ᠳᠤᠮᠳᠠᠳᠤ ᠤᠯᠤᠰᠤᠨ ᠡᠪ ᠬᠠᠮᠲᠤ ᠨᠠᠮᠤᠨ ᠲᠥᠪ ᠬᠣᠷᠢᠶᠠ 《ᠳᠤᠮᠳᠠᠳᠤ ᠤᠯᠤᠰᠤᠨ ᠡᠪ
ᠬᠠᠮᠲᠤ ᠨᠠᠮᠤᠨ ᠦᠨᠳᠦᠰᠦᠨ ᠱᠠᠲᠤᠨᠤ ᠵᠣᠬᠢᠶᠠᠨ ᠪᠠᠶ᠋ᠢᠭᠤᠯᠤᠯᠲᠠ ᠵᠢᠨ ᠰᠣᠩᠭᠣᠭᠣᠯᠢ ᠵᠢᠨ
ᠠᠵᠢᠯᠤᠨ ᠳᠦᠷᠢᠮ》ᠢ ᠳᠠᠷᠤᠮᠠᠯᠯᠠᠨ ᠲᠠᠷᠬᠠᠭ᠋ᠠᠪᠠ
ᠣᠶ᠋ᠢᠷᠠᠳᠤ᠂ ᠳᠤᠮᠳᠠᠳᠤ ᠤᠯᠤᠰᠤᠨ ᠡᠪ ᠬᠠᠮᠲᠤ ᠨᠠᠮᠤᠨ ᠲᠥᠪ ᠬᠣᠷᠢᠶᠠ 《ᠳᠤᠮᠳᠠᠳᠤ ᠤᠯᠤᠰᠤᠨ ᠡᠪ ᠬᠠᠮᠲᠤ ᠨᠠᠮᠤᠨ ᠦᠨᠳᠦᠰᠦᠨ ᠱᠠᠲᠤᠨᠤ ᠵᠣᠬᠢᠶᠠᠨ ᠪᠠᠶ᠋ᠢᠭᠤᠯᠤᠯᠲᠠ ᠵᠢᠨ ᠰᠣᠩᠭᠣᠭᠣᠯᠢ ᠵᠢᠨ ᠠᠵᠢᠯᠤᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨᠠ)ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠣᠯᠭ᠋ᠠᠵᠣ᠂ ᠡᠯᠡ ᠭᠠᠵᠠᠷ ᠣᠷᠣᠨ ᠡᠯᠡ ᠰᠠᠯᠠᠭᠠ ᠮᠥᠴᠢᠷᠤᠨᠬᠢᠨ ᠬᠢᠨᠠᠮᠠᠭ᠋ᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃
ᠮᠡᠳᠡᠭᠳᠡᠯᠳᠤ ᠵᠢᠭ᠋ᠠᠵᠤ ᠭᠠᠷᠭ᠋ᠠᠭᠰᠠᠨᠨᠢ᠂ 《ᠳᠦᠷᠢᠮ》ᠨᠢ ᠰᠢ ᠵᠢᠨ ᠫᠢᠩᠤᠨ ᠰᠢᠨᠡ ᠴᠠᠭ ᠦᠶᠡ ᠵᠢᠨ ᠳᠤᠮᠳᠠᠳᠤ ᠤᠯᠤᠰᠤᠨ ᠣᠨᠴᠠᠯᠢᠭ ᠪᠦᠬᠦᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠣᠭᠣᠳᠤᠯᠭᠠ ᠪᠣᠯᠭ᠋ᠠᠵᠤ᠂ ᠨᠠᠮᠤᠨ ᠳᠦᠷᠢᠮ ᠵᠶ᠋ᠠᠷ ᠦᠨᠳᠦᠰᠦᠨ ᠵᠢᠷᠤᠮᠯᠠᠯ ᠪᠣᠯᠭ᠋ᠠᠵᠣ᠂ ᠨᠠᠮᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨᠤ ᠲᠥᠪ ᠬᠣᠷᠢᠶᠠᠨᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯᠤᠨ ᠵᠣᠷᠢᠭ ᠰᠠᠨᠠᠭᠠ ᠵᠢ ᠭᠦᠨᠵᠡᠭᠡᠶ ᠲᠣᠭᠣᠰᠢᠯᠠᠭᠣᠯᠵᠣ᠂ ᠰᠢᠨᠡ ᠴᠠᠭ ᠦᠶᠡ ᠵᠢᠨ ᠨᠠᠮᠤᠨ ᠪᠠᠶ᠋ᠢᠭᠤᠯᠤᠯᠲᠠ ᠵᠢᠨ ᠶᠡᠷᠦᠩᠬᠡᠢ ᠱᠠᠭ᠋ᠠᠷᠳᠠᠯᠭᠠ ᠪᠣᠯᠤᠨ ᠰᠢᠨᠡ ᠴᠠᠭ ᠦᠶᠡ ᠵᠢᠨ ᠨᠠᠮᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠯ ᠰᠢᠨᠡ ᠴᠠᠭ ᠦᠶᠡ ᠵᠢᠨ ᠦᠨᠳᠦᠰᠦᠨ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠵᠢᠨ ᠰᠣᠩᠭᠣᠭᠤᠯᠢ ᠵᠢᠨ ᠠᠵᠢᠯᠤᠨ ᠦᠨᠳᠦᠰᠦᠨ ᠵᠢᠷᠤᠮᠯᠠᠯ ᠮᠥᠨ ᠭᠡᠵᠡᠢ᠃
ᠮᠡᠳᠡᠭᠳᠡᠯᠳᠤ ᠴᠢᠬᠤᠯᠠᠴᠢᠯᠠᠭᠰᠠᠨᠨᠢ᠂ 《ᠳᠦᠷᠢᠮ》ᠢ ᠲᠣᠭᠲᠠᠭ᠋ᠠᠬᠤ ᠪᠠ ᠬᠡᠷᠡᠭᠵᠢᠭᠦᠯᠬᠦᠨᠢ ᠨᠠᠮᠤᠨ ᠳᠣᠲᠣᠭ᠋ᠠᠳᠤ ᠵᠢᠨ ᠠᠷᠠᠳᠴᠢᠯᠠᠯᠢ ᠪᠠᠳᠠᠷᠠᠭᠤᠯᠵᠤ᠂ ᠨᠠᠮᠤᠨ ᠭᠡᠰᠢᠭᠦᠨᠤ ᠠᠷᠠᠳᠴᠢᠯᠠᠯᠤᠨ ᠡᠷᠬᠡ ᠵᠢ ᠬᠦᠨᠳᠦᠳᠬᠡᠨ ᠪᠠᠲᠤᠯᠠᠵᠤ᠂ ᠦᠨᠳᠦᠰᠦᠨ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠵᠢᠨ ᠰᠣᠩᠭᠣᠭᠤᠯᠢ ᠵᠢ ᠵᠢᠷᠣᠮᠵᠢᠭᠣᠯᠵᠣ᠂ ᠦᠨᠳᠦᠰᠦᠨ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ ᠵᠢᠨ ᠬᠦᠴᠦᠨᠢ ᠨᠡᠮᠡᠭᠳᠡᠭᠦᠯᠬᠦ᠂ ᠦᠨᠳᠦᠰᠦᠨ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠵᠢ ᠨᠠᠮᠤᠨ ᠵᠣᠷᠢᠯᠲᠠ ᠵᠢ ᠤᠬᠠᠭᠤᠯᠬᠤ᠂ ᠨᠠᠮᠤᠨ ᠲᠣᠭᠲᠠᠭ᠋ᠠᠯᠢ ᠲᠣᠭᠣᠰᠢᠯᠠᠭᠣᠯᠬᠣ᠂ ᠦᠨᠳᠦᠰᠦᠨ ᠱᠠᠲᠤᠨᠤ ᠵᠠᠰᠠᠯᠲᠠ ᠵᠢ ᠤᠳᠤᠷᠢᠳᠬᠤ᠂ ᠣᠯᠠᠨ ᠲᠦᠮᠡᠨᠢ ᠪᠦᠯᠬᠦᠮᠳᠡᠭᠦᠯᠦᠨ ᠳᠠᠶ᠋ᠢᠴᠢᠯᠠᠬᠤ᠂ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠪᠠᠲᠤ ᠪᠡᠬᠢ ᠳᠠᠶ᠋ᠢᠴᠢᠨ ᠪᠡᠬᠢᠯᠡᠯᠲᠡ ᠪᠣᠯᠭ᠋ᠠᠨ ᠪᠠᠢ᠌ᠭᠣᠯᠵᠣ᠂ ᠨᠠᠮᠤᠨ ᠤᠷᠳᠤ ᠬᠤᠭᠤᠴᠠᠭᠠᠪᠠᠷ ᠲᠦᠷᠦ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠰᠠᠭᠤᠷᠢ ᠵᠢ ᠪᠡᠬᠢᠵᠢᠭᠦᠯᠬᠦᠳᠤ ᠴᠢᠬᠤᠯᠠ ᠠᠴᠢ ᠬᠣᠯᠪᠣᠭᠳᠠᠯᠲᠠᠢ ᠶᠤᠮ ᠭᠡᠵᠡᠢ᠃
ᠮᠡᠳᠡᠭᠳᠡᠯᠳᠤ ᠱᠠᠭ᠋ᠠᠷᠳᠠᠭᠰᠠᠨᠨᠢ᠂ ᠡᠯᠡ ᠱᠠᠲᠤᠨᠤ ᠨᠠᠮᠤᠨ ᠬᠣᠷᠢᠶᠠ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷᠢ ᠬᠠᠮᠠᠭ᠋ᠠᠯᠠᠬᠤ》 ᠵᠢ ᠪᠡᠶᠡᠯᠡᠭᠦᠯᠵᠦ᠂ ᠭᠣᠤᠯ ᠴᠣᠭᠴᠠ ᠵᠢᠨ ᠬᠠᠷᠢᠭᠤᠴᠠᠯᠭᠠᠪᠠᠨ ᠴᠢᠩᠭᠠ ᠨᠠᠢ᠌ᠳᠠᠪᠣᠷᠢᠵᠢᠭᠣᠯᠵᠣ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭᠠᠪᠠᠨ ᠴᠢᠩᠭ᠋ᠠᠳᠬᠠᠵᠤ᠂ ᠬᠢᠨᠠᠯᠲᠠ ᠲᠠᠯᠪᠢᠵᠤ ᠬᠠᠷᠢᠭᠤᠴᠠᠯᠭᠠ ᠨᠡᠬᠡᠮᠵᠢᠯᠡᠬᠦ ᠵᠢ ᠴᠢᠩᠭ᠋ᠠᠳᠬᠠᠵᠤ᠂ 《ᠲᠦᠷᠢᠮ》ᠢ ᠪᠣᠳᠠᠲᠠᠶᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨᠠ᠃ 《ᠳᠦᠷᠢᠮ》ᠤᠨ ᠤᠬᠠᠭᠤᠯᠭᠠ ᠲᠠᠶ᠋ᠢᠯᠤᠮᠵᠢ ᠪᠠ ᠰᠤᠷᠤᠯᠴᠠᠯᠭᠠ ᠪᠣᠯᠪᠠᠰᠤᠷᠠᠭᠤᠯᠤᠯᠢ ᠬᠢᠨᠠᠮᠠᠭ᠋ᠠᠶ ᠰᠠᠶ᠋ᠢᠲᠤᠷ ᠠᠳᠬᠣᠵᠣ᠂ ᠡᠯᠡ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮᠤᠨ ᠭᠡᠰᠢᠭᠦᠳᠲᠤ 《ᠳᠦᠷᠢᠮ》ᠤᠨ ᠵᠣᠷᠢᠭ ᠰᠠᠨᠠᠭᠠ ᠵᠢ ᠭᠦᠨᠵᠡᠭᠡᠶ ᠣᠢ᠌ᠯᠠᠭ᠋ᠠᠭᠤᠯᠵᠤ᠂ 《ᠳᠦᠷᠢᠮ》ᠤᠨ ᠠᠭᠤᠯᠭᠠ ᠵᠢ ᠪᠦᠬᠦ ᠲᠠᠯᠠᠪᠠᠷ ᠡᠵᠡᠮᠰᠢᠭᠦᠯᠦᠨ᠂ 《ᠳᠦᠷᠢᠮ》ᠢ ᠲᠣᠭᠣᠰᠢᠯᠠᠭᠣᠯᠣᠨ ᠨᠠᠶ᠋ᠢᠳᠠᠪᠤᠷᠢᠵᠢᠭᠤᠯᠬᠤ ᠦᠵᠡᠯ ᠰᠠᠨᠠᠭ᠋ᠠᠨᠤ ᠤᠬᠠᠮᠰᠠᠷ ᠪᠣᠯᠤᠨ ᠦᠢ᠍ᠯᠡ ᠠᠵᠢᠯᠯᠠᠭᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠡᠯᠡ ᠭᠠᠵᠠᠷ ᠣᠷᠣᠨ ᠡᠯᠡ ᠰᠠᠯᠠᠭᠠ ᠮᠥᠴᠢᠷ 《ᠳᠦᠷᠢᠮ》ᠢ ᠬᠡᠷᠡᠭᠵᠢᠭᠦᠯᠬᠦ ᠳᠤᠮᠳᠠᠬᠢ ᠴᠢᠬᠤᠯᠠ ᠪᠠᠢ᠌ᠳᠠᠯ ᠪᠠ ᠰᠠᠨᠠᠭᠤᠯᠭᠠ ᠵᠢ ᠨᠠᠮᠤᠨ ᠲᠥᠪ ᠬᠣᠷᠢᠶᠠᠳᠤ ᠴᠠᠭ ᠲᠤᠬᠠᠶᠳᠤᠨᠢ ᠮᠡᠳᠡᠭᠦᠯᠬᠦ ᠬᠡᠷᠡᠭᠲᠡᠶ ᠭᠡᠵᠡᠢ᠃