ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠳᠣᠲᠣᠭ᠋ᠠᠳᠤ ᠵᠢ ᠬᠠᠮᠠᠭ᠋ᠠᠯᠠᠬᠤ ᠶᠠᠮᠤᠨ 《ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠰᠢᠢ᠍ᠳᠪᠦᠷᠢᠯᠡᠬᠦ ᠵᠢᠷᠤᠮ᠎ᠤᠨ ᠲᠣᠭᠲᠠᠭ᠋ᠠᠯ》᠎ᠳᠤ ᠵᠠᠰᠠᠪᠤᠷᠢ ᠣᠷᠣᠭᠤᠯᠪᠠ
ᠨᠡᠶ᠋ᠢᠲᠡᠯᠡᠭᠰᠡᠨ ᠴᠠᠭ᠄ 2020-04-20

        ᠳᠣᠲᠣᠭ᠋ᠠᠳᠤ ᠵᠢ ᠬᠠᠮᠠᠭ᠋ᠠᠯᠠᠬᠤ ᠶᠠᠮᠤᠨ 《ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ᠎ᠠᠴᠠ

        ᠵᠥᠷᠢᠴᠡᠭᠰᠡᠨ ᠠᠵᠢᠯᠯᠠᠭ᠎ᠠ ᠵᠢ ᠰᠢᠢ᠍ᠳᠪᠦᠷᠢᠯᠡᠬᠦ ᠵᠢᠷᠤᠮ᠎ᠤᠨ ᠲᠣᠭᠲᠠᠭ᠋ᠠᠯ》᠎ᠳᠤ ᠵᠠᠰᠠᠪᠤᠷᠢ ᠣᠷᠣᠭᠤᠯᠪᠠ


      ᠬᠠᠤᠯᠢ ᠵᠢ ᠴᠢᠩᠭ᠎ᠠ ᠵᠢᠷᠤᠮᠵᠢᠭᠤᠨ ᠲᠥᠪ ᠭᠣᠤᠯᠴᠢ ᠪᠣᠯᠪᠠᠰᠤᠨ ᠵᠶ᠋ᠠᠷ ᠬᠡᠷᠡᠭᠵᠢᠭᠦᠯᠬᠦ ᠱᠠᠭ᠋ᠠᠷᠳᠠᠯᠭ᠎ᠠ ᠵᠢ ᠲᠣᠭᠣᠰᠢᠯᠠᠭᠣᠯᠣᠨ ᠨᠠᠢ᠌ᠳᠠᠪᠤᠷᠢᠵᠢᠭᠤᠯᠬᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠥᠯᠥᠭᠡ᠂ ᠣᠢ᠌ᠷ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ 《ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ ᠵᠢᠷᠤᠮ᠎ᠤᠨ ᠲᠣᠭᠲᠠᠭ᠋ᠠᠯ》 (ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠠᠷᠯᠢᠭ 157 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠵᠤ᠂ ᠰᠢᠨ᠎ᠡ 《  ᠵᠢᠷᠤᠮ᠎ᠤᠨ ᠲᠣᠭᠲᠠᠭ᠋ᠠᠯ》᠎ᠢ 2020 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃
      ᠬᠠᠤᠯᠢ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠵᠢᠷᠤᠮᠵᠢᠭᠤᠯᠬᠤ᠂ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭᠲᠠᠶ ᠪᠠᠶ᠋ᠢᠯᠭ᠋ᠠᠬᠤ ᠵᠢ ᠠᠬᠢᠭᠤᠯᠬᠤ᠎ᠪᠠᠷ ᠵᠣᠭᠰᠣᠴᠠ ᠪᠣᠯᠭ᠋ᠠᠵᠤ᠂ 《ᠵᠢᠷᠤᠮ᠎ᠤᠨ ᠲᠣᠭᠲᠠᠭ᠋ᠠᠯ》᠎ᠳᠤ 6 ᠲᠠᠯ᠎ᠠ ᠵᠢᠨ ᠠᠭᠤᠯᠭ᠎ᠠ᠎ᠳᠤ ᠭᠣᠤᠯᠳᠠᠯᠭ᠎ᠠ᠎ᠲᠠᠢ ᠵᠠᠰᠠᠪᠤᠷᠢ ᠣᠷᠣᠭᠤᠯᠪᠠ᠄
      ᠨᠢᠭᠡ᠎ᠳᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠬᠥᠮᠦᠨ ᠮᠣᠵᠢ ᠠᠯᠣᠰᠯᠠᠨ ᠣᠨᠳᠣᠤ ᠭᠠᠵᠠᠷ᠎ᠲᠤ ᠲᠣᠬᠠᠢ ᠵᠢᠨ ᠭᠠᠵᠠᠷ᠎ᠠᠴᠠ ᠪᠣᠰᠣᠳ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠵᠦ ᠪᠣᠯᠤᠨ᠎ᠠ᠃
      ᠬᠣᠶᠠᠷ᠎ᠲᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠵᠢ ᠮᠡᠳᠡᠭᠳᠡᠬᠦ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃
      ᠭᠤᠷᠪᠠ᠎ᠳᠤ᠂ ᠡᠯᠧᠺᠲᠷᠣᠨ ᠵᠶ᠋ᠠᠷ ᠬᠦᠷᠭᠡᠬᠦ ᠪᠠ ᠠᠯᠪᠠᠨ ᠵᠠᠷ ᠵᠶ᠋ᠠᠷ ᠬᠦᠷᠭᠡᠬᠦ ᠵᠢᠷᠤᠮ᠎ᠢ ᠨᠡᠮᠡᠪᠡ᠃
      ᠲᠦᠷᠪᠡ᠎ᠳᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ ᠵᠢᠷᠤᠮ᠎ᠢ ᠲᠡᠭᠦᠯᠳᠡᠷᠵᠢᠭᠦᠯᠪᠡ᠃
      ᠲᠠᠪᠤ᠎ᠳᠤ᠂ ᠮᠡᠳᠡᠭᠡ ᠵᠠᠩᠭᠢ ᠵᠢ ᠰᠢᠯᠵᠢᠭᠦᠯᠬᠦ ᠲᠦᠷᠢᠮ᠎ᠢ ᠲᠣᠭᠲᠠᠭ᠋ᠠᠪᠠ᠃
ᠵᠢᠷᠭᠤᠭ᠎ᠠ᠎ᠳᠤ᠂ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠲᠣᠭᠲᠠᠭ᠋ᠠᠯ᠎ᠢ ᠨᠡᠮᠡᠪᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ