ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ (6)
ᠨᠡᠶ᠋ᠢᠲᠡᠯᠡᠭᠰᠡᠨ ᠴᠠᠭ᠄ 2020-03-02

ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ (6)
 

(1988 ᠤᠠ᠎ᠤ 11 ᠰᠡᠷ᠎ᠠ ᠵᠢᠨ 8᠎ᠤ ᠡᠳᠦᠷ ᠲᠤᠯᠤᠳᠦᠭ᠋ᠠᠷ ᠬᠤᠭᠤᠴᠡᠭ᠋ᠠᠠ᠎ᠤ ᠪᠦᠬᠦ ᠤᠯᠦᠰ᠎ᠤᠨ ᠠᠷᠡᠦᠠ᠎ᠤᠨ ᠲᠦᠯᠦᠭᠡᠯᠡᠭᠴᠢᠦᠠ᠎ᠤᠨ ᠶᠡᠭᠡ ᠬᠤᠷᠡᠯ᠎ᠤᠨ ᠪᠠᠶ᠋ᠢᠡᠭᠭᠤ ᠵᠢᠨ ᠬᠤᠷᠢᠶᠠᠨ᠎ᠤ ᠲᠦᠷᠪᠡᠳᠤᠭᠡᠷ ᠬᠤᠷᠡᠯᠳᠦᠭ᠋ᠠᠠ᠎ᠠᠴᠠ ᠪᠡᠳᠦᠯᠡᠪᠡ



      ᠬᠤᠷᠢᠨ ᠨᠠᠢ᠍ᠮᠠᠳᠦᠭ᠋ᠠᠷ ᠵᠦᠢ᠍ᠯ   ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠮᠡᠷᠭᠡᠵᠢᠯ᠎ᠨᠢ ᠪᠤᠯᠪᠠᠰᠤᠷᠠᠩᠭᠤᠢ ᠲᠤᠭᠲᠠᠪᠤᠷᠢᠲᠠᠢ ᠪᠤᠯᠤᠭᠰᠠᠨ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠢ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ᠎ᠪᠠᠷ ᠳᠠᠮᠵᠢᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠤ ᠨᠡᠷᠡᠰ᠎ᠲᠤ ᠤᠷᠤᠭᠤᠯᠤᠨ᠎ᠠ᠃ ᠨᠡᠷᠡᠰ᠎ᠲᠤ ᠵᠢᠭᠰᠠᠭ᠋ᠠᠨ ᠤᠷᠤᠭᠤᠯᠤᠭᠰᠠᠨ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠪᠤᠯ᠂ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠵᠦᠪᠰᠢᠶᠡᠷᠡᠯ᠎ᠤᠨ ᠦᠨᠡᠮᠯᠡᠯ ᠵᠶ᠋ᠠᠨ ᠦᠵᠡᠭᠦᠯᠦᠨ ᠮᠤᠵᠢ᠂ ᠦᠪᠡᠷᠲᠡᠭᠡᠨ ᠵᠠᠰᠬᠠᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠠᠷᠭᠤᠭᠤᠯᠤᠨ ᠰᠢᠯᠭ᠋ᠠᠭᠰᠠᠨ ᠤᠨ᠎ᠤ ᠦᠢ᠍ᠯᠡᠳᠪᠦᠷᠢᠯᠡᠯ᠎ᠤᠨ ᠲᠤᠭ᠎ᠠ ᠬᠡᠮᠵᠢᠶ᠎ᠡ ᠶᠤᠰᠤᠭ᠋ᠠᠷ ᠲᠤᠰᠬᠠᠢ ᠢᠯᠡᠳᠬᠡᠮᠵᠢ ᠲᠡᠮᠳᠡᠭ᠎ᠢ ᠰᠢᠭᠤᠳ ᠤᠯᠤᠭ᠋ᠠᠳ᠂ ᠲᠤᠰᠬᠠᠢ ᠢᠯᠡᠳᠬᠡᠮᠵᠢ ᠲᠡᠮᠳᠡᠭ ᠵᠶ᠋ᠠᠨ ᠦᠵᠡᠭᠦᠯᠦᠨ ᠪᠤᠷᠤᠯᠠᠭᠤᠯᠬᠤ ᠪᠠ ᠠᠰᠢᠭᠯᠠᠵᠤ ᠪᠤᠯᠤᠨ᠎ᠠ᠂ ᠨᠡᠬᠡᠮᠵᠢᠯᠡᠵᠤ ᠪᠤᠯᠬᠤ ᠵᠢ᠎ᠨᠢ ᠪᠠᠲᠤᠯᠠᠨ᠎ᠠ᠃
      ᠲᠤᠰ ᠬᠠᠤᠯᠢ ᠵᠢᠨ ᠠᠷᠪᠠᠳᠤᠭ᠋ᠠᠷ ᠵᠦᠢ᠍ᠯ᠎ᠳᠤ ᠲᠤᠭᠲᠠᠭ᠋ᠠᠭᠰᠠᠨ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠤ ᠨᠡᠷᠡᠰ᠎ᠲᠤ ᠲᠤᠬᠢᠷᠠᠭᠤᠯᠤᠯᠲᠠ ᠬᠢᠬᠦ᠎ᠳᠤ᠂ ᠬᠤᠯᠪᠤᠭᠳᠠᠯ ᠪᠦᠬᠦᠢ ᠭᠡᠭᠡᠷ᠎ᠡ ᠵᠢᠨ ᠳᠦᠷᠰᠦ ᠵᠢᠨ ᠰᠦᠷᠦᠭ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠢ ᠦᠨᠳᠦᠰᠦᠯᠡᠵᠤ᠂ ᠡᠮᠦᠨᠡᠬᠢ ᠪᠠᠳᠠᠭ᠎ᠲᠤ ᠲᠤᠭᠲᠠᠭ᠋ᠠᠭᠰᠠᠨ ᠬᠤᠯᠪᠤᠭᠳᠠᠯ ᠪᠦᠬᠦᠢ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠮᠡᠷᠭᠡᠵᠢᠯ᠎ᠨᠢ ᠪᠤᠯᠪᠠᠰᠤᠷᠠᠩᠭᠤᠢ ᠲᠤᠭᠲᠠᠪᠤᠷᠢᠲᠠᠢ ᠪᠤᠯᠤᠭᠰᠠᠨ ᠭᠡᠭᠡᠷ᠎ᠡ ᠵᠢᠨ ᠠᠮᠢᠲᠠᠨ᠎ᠤ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠤᠭᠰᠠᠨ ᠳᠦᠷᠰᠦ ᠵᠢᠨ ᠰᠦᠷᠦᠭ᠎ᠢ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠤ ᠨᠡᠷᠡᠰ᠎ᠲᠤ ᠳᠠᠬᠢᠨ ᠤᠷᠤᠭᠤᠯᠬᠤ ᠦᠭᠡᠢ ᠪᠠᠶ᠋ᠢᠵᠤ᠂ ᠬᠡᠭᠡᠷ᠎ᠡ ᠵᠢᠨ ᠳᠦᠷᠰᠦ ᠵᠢᠨ ᠰᠦᠷᠦᠭ᠎ᠲᠠᠢ ᠠᠳᠠᠯᠢ ᠪᠤᠰᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠤ ᠪᠤᠯᠤᠨ᠎ᠠ᠂ ᠭᠡᠪᠡᠴᠦ ᠲᠤᠰ ᠬᠠᠤᠯᠢ ᠵᠢᠨ ᠬᠤᠷᠢᠨ ᠲᠠᠪᠤᠳᠤᠭ᠋ᠠᠷ ᠵᠦᠢ᠍ᠯ᠎ᠤᠨ ᠬᠤᠶᠠᠳᠤᠭ᠋ᠠᠷ ᠪᠠᠳᠠᠭ ᠪᠠ ᠲᠤᠰ ᠵᠦᠢ᠍ᠯ᠎ᠤᠨ ᠨᠢᠭᠡᠳᠦᠭᠡᠷ ᠪᠠᠳᠠᠭ᠎ᠤᠨ ᠲᠤᠭᠲᠠᠭ᠋ᠠᠯ ᠶᠤᠰᠤᠭ᠋ᠠᠷ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠵᠦᠪᠰᠢᠶᠡᠷᠡᠯ᠎ᠤᠨ ᠦᠨᠡᠮᠯᠡᠯ ᠪᠠ ᠲᠤᠰᠬᠠᠢ ᠢᠯᠡᠳᠬᠡᠮᠵᠢ ᠲᠡᠮᠳᠡᠭ ᠤᠯᠬᠤ ᠬᠡᠷᠡᠭᠲᠡᠢ᠃
      ᠬᠤᠷᠢ ᠶᠢᠰᠦᠳᠦᠭᠡᠷ ᠵᠦᠢ᠍ᠯ   ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠠᠰᠢᠭᠯᠠᠬᠤ᠎ᠳᠠᠭᠠᠨ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠤᠭᠰᠠᠨ ᠲᠦᠷᠰᠦ ᠵᠢᠨ ᠰᠦᠷᠦᠭ ᠵᠶ᠋ᠠᠷ ᠭᠤᠤᠯ ᠪᠤᠯᠭ᠋ᠠᠵᠤ᠂ ᠭᠡᠭᠡᠷ᠎ᠡ ᠵᠢᠨ ᠲᠦᠷᠰᠦ ᠵᠢᠨ ᠰᠦᠷᠦᠭ᠎ᠢ ᠬᠠᠮᠠᠭ᠋ᠠᠯᠠᠬᠤ᠎ᠳᠤ ᠠᠰᠢᠭᠲᠠᠢ ᠪᠠᠶ᠋ᠢᠯᠭ᠋ᠠᠵᠤ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠨᠡᠶ᠋ᠢᠭᠡᠮ ᠨᠡᠶ᠋ᠢᠲᠡ ᠵᠢᠨ ᠶᠤᠰᠤ ᠮᠤᠷᠠᠯ᠎ᠢ ᠬᠦᠨᠳᠦᠳᠬᠡᠵᠦ᠂ ᠬᠠᠤᠯᠢ ᠴᠠᠭ᠋ᠠᠵᠠ ᠬᠠᠤᠯᠢ ᠲᠤᠭᠲᠠᠭ᠋ᠠᠯ ᠪᠠ ᠤᠯᠤᠰ᠎ᠤᠨ ᠬᠤᠯᠪᠤᠭᠳᠠᠯ ᠪᠦᠬᠦᠢ ᠲᠤᠭᠲᠠᠭ᠋ᠠᠯ᠎ᠢ ᠵᠢᠷᠤᠮᠯᠠᠨ ᠰᠠᠬᠢᠬᠤ ᠬᠡᠷᠡᠭᠲᠡᠢ᠃
    ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠡᠮ᠎ᠤᠨ ᠵᠦᠢ᠍ᠯᠡᠰ ᠪᠤᠯᠭ᠋ᠠᠨ ᠡᠵᠡᠩᠨᠡᠬᠦ ᠪᠠ ᠠᠰᠢᠭᠯᠠᠬᠤ᠎ᠳᠤ᠂ ᠪᠠᠰᠠ ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠤᠯᠪᠤᠭᠳᠠᠯ ᠪᠦᠬᠦᠢ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠢ ᠵᠢᠷᠤᠮᠯᠠᠨ ᠰᠠᠬᠢᠬᠤ ᠬᠡᠷᠡᠭᠲᠡᠢ᠃
    ᠭᠤᠴᠢᠳᠦᠭ᠋ᠠᠷ ᠵᠦᠢ᠍ᠯ   ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ ᠵᠶ᠋ᠠᠷ ᠬᠢᠭᠰᠡᠨ ᠢᠲᠡᠬᠡᠨ᠎ᠤ ᠵᠦᠢ᠍ᠯ ᠪᠤᠶᠤ ᠬᠠᠤᠯᠢ ᠶᠤᠰᠤᠨ᠎ᠤ ᠢᠷᠡᠯᠲᠡ ᠵᠢᠨ ᠭᠡᠷᠡᠴᠢ ᠦᠭᠡᠢ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠯᠳᠠ ᠵᠢᠨ ᠪᠤᠰᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ ᠵᠶ᠋ᠠᠷ ᠬᠢᠭᠰᠡᠨ ᠢᠲᠡᠭᠡᠨ᠎ᠤ ᠵᠦᠢ᠍ᠯ᠎ᠢ ᠦᠢ᠍ᠯᠡᠳᠪᠦᠷᠢᠯᠡᠵᠦ᠂ ᠡᠵᠡᠩᠨᠡᠬᠦ ᠵᠢ ᠴᠠᠭ᠋ᠠᠵᠠᠯᠠᠨ᠎ᠠ᠃
    ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠢᠲᠡᠬᠦ ᠵᠢᠨ ᠲᠦᠯᠦᠭᠡ ᠬᠠᠤᠯᠢ ᠪᠤᠰᠤ᠎ᠪᠠᠷ ᠬᠤᠳᠠᠯᠳᠤᠨ ᠠᠪᠬᠤ ᠵᠢ ᠴᠠᠭ᠋ᠠᠵᠠᠯᠠᠨ᠎ᠠ᠃
      ᠭᠤᠴᠢᠨ ᠨᠢᠭᠡᠳᠦᠭᠡᠷ ᠵᠦᠢ᠍ᠯ   ᠭᠡᠭᠡᠷ᠎ᠡ ᠵᠢᠨ ᠠᠮᠢᠲᠠᠨ ᠪᠤᠶᠤ ᠴᠠᠭ᠋ᠠᠵᠠᠲᠠᠢ ᠠᠩᠨᠠᠬᠤ ᠪᠠᠭ᠋ᠠᠵᠢ ᠵᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠎ᠳᠤ ᠵᠠᠷ ᠨᠡᠶ᠋ᠢᠲᠡᠯᠡᠵᠦ ᠦᠭᠭᠦ ᠵᠢ ᠴᠠᠭ᠋ᠠᠵᠠᠯᠠᠨ᠎ᠠ᠃ ᠭᠡᠭᠡᠷ᠎ᠡ ᠵᠢᠨ ᠠᠮᠢᠲᠠᠨ᠎ᠤ ᠦᠢ᠍ᠯᠡᠳᠬᠦᠨ᠎ᠢ ᠬᠠᠤᠯᠢ᠎ᠠᠴᠠ ᠵᠦᠷᠢᠴᠡᠨ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠎ᠳᠤ ᠵᠠᠷ ᠨᠡᠶ᠋ᠢᠲᠡᠯᠡᠵᠤ ᠦᠭᠬᠦ ᠵᠢ ᠴᠠᠭ᠋ᠠᠵᠠᠯᠠᠨ᠎ᠠ᠃
      ᠭᠤᠴᠢᠨ ᠬᠤᠶᠠᠳᠤᠭ᠋ᠠᠷ ᠵᠦᠢ᠍ᠯ   ᠰᠦᠯᠵᠢᠶᠡᠨ᠎ᠳᠠᠬᠢ ᠠᠷᠠᠯᠵᠢᠶᠠᠨ᠎ᠤ ᠲᠡᠪᠴᠠᠩ᠂ ᠲᠠᠸᠠᠷ᠎ᠤᠨ ᠠᠷᠠᠯᠵᠢᠶᠠᠨ᠎ᠤ ᠵᠠᠬ᠎ᠠ ᠲᠡᠯᠭᠡᠭᠦᠷ ᠵᠡᠷᠭᠡ ᠠᠷᠠᠯᠵᠢᠶᠠᠨ᠎ᠤ ᠲᠠᠯᠠᠪᠤᠷ᠎ᠲᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ ᠪᠤᠶᠤ ᠴᠠᠭ᠋ᠠᠵᠠᠲᠠᠢ ᠠᠩᠨᠠᠬᠤ ᠪᠠᠭ᠋ᠠᠵᠢ ᠵᠢ ᠬᠠᠤᠯᠢ᠎ᠠᠴᠠ ᠵᠦᠷᠢᠴᠡᠨ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠎ᠳᠤ ᠠᠷᠠᠯᠵᠢᠶᠠᠨ᠎ᠤ ᠦᠢ᠍ᠯᠡᠴᠢᠯᠡᠭᠡ ᠬᠠᠨᠭ᠌ᠭ᠋ᠠᠬᠤ ᠵᠢ ᠴᠠᠭ᠋ᠠᠵᠠᠯᠠᠨ᠎ᠠ᠃
    ᠭᠤᠴᠢᠨ ᠭᠤᠷᠪᠠᠳᠤᠭ᠋ᠠᠷ ᠵᠦᠢ᠍ᠯ   ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠂ ᠲᠤᠰ ᠬᠠᠤᠯᠢ ᠵᠢᠨ ᠬᠤᠷᠢᠨ ᠨᠠᠢ᠍ᠮᠠᠳᠤᠭ᠋ᠠᠷ ᠵᠦᠢ᠍ᠯ᠎ᠤᠨ ᠬᠤᠶᠠᠳᠤᠭ᠋ᠠᠷ ᠪᠠᠳᠠᠭ᠎ᠲᠤ ᠲᠤᠭᠲᠠᠭ᠋ᠠᠭᠰᠠᠨ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠵᠦᠭᠡᠭᠡᠪᠦᠷᠢᠯᠡᠵᠤ᠂ ᠠᠪᠴᠤ ᠶᠠᠪᠤᠵᠤ᠂ ᠢᠯᠡᠭᠡᠨ ᠶᠠᠪᠤᠭᠤᠯᠵᠤ ᠰᠢᠶᠠᠨ᠎ᠤ ᠬᠢᠯᠢ᠎ᠪᠠᠷ ᠭᠠᠷᠭ᠋ᠠᠬᠤ᠎ᠳᠤ᠂ ᠲᠤᠰ ᠬᠠᠤᠯᠢ ᠵᠢᠨ ᠬᠤᠷᠢᠨ ᠨᠢᠭᠡᠳᠦᠭᠡᠷ ᠵᠦᠢ᠍ᠯ᠂ ᠬᠤᠷᠢᠨ ᠲᠠᠪᠤᠳᠤᠭ᠋ᠠᠷ ᠵᠦᠢ᠍ᠯ᠂ ᠬᠤᠷᠢᠨ ᠲᠤᠯᠤᠳᠤᠭ᠋ᠠᠷ ᠵᠦᠢ᠍ᠯ ᠪᠤᠶᠤ ᠬᠤᠷᠢᠨ ᠨᠠᠢ᠍ᠮᠠᠳᠤᠭ᠋ᠠᠷ ᠵᠦᠢ᠍ᠯ᠎ᠳᠤ ᠲᠤᠭᠲᠠᠭ᠋ᠠᠭᠰᠠᠨ ᠵᠦᠪᠰᠢᠶᠡᠷᠡᠯ᠎ᠤᠨ ᠦᠨᠡᠮᠯᠡᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠠᠭᠤᠯᠪᠤᠷᠢ ᠲᠡᠪᠲᠡᠷ ᠪᠤᠶᠤ ᠲᠤᠰᠬᠠᠢ ᠢᠯᠡᠳᠬᠡᠮᠵᠢ ᠲᠡᠮᠳᠡᠭ ᠵᠢᠴᠢ ᠬᠢᠵᠢᠭ᠎ᠤᠨ ᠪᠠᠶ᠋ᠢᠴᠠᠭ᠋ᠠᠯᠲᠠ ᠵᠢᠨ ᠭᠡᠷᠡᠴᠢ᠎ᠲᠠᠢ ᠪᠠᠶ᠋ᠢᠬᠤ ᠪᠤᠶᠤ ᠡᠳᠡᠭᠡᠷ᠎ᠢ ᠳᠠᠭ᠋ᠠᠯᠳᠤᠭᠤᠯᠤᠭᠰᠠᠨ ᠪᠠᠶ᠋ᠢᠬᠤ ᠬᠡᠷᠡᠭᠲᠡᠢ᠃
    ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠯᠳᠠ ᠵᠢᠨ ᠪᠤᠰᠤ ᠭᠡᠭᠡᠷ᠎ᠡ ᠵᠢᠨ ᠠᠮᠢᠲᠠᠨ᠎ᠢ ᠵᠦᠭᠡᠭᠡᠪᠦᠷᠢᠯᠡᠵᠦ ᠰᠢᠶᠠᠨ᠎ᠤ ᠬᠢᠯᠢ᠎ᠪᠠᠷ ᠭᠠᠷᠭ᠋ᠠᠬᠤ᠎ᠳᠤ᠂ ᠠᠪᠠᠯᠠᠬᠤ᠂ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠡᠷᠭᠡ ᠬᠠᠤᠯᠢ ᠶᠤᠰᠤᠨ᠎ᠤ ᠢᠷᠡᠯᠲᠡ ᠵᠢᠨ ᠭᠡᠷᠡᠴᠢ ᠵᠢᠴᠢ ᠬᠢᠵᠢᠭ᠎ᠤᠨ ᠪᠠᠶ᠋ᠢᠴᠠᠭ᠋ᠠᠯᠲᠠ ᠵᠢᠨ ᠭᠡᠷᠡᠴᠢ᠎ᠲᠠᠢ ᠪᠠᠶ᠋ᠢᠬᠤ ᠬᠡᠷᠡᠭᠲᠡᠢ᠃
      ᠭᠤᠴᠢᠨ ᠳᠦᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ᠂ ᠤᠯᠠᠨ ᠨᠡᠶ᠋ᠢᠲᠡ᠎ᠳᠤ ᠳᠡᠯᠭᠡᠨ ᠦᠵᠡᠭᠦᠯᠬᠦ ᠵᠡᠷᠭᠡ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠠᠰᠢᠭᠯᠠᠬᠤ ᠠᠵᠢᠯᠯᠠᠭ᠎ᠠ ᠵᠢ ᠬᠢᠨᠠᠨ ᠬᠠᠮᠢᠶᠠᠷᠬᠤ ᠬᠡᠷᠡᠭᠲᠡᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠤᠰᠤᠭ᠋ᠠᠷ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠂ ᠵᠦᠭᠡᠭᠡᠪᠦᠷᠢᠯᠡᠬᠦ᠂ ᠢᠯᠡᠭᠡᠵᠦ ᠶᠠᠪᠤᠭᠤᠯᠬᠤ ᠵᠡᠷᠭᠡ ᠠᠵᠢᠯᠯᠠᠭ᠎ᠠ ᠵᠢ ᠬᠢᠨᠠᠨ ᠪᠠᠶ᠋ᠢᠴᠠᠭ᠋ᠠᠬᠤ ᠬᠡᠷᠡᠭᠲᠡᠢ᠃
    ᠭᠤᠴᠢᠨ ᠲᠠᠪᠤᠳᠤᠭ᠋ᠠᠷ ᠵᠦᠢ᠍ᠯ   ᠪᠦᠭᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠪᠠᠶ᠋ᠢᠭᠤᠯᠤᠭᠰᠠᠨ ᠪᠤᠶᠤ ᠤᠷᠤᠯᠴᠠᠭᠰᠠᠨ ᠤᠯᠠᠨ ᠤᠯᠤᠰ᠎ᠤᠨ ᠨᠡᠶ᠋ᠢᠲᠡ ᠵᠢᠨ ᠭᠡᠷ᠎ᠡ᠎ᠳᠤ ᠠᠷᠠᠯᠵᠢᠶᠠᠯᠠᠬᠤ ᠵᠢ ᠴᠠᠭ᠋ᠠᠵᠠᠯᠠᠭᠰᠠᠨ ᠪᠤᠶᠤ ᠬᠢᠵᠠᠭ᠋ᠠᠷᠯᠠᠭᠰᠠᠨ ᠭᠡᠭᠡᠷ᠎ᠡ ᠵᠢᠨ ᠠᠮᠢᠲᠠᠨ ᠪᠤᠶᠤ ᠲᠡᠭᠦᠨ᠎ᠤ ᠦᠢ᠍ᠯᠡᠳᠬᠦᠨ᠎ᠤ ᠨᠡᠷᠡᠰ᠎ᠢ ᠤᠯᠤᠰ᠎ᠤᠨ ᠮᠦᠬᠦᠬᠦ ᠰᠢᠬᠠᠭᠰᠠᠨ ᠳᠦᠷᠰᠦ ᠵᠢ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠭᠲᠠᠭ᠋ᠠᠵᠤ᠂ ᠲᠤᠬᠢᠷᠠᠭᠤᠯᠤᠯᠳᠠ ᠬᠢᠬᠦ ᠵᠢᠨ ᠬᠠᠮᠲᠤ ᠨᠡᠶ᠋ᠢᠲᠡᠯᠡᠨ᠎ᠡ᠃
      ᠡᠮᠦᠨᠡᠬᠢ ᠪᠠᠳᠠᠭ᠎ᠤᠨ ᠨᠡᠷᠡᠰ᠎ᠲᠤ ᠵᠢᠭᠰᠠᠭ᠋ᠠᠨ ᠤᠷᠤᠭᠤᠯᠤᠭᠰᠠᠨ ᠭᠡᠭᠡᠷ᠎ᠡ ᠵᠢᠨ ᠠᠮᠢᠲᠠᠨ ᠪᠤᠶᠤ ᠲᠡᠭᠦᠨ᠎ᠤ ᠦᠢ᠍ᠯᠡᠳᠬᠦᠨ᠎ᠢ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ᠂ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠪᠤᠶᠤ ᠲᠡᠭᠦᠨ᠎ᠤ ᠦᠢ᠍ᠯᠡᠳᠬᠦᠨ᠎ᠢ ᠭᠠᠳᠠᠭ᠋ᠠᠲᠤ᠎ᠳᠤ ᠭᠠᠷᠭ᠋ᠠᠬᠤ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠭᠦᠯᠬᠦ ᠵᠢᠨ ᠬᠠᠮᠲᠤ ᠤᠯᠤᠰ᠎ᠤᠨ ᠮᠦᠬᠦᠬᠦ ᠰᠢᠬᠠᠭᠰᠠᠨ ᠲᠦᠷᠰᠦ ᠵᠢ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠢᠨᠠᠨ ᠤᠯᠭᠤᠭᠰᠡᠨ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠢ ᠵᠦᠪᠰᠢᠶᠡᠷᠡᠭᠰᠡᠨ ᠭᠡᠷᠡᠴᠢ ᠪᠢᠴᠢᠭ᠎ᠢ ᠤᠯᠬᠤ ᠬᠡᠷᠡᠭᠲᠡᠢ᠃ ᠪᠤᠭᠤᠮᠲᠠ᠎ᠨᠢ ᠬᠢᠯᠢ᠎ᠪᠠᠷ ᠤᠷᠤᠭᠤᠯᠵᠤ ᠭᠠᠷᠭ᠋ᠠᠬᠤ ᠬᠢᠵᠢᠭ᠎ᠤᠨ ᠪᠠᠶ᠋ᠢᠴᠠᠭ᠋ᠠᠯᠲᠠ ᠵᠢ ᠬᠠᠤᠯᠢ ᠶᠤᠰᠤᠭ᠋ᠠᠷ ᠬᠡᠷᠡᠭᠵᠢᠭᠦᠯᠵᠦ᠂ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠢ ᠵᠦᠪᠰᠢᠶᠡᠷᠡᠭᠰᠡᠨ ᠭᠡᠷᠡᠴᠢ ᠪᠢᠴᠢᠭ᠂ ᠬᠢᠵᠢᠭ᠎ᠤᠨ ᠪᠠᠶ᠋ᠢᠴᠠᠭ᠋ᠠᠯᠲᠠ ᠵᠢᠨ ᠭᠡᠷᠡᠴᠢ ᠵᠢ ᠦᠵᠡᠵᠦ ᠪᠤᠭᠤᠮᠲᠠ ᠨᠡᠪᠲᠡᠷᠡᠬᠦ ᠭᠠᠷ ᠭᠦᠢ᠍ᠴᠡᠳᠬᠡᠯ᠎ᠢ ᠲᠤᠭᠲᠠᠭ᠋ᠠᠯ ᠶᠤᠰᠤᠭ᠋ᠠᠷ ᠬᠢᠨ᠎ᠡ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠬᠠᠮᠠᠭ᠋ᠠᠯᠠᠬᠤ᠎ᠳᠤ ᠬᠤᠯᠪᠤᠭᠳᠠᠬᠰᠠᠨ ᠭᠡᠭᠡᠷ᠎ᠡ ᠵᠢᠨ ᠠᠮᠢᠲᠠᠨ᠎ᠤ ᠲᠦᠷᠰᠦ ᠵᠢ ᠭᠠᠳᠠᠭ᠋ᠠᠳᠤ᠎ᠳᠤ ᠭᠠᠷᠭ᠋ᠠᠬᠤ᠎ᠳᠠᠭᠠᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠭᠦᠢ᠍ᠴᠡᠳᠬᠡᠨ᠎ᠡ᠃
    ᠲᠤᠰ ᠵᠦᠢ᠍ᠯ᠎ᠤᠨ ᠨᠢᠭᠡᠳᠦᠭᠡᠷ ᠪᠠᠳᠠᠭ᠎ᠤᠨ ᠨᠡᠷᠡᠰ᠎ᠲᠤ ᠵᠢᠭᠰᠠᠭ᠋ᠠᠨ ᠤᠷᠤᠭᠤᠯᠤᠭᠰᠠᠨ ᠭᠡᠭᠡᠷ᠎ᠡ ᠵᠢᠨ ᠠᠮᠢᠲᠠᠨ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠬᠢᠨᠠᠨ ᠵᠦᠪᠰᠢᠶᠡᠷᠡᠭᠦᠯᠦᠭᠡᠳ᠂ ᠲᠤᠰ ᠬᠠᠤᠯᠢ ᠵᠢ ᠲᠤᠬᠢᠷᠠᠭᠤᠯᠤᠨ ᠬᠡᠷᠡᠭᠯᠡᠬᠦ ᠬᠡᠪᠴᠢᠶᠡᠨ ᠲᠤᠲᠤᠷ᠎ᠠ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠤ ᠶᠤᠰᠤᠭ᠋ᠠᠷ ᠬᠠᠮᠢᠶᠠᠷᠴᠤ ᠪᠤᠯᠤᠨ᠎ᠠ᠃
      ᠭᠤᠴᠢᠨ ᠵᠢᠷᠭᠤᠳᠦᠭ᠋ᠠᠷ ᠵᠦᠢ᠍ᠯ   ᠤᠯᠤᠰ᠎ᠠᠴᠠ ᠭᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠵᠢᠴᠢ ᠬᠤᠯᠪᠤᠭᠳᠠᠯ ᠪᠦᠬᠦᠢ ᠬᠠᠤᠯᠢ ᠬᠡᠷᠡᠭᠵᠢᠭᠦᠯᠬᠦ ᠠᠵᠢᠯᠯᠠᠭ᠎ᠠ ᠦᠷᠨᠢᠭᠦᠯᠬᠦ ᠤᠯᠠᠨ ᠤᠯᠤᠰ᠎ᠤᠨ ᠬᠠᠮᠲᠤᠷᠠᠯᠴᠠᠭ᠎ᠠ ᠪᠤᠯᠤᠨ ᠰᠤᠯᠢᠯᠴᠠᠭ᠎ᠠ ᠵᠢ ᠵᠤᠬᠢᠶᠠᠨ ᠪᠠᠶ᠋ᠢᠭᠤᠯᠤᠨ᠎ᠠ; ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠨᠢᠭᠤᠴᠠ᠎ᠪᠠᠷ ᠠᠷᠠᠯᠵᠢᠶᠠᠯᠠᠬᠤ ᠪᠠ ᠬᠠᠤᠯᠢ ᠪᠤᠰᠤ᠎ᠪᠠᠷ ᠠᠷᠠᠯᠵᠢᠶᠠᠯᠠᠬᠤ ᠵᠢ ᠰᠡᠷᠬᠡᠶ᠋ᠢᠯᠡᠬᠦ ᠪᠠ ᠲᠡᠭᠦᠨ᠎ᠳᠤ ᠴᠤᠬᠢᠯᠲᠠ ᠦᠭᠭᠦ ᠰᠠᠯᠠᠭ᠎ᠠ ᠮᠦᠴᠢᠷ᠎ᠤᠨ ᠵᠤᠬᠢᠴᠠᠭᠤᠯᠬᠤ ᠲᠤᠭᠲᠠᠴᠠ ᠵᠢ ᠪᠠᠶ᠋ᠢᠭᠤᠯᠵᠤ᠂ ᠨᠢᠭᠤᠴᠠ᠎ᠪᠠᠷ ᠠᠷᠠᠯᠵᠢᠶᠠᠯᠠᠬᠤ ᠪᠠ ᠬᠠᠤᠯᠢ ᠪᠤᠰᠤ᠎ᠪᠠᠷ ᠠᠷᠠᠯᠵᠢᠶᠠᠯᠠᠬᠤ ᠵᠢ ᠰᠡᠷᠬᠡᠶ᠋ᠢᠯᠡᠬᠦ ᠪᠠ ᠲᠡᠭᠦᠨ᠎ᠳᠤ ᠴᠤᠬᠢᠯᠲᠠ ᠦᠭᠭᠦ ᠠᠵᠢᠯᠯᠠᠭ᠎ᠠ ᠵᠢ ᠦᠷᠨᠢᠭᠦᠯᠦᠨ᠎ᠡ᠃
      ᠭᠤᠴᠢᠨ ᠳᠤᠯᠤᠳᠤᠭ᠋ᠠᠷ ᠵᠦᠢ᠍ᠯ   ᠬᠢᠯᠢ ᠵᠢᠨ ᠭᠠᠳᠠᠨ᠎ᠠ᠎ᠠᠴᠠ ᠭᠡᠭᠡᠷ᠎ᠡ ᠵᠢᠨ ᠠᠮᠢᠲᠠᠨ᠎ᠤ ᠳᠦᠷᠰᠦ ᠵᠢ ᠤᠷᠤᠭᠤᠯᠬᠤ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠵᠦᠪᠰᠢᠶᠡᠷᠡᠭᠦᠯᠬᠦ ᠬᠡᠷᠡᠭᠲᠡᠢ᠃ ᠬᠢᠯᠢ ᠵᠢᠨ ᠭᠠᠳᠠᠨ᠎ᠠ᠎ᠠᠴᠠ ᠲᠤᠰ ᠬᠠᠤᠯᠢ ᠵᠢᠨ ᠭᠤᠴᠢᠨ ᠲᠠᠪᠤᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠨᠠᠷᠠᠰ᠎ᠲᠤ ᠵᠢᠭᠰᠠᠭ᠋ᠠᠨ ᠤᠷᠤᠭᠤᠯᠤᠭᠰᠠᠨ ᠭᠡᠭᠡᠷ᠎ᠡ ᠵᠢᠨ ᠠᠮᠢᠲᠠᠨ᠎ᠢ ᠤᠷᠤᠭᠤᠯᠬᠤ᠎ᠳᠤ ᠪᠠᠰᠠ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠢ ᠵᠦᠪᠰᠢᠶᠡᠷᠡᠭᠰᠡᠨ ᠭᠡᠷᠡᠴᠢ ᠪᠢᠴᠢᠭ᠎ᠢ ᠬᠠᠤᠯᠢ ᠶᠤᠰᠤᠭ᠋ᠠᠷ ᠤᠯᠤᠭᠰᠠᠨ ᠪᠠᠶ᠋ᠢᠬᠤ ᠬᠡᠷᠡᠭᠲᠡᠢ᠃ ᠪᠤᠭᠤᠮᠲᠠ᠎ᠨᠢ ᠬᠢᠯᠢ᠎ᠪᠠᠷ ᠤᠷᠤᠬᠤ ᠬᠢᠵᠢᠭ᠎ᠤᠨ ᠪᠠᠶ᠋ᠢᠴᠠᠭ᠋ᠠᠯᠲᠠ ᠵᠢ ᠬᠠᠤᠯᠢ ᠶᠤᠰᠤᠭ᠋ᠠᠷ ᠬᠡᠷᠡᠭᠵᠢᠭᠦᠯᠵᠦ᠂ ᠭᠠᠳᠠᠭ᠋ᠠᠲᠤ᠎ᠠᠴᠠ ᠤᠷᠤᠭᠤᠯᠬᠤ ᠵᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠢ ᠵᠦᠪᠰᠢᠶᠡᠷᠡᠭᠰᠡᠨ ᠭᠡᠷᠡᠴᠢ ᠪᠢᠴᠢᠭ ᠵᠢᠴᠢ ᠬᠢᠵᠢᠭ᠎ᠤᠨ ᠪᠠᠶ᠋ᠢᠴᠠᠭ᠋ᠠᠯᠲᠠ ᠵᠢᠨ ᠭᠡᠷᠡᠴᠢ ᠵᠢ ᠦᠵᠡᠵᠦ ᠪᠤᠭᠤᠮᠲᠠ ᠨᠡᠪᠲᠡᠷᠡᠬᠦ ᠭᠠᠷ ᠭᠦᠢ᠍ᠴᠡᠳᠬᠡᠯ᠎ᠢ ᠲᠤᠭᠲᠠᠭ᠋ᠠᠯ ᠶᠤᠰᠤᠭ᠋ᠠᠷ ᠬᠢᠨ᠎ᠡ᠃
      ᠬᠢᠯᠢ ᠵᠢᠨ ᠭᠠᠳᠠᠨ᠎ᠠ᠎ᠠᠴᠠ ᠭᠡᠭᠡᠷ᠎ᠡ ᠵᠢᠨ ᠠᠮᠢᠲᠠᠨ᠎ᠤ ᠳᠦᠷᠰᠦ ᠵᠢ ᠤᠷᠤᠭᠤᠯᠬᠤ᠎ᠳᠤ ᠠᠮᠤᠷ ᠲᠦᠪᠰᠢᠨ ᠪᠦᠭᠡᠳ ᠨᠠᠶ᠋ᠢᠳᠠᠪᠤᠷᠢᠲᠠᠢ ᠰᠡᠷᠬᠡᠶ᠋ᠢᠯᠡᠬᠦ ᠠᠷᠭ᠎ᠠ ᠬᠡᠮᠵᠢᠶ᠎ᠡ ᠠᠪᠴᠤ᠂ ᠲᠡᠭᠦᠨ᠎ᠤ ᠭᠡᠭᠡᠷ᠎ᠡ ᠵᠢᠨ ᠤᠷᠴᠢᠨ᠎ᠳᠤ ᠤᠷᠤᠬᠤ ᠵᠢ ᠰᠡᠷᠬᠡᠶ᠋ᠢᠯᠡᠨ᠂ ᠠᠮᠢ ᠠᠬᠤᠢ ᠵᠢᠨ ᠰᠢᠰᠲ᠋ᠧᠮ᠎ᠳᠤ ᠬᠤᠤᠷ ᠬᠦᠨᠦᠭᠡᠯ ᠤᠴᠠᠷᠠᠭᠤᠯᠬᠤ᠎ᠠᠴᠠ ᠵᠠᠶ᠋ᠢᠯᠠᠰᠬᠢᠬᠦ ᠬᠡᠷᠡᠭᠲᠡᠢ᠃ ᠲᠡᠭᠦᠨ᠎ᠢ ᠦᠨᠡᠭᠡᠷ ᠭᠡᠭᠡᠷ᠎ᠡ ᠭᠠᠳᠠᠭ᠎ᠠ ᠲᠠᠯᠪᠢᠵᠤ ᠶᠠᠪᠤᠭᠤᠯᠬᠤ ᠴᠢᠬᠤᠯᠠᠲᠠᠢ ᠪᠠᠶ᠋ᠢᠪᠠᠯ᠂ ᠤᠯᠤᠰ᠎ᠤᠨ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠭᠦᠢ᠍ᠴᠡᠳᠬᠡᠨ᠎ᠡ᠃
      ᠭᠤᠴᠢᠨ ᠨᠠᠢ᠍ᠮᠠᠳᠤᠭ᠋ᠠᠷ ᠵᠦᠢ᠍ᠯ   ᠶᠠᠮᠠᠷᠪᠠ ᠵᠤᠬᠢᠶᠠᠨ ᠪᠠᠶ᠋ᠢᠭᠤᠯᠤᠯᠲᠠ ᠪᠤᠯᠤᠨ ᠬᠤᠪᠢ ᠬᠦᠮᠦᠨ ᠭᠡᠭᠡᠷ᠎ᠡ ᠵᠢᠨ ᠠᠮᠢᠲᠠᠨ᠎ᠢ ᠭᠡᠭᠡᠷ᠎ᠡ ᠵᠢᠨ ᠤᠷᠴᠢᠨ᠎ᠳᠤ ᠲᠠᠯᠪᠢᠵᠤ ᠶᠠᠪᠤᠭᠤᠯᠬᠤ᠎ᠳᠤ᠂ ᠲᠠᠯᠪᠢᠵᠤ ᠶᠠᠪᠤᠭᠤᠯᠬᠤ ᠭᠠᠵᠠᠷ᠎ᠤᠨ ᠭᠡᠭᠡᠷ᠎ᠡ ᠭᠠᠳᠠᠭ᠎ᠠ ᠤᠷᠤᠰᠢᠨ ᠠᠮᠢᠳᠤᠷᠠᠬᠤ᠎ᠳᠤ ᠲᠤᠬᠢᠷᠠᠬᠤ ᠲᠤᠬᠠᠢ ᠵᠢᠨ ᠭᠠᠵᠠᠷ᠎ᠤᠨ ᠳᠦᠷᠰᠦ ᠵᠢ ᠰᠤᠩᠭᠤᠬᠤ ᠬᠡᠷᠡᠭᠲᠡᠢ᠂ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠬᠡᠪ᠎ᠤᠨ ᠠᠮᠢᠳᠤᠷᠠᠯ ᠦᠢ᠍ᠯᠡᠳᠪᠦᠷᠢᠯᠡᠯ᠎ᠢ ᠬᠠᠷᠰᠢᠯᠠᠵᠤ ᠪᠤᠯᠬᠤ ᠦᠭᠡᠢ ᠪᠦᠭᠡᠳ ᠠᠮᠢ ᠠᠬᠤᠢ ᠵᠢᠨ ᠰᠢᠰᠲ᠋ᠧᠮ᠎ᠳᠤ ᠬᠤᠤᠷ ᠬᠦᠨᠦᠭᠡᠯ ᠤᠴᠠᠷᠠᠭᠤᠯᠬᠤ᠎ᠠᠴᠠ ᠵᠠᠶ᠋ᠢᠯᠠᠰᠬᠢᠬᠦ ᠬᠡᠷᠡᠭᠲᠡᠢ᠃ ᠭᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠲᠠᠯᠪᠢᠵᠤ᠂ ᠪᠤᠰᠤᠳ᠎ᠤᠨ ᠪᠡᠶ᠎ᠡ ᠮᠠᠬᠠᠪᠤᠳ᠂ ᠡᠳ᠋ ᠬᠦᠷᠦᠩᠭᠡ᠎ᠳᠤ ᠬᠤᠬᠢᠷᠠᠯ ᠤᠴᠠᠷᠠᠭᠤᠯᠤᠭᠰᠠᠨ ᠪᠤᠶᠤ ᠠᠮᠢ ᠠᠬᠤᠢ ᠵᠢᠨ ᠰᠢᠰᠲ᠋ᠧᠮ᠎ᠳᠤ ᠬᠤᠤᠷ ᠬᠦᠨᠦᠭᠡᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠤᠰᠤᠭ᠋ᠠᠷ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠨ᠎ᠡ᠃
      ᠭᠤᠴᠢ ᠶᠢᠰᠦᠳᠦᠭᠡᠷ ᠵᠦᠢ᠍ᠯ   ᠤᠨᠴᠠ ᠵᠦᠪᠰᠢᠶᠡᠷᠡᠯ᠎ᠤᠨ ᠠᠩᠨᠠᠬᠤ ᠦᠨᠡᠮᠯᠡᠯ᠂ ᠠᠪᠠᠯᠠᠬᠤ ᠦᠨᠡᠮᠯᠡᠯ᠂ ᠬᠦᠮᠦᠨ᠎ᠤ ᠬᠦᠴᠦ᠎ᠪᠠᠷ ᠦᠷᠡᠵᠢᠭᠦᠯᠦᠨ ᠪᠤᠶ᠋ᠢᠵᠢᠭᠤᠯᠬᠤ ᠵᠦᠪᠰᠢᠶᠡᠷᠡᠯ᠎ᠤᠨ ᠦᠨᠡᠮᠯᠡᠯ ᠵᠢᠴᠢ ᠲᠤᠰᠬᠠᠢ ᠢᠯᠡᠳᠬᠡᠮᠵᠢ ᠲᠡᠮᠳᠡᠭ᠂ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠵᠢᠴᠢ ᠲᠡᠭᠦᠨ᠎ᠤ ᠦᠢ᠍ᠯᠡᠳᠬᠦᠨ᠎ᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠵᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠢ ᠵᠦᠪᠰᠢᠶᠡᠷᠡᠭᠰᠡᠨ ᠭᠡᠷᠡᠴᠢ ᠪᠢᠴᠢᠭ᠂ ᠭᠠᠳᠠᠭ᠋ᠠᠲᠤ᠎ᠠᠴᠠ ᠤᠷᠤᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠡᠷᠭᠡ ᠵᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠬᠠᠭᠤᠷᠮᠠᠭᠯᠠᠨ ᠵᠤᠬᠢᠶᠠᠬᠤ᠂ ᠬᠤᠪᠢᠷᠠᠭᠤᠯᠤᠨ ᠵᠤᠬᠢᠶᠠᠬᠤ᠂ ᠬᠤᠳᠠᠯᠳᠤᠭ᠋ᠠᠯᠠᠬᠤ᠂ ᠰᠢᠯᠵᠢᠭᠦᠯᠬᠦ᠂ ᠲᠦᠷᠢᠶᠡᠰᠦᠯᠡᠬᠦᠯᠬᠦ ᠵᠢ ᠴᠠᠭ᠋ᠠᠵᠠᠯᠠᠨ᠎ᠠ᠃
      ᠡᠮᠦᠨᠡᠬᠢ ᠪᠠᠳᠠᠭ᠎ᠲᠤ ᠲᠤᠭᠲᠠᠭ᠋ᠠᠭᠰᠠᠨ ᠬᠤᠯᠪᠤᠭᠳᠠᠯ ᠪᠦᠬᠦᠢ ᠵᠦᠪᠰᠢᠶᠡᠷᠡᠯ᠎ᠤᠨ ᠭᠡᠷᠡᠴᠢ ᠪᠢᠴᠢᠭ᠂ ᠲᠤᠰᠬᠠᠢ ᠢᠯᠡᠳᠬᠡᠮᠵᠢ ᠲᠡᠮᠳᠡᠭ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠲᠠᠷᠬᠠᠭ᠋ᠠᠭᠰᠠᠨ ᠪᠠᠶ᠋ᠢᠳᠠᠯ᠎ᠢ ᠬᠠᠤᠯᠢ ᠶᠤᠰᠤᠭ᠋ᠠᠷ ᠢᠯᠡ ᠪᠤᠯᠭ᠋ᠠᠬᠤ ᠬᠡᠷᠡᠭᠲᠡᠢ᠃
      ᠳᠦᠴᠢᠳᠦᠭᠡᠷ ᠵᠦᠢ᠍ᠯ   ᠭᠠᠳᠠᠭ᠋ᠠᠲᠤ ᠵᠢᠨ ᠬᠦᠮᠦᠨ ᠮᠠᠨ᠎ᠤ ᠤᠯᠤᠰ᠎ᠲᠤ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ᠎ᠢ ᠭᠡᠭᠡᠷ᠎ᠡ ᠭᠠᠳᠠᠭ᠎ᠠ ᠰᠢᠨᠵᠢᠯᠡᠨ ᠪᠠᠶ᠋ᠢᠴᠠᠭ᠋ᠠᠬᠤ ᠪᠤᠶᠤ ᠭᠡᠭᠡᠷ᠎ᠡ ᠭᠠᠳᠠᠭ᠎ᠠ ᠺᠢᠨᠤ᠋ ᠰᠡᠭᠦᠳᠡᠷᠯᠡᠬᠦ᠂ ᠳᠦᠷᠰᠦ ᠰᠢᠩᠭᠡᠭᠡᠬᠦ᠎ᠳᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠭᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠦᠨ᠎ᠤ ᠡᠷᠬᠡ ᠤᠯᠭᠤᠭᠰᠠᠨ ᠨᠢᠭᠡᠴᠢ᠎ᠪᠠᠷ ᠵᠦᠪᠰᠢᠶᠡᠷᠡᠭᠦᠯᠬᠦ ᠬᠡᠷᠡᠭᠲᠡᠢ ᠪᠦᠭᠡᠳ ᠬᠤᠯᠪᠤᠭᠳᠠᠯ ᠪᠦᠬᠦᠢ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠤᠨ ᠲᠤᠭᠲᠠᠭ᠋ᠠᠯ᠎ᠢ ᠵᠢᠷᠤᠮᠯᠠᠨ ᠰᠠᠬᠢᠬᠤ ᠬᠡᠷᠡᠭᠲᠡᠢ᠃
      ᠳᠦᠴᠢᠨ ᠨᠢᠭᠡᠳᠦᠭᠡᠷ ᠵᠦᠢ᠍ᠯ   ᠤᠷᠤᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠭᠡᠭᠡᠷ᠎ᠡ ᠵᠢᠨ ᠠᠮᠢᠲᠠᠨ ᠪᠠ ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠯᠳᠠ ᠵᠢᠨ ᠪᠤᠰᠤ ᠪᠤᠰᠤᠳ ᠭᠡᠭᠡᠷ᠎ᠡ ᠵᠢᠨ ᠠᠮᠢᠲᠠᠨ᠎ᠤ ᠬᠠᠮᠢᠶᠠᠷᠤᠯᠲᠠ ᠵᠢᠨ ᠠᠷᠭ᠎ᠠ ᠵᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠪᠤᠶᠤ ᠲᠡᠭᠦᠨ᠎ᠤ ᠪᠠᠶ᠋ᠢᠡᠭᠭᠤ ᠵᠢᠨ ᠬᠤᠷᠢᠶ᠎ᠠ᠎ᠠᠴᠠ ᠲᠤᠭᠲᠠᠭ᠋ᠠᠨ᠎ᠠ᠃

ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ