ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ (4)
(1988 ᠤᠠ᠎ᠤ 11 ᠰᠡᠷ᠎ᠠ ᠵᠢᠨ 8᠎ᠤ ᠡᠳᠦᠷ ᠲᠤᠯᠤᠳᠦᠭ᠋ᠠᠷ ᠬᠤᠭᠤᠴᠡᠭ᠋ᠠᠠ᠎ᠤ ᠪᠦᠬᠦ ᠤᠯᠦᠰ᠎ᠤᠨ ᠠᠷᠡᠦᠠ᠎ᠤᠨ ᠲᠦᠯᠦᠭᠡᠯᠡᠭᠴᠢᠦᠠ᠎ᠤᠨ ᠶᠡᠭᠡ ᠬᠤᠷᠡᠯ᠎ᠤᠨ ᠪᠠᠶ᠋ᠢᠡᠭᠭᠤ ᠵᠢᠨ ᠬᠤᠷᠢᠶᠠᠨ᠎ᠤ ᠲᠦᠷᠪᠡᠳᠤᠭᠡᠷ ᠬᠤᠷᠡᠯᠳᠦᠭ᠋ᠠᠠ᠎ᠠᠴᠠ ᠪᠡᠳᠦᠯᠡᠪᠡ
ᠠᠷᠪᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠯᠪᠤᠭᠳᠠᠯ ᠪᠦᠬᠦᠢ ᠨᠡᠭᠡᠭᠡᠨ ᠠᠰᠢᠭᠯᠠᠬᠤ ᠲᠦᠯᠦᠪᠵᠢᠭᠦᠯᠭᠡ ᠵᠢ ᠨᠠᠶ᠋ᠢᠷᠠᠭᠤᠯᠤᠨ ᠵᠤᠬᠢᠶᠠᠬᠤ᠎ᠳᠠᠭᠠᠨ᠂ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠤᠷᠤᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ ᠵᠢᠨ ᠬᠡᠷᠡᠭᠴᠡᠭᠡ ᠵᠢ ᠭᠦᠢ᠍ᠴᠡᠳ ᠪᠤᠳᠤᠯᠬᠢᠯᠠᠨ᠂ ᠲᠦᠯᠦᠪᠵᠢᠭᠦᠯᠭᠡ ᠵᠢᠨ ᠬᠡᠷᠡᠭᠵᠢᠭᠦᠯᠤᠯᠳᠠ ᠵᠢᠨ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠤᠷᠤᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ᠎ᠳᠤ ᠦᠵᠡᠭᠦᠯᠵᠤ ᠮᠡᠳᠡᠬᠦ ᠪᠦᠬᠦ᠋ᠢ᠍ᠯᠡ ᠴᠤᠭᠴᠠ ᠵᠢᠨ ᠨᠦᠯᠦᠭᠡ ᠵᠢ ᠵᠠᠳᠠᠯᠵᠦ᠂ ᠤᠷᠢᠳᠴᠢᠯᠠᠨ ᠵᠢᠱ᠌ᠢᠬᠦ ᠪᠠ ᠦᠨᠡᠯᠡᠨ ᠵᠢᠱ᠌ᠢᠵᠤ᠂ ᠲᠦᠯᠦᠪᠵᠢᠭᠦᠯᠭᠡ ᠵᠢ ᠬᠡᠷᠡᠭᠵᠢᠭᠦᠯᠦᠭᠰᠡᠨ᠎ᠠᠴᠠ ᠪᠤᠯᠵᠤ ᠡᠭᠦᠰᠴᠦ ᠮᠡᠳᠡᠬᠦ ᠠᠰᠢᠭ ᠦᠭᠡᠢ ᠦᠷ᠎ᠡ ᠨᠦᠯᠦᠭᠡ᠎ᠠᠴᠠ ᠵᠠᠶ᠋ᠢᠯᠠᠰᠬᠢᠬᠦ ᠪᠤᠶᠤ ᠲᠡᠭᠦᠨ᠎ᠢ ᠪᠠᠭ᠋ᠠᠰᠬᠠᠬᠤ ᠬᠡᠷᠡᠭᠲᠡᠢ᠃
ᠬᠤᠯᠪᠤᠭᠳᠠᠯ ᠪᠦᠬᠦᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ ᠪᠦᠰᠡ᠎ᠳᠤ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠳᠤ ᠪᠦᠲᠦᠭᠡᠨ ᠪᠠᠶ᠋ᠢᠭᠤᠯᠵᠤ ᠪᠤᠯᠬᠤ ᠦᠭᠡᠢ ᠭᠡᠵᠦ ᠲᠤᠭᠲᠠᠭ᠋ᠠᠭᠰᠠᠨ ᠲᠦᠰᠦᠯ᠎ᠤᠨ ᠵᠦᠢ᠍ᠯᠡᠰ᠎ᠢ ᠪᠦᠲᠦᠭᠡᠨ ᠪᠠᠶ᠋ᠢᠭᠤᠯᠬᠤ ᠵᠢ ᠴᠠᠭ᠋ᠠᠵᠠᠯᠠᠨ᠎ᠠ᠃ ᠨᠢᠰᠬᠡᠯ᠎ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭ᠋ᠠᠨ᠂ ᠪᠦᠰᠡᠯᠡᠭᠦᠷ ᠬᠠᠰᠢᠯᠭ᠎ᠠ᠂ ᠳᠠᠯᠠᠢ ᠵᠢ ᠬᠦᠷᠢᠶᠡᠯᠡᠨ ᠪᠦᠭᠯᠡᠬᠦ ᠵᠡᠷᠭᠡ ᠪᠦᠲᠦᠭᠡᠨ ᠪᠠᠶ᠋ᠢᠭᠤᠯᠬᠤ ᠲᠦᠰᠦᠯ᠎ᠤᠨ ᠵᠦᠢ᠍ᠯᠡᠰ᠎ᠤᠨ ᠪᠠᠶ᠋ᠢᠷᠢ ᠪᠤᠯᠤᠨ ᠵᠠᠮ ᠱᠤᠭᠤᠮ᠎ᠢ ᠰᠤᠩᠭᠤᠬᠤ᠎ᠳᠠᠭᠠᠨ ᠬᠤᠯᠪᠤᠭᠳᠠᠯ ᠪᠦᠬᠦᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ ᠪᠦᠰᠡ᠂ ᠭᠡᠭᠡᠷ᠎ᠡ ᠵᠢᠨ ᠠᠮᠢᠲᠠᠨ᠎ᠤ ᠨᠡᠭᠦᠳᠡᠯᠯᠡᠨ ᠲᠤᠭᠤᠷᠢᠬᠤ ᠵᠠᠮ᠎ᠠᠴᠠ ᠵᠠᠶ᠋ᠢᠯᠠᠰᠬᠢᠬᠦ ᠬᠡᠷᠡᠭᠲᠡᠢ; ᠵᠠᠶ᠋ᠢᠯᠠᠬᠤ ᠵᠢᠨ ᠠᠷᠭ᠎ᠠ ᠦᠭᠡᠢ ᠪᠠᠶ᠋ᠢᠪᠠᠯ᠂ ᠭᠡᠭᠡᠷ᠎ᠡ ᠵᠢᠨ ᠠᠮᠢᠲᠠᠨ᠎ᠤ ᠦᠡᠭᠭᠡᠷᠡᠭᠦ ᠵᠠᠮ᠂ ᠵᠢᠭ᠋ᠠᠰᠤ ᠦᠡᠭᠭᠡᠷᠡᠬᠦ ᠲᠦᠬᠦᠭᠡᠷᠦᠮᠵᠢ ᠵᠢ ᠵᠠᠰᠠᠵᠤ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠭᠡᠭᠡᠷ᠎ᠡ ᠵᠢᠨ ᠠᠮᠢᠲᠠᠨ᠎ᠳᠤ ᠦᠵᠡᠭᠦᠯᠬᠦ ᠠᠰᠢᠭ ᠦᠭᠡᠢ ᠨᠦᠯᠦᠭᠡ ᠵᠢ ᠠᠷᠢᠯᠭ᠋ᠠᠬᠤ ᠪᠤᠶᠤ ᠪᠠᠭ᠋ᠠᠰᠬᠠᠬᠤ ᠬᠡᠷᠡᠭᠲᠡᠢ᠃
ᠪᠦᠲᠦᠭᠡᠨ ᠪᠠᠶ᠋ᠢᠭᠤᠯᠬᠤ ᠲᠦᠰᠦᠯ᠎ᠤᠨ ᠵᠦᠢ᠍ᠯᠡᠰ᠎ᠨᠢ ᠬᠤᠯᠪᠤᠭᠳᠠᠯ ᠪᠦᠬᠦᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ ᠪᠦᠰᠡ᠂ ᠭᠡᠭᠡᠷ᠎ᠡ ᠵᠢᠨ ᠠᠮᠢᠲᠠᠨ᠎ᠤ ᠨᠡᠭᠦᠳᠡᠯᠯᠡᠨ ᠲᠤᠭᠤᠷᠢᠬᠤ ᠵᠠᠮ᠎ᠢ ᠨᠦᠯᠦᠭᠡᠯᠡᠵᠤ ᠮᠡᠳᠡᠭᠦ᠎ᠳᠤ ᠬᠦᠷᠪᠡᠯ᠂ ᠤᠷᠴᠢᠨ ᠠᠬᠤᠢ ᠵᠢᠨ ᠨᠦᠯᠦᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠷᠴᠢᠨ ᠠᠬᠤᠢ ᠵᠢᠨ ᠨᠦᠯᠦᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠦᠪᠰᠢᠶᠡᠷᠡᠬᠦ᠎ᠳᠡᠭᠡᠨ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠳᠤ ᠬᠤᠯᠪᠤᠭᠳᠠᠭᠰᠠᠨᠢᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠰᠠᠨᠠᠯ ᠬᠤᠷᠢᠶᠠᠬᠤ ᠬᠡᠷᠡᠭᠲᠡᠢ; ᠤᠷᠤᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠳᠤ ᠬᠤᠯᠪᠤᠭᠳᠠᠭᠰᠠᠨᠢᠨᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠰᠠᠨᠠᠯ ᠬᠤᠷᠢᠶᠠᠬᠤ ᠬᠡᠷᠡᠭᠲᠡᠢ᠃
ᠠᠷᠪᠠᠨ ᠳᠦᠷᠪᠡᠳᠦᠭᠡᠷ ᠵᠦᠢ᠍ᠯ ᠡᠯ᠎ᠡ ᠱᠠᠲᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠡᠭᠡᠷ᠎ᠡ ᠵᠢᠨ ᠠᠮᠢᠲᠠᠨ᠎ᠳᠤ ᠦᠵᠡᠭᠦᠯᠬᠦ ᠤᠷᠴᠢᠨ ᠠᠬᠤᠢ ᠵᠢᠨ ᠨᠦᠯᠦᠭᠡ ᠵᠢ ᠬᠢᠨᠠᠨ ᠠᠵᠢᠭᠯᠠᠬᠤ ᠪᠠ ᠬᠢᠨᠠᠨ ᠬᠡᠮᠵᠢᠬᠦ ᠬᠡᠷᠡᠭᠲᠡᠢ᠃ ᠤᠷᠴᠢᠨ ᠠᠬᠤᠢ ᠵᠢᠨ ᠨᠦᠯᠦᠭᠡ᠎ᠠᠴᠠ ᠪᠤᠯᠵᠤ ᠭᠡᠭᠡᠷ᠎ᠡ ᠵᠢᠨ ᠠᠮᠢᠲᠠᠨ᠎ᠳᠤ ᠬᠤᠤᠷ ᠬᠦᠨᠦᠭᠡᠯ ᠤᠴᠠᠷᠠᠭᠤᠯᠬᠤ ᠦᠶ᠎ᠡ᠎ᠳᠤ᠂ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠤᠯᠤᠰ᠎ᠤᠨ ᠪᠤᠶᠤ ᠤᠷᠤᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠪᠠᠶ᠋ᠢᠭ᠋ᠠᠯᠢ ᠵᠢᠨ ᠭᠠᠮᠰᠢᠭ᠂ ᠤᠷᠴᠢᠨ ᠠᠬᠤᠢ ᠵᠢ ᠪᠤᠬᠢᠷᠳᠤᠭᠤᠯᠤᠭᠰᠠᠨ ᠬᠦᠨᠳᠦ ᠶᠡᠭᠡ ᠠᠳᠡᠯ ᠵᠡᠷᠭᠡ ᠬᠡᠨᠡᠳᠳᠡ ᠵᠢᠨ ᠬᠡᠷᠡᠭ᠎ᠤᠨ ᠰᠦᠷᠳᠡᠭᠦᠯᠦᠯ᠎ᠳᠤ ᠤᠴᠠᠷᠠᠬᠤ ᠦᠶ᠎ᠡ᠎ᠳᠤ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ ᠴᠠᠭ ᠲᠤᠬᠠᠢᠳᠤᠨᠢ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ᠎ᠤᠨ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠭᠡᠭᠡᠷ᠎ᠡ ᠵᠢᠨ ᠠᠮᠢᠲᠠᠨ᠎ᠢ ᠬᠤᠷᠢᠶᠠᠮᠵᠢᠯᠠᠨ ᠠᠪᠤᠷᠠᠨ ᠲᠤᠰᠠᠯᠠᠬᠤ ᠠᠵᠢᠯ᠎ᠢ ᠵᠤᠬᠢᠶᠠᠨ ᠪᠠᠶ᠋ᠢᠭᠤᠯᠵᠤ ᠦᠷᠨᠢᠭᠦᠯᠬᠦ ᠬᠡᠷᠡᠭᠲᠡᠢ᠃
ᠭᠡᠭᠡᠷ᠎ᠡ ᠵᠢᠨ ᠠᠮᠢᠲᠠᠨ᠎ᠢ ᠬᠤᠷᠢᠶᠠᠮᠵᠢᠯᠠᠨ ᠠᠪᠤᠷᠠᠨ ᠲᠤᠰᠠᠯᠠᠬᠤ ᠨᠡᠷ᠎ᠡ᠎ᠪᠠᠷ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠬᠤᠳᠠᠯᠳᠤᠭ᠋ᠠᠯᠠᠬᠤ ᠵᠢ ᠴᠠᠭ᠋ᠠᠵᠠᠯᠠᠨ᠎ᠠ᠃
ᠠᠷᠪᠠᠨ ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠤᠰᠤᠭ᠋ᠠᠷ ᠭᠡᠭᠡᠷ᠎ᠡ ᠵᠢᠨ ᠠᠮᠢᠲᠠᠨ᠎ᠤ ᠬᠢᠵᠢᠭ᠎ᠤᠨ ᠰᠤᠷᠪᠤᠯᠵᠢ ᠬᠢᠵᠢᠭ ᠡᠪᠡᠳᠴᠢᠨ᠎ᠳᠤ ᠬᠢᠨᠠᠨ ᠬᠡᠮᠵᠢᠯᠲᠡ ᠬᠢᠵᠦ᠂ ᠤᠷᠢᠳᠴᠢᠯᠠᠨ ᠵᠢᠱ᠌ᠢᠬᠦ᠂ ᠤᠷᠢᠳᠴᠢᠯᠠᠨ ᠮᠡᠳᠡᠭᠡᠯᠡᠬᠦ ᠵᠡᠷᠭᠡ ᠠᠵᠢᠯ᠎ᠢ ᠵᠤᠬᠢᠶᠠᠨ ᠪᠠᠶ᠋ᠢᠭᠤᠯᠵᠤ ᠦᠷᠨᠢᠭᠦᠯᠬᠦ ᠵᠢᠨ ᠬᠠᠮᠲᠤ ᠲᠤᠭᠲᠠᠭ᠋ᠠᠯ ᠶᠤᠰᠤᠭ᠋ᠠᠷ ᠭᠡᠭᠡᠷ᠎ᠡ ᠵᠢᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠬᠤ ᠪᠡᠯᠡᠳᠬᠡᠯ ᠲᠦᠰᠦᠯ ᠲᠤᠭᠲᠠᠭ᠋ᠠᠵᠤ᠂ ᠠᠳᠠᠯᠢ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠵᠤ ᠵᠦᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭ᠋ᠠᠯᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠤᠰᠤᠭ᠋ᠠᠷ ᠬᠦᠮᠦᠨ ᠮᠠᠯ᠎ᠳᠤ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ᠎ᠲᠠᠢ ᠬᠤᠯᠪᠤᠭᠳᠠᠭᠰᠠᠨ ᠠᠮᠢᠲᠠᠨ᠎ᠤ ᠬᠠᠯᠳᠠᠪᠤᠷᠢᠲᠤ ᠡᠪᠡᠳᠴᠢᠨ᠎ᠢ ᠰᠡᠷᠬᠡᠶ᠋ᠢᠯᠡᠨ ᠵᠠᠰᠠᠬᠤ ᠪᠠ ᠬᠠᠮᠢᠶᠠᠷᠬᠤ ᠠᠵᠢᠯ᠎ᠢ ᠬᠠᠷᠢᠭᠤᠴᠠᠬᠤ ᠬᠡᠷᠡᠭᠲᠡᠢ᠃
ᠠᠷᠪᠠᠨ ᠲᠤᠯᠤᠳᠤᠭ᠋ᠠᠷ ᠵᠦᠢ᠍ᠯ ᠤᠯᠤᠰ᠎ᠠᠴᠠ ᠭᠡᠭᠡᠷ᠎ᠡ ᠵᠢᠨ ᠠᠮᠢᠲᠠᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠦᠬᠦᠬᠦ ᠰᠢᠬᠠᠭᠰᠠᠨ ᠭᠡᠭᠡᠷ᠎ᠡ ᠵᠢᠨ ᠠᠮᠢᠲᠠᠨ᠎ᠳᠤ ᠠᠪᠤᠷᠠᠯᠲᠠ ᠵᠢᠨ ᠴᠢᠨᠠᠷᠲᠠᠢ ᠬᠠᠮᠠᠭ᠋ᠠᠯᠠᠯᠲᠠ ᠬᠢᠨ᠎ᠡ᠃
ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ ᠭᠡᠭᠡᠷ᠎ᠡ ᠵᠢᠨ ᠠᠮᠢᠲᠠᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠦᠯᠦᠪᠵᠢᠭᠦᠯᠭᠡ ᠲᠤᠭᠲᠠᠭ᠋ᠠᠵᠤ᠂ ᠤᠯᠤᠰ᠎ᠤᠨ ᠭᠡᠭᠡᠷ᠎ᠡ ᠵᠢᠨ ᠠᠮᠢᠲᠠᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠧᠨ᠎ᠤ ᠬᠦᠮᠦᠷᠭᠡ ᠵᠢ ᠪᠠᠶ᠋ᠢᠭᠤᠯᠵᠤ᠂ ᠮᠠᠨ᠎ᠤ ᠤᠯᠤᠰ᠎ᠤᠨ ᠤᠭ ᠭᠠᠷᠤᠯ᠎ᠲᠠᠢ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠵᠢᠨ ᠠᠮᠢᠲᠠᠨ᠎ᠤ ᠤᠳᠤᠮᠯᠠᠯ᠎ᠤᠨ ᠡᠬᠢ ᠪᠠᠶᠠᠯᠢᠭ᠎ᠢ ᠭᠤᠤᠯᠳᠠᠯᠭ᠎ᠠ᠎ᠲᠠᠢ᠎ᠪᠠᠷ ᠬᠠᠮᠠᠭ᠋ᠠᠯᠠᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠤᠯᠪᠤᠭᠳᠠᠯ ᠪᠦᠬᠦᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠠᠷᠭ᠎ᠠ ᠬᠡᠮᠵᠢᠶ᠎ᠡ ᠠᠪᠴᠤ᠂ ᠭᠡᠭᠡᠷ᠎ᠡ ᠵᠢᠨ ᠠᠮᠢᠲᠠᠨ᠎ᠤ ᠤᠴᠠᠷᠠᠭᠤᠯᠵᠤ ᠮᠡᠳᠡᠬᠦ ᠬᠤᠤᠷ ᠬᠦᠨᠦᠭᠡᠯ᠎ᠢ ᠰᠡᠷᠬᠡᠶ᠋ᠢᠯᠡᠨ ᠬᠤᠷᠢᠭᠯᠠᠵᠤ᠂ ᠬᠦᠮᠦᠨ ᠮᠠᠯ᠎ᠤᠨ ᠠᠮᠤᠷ ᠲᠦᠪᠰᠢᠨ ᠪᠠ ᠲᠠᠷᠢᠶᠠᠯᠠᠩ᠂ ᠤᠢ ᠰᠢᠭᠤᠢ ᠵᠢᠨ ᠦᠢ᠍ᠯᠡᠳᠪᠦᠷᠢᠯᠡᠯ᠎ᠢ ᠪᠠᠲᠤᠯᠠᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠲᠤᠰ ᠬᠠᠤᠯᠢ᠎ᠳᠤ ᠬᠠᠮᠠᠭ᠋ᠠᠯᠠᠬᠤ᠎ᠪᠠᠷ ᠲᠤᠭᠲᠠᠭ᠋ᠠᠭᠰᠠᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠎ᠠᠴᠠ ᠪᠤᠯᠵᠤ᠂ ᠬᠦᠮᠦᠨ᠎ᠢ ᠦᠭᠦᠭᠦᠯᠵᠦ ᠰᠢᠷᠬᠠᠲᠤᠭᠤᠯᠤᠭᠰᠠᠨ᠂ ᠲᠠᠷᠢᠮᠠᠯ᠎ᠤᠨ ᠵᠦᠢ᠍ᠯ ᠪᠤᠶᠤ ᠪᠤᠰᠤᠳ ᠡᠳ᠋ ᠬᠦᠷᠦᠩᠭᠡ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠨᠦᠬᠦᠪᠦᠷᠢ ᠦᠭᠭᠦᠨ᠎ᠡ᠃ ᠪᠤᠳᠠᠲᠠᠢ ᠠᠷᠭ᠎ᠠ ᠵᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠲᠤᠭᠲᠠᠭ᠋ᠠᠨ᠎ᠠ᠃
ᠬᠤᠯᠪᠤᠭᠳᠠᠯ ᠪᠦᠬᠦᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠭᠡᠭᠡᠷ᠎ᠡ ᠵᠢᠨ ᠠᠮᠢᠲᠠᠨ᠎ᠤ ᠬᠤᠬᠢᠷᠠᠯ ᠤᠴᠠᠷᠠᠭᠤᠯᠤᠭᠰᠠᠨ ᠲᠦᠯᠦᠪᠦᠷᠢ ᠵᠢᠨ ᠲᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠦᠷᠨᠢᠭᠦᠯᠬᠦ ᠵᠢ ᠠᠬᠢᠭᠤᠯᠵᠤ ᠪᠤᠯᠤᠨ᠎ᠠ᠃ ᠬᠤᠯᠪᠤᠭᠳᠠᠯ ᠪᠦᠬᠦᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠤ ᠬᠤᠤᠷ ᠬᠦᠨᠦᠭᠡᠯ ᠤᠴᠠᠷᠠᠭᠤᠯᠬᠤ ᠵᠢ ᠰᠡᠷᠬᠡᠶ᠋ᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠵᠢᠴᠢ ᠨᠦᠬᠦᠪᠦᠷᠢ ᠦᠭᠭᠦ ᠵᠢ ᠬᠡᠷᠡᠭᠵᠢᠭᠦᠯᠬᠦ᠎ᠳᠤ ᠬᠡᠷᠡᠭᠰᠡᠬᠦ ᠵᠠᠷᠤᠳᠠᠯ᠎ᠳᠤ ᠲᠦᠪ᠎ᠤᠨ ᠡᠳ᠋᠎ᠤᠨ ᠵᠠᠰᠠᠭ᠎ᠠᠴᠠ ᠤᠯᠤᠰ᠎ᠤᠨ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠨᠦᠬᠦᠪᠦᠷᠢ ᠦᠭᠭᠦᠨ᠎ᠡ᠃