠭᠡ ᠪᠠ ᠠᠷᠭ᠎ᠠ ᠬᠡᠮᠵᠢᠶ᠎ᠡ ᠵᠢ ᠲᠤᠭᠲᠠᠭ᠋ᠠᠬᠤ ᠵᠢᠨ ᠬᠠᠮᠲᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠵᠠᠷᠤᠳᠠᠯ᠎ᠢ ᠲᠦᠰᠦᠪ᠎ᠲᠡᠭᠡᠨ ᠤᠷᠤᠭᠤᠯᠬᠤ ᠬᠡᠷᠡᠭᠲᠡᠢ᠃
      ᠤᠯᠤᠰ᠎ᠠᠴᠠ ᠠᠷᠠᠳ ᠢᠷᠭᠡᠨ᠂ ᠬᠠᠤᠯᠢ ᠵᠢᠨ ᠬᠦᠮᠦᠨ ᠪᠠ ᠪᠤᠰᠤᠳ ᠵᠤᠬᠢᠶᠠᠨ ᠪᠠᠶ᠋ᠢᠭᠤᠯᠤᠯᠲᠠ ᠵᠢᠨ ᠬᠠᠨᠳᠢᠪᠯᠠᠬᠤ᠂ ᠲᠡᠳᠬᠦᠨ ᠲᠤᠰᠠᠯᠠᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠬᠠᠨᠭ᠌ᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯᠯᠠᠭ᠎ᠠ᠎ᠳᠤ ᠬᠠᠤᠯᠢ ᠶᠤᠰᠤᠭ᠋ᠠᠷ ᠤᠷᠤᠯᠴᠠᠬᠤ ᠵᠢ ᠵᠤᠷᠢᠠᠠᠵᠢᠭᠤᠯᠵᠤ᠂ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠳᠡᠮᠵᠢᠨ᠎ᠠ᠃
      ᠲᠤᠰ ᠬᠠᠤᠯᠢ᠎ᠳᠤ ᠲᠤᠭᠲᠠᠭ᠋ᠠᠭᠰᠠᠨ ᠭᠡᠭᠡᠷ᠎ᠡ ᠵᠢᠨ ᠠᠮᠢᠲᠠᠨ᠎ᠤ ᠤᠷᠤᠰᠢᠨ ᠠᠮᠢᠳᠤᠷᠠᠬᠤ ᠭᠠᠵᠠᠷ ᠭᠡᠳᠡᠭ᠎ᠨᠢ ᠭᠡᠭᠡᠷ᠎ᠡ ᠵᠢᠨ ᠠᠮᠢᠲᠠᠨ᠎ᠤ ᠭᠡᠭᠡᠷ᠎ᠡ ᠵᠢᠨ ᠲᠦᠷᠰᠦ ᠵᠢᠨ ᠰᠦᠷᠦᠭ᠎ᠤᠨ ᠦᠷᠡᠵᠢᠨ ᠠᠮᠢᠳᠤᠷᠠᠬᠤ ᠴᠢᠬᠤᠯᠠ ᠤᠷᠤᠨ ᠪᠦᠰᠡ ᠵᠢ ᠵᠢᠭ᠋ᠠᠵᠤ ᠪᠠᠶ᠋ᠢᠨ᠎ᠠ᠃
      ᠵᠢᠷᠭᠤᠳᠦᠭ᠋ᠠᠷ ᠵᠦᠢ᠍ᠯ   ᠶᠠᠮᠠᠷᠪᠠ ᠵᠤᠬᠢᠶᠠᠨ ᠪᠠᠶ᠋ᠢᠭᠤᠯᠤᠯᠲᠠ ᠪᠠ ᠬᠤᠪᠢ ᠬᠦᠮᠦᠨ ᠴᠦᠮ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠤᠷᠤᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠬᠤ ᠡᠭᠦᠷᠭᠡ᠎ᠲᠠᠢ᠃ ᠬᠠᠤᠯᠢ᠎ᠠᠴᠠ ᠵᠦᠷᠢᠴᠡᠨ ᠭᠡᠭᠡᠷ᠎ᠡ ᠵᠢᠨ ᠠᠮᠢᠲᠠᠨ᠎ᠢ ᠠᠩᠨᠠᠬᠤ᠂ ᠭᠡᠭᠡᠷ᠎ᠡ ᠵᠢᠨ ᠠᠮᠢᠲᠠᠨ᠎ᠤ ᠤᠷᠤᠰᠢᠨ ᠠᠮᠢᠳᠤᠷᠠᠬᠤ ᠭᠠᠵᠠᠷ᠎ᠢ ᠡᠪᠳᠡᠬᠦ ᠵᠢ ᠴᠠᠭ᠋ᠠᠵᠠᠯᠠᠨ᠎ᠠ᠃
      ᠶᠠᠮᠠᠷᠪᠠ ᠵᠤᠬᠢᠶᠠᠨ ᠪᠠᠶ᠋ᠢᠭᠤᠯᠤᠯᠲᠠ ᠪᠠ ᠬᠤᠪᠢ ᠬᠦᠮᠦᠨ ᠴᠦᠮ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶ᠋ᠢᠭᠤᠯᠭ᠎ᠠ᠎ᠳᠤ ᠲᠤᠰ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠪᠤᠶᠤ ᠵᠠᠭ᠋ᠠᠯᠳᠤᠬᠤ ᠡᠷᠬᠡ᠎ᠲᠠᠢ᠃ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶ᠋ᠢᠭᠤᠯᠭ᠎ᠠ ᠢᠯᠡᠴᠢᠯᠡᠨ ᠮᠡᠳᠡᠭᠦᠯᠦᠯᠲᠡ ᠪᠤᠶᠤ ᠵᠠᠭ᠋ᠠᠯᠳᠤᠯᠭ᠎ᠠ ᠵᠢ ᠴᠠᠭ ᠲᠤᠬᠠᠢ᠎ᠳᠤᠨᠢ ᠬᠠᠤᠯᠢ ᠶᠤᠰᠤᠭ᠋ᠠᠷ ᠰᠢᠢ᠍ᠳᠪᠦᠷᠢᠯᠡᠬᠦ ᠬᠡᠷᠡᠭᠲᠡᠢ᠃
      ᠲᠤᠯᠦᠳᠦᠭ᠋ᠠᠷ ᠵᠦᠢ᠍ᠯ   ᠲᠦᠷᠥ ᠵᠢᠨ ᠶᠠᠪᠤᠳᠠᠯ᠎ᠤᠨ ᠬᠤᠷᠢᠶᠠᠨ᠎ᠤ ᠤᠢ ᠰᠢᠭᠤᠢ ᠨᠤᠲᠤᠭ ᠪᠡᠯᠴᠢᠭᠡᠷ᠂ ᠵᠢᠭ᠋ᠠᠰᠤᠨ ᠠᠵᠤ ᠠᠬᠤᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ᠎ᠤᠨ ᠬᠠᠭᠤᠷᠠᠢ ᠵᠢᠨ ᠪᠠ ᠤᠰᠤᠨ᠎ᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠲᠤᠰ ᠲᠤᠰ ᠡᠷᠬᠢᠯᠡᠨ ᠬᠠᠮᠢᠶᠠᠷᠤᠨ᠎ᠠ᠃  
      ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠤᠢ ᠰᠢᠭᠤᠢ ᠨᠤᠲᠤᠭ ᠪᠡᠯᠴᠢᠭᠡᠷ᠂ ᠵᠢᠭ᠋ᠠᠰᠤᠨ ᠠᠵᠤ ᠠᠬᠤᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠳᠤᠳᠤᠷᠠᠬᠢ ᠬᠠᠭᠤᠷᠠᠢ ᠵᠢᠨ ᠪᠠ ᠤᠰᠤᠨ᠎ᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠲᠤᠰ ᠲᠤᠰ ᠡᠷᠬᠢᠯᠡᠨ ᠬᠠᠮᠢᠶᠠᠷᠤᠨ᠎ᠠ᠃
      ᠨᠡᠢ᠍ᠮᠡᠳᠦᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠭᠤᠯᠭ᠎ᠠ ᠬᠦᠮᠦᠵᠢᠯ ᠪᠠ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠬᠡᠮᠡᠯᠵᠢᠭᠦᠯᠬᠦ ᠠᠵᠢᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶ᠋ᠢᠭᠤᠯᠤᠯᠲᠠ᠂ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠠᠵᠤ ᠦᠢ᠍ᠯᠡᠰ᠎ᠤᠨ ᠨᠢᠭᠡᠴᠢ᠂ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠤᠭᠲᠠᠭ᠋ᠠᠯ ᠪᠠ ᠬᠠᠮᠠᠭ᠋ᠠᠯᠠᠬᠤ ᠮᠡᠳᠡᠯᠭᠡ ᠵᠢᠨ ᠲᠤᠬᠠᠢ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠬᠦ ᠵᠢ ᠵᠤᠷᠢᠠᠠᠵᠢᠭᠤᠯᠤᠨ ᠳᠡᠮᠵᠢᠬᠦ ᠬᠡᠷᠡᠭᠲᠡᠢ᠃
      ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠂ ᠰᠤᠷᠭ᠋ᠠᠭᠤᠯᠢ ᠰᠤᠷᠤᠭᠴᠢᠳ᠎ᠲᠤ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠮᠡᠳᠡᠯᠭᠡ ᠵᠢᠨ ᠬᠦᠮᠦᠵᠢᠯ ᠬᠢᠬᠦ ᠬᠡᠷᠡᠭᠲᠡᠢ᠃
      ᠰᠤᠨᠢᠨ ᠮᠡᠳᠡᠭᠡᠨ᠎ᠤ ᠵᠠᠭᠤᠴᠢᠯᠠᠭᠤᠷ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠤᠭᠲᠠᠭ᠋ᠠᠯ ᠪᠠ ᠬᠠᠮᠠᠭ᠋ᠠᠯᠠᠬᠤ ᠮᠡᠳᠡᠯᠭᠡ ᠵᠢᠨ ᠲᠤᠬᠠᠢ ᠤᠬᠠᠭᠤᠯᠭ᠎ᠠ ᠦᠷᠨᠢᠭᠦᠯᠵᠦ᠂ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠬᠡᠷᠡᠭᠲᠡᠢ᠃
      ᠶᠢᠰᠦᠳᠦᠭᠡᠷ ᠵᠦᠢ᠍ᠯ   ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠯ᠎ᠠ᠎ᠪᠠᠷ ᠢᠯᠡᠳᠳᠡ ᠠᠮᠵᠢᠯᠲᠠ ᠣᠯᠣᠭᠰᠠᠨ ᠵᠤᠬᠢᠶᠠᠨ ᠪᠠᠶ᠋ᠢᠭᠤᠯᠤᠯᠲᠠ ᠪᠠ ᠬᠤᠪᠢ ᠬᠦᠮᠦᠨ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠬᠦᠬᠢᠭᠦᠯᠦᠨ ᠱᠠᠩᠨᠠᠨ᠎ᠠ᠃

ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ