ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠣᠭ᠎ᠤᠨ ᠬᠠᠮᠢᠶᠠᠷᠤᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)
ᠨᠡᠶ᠋ᠢᠲᠡᠯᠡᠭᠰᠡᠨ ᠴᠠᠭ᠄ 2021-04-29

          ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠣᠭ᠎ᠤᠨ

          ᠬᠠᠮᠢᠶᠠᠷᠤᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)

     

        ᠨᠢᠭᠡᠳᠦᠭᠡᠷ ᠪᠦᠯᠦᠭ   ᠶᠡᠷᠦᠩᠬᠡᠢ ᠳᠦᠷᠢᠮ
    ᠨᠢᠭᠡᠳᠦᠭᠡᠷ ᠵᠦᠢ᠍ᠯ   ᠰᠢᠨ᠎ᠡ ᠴᠠᠭ ᠦᠶ᠎ᠡ ᠵᠢᠨ ᠠᠷᠠᠳ᠎ᠤᠨ ᠴᠠᠭᠳᠠᠭ᠎ᠠ ᠵᠢᠨ ᠡᠩᠨᠡᠭᠡ ᠵᠢᠨ ᠬᠤᠪᠢᠰᠬᠠᠯᠵᠢᠬᠤ ᠵᠢᠩᠬᠢᠨᠢᠴᠢᠯᠡᠬᠦ ᠲᠤᠰᠬᠠᠶ᠋ᠢᠵᠢᠭᠰᠠᠨ ᠠᠵᠢᠯ ᠮᠡᠷᠭᠡᠵᠢᠬᠦ ᠪᠠᠶ᠋ᠢᠭᠤᠯᠤᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠣᠭ (ᠳᠣᠷᠣᠭᠰᠢ 《ᠴᠠᠭᠳᠠᠭ᠋ᠠᠨ᠎ᠤ ᠲᠣᠭ》 ᠭᠡᠵᠦ ᠲᠣᠪᠴᠢᠯᠠᠨ᠎ᠠ)᠎ᠤᠨ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠵᠤ᠂ ᠴᠠᠭᠳᠠᠭ᠋ᠠᠨ᠎ᠤ ᠲᠣᠭ᠎ᠤᠨ ᠨᠡᠷ᠎ᠡ ᠬᠦᠨᠳᠦ ᠵᠢ ᠬᠠᠮᠠᠭ᠋ᠠᠯᠠᠨ᠂ ᠠᠷᠠᠳ᠎ᠤᠨ ᠴᠠᠭᠳᠠᠭ᠎ᠠ ᠵᠢᠨ ᠡᠭᠦᠷᠭᠡ ᠬᠠᠷᠢᠭᠤᠴᠠᠯᠭ᠋ᠠᠲᠤ ᠰᠡᠳᠬᠢᠯᠭᠡ ᠢᠷᠠᠭᠤ ᠠᠯᠳᠠᠷᠲᠤ ᠰᠡᠳᠬᠢᠯᠭᠡ ᠵᠢ ᠴᠢᠩᠭ᠋ᠠᠷᠠᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ》 ᠵᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ ᠴᠠᠭᠳᠠᠭ᠋ᠠᠨ᠎ᠤ ᠲᠣᠭ ᠪᠣᠯ ᠠᠷᠠᠳ᠎ᠤᠨ ᠴᠠᠭᠳᠠᠭ᠎ᠠ ᠵᠢᠨ ᠡᠩᠨᠡᠭᠡ ᠵᠢᠨ ᠴᠢᠬᠤᠯᠠ ᠪᠡᠯᠭᠡ ᠲᠡᠮᠳᠡᠭ ᠮᠥᠨ᠂ ᠠᠷᠠᠳ᠎ᠤᠨ ᠴᠠᠭᠳᠠᠭ᠎ᠠ ᠵᠢᠨ ᠢᠷᠠᠭᠤ ᠠᠯᠳᠠᠷ᠂ ᠬᠠᠷᠢᠭᠤᠴᠠᠯᠭ᠎ᠠ ᠪᠠ ᠡᠭᠦᠷᠭᠡ ᠵᠢᠨ ᠪᠡᠯᠭᠡ ᠲᠡᠮᠳᠡᠭ ᠮᠥᠨ᠂ ᠠᠷᠠᠳ᠎ᠤᠨ ᠴᠠᠭᠳᠠᠭ᠎ᠠ ᠵᠢᠨ ᠰᠢᠨ᠎ᠡ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠭᠡᠬᠦ ᠵᠢᠨ ᠴᠢᠬᠤᠯᠠ ᠵᠢᠯᠣᠭᠣᠳᠣᠯᠭ᠎ᠠ ᠮᠥᠨ᠃
    ᠭᠤᠷᠪᠠᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠴᠠᠭᠳᠠᠭ᠋ᠠᠨ᠎ᠤ ᠲᠤᠬ᠎ᠤᠨ ᠤᠬᠠᠮᠰᠠᠷ᠎ᠢ ᠪᠤᠢ ᠪᠣᠯᠭ᠋ᠠᠵᠤ᠂ ᠴᠠᠭᠳᠠᠭ᠋ᠠᠨ᠎ᠤ ᠲᠤᠬ᠎ᠢ ᠬᠦᠨᠳᠦᠳᠬᠡᠨ ᠬᠠᠶ᠋ᠢᠷᠠᠯᠠᠵᠤ᠂ ᠴᠠᠭᠳᠠᠭ᠋ᠠᠨ᠎ᠤ ᠲᠤᠬ᠎ᠤᠨ ᠨᠡᠷ᠎ᠡ ᠬᠦᠨᠳᠦ ᠵᠢ ᠬᠠᠮᠠᠭ᠋ᠠᠯᠠᠬᠤ ᠬᠡᠷᠡᠭᠲᠡᠢ᠃
    ᠳᠥᠷᠪᠡᠳᠦᠭᠡᠷ ᠵᠦᠢ᠍ᠯ ᠴᠠᠭᠳᠠᠭ᠋ᠠᠨ᠎ᠤ ᠲᠣᠭ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠪᠠᠷᠢᠮᠵᠢᠶ᠎ᠠ ᠲᠣᠭᠲᠠᠭ᠋ᠠᠵᠤ᠂ ᠨᠢᠭᠡᠳᠦᠯᠲᠡᠶ ᠬᠢᠨᠠᠨ ᠦᠢ᠍ᠯᠡᠳᠦᠨ᠎ᠡ᠃ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠠᠮᠤᠷ ᠲᠦᠪᠰᠢᠨ᠎ᠤ ᠶᠠᠮᠤᠨ᠂ ᠬᠠᠤᠯᠢ ᠴᠠᠭ᠋ᠠᠵᠠ ᠵᠢᠨ ᠶᠠᠮᠤᠨ ᠬᠠᠮᠲᠤ᠎ᠪᠠᠷ ᠴᠠᠭᠳᠠᠭ᠋ᠠᠨ᠎ᠤ ᠲᠣᠭ᠎ᠢ ᠬᠠᠮᠢᠶᠠᠷᠬᠤ ᠠᠵᠢᠯ᠎ᠢ ᠬᠠᠷᠢᠭᠤᠴᠠᠨ᠎ᠠ᠃
    ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠠᠮᠤᠷ ᠲᠦᠪᠰᠢᠨ᠎ᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ ᠤᠯᠤᠰ ᠲᠥᠷᠥ ᠵᠢᠨ ᠠᠵᠢᠯ᠎ᠤᠨ ᠰᠠᠯᠠᠭ᠎ᠠ ᠮᠥᠴᠢᠷ ᠪᠣᠯ ᠴᠠᠭᠳᠠᠭ᠋ᠠᠨ᠎ᠤ ᠲᠣᠭ᠎ᠤᠨ ᠬᠠᠮᠢᠶᠠᠷᠤᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠥᠨ᠂ ᠴᠠᠭᠳᠠᠭ᠋ᠠᠨ᠎ᠤ ᠲᠣᠭ ᠣᠯᠭᠣᠬᠤ᠂ ᠭᠤᠶᠤᠴᠢᠯᠠᠨ ᠠᠪᠬᠤ᠂ ᠬᠠᠷᠭᠤᠭᠤᠯᠤᠨ ᠣᠯᠭᠣᠬᠤ ᠪᠠ ᠤᠬᠠᠭᠤᠯᠭ᠎ᠠ ᠬᠥᠮᠦᠵᠢᠯ ᠬᠢᠬᠦ ᠵᠡᠷᠭᠡ ᠵᠦᠢ᠍ᠯᠡᠰ᠎ᠢ ᠬᠠᠷᠢᠭᠤᠴᠠᠨ᠎ᠠ; ᠴᠠᠭᠳᠠᠭ᠋ᠠᠨ᠎ᠤ ᠶᠠᠪᠤᠳᠠᠯ᠎ᠤᠨ ᠲᠣᠨᠣᠭ ᠲᠥᠬᠥᠭᠡᠷᠦᠮᠵᠢ ᠵᠢᠨ ᠪᠠᠲᠤᠯᠠᠭ᠎ᠠ ᠵᠢᠨ ᠰᠠᠯᠠᠭ᠎ᠠ ᠮᠥᠴᠢᠷ ᠴᠠᠭᠳᠠᠭ᠋ᠠᠨ᠎ᠤ ᠲᠣᠭ ᠦᠶᠯᠡᠳᠬᠦ᠂ ᠲᠠᠷᠬᠠᠭ᠋ᠠᠬᠤ᠂ ᠬᠣᠷᠢᠶᠠᠨ ᠠᠪᠴᠤ ᠰᠢᠢ᠍ᠳᠪᠦᠷᠢᠯᠡᠬᠦ ᠵᠡᠷᠭᠡ ᠵᠦᠢ᠍ᠯᠡᠰ᠎ᠢ ᠬᠠᠷᠢᠭᠤᠴᠠᠨ᠎ᠠ; ᠴᠠᠭᠳᠠᠭ᠋ᠠᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ ᠴᠠᠭᠳᠠᠭ᠋ᠠᠨ᠎ᠤ ᠲᠣᠭ᠎ᠢ ᠬᠡᠷᠡᠭᠯᠡᠬᠦ᠂ ᠬᠠᠳᠠᠭ᠋ᠠᠯᠠᠨ ᠬᠠᠮᠢᠶᠠᠷᠬᠤ ᠵᠡᠷᠭᠡ ᠵᠦᠢ᠍ᠯᠡᠰ᠎ᠢ ᠬᠠᠷᠢᠭᠤᠴᠠᠨ᠎ᠠ᠃
      ᠬᠣᠶᠠᠳᠤᠭ᠋ᠠᠷ ᠪᠦᠯᠦᠭ ᠴᠠᠭᠳᠠᠭ᠋ᠠᠨ᠎ᠤ ᠲᠤᠬ᠎ᠤᠨ ᠶᠠᠩᠵᠤ ᠮᠠᠶᠢᠭ ᠪᠠ ᠬᠡᠪ ᠪᠠᠷᠢᠮᠵᠢᠶ᠎ᠠ
      ᠲᠠᠪᠤᠳᠤᠭ᠋ᠠᠷ ᠵᠦᠢ᠍ᠯ ᠴᠠᠭᠳᠠᠭ᠋ᠠᠨ᠎ᠤ ᠲᠤᠬ᠎ᠨᠢ ᠤᠷᠳᠦ ᠳᠥᠷᠪᠡᠯᠵᠢᠨ ᠬᠡᠯᠪᠡᠷᠢ᠎ᠲᠠᠢ᠂ ᠴᠠᠭᠳᠠᠭ᠋ᠠᠨ᠎ᠤ ᠰᠦᠯᠳᠡ ᠵᠢ ᠵᠡᠭᠦᠨ ᠳᠡᠭᠡᠷ᠎ᠡ ᠥᠨᠴᠥᠭ᠎ᠲᠤ ᠲᠠᠯᠪᠢᠵᠤ᠂ ᠳᠡᠪᠢᠰᠬᠡᠷ ᠤᠢ᠍ᠩᠭᠡ ᠵᠢᠨ ᠳᠡᠭᠡᠳᠦ ᠬᠡᠰᠡᠭ᠎ᠤᠨ ᠬᠢᠨᠢ ᠭᠤᠷᠪᠠᠨ᠎ᠤ ᠬᠣᠶᠠᠷ ᠵᠶ᠋ᠠᠷ ᠤᠯᠤᠰ᠎ᠤᠨ ᠲᠤᠬ᠎ᠤᠨ ᠤᠯᠠᠭ᠋ᠠᠨ ᠥᠩᠭᠡ᠂ ᠲᠤᠤᠷᠡᠳᠦ ᠬᠡᠰᠡᠭ᠎ᠤᠨ ᠬᠢᠨᠢ ᠭᠤᠷᠪᠠᠨ᠎ᠤ ᠨᠢᠭᠡ᠎ᠪᠠᠷ ᠴᠠᠭᠳᠠᠭ᠎ᠠ ᠵᠢᠨ ᠬᠦᠭᠡ ᠥᠩᠭᠡ ᠪᠣᠯᠭ᠋ᠠᠨ᠎ᠠ᠃
    ᠵᠢᠷᠭᠤᠳᠤᠭ᠋ᠠᠷ ᠵᠦᠢ᠍ᠯ ᠴᠠᠭᠳᠠᠭ᠋ᠠᠨ᠎ᠤ ᠲᠣᠭ᠎ᠤᠨ ᠨᠡᠶ᠋ᠢᠳᠡᠮ ᠬᠡᠷᠡᠭᠯᠡᠬᠦ ᠪᠠᠷᠢᠮᠵᠢᠶ᠎ᠠ ᠵᠢ ᠳᠤᠤᠷᠠᠬᠢ ᠮᠡᠲᠦ ᠳᠥᠷᠪᠡᠨ ᠵᠦᠢ᠍ᠯ᠎ᠳᠤ ᠬᠤᠪᠢᠶᠠᠨ᠎ᠠ᠄
    (ᠨᠢᠭᠡ) ᠣᠷᠳᠣ᠎ᠨᠢ 240 ᠰᠠᠨᠲ᠋ᠢᠮᠧᠲᠷ᠂ ᠥᠷᠭᠡᠨ᠎ᠨᠢ 160 ᠰᠠᠨᠲ᠋ᠢᠮᠧᠲᠷ;
    (ᠬᠣᠶᠠᠷ) ᠤᠷᠳᠤ᠎ᠨᠢ 192 ᠰᠠᠨᠲ᠋ᠢᠮᠧᠲᠷ᠂ ᠥᠷᠭᠡᠨ᠎ᠨᠢ 128 ᠰᠠᠨᠲ᠋ᠢᠮᠧᠲᠷ;
    (ᠭᠤᠷᠪᠠ)   ᠤᠷᠲᠤ᠎ᠨᠢ 144 ᠰᠠᠨᠲ᠋ᠢᠮᠧᠲᠷ᠂ ᠥᠷᠭᠡᠨ᠎ᠨᠢ 96 ᠰᠠᠨᠲ᠋ᠢᠮᠧᠲᠷ  ;
    (ᠲᠤᠢ᠍ᠷᠪᠡ) ᠤᠷᠳᠦ᠎ᠨᠢ 96 ᠰᠠᠨᠲ᠋ᠢᠮᠧᠲᠷ᠂ ᠥᠷᠭᠡᠨ᠎ᠨᠢ 64 ᠰᠠᠨᠲ᠋ᠢᠮᠧᠲᠷ᠃
    ᠴᠠᠭᠳᠠᠭ᠋ᠠᠨ᠎ᠤ ᠶᠠᠪᠤᠳᠠᠯ᠎ᠤᠨ ᠶᠣᠰᠣᠯᠠᠯ᠎ᠤᠨ ᠡᠭᠦᠷᠭᠡ ᠵᠢ ᠭᠦᠢ᠍ᠴᠡᠳᠬᠡᠬᠦ᠎ᠳᠤ᠎ᠪᠠᠨ ᠡᠮᠦᠨᠡᠬᠢ ᠪᠠᠳᠠᠭ᠎ᠤᠨ ᠬᠣᠶᠠᠳᠤᠭ᠋ᠠᠷ ᠬᠡᠪ ᠪᠠᠷᠢᠮᠵᠢᠶᠠᠲᠤ ᠴᠠᠭᠳᠠᠭ᠋ᠠᠨ᠎ᠤ ᠲᠤᠬ᠎ᠢ ᠬᠡᠷᠡᠭᠯᠡᠨ᠎ᠡ᠃ ᠪᠤᠰᠤᠳ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ ᠵᠢ ᠪᠣᠯ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ ᠡᠮᠦᠨᠡᠬᠢ ᠪᠠᠳᠠᠭ᠎ᠤᠨ ᠡᠯ᠎ᠡ ᠵᠦᠢ᠍ᠯ᠎ᠤᠨ ᠬᠡᠪ ᠪᠠᠷᠢᠮᠵᠢᠶ᠎ᠠ᠎ᠠᠴᠠ ᠪᠠᠶ᠋ᠢᠳᠠᠯ᠎ᠢ᠎ᠨᠢ ᠦᠵᠡᠵᠦ ᠰᠣᠩᠭᠣᠵᠤ ᠬᠡᠷᠡᠭᠯᠡᠨ᠎ᠡ᠃
    ᠳᠣᠯᠣᠳᠤᠭ᠋ᠠᠷ ᠵᠦᠢ᠍ᠯ   ᠴᠠᠭᠳᠠᠭ᠋ᠠᠨ᠎ᠤ ᠲᠤᠭ᠎ᠤᠨ ᠳᠠᠭ᠋ᠠᠯᠲᠠ ᠪᠣᠳᠠᠰ᠎ᠲᠤ ᠲᠤᠭ᠎ᠤᠨ ᠰᠢᠷᠤᠭ᠂ ᠲᠤᠭ᠎ᠤᠨ ᠤᠭᠯᠠᠭᠤᠷ᠂ ᠪᠦᠴᠡ᠂ ᠪᠥᠮᠪᠥᠭᠡᠨ ᠲᠢᠲᠢᠮ᠂ ᠵᠢᠳᠠᠨ ᠦᠵᠦᠭᠦᠷ᠂ ᠲᠤᠭ᠎ᠤᠨ ᠲᠦᠷᠦᠭᠦᠦ᠂ ᠰᠠᠭᠤᠷᠢ ᠵᠡᠷᠭᠡ ᠪᠠᠭᠲᠠᠨ᠎ᠠ᠃ ᠡᠭᠦᠨ᠎ᠳᠤ᠂ ᠲᠤᠭ᠎ᠤᠨ ᠰᠢᠷᠤᠭ᠎ᠨᠢ ᠮᠥᠩᠭᠥᠨ ᠴᠠᠭ᠋ᠠᠨ ᠪᠤᠶᠤ ᠤᠯᠠᠭ᠋ᠠᠨ ᠰᠢᠷ᠎ᠠ ᠬᠣᠶᠠᠷ ᠥᠩᠭᠡ ᠵᠢᠨ ᠬᠣᠭᠣᠷᠣᠨᠳᠣᠬᠢ ᠡᠷᠭᠢᠭᠦᠯᠭᠡᠨ ᠬᠡ᠎ᠲᠠᠢ᠂ ᠲᠤᠭ᠎ᠤᠨ ᠰᠢᠷᠤᠭ᠎ᠤᠨ ᠤᠭᠯᠠᠭᠤᠷ ᠪᠠ ᠪᠦᠰᠡ᠎ᠨᠢ ᠴᠠᠭ᠋ᠠᠨ᠂ ᠪᠥᠮᠪᠥᠭᠡᠨ ᠲᠢᠲᠢᠮ᠂ ᠵᠢᠳᠠᠨ ᠦᠵᠦᠭᠦᠷ᠂ ᠱᠣᠷᠣᠯᠵᠢᠨ ᠪᠠ ᠰᠠᠭᠤᠷᠢ᠎ᠨᠢ ᠮᠥᠩᠭᠥᠨ ᠴᠠᠭ᠋ᠠᠨ᠂ ᠲᠤᠭ᠎ᠤᠨ ᠲᠦᠷᠦᠭᠦᠦ᠎ᠨᠢ ᠠᠯᠲᠠᠨ ᠰᠢᠷ᠎ᠠ ᠥᠩᠭᠡᠲᠡᠶ᠃ ᠠᠳᠠᠯᠢ ᠪᠤᠰᠤ ᠬᠡᠷᠡᠭᠯᠡᠬᠦ ᠲᠠᠯᠠᠪᠤᠷ᠂ ᠪᠠᠶ᠋ᠢᠳᠠᠯ᠎ᠢ ᠦᠨᠳᠦᠰᠦᠯᠡᠨ᠂ ᠬᠡᠷᠡᠭᠴᠡᠭᠡ ᠶᠣᠰᠣᠭ᠋ᠠᠷ ᠴᠠᠭᠳᠠᠭ᠋ᠠᠨ᠎ᠤ ᠲᠣᠭ᠎ᠤᠨ ᠳᠠᠭ᠋ᠠᠯᠲᠠ ᠪᠣᠳᠠᠰ᠎ᠢ ᠰᠣᠩᠭᠣᠨ ᠬᠡᠷᠡᠭᠯᠡᠵᠦ ᠪᠣᠯᠤᠨ᠎ᠠ᠃
      ᠭᠤᠷᠪᠠᠳᠤᠭ᠋ᠠᠷ ᠪᠦᠯᠦᠭ   ᠴᠠᠭᠳᠠᠭ᠋ᠠᠨ᠎ᠤ ᠲᠤᠭ᠎ᠢ ᠣᠯᠭᠣᠬᠤ ᠪᠠ ᠭᠤᠶᠤᠴᠢᠯᠠᠬᠤ
      ᠨᠠᠢ᠍ᠮᠠᠳᠤᠭ᠋ᠠᠷ ᠵᠦᠢ᠍ᠯ   ᠴᠠᠭᠳᠠᠭ᠋ᠠᠨ᠎ᠤ ᠲᠣᠭ ᠣᠯᠭᠣᠬᠤ᠎ᠳᠤ ᠲᠣᠭ ᠣᠯᠭᠣᠬᠤ ᠶᠣᠰᠣᠯᠠᠯ᠎ᠢ ᠵᠣᠬᠢᠶᠠᠨ ᠪᠠᠶ᠋ᠢᠭᠤᠯᠵᠤ ᠪᠣᠯᠤᠨ᠎ᠠ᠂ ᠶᠡᠷᠦ᠎ᠳᠤ᠎ᠪᠠᠨ ᠨᠢᠭᠡᠴᠢ ᠵᠢ ᠰᠢᠨ᠎ᠡ᠎ᠪᠠᠷ ᠪᠠᠶ᠋ᠢᠭᠤᠯᠬᠤ ᠦᠶ᠎ᠡ᠎ᠳᠤ ᠶᠠᠪᠤᠭᠳᠠᠭᠤᠯᠤᠨ᠎ᠠ᠃
      ᠲᠤᠭ ᠣᠯᠭᠣᠬᠤ ᠶᠣᠰᠣᠯᠠᠯ᠎ᠢ ᠳᠣᠣᠷ᠎ᠠ ᠵᠢᠭᠰᠠᠭ᠋ᠠᠭᠰᠠᠨ ᠵᠢᠷᠤᠮ ᠵᠶ᠋ᠠᠷ ᠶᠠᠪᠤᠭᠤᠯᠤᠨ᠎ᠠ᠄
    (ᠨᠢᠭᠡ) ᠲᠤᠭ ᠣᠯᠭᠣᠬᠤ ᠶᠣᠰᠣᠯᠠᠯ ᠡᠬᠢᠯᠡᠭᠰᠡᠨ᠎ᠢ ᠵᠠᠷᠯᠠᠬᠤ;
    (ᠬᠣᠶᠠᠷ) ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠥᠭᠵᠢᠮᠳᠡᠨ ᠳᠠᠭᠤᠯᠠᠬᠤ;
    (ᠭᠤᠷᠪᠠ) ᠲᠣᠭ ᠣᠯᠭᠣᠬᠤ ᠲᠣᠭᠲᠠᠭ᠋ᠠᠯ᠎ᠢ ᠤᠩᠰᠢᠨ ᠨᠡᠶ᠋ᠢᠲᠡᠯᠡᠨ᠎ᠡ;
    (ᠳᠥᠷᠪᠡ) ᠴᠠᠭᠳᠠᠭ᠋ᠠᠨ᠎ᠤ ᠲᠤᠭ ᠣᠯᠭᠣᠨ᠎ᠠ;
    (ᠲᠠᠪᠤ) ᠲᠤᠭ ᠣᠯᠭᠣᠭᠴᠢ ᠶᠠᠷᠢᠶ᠎ᠠ ᠲᠠᠯᠪᠢᠨ᠎ᠠ;
    (ᠵᠢᠷᠭᠤᠭ᠎ᠠ) ᠲᠣᠭ ᠬᠥᠷᠳᠡᠭᠴᠢ ᠨᠢᠭᠡᠴᠢ ᠵᠢᠨ ᠠᠷᠠᠳ᠎ᠤᠨ ᠴᠠᠭᠳᠠᠭ᠎ᠠ ᠬᠠᠮᠲᠤ᠎ᠪᠠᠷ ᠲᠠᠩᠭ᠋ᠠᠷᠢᠭᠯᠠᠬᠤ;
    (ᠳᠣᠯᠣᠭ᠎ᠠ) ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠳᠠᠭᠤᠤ ᠵᠢ ᠬᠥᠭᠵᠢᠮᠳᠡᠨ ᠳᠠᠭᠤᠯᠠᠬᠤ;
    (ᠨᠠᠢ᠍ᠮᠠ) ᠲᠣᠭ ᠣᠯᠭᠣᠬᠤ ᠶᠣᠰᠣᠯᠠᠯ ᠳᠠᠭᠤᠰᠤᠭᠰᠠᠨ᠎ᠢ ᠵᠠᠷᠯᠠᠬᠤ᠃
    ᠶᠢᠰᠦᠳᠦᠭᠡᠷ ᠵᠦᠢ᠍ᠯ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠪᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠲᠤᠭ᠎ᠢ ᠣᠯᠭᠣᠬᠤ ᠬᠡᠪᠴᠢᠶ᠎ᠡ ᠪᠠ ᠭᠤᠶᠤᠴᠢᠯᠠᠬᠤ ᠵᠢᠷᠤᠮ᠎ᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠠᠮᠤᠷ᠎ᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ ᠥᠪᠡᠰᠦᠪᠡᠨ ᠲᠣᠭᠲᠠᠭ᠋ᠠᠨ᠎ᠠ᠃
      ᠳᠥᠷᠪᠡᠳᠦᠭᠡᠷ ᠪᠦᠯᠦᠭ   ᠴᠠᠭᠳᠠᠭ᠋ᠠᠨ᠎ᠤ ᠲᠤᠬ᠎ᠢ ᠬᠡᠷᠡᠭᠯᠡᠬᠦ
      ᠠᠷᠪᠠᠳᠤᠭ᠋ᠠᠷ ᠵᠦᠢ᠍ᠯ ᠴᠠᠭᠳᠠᠭ᠋ᠠᠨ᠎ᠤ ᠲᠤᠬ᠎ᠢ ᠳᠣᠣᠷ᠎ᠠ ᠵᠢᠭᠰᠠᠭ᠋ᠠᠭᠰᠠᠨ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ᠄
    (ᠨᠢᠭᠡ) ᠴᠠᠭᠳᠠᠭ᠋ᠠᠨ᠎ᠤ ᠲᠣᠭ ᠣᠯᠭᠣᠬᠤ ᠨᠥᠬᠥᠴᠡᠯ᠎ᠳᠤ ᠨᠡᠶ᠋ᠢᠴᠡᠬᠦ ᠨᠢᠭᠡᠴᠢ ᠵᠢ ᠵᠣᠬᠢᠶᠠᠨ ᠪᠠᠶ᠋ᠢᠭᠤᠯᠵᠤ ᠪᠠᠶ᠋ᠢᠭᠤᠯᠬᠤ ᠶᠣᠰᠣᠯᠠᠯ;
    (ᠬᠣᠶᠠᠷ) ᠠᠷᠠᠳ᠎ᠤᠨ ᠴᠠᠭᠳᠠᠭ᠎ᠠ ᠲᠠᠩᠭ᠋ᠠᠷᠢᠭᠯᠠᠬᠤ ᠠᠵᠢᠯᠯᠠᠭ᠎ᠠ ᠬᠢᠬᠦ᠂ ᠴᠠᠭᠳᠠᠭ᠎ᠠ᠎ᠳᠤ ᠣᠷᠣᠬᠤ᠂ ᠴᠣᠯᠠ ᠣᠯᠭᠣᠬᠤ᠂ ᠱᠠᠩᠨᠠᠯ ᠣᠯᠭᠣᠬᠤ᠂ ᠨᠠᠰᠤᠨ᠎ᠤ ᠠᠮᠠᠷᠠᠯᠲᠠ ᠠᠪᠬᠤ ᠵᠡᠷᠭᠡ ᠠᠵᠢᠯ ᠮᠡᠷᠭᠡᠵᠢᠯ᠎ᠤᠨ ᠢᠷᠠᠭᠤ ᠠᠯᠳᠠᠷ᠎ᠤᠨ ᠶᠣᠰᠣᠯᠠᠯ;
    (ᠭᠤᠷᠪᠠ) ᠴᠠᠭᠳᠠᠭ᠋ᠠᠨ᠎ᠤ ᠪᠠᠶᠠᠷ᠂ ᠴᠠᠭᠳᠠᠭ᠎ᠠ ᠵᠢᠨ ᠵᠢᠭᠰᠠᠭ᠋ᠠᠯ᠎ᠢ ᠰᠢᠯᠭ᠋ᠠᠨ ᠦᠵᠡᠬᠦ᠂ ᠴᠢᠬᠤᠯᠠ ᠶᠣᠰᠣᠯᠠᠯ᠂ ᠳᠤᠷᠠᠰᠬᠠᠬᠤ ᠠᠵᠢᠯᠯᠠᠭ᠎ᠠ ᠪᠠ ᠴᠢᠬᠤᠯᠠ ᠶᠡᠬᠡ ᠪᠠᠶᠠᠷ᠎ᠤᠨ ᠡᠳᠦᠷ᠎ᠤᠨ ᠴᠤᠭᠯᠠᠭ᠋ᠠᠨ;
    (ᠳᠥᠷᠪᠡ) ᠲᠣᠭᠲᠠᠭᠤᠨ᠎ᠢ ᠬᠠᠮᠠᠭ᠋ᠠᠯᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠂ ᠠᠶᠤᠯ ᠭᠠᠮᠰᠢᠭ᠎ᠠᠴᠠ ᠠᠪᠤᠷᠬᠠᠤ᠂ ᠠᠮᠤᠷ ᠲᠦᠪᠰᠢᠨ᠎ᠢ ᠬᠠᠮᠠᠭ᠋ᠠᠯᠠᠬᠤ ᠵᠡᠷᠭᠡ ᠴᠢᠬᠤᠯᠠ ᠶᠡᠬᠡ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ;
    (ᠲᠠᠪᠤ) ᠰᠣᠷᠢᠯᠲᠠ ᠬᠢᠬᠦ᠂ ᠪᠣᠳᠠᠲᠤ ᠪᠠᠶ᠋ᠢᠯᠳᠤᠭ᠋ᠠᠨ᠎ᠤ ᠵᠡᠪᠰᠡᠭ᠎ᠤᠨ ᠮᠥᠷᠥᠶ᠋ᠢᠴᠡᠭᠡᠨ᠂ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠰᠣᠶᠣᠯ᠎ᠤᠨ ᠤᠬᠠᠭᠤᠯᠭ᠎ᠠ᠂ ᠴᠠᠭᠳᠠᠭ᠋ᠠᠨ᠎ᠤ ᠬᠤᠸᠠᠷᠠᠨ᠎ᠢ ᠨᠡᠭᠡᠭᠡᠬᠦ ᠵᠡᠷᠭᠡ ᠴᠢᠬᠤᠯᠠ ᠠᠵᠢᠯᠯᠠᠭ᠎ᠠ;
    (ᠵᠢᠷᠭᠤᠭ᠎ᠠ) ᠴᠠᠭᠳᠠᠭ᠋ᠠᠨ᠎ᠤ ᠣᠩᠭᠤᠴᠠ ᠰᠠᠯ᠎ᠨᠢ ᠤᠰᠤᠨ ᠳᠡᠭᠡᠷ᠎ᠡ ᠴᠠᠭᠳᠠᠨ ᠲᠣᠭᠣᠷᠢᠬᠤ᠂ ᠠᠮᠤᠷ᠎ᠢ ᠬᠠᠮᠠᠭ᠋ᠠᠯᠠᠬᠤ ᠵᠡᠷᠭᠡ ᠡᠭᠦᠷᠭᠡ ᠵᠢ ᠭᠦᠢ᠍ᠴᠡᠳᠬᠡᠬᠦ;
    (ᠳᠣᠯᠣᠭ᠎ᠠ) ᠣᠯᠠᠨ ᠤᠯᠤᠰ᠎ᠤᠨ ᠬᠤᠷᠠᠯ᠂ ᠰᠣᠯᠢᠯᠴᠠᠭ᠎ᠠ ᠪᠣᠯᠪᠠᠰᠤᠷᠠᠭᠤᠯᠤᠯ᠂ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠡᠷᠭᠡ ᠣᠯᠠᠨ ᠤᠯᠤᠰ᠎ᠤᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠠᠵᠢᠯᠯᠠᠭ᠎ᠠ;
     (ᠨᠠᠢ᠍ᠮᠠ) ᠴᠠᠭᠳᠠᠭ᠋ᠠᠨ᠎ᠤ ᠲᠣᠭ ᠬᠡᠷᠡᠭᠯᠡᠬᠦ ᠴᠢᠬᠤᠯᠠᠲᠠᠶ ᠪᠤᠰᠤᠳ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ᠃
    ᠠᠷᠪᠠᠨ ᠨᠢᠭᠡᠳᠦᠭᠡᠷ ᠵᠦᠢ᠍ᠯ   ᠴᠠᠭᠳᠠᠭ᠋ᠠᠨ᠎ᠤ ᠲᠤᠭ᠎ᠢ ᠬᠡᠷᠡᠭᠯᠡᠬᠦ᠎ᠳᠤ᠎ᠪᠠᠨ ᠡᠷᠬᠡᠪᠰᠢ ᠲᠤᠭ ᠬᠥᠷᠲᠡᠭᠴᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠲᠣᠭᠲᠠᠭᠰᠠᠨ ᠬᠡᠷᠡᠭᠯᠡᠬᠦ ᠬᠡᠪᠴᠢᠶᠡᠨ᠎ᠠᠴᠠ ᠬᠡᠲᠦᠷᠡᠭᠦᠯᠵᠦ ᠪᠣᠯᠬᠤ ᠦᠭᠡᠢ᠃
    ᠠᠷᠪᠠᠨ ᠬᠣᠶᠠᠳᠤᠭ᠋ᠠᠷ ᠵᠦᠢ᠍ᠯ   ᠴᠠᠭᠳᠠᠭ᠋ᠠᠨ᠎ᠤ ᠲᠤᠬ᠎ᠢ ᠤᠯᠤᠰ᠎ᠤᠨ ᠲᠤᠬ᠎ᠲᠠᠢ ᠬᠠᠮᠲᠤ᠎ᠳᠤᠨᠢ ᠬᠡᠷᠡᠭᠯᠡᠬᠦ᠎ᠳᠤ᠎ᠪᠠᠨ ᠤᠯᠤᠰ᠎ᠤᠨ ᠲᠤᠬ᠎ᠢ ᠭᠣᠣᠯ᠎ᠳᠤᠨᠢ ᠨᠡᠯᠢᠶᠡᠳ ᠥᠨᠳᠥᠷ ᠪᠤᠶᠤ ᠲᠤᠪᠦ᠋ᠢ᠍ᠭ᠍ᠰᠡᠠ ᠪᠠᠶ᠋ᠢᠷᠢᠨ᠎ᠳᠤ ᠲᠠᠯᠪᠢᠬᠤ ᠬᠡᠷᠡᠭᠲᠡᠢ᠃
    ᠵᠢᠭᠰᠠᠭ᠋ᠠᠯ ᠵᠢᠭᠰᠠᠨ ᠤᠯᠤᠰ᠎ᠤᠨ ᠲᠤᠬ ᠪᠠ ᠴᠠᠭᠳᠠᠭ᠋ᠠᠨ᠎ᠤ ᠲᠤᠬ᠎ᠢ ᠡᠷᠭᠦᠵᠦ ᠤᠷᠤᠭᠰᠢᠯᠠᠬᠤ᠎ᠳᠤ᠎ᠪᠠᠨ ᠤᠯᠤᠰ᠎ᠤᠨ ᠲᠤᠬ᠎ᠢ ᠴᠠᠭᠳᠠᠭ᠋ᠠᠨ᠎ᠤ ᠲᠤᠬ᠎ᠠᠴᠠ ᠡᠮᠦᠨ᠎ᠡ   ᠪᠠᠢ᠌ᠬᠤ ᠬᠡᠷᠡᠭᠲᠡᠢ᠃
    ᠠᠷᠪᠠᠨ ᠭᠤᠷᠪᠠᠳᠤᠭ᠋ᠠᠷ ᠵᠦᠢ᠍ᠯ   ᠴᠠᠭᠳᠠᠭ᠋ᠠᠨ᠎ᠤ ᠲᠤᠬ ᠡᠯᠭᠦᠬᠦ᠎ᠳᠤ᠎ᠪᠠᠨ ᠲᠤᠬ ᠮᠠᠨᠳᠤᠭᠤᠯᠬᠤ ᠶᠣᠰᠣᠯᠠᠯ ᠶᠠᠪᠤᠭᠤᠯᠵᠤ ᠪᠣᠯᠤᠨ᠎ᠠ᠃
    ᠲᠤᠭ ᠮᠠᠨᠳᠤᠭᠤᠯᠬᠤ ᠶᠣᠰᠣᠯᠠᠯ ᠶᠠᠪᠤᠭᠤᠯᠬᠤ᠎ᠳᠤ᠎ᠪᠠᠨ ᠴᠠᠭᠳᠠᠭ᠋ᠠᠨ᠎ᠤ ᠳᠠᠭᠤᠤ ᠵᠢ ᠬᠥᠭᠵᠢᠮᠳᠡᠨ ᠳᠠᠭᠤᠯᠠᠬᠤ ᠬᠡᠷᠡᠭᠲᠡᠢ᠂ ᠴᠠᠭᠳᠠᠭ᠋ᠠᠨ᠎ᠤ ᠲᠤᠭ᠎ᠢ ᠮᠠᠨᠳᠤᠭᠤᠯᠬᠤ ᠶᠠᠪᠤᠴᠠ᠎ᠳᠤ᠂ ᠶᠣᠰᠣᠯᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠴᠠᠭᠳᠠᠭ᠋ᠠᠨ᠎ᠤ ᠲᠤᠭ᠎ᠲᠤ ᠲᠥᠪ ᠵᠣᠭᠰᠣᠵᠤ ᠶᠣᠰᠣᠯᠠᠬᠤ ᠬᠡᠷᠡᠭᠲᠡᠢ᠂ ᠴᠠᠭᠳᠠᠭ᠋ᠠᠨ᠎ᠤ ᠲᠤᠭ᠎ᠤᠨ ᠨᠡᠷ᠎ᠡ ᠬᠦᠨᠳᠦ ᠵᠢ ᠬᠣᠬᠢᠷᠠᠭᠤᠯᠬᠤ ᠦᠢ᠍ᠯᠡ ᠠᠵᠢᠯᠯᠠᠭ᠎ᠠ ᠬᠢᠵᠦ ᠪᠣᠯᠬᠤ ᠦᠭᠡᠢ᠃
    ᠠᠷᠪᠠᠨ ᠳᠥᠷᠪᠡᠳᠦᠭᠡᠷ ᠵᠦᠢ᠍ᠯ   ᠠᠵᠢᠯ᠎ᠤᠨ ᠬᠡᠷᠡᠭᠴᠡᠭᠡ᠎ᠠᠴᠠ ᠪᠣᠯᠵᠤ ᠴᠠᠭᠳᠠᠭ᠋ᠠᠨ᠎ᠤ ᠲᠤᠭ᠎ᠤᠨ ᠵᠢᠷᠤᠭ᠎ᠢ ᠬᠡᠷᠡᠭᠯᠡᠬᠦ ᠴᠢᠬᠤᠯᠠ᠎ᠲᠠᠢ ᠪᠣᠯ ᠲᠤᠭ ᠬᠥᠷᠳᠡᠬᠦ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠴᠠᠭᠳᠠᠭ᠋ᠠᠨ᠎ᠤ ᠲᠤᠭ᠎ᠤᠨ ᠵᠢᠷᠤᠭ᠎ᠢ ᠬᠡᠷᠡᠭᠯᠡᠬᠦ᠎ᠳᠤ᠎ᠪᠠᠨ ᠲᠥᠪ ᠴᠢᠩᠭ᠎ᠠ᠂ ᠲᠥᠪ ᠬᠢᠴᠢᠶᠡᠩᠭᠦᠢ   ᠪᠠᠢ᠌ᠬᠤ ᠬᠡᠷᠡᠭᠲᠡᠢ᠂ ᠵᠠᠰᠠᠵᠤ ᠴᠢᠮᠡᠵᠦ ᠪᠣᠯᠬᠤ ᠦᠭᠡᠢ᠃
    ᠠᠷᠪᠠᠨ ᠲᠠᠪᠤᠳᠤᠭ᠋ᠠᠷ ᠵᠦᠢ᠍ᠯ   ᠺᠢᠨᠤ᠋ ᠲᠧᠯᠸᠢᠰ ᠰᠡᠭᠦᠳᠡᠷᠯᠡᠬᠦ᠂ ᠤᠷᠠᠨ ᠰᠠᠶ᠋ᠢᠬᠠᠨ᠎ᠤ ᠲᠣᠭᠯᠠᠯᠲᠠ᠂ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠡᠷᠭᠡ ᠵᠢᠨ ᠬᠡᠷᠡᠭᠴᠡᠭᠡ᠎ᠠᠴᠠ ᠪᠣᠯᠵᠤ᠂ ᠬᠡᠷᠡᠭᠯᠡᠬᠦ ᠨᠢᠭᠡᠴᠢ ᠵᠢᠨ ᠪᠠᠶ᠋ᠢᠭ᠎ᠠ ᠭᠠᠵᠠᠷ ᠪᠤᠶᠤ ᠬᠡᠷᠡᠭᠯᠡᠬᠦ ᠭᠠᠵᠠᠷ᠎ᠤᠨ ᠬᠣᠲᠠ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ ᠭᠣᠣᠯᠴᠢᠯᠠᠨ ᠬᠠᠮᠢᠶᠠᠷᠬᠤ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ᠂ ᠴᠠᠭᠳᠠᠭ᠎ᠠ ᠵᠢᠨ ᠲᠤᠭ᠎ᠢ ᠨᠡᠶ᠋ᠢᠳᠡᠮ ᠬᠡᠷᠡᠭᠯᠡᠬᠦ ᠬᠡᠪ ᠪᠠᠷᠢᠮᠵᠢᠶ᠎ᠠ᠎ᠪᠠᠷ ᠬᠠᠷᠢᠴᠠᠯ ᠪᠣᠯᠭ᠋ᠠᠨ ᠵᠣᠬᠢᠬᠤ ᠬᠡᠮᠵᠢᠶ᠎ᠡ᠎ᠪᠠᠷ ᠶᠡᠬᠡᠰᠬᠡᠬᠦ ᠪᠤᠶᠤ ᠪᠠᠭ᠋ᠠᠰᠬᠠᠵᠤ᠂ ᠦᠢ᠍ᠯᠡᠳᠬᠦ ᠪᠠ ᠬᠡᠷᠡᠭᠯᠡᠵᠦ ᠪᠣᠯᠬᠤ ᠪᠥᠭᠡᠳ ᠬᠡᠷᠡᠭᠯᠡᠬᠦ ᠨᠢᠭᠡᠴᠢ᠎ᠠᠴᠠ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠬᠦ ᠬᠡᠷᠡᠭᠲᠡᠶ᠃
    ᠠᠷᠪᠠᠨ ᠵᠢᠷᠭᠤᠳᠤᠭ᠋ᠠᠷ ᠵᠦᠢ᠍ᠯ   ᠴᠠᠭᠳᠠᠭ᠋ᠠᠨ᠎ᠤ ᠲᠤᠬ᠎ᠢ ᠲᠣᠩᠭᠣᠷᠤᠭᠤᠯᠵᠤ ᠡᠯᠭᠦᠵᠦ ᠪᠣᠯᠬᠤ ᠤᠢ᠍ᠭᠡᠢ᠂ ᠴᠠᠭᠳᠠᠭ᠋ᠠᠨ᠎ᠤ ᠲᠤᠬ᠎ᠤᠨ ᠨᠡᠷ᠎ᠡ ᠬᠦᠨᠳᠦ ᠵᠢ ᠬᠣᠬᠢᠷᠠᠭᠤᠯᠬᠤ ᠪᠤᠰᠤᠳ ᠠᠷᠭ᠎ᠠ ᠮᠠᠶᠢᠭ ᠵᠶ᠋ᠠᠷ ᠡᠯᠭᠦᠵᠦ ᠬᠡᠷᠡᠭᠯᠡᠵᠦ ᠪᠣᠯᠬᠤ ᠤᠢ᠍ᠭᠡᠢ᠃ ᠴᠠᠭᠳᠠᠭ᠋ᠠᠨ᠎ᠤ ᠲᠣᠭ ᠵᠢᠴᠢ ᠵᠢᠷᠤᠭ ᠳᠦᠷᠰᠦ ᠵᠢ ᠲᠠᠸᠠᠷ᠎ᠤᠨ ᠲᠡᠮᠳᠡᠭ᠂ ᠬᠤᠳᠠᠯᠳᠤᠭ᠋ᠠᠨ᠎ᠤ ᠵᠠᠷ ᠪᠠ ᠬᠤᠳᠠᠯᠳᠤᠭ᠋ᠠᠨ᠎ᠤ ᠠᠵᠢᠯᠯᠠᠭ᠎ᠠ᠎ᠳᠤ ᠬᠡᠷᠡᠭᠯᠡᠵᠦ ᠪᠣᠯᠬᠤ ᠥᠬᠡᠶ᠂ ᠬᠤᠪᠢ ᠬᠥᠮᠦᠨ᠎ᠤ ᠣᠷᠣᠰᠢᠭᠤᠯᠭ᠎ᠠ ᠵᠢᠨ ᠠᠵᠢᠯᠯᠠᠭ᠎ᠠ ᠵᠡᠷᠭᠡ ᠵᠣᠬᠢᠰ ᠥᠬᠡᠶ ᠪᠠᠶ᠋ᠢᠳᠠᠯ᠎ᠳᠤ ᠬᠡᠷᠡᠭᠯᠡᠵᠦ ᠪᠣᠯᠬᠤ ᠥᠬᠡᠶ᠃
    ᠠᠷᠪᠠᠨ ᠳᠣᠯᠣᠳᠤᠭ᠋ᠠᠷ ᠵᠦᠢ᠍ᠯ   ᠲᠤᠤᠷ ᠰᠦᠯᠵᠢᠶᠡᠨ ᠳᠡᠭᠡᠷ᠎ᠡ ᠴᠠᠭᠳᠠᠭ᠋ᠠᠨ᠎ᠤ ᠲᠣᠭ᠎ᠤᠨ ᠵᠢᠷᠤᠭ ᠳᠦᠷᠰᠦ ᠵᠢ ᠬᠡᠷᠡᠭᠯᠡᠬᠦ᠎ᠳᠤ᠎ᠪᠠᠨ ᠲᠤᠤᠷ ᠰᠦᠯᠵᠢᠶᠡᠨ᠎ᠤ ᠬᠠᠮᠢᠶᠠᠷᠤᠯᠲᠠ ᠵᠢᠨ ᠬᠠᠮᠢᠶ᠎ᠠ ᠪᠥᠬᠥᠶ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠂ ᠴᠠᠭᠳᠠᠭ᠋ᠠᠨ᠎ᠤ ᠲᠣᠭ᠎ᠤᠨ ᠨᠡᠷ᠎ᠡ ᠬᠦᠨᠳᠦ ᠵᠢ ᠬᠣᠬᠢᠷᠠᠭᠤᠯᠵᠤ ᠪᠣᠯᠬᠤ ᠥᠬᠡᠶ᠃
    ᠠᠷᠪᠠᠨ ᠨᠠᠢ᠍ᠮᠠᠳᠤᠭ᠋ᠠᠷ ᠵᠦᠢ᠍ᠯ   ᠴᠠᠭᠳᠠᠭ᠋ᠠᠨ᠎ᠤ ᠲᠤᠭ᠎ᠢ ᠰᠠᠶ᠋ᠢᠲᠤᠷ ᠬᠠᠳᠠᠭ᠋ᠠᠯᠠᠵᠤ᠂ ᠡᠪᠳᠡᠭᠳᠡᠬᠦ᠂ ᠭᠡᠭᠡᠭᠳᠡᠬᠦ᠎ᠠᠴᠠ ᠰᠡᠷᠭᠡᠶ᠋ᠢᠯᠡᠵᠦ᠂ ᠳᠤᠷ᠎ᠠ᠎ᠪᠠᠷ ᠵᠶ᠋ᠠᠨ ᠬᠠᠶᠠᠵᠤ ᠪᠣᠯᠬᠤ ᠦᠭᠡᠶ᠃ ᠡᠪᠳᠡᠷᠡᠭᠰᠡᠨ᠂ ᠭ᠋ᠬᠢᠷᠲᠦᠭᠰᠡᠨ᠂ ᠦᠨᠭᠭᠡ᠎ᠨᠢ ᠪᠠᠭᠤᠷᠠᠭᠰᠠᠨ ᠴᠠᠭᠳᠠᠭ᠋ᠠᠨ᠎ᠤ ᠲᠤᠬ ᠭᠠᠷᠪᠠᠯ᠂ ᠴᠠᠭ ᠲᠤᠬᠠᠢ᠎ᠳᠤᠨᠢ ᠰᠣᠯᠢᠬᠤ ᠬᠡᠷᠡᠭᠲᠡᠢ᠃
    ᠲᠠᠪᠤᠳᠤᠭ᠋ᠠᠷ ᠪᠦᠯᠦᠭ   ᠬᠠᠤᠯᠢ ᠴᠠᠭ᠋ᠠᠵᠠ ᠵᠢᠨ ᠬᠠᠷᠢᠭᠤᠴᠠᠯᠭ᠎ᠠ
    ᠠᠷᠪᠠ ᠶᠢᠰᠦᠳᠦᠭᠡᠷ ᠵᠦᠢ᠍ᠯ   ᠶᠠᠮᠠᠷᠪᠠ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ ᠵᠥᠪᠰᠢᠶᠡᠷᠡᠯ ᠤᠢ᠍ᠭᠡᠢ᠎ᠪᠠᠷ ᠴᠠᠭᠳᠠᠭ᠋ᠠᠨ᠎ᠤ ᠲᠤᠬ᠎ᠢ ᠦᠢ᠍ᠯᠡᠳᠬᠦ᠂ ᠮᠠᠶ᠋ᠢᠮᠠᠶ᠋ᠢᠯᠠᠬᠤ᠂ ᠡᠵᠡᠮᠰᠢᠬᠦ᠂ ᠬᠡᠷᠡᠭᠯᠡᠵᠦ ᠪᠣᠯᠬᠤ ᠤᠢ᠍ᠭᠡᠢ᠃ ᠴᠠᠭᠳᠠᠭ᠋ᠠᠨ᠎ᠤ ᠲᠤᠬ᠎ᠢ ᠬᠠᠤᠯᠢ ᠪᠤᠰᠤ᠎ᠪᠠᠷ ᠦᠢ᠍ᠯᠡᠳᠦᠭᠰᠡᠨ᠂ ᠬᠤᠳᠠᠯᠳᠤᠭ᠋ᠠᠯᠠᠭᠰᠠᠨ᠂ ᠡᠵᠡᠮᠰᠢᠭᠰᠡᠨ᠂ ᠬᠡᠷᠡᠭᠯᠡᠭᠰᠡᠨ ᠪᠤᠶᠤ ᠤᠯᠡᠠ ᠨᠡᠶ᠋ᠢᠲᠡ ᠵᠢᠨ ᠲᠠᠯᠠᠪᠤᠷ᠎ᠲᠤ ᠵᠣᠷᠢᠭᠤᠳᠠ ᠡᠪᠳᠡᠬᠦ᠂ ᠪᠢᠯᠳᠠᠬᠤ᠂ ᠭ᠋ᠬᠢᠷᠲᠦᠭᠡᠬᠦ᠂ ᠭᠢᠰᠬᠢᠯᠡᠬᠦ᠂ ᠰᠢᠲᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠴᠠᠭᠳᠠᠭ᠋ᠠᠨ᠎ᠤ ᠲᠤᠬ᠎ᠢ ᠭᠤᠲᠤᠭ᠋ᠠᠵᠤ ᠲᠤᠷᠦᠮᠵᠢᠯᠡᠭ᠍ᠰᠡᠠ ᠪᠠᠶ᠋ᠢᠪᠠᠯ ᠬᠠᠤᠯᠢ ᠶᠣᠰᠣᠭ᠋ᠠᠷ ᠰᠢᠳᠬᠡᠨ᠎ᠡ; ᠶᠠᠯ᠎ᠠ   ᠪᠤᠯᠵᠦ   ᠪᠦᠷᠢᠯᠳᠦᠭᠰᠡᠨ   ᠪᠠᠶ᠋ᠢᠪᠠᠯ   ᠬᠠᠤᠯᠢ   ᠶᠣᠰᠣᠭ᠋ᠠᠷ   ᠡᠷᠡᠭᠦᠦ ᠵᠢᠨ   ᠬᠠᠷᠢᠭᠤᠴᠠᠯᠭ᠎ᠠ   ᠨᠡᠬᠡᠮᠵᠢᠯᠡᠨ᠎ᠡ᠃
    ᠬᠣᠷᠢᠳᠤᠭ᠋ᠠᠷ ᠵᠦᠢ᠍ᠯ   ᠲᠤᠰ ᠲᠣᠭᠲᠠᠭ᠋ᠠᠯ᠎ᠠᠴᠠ ᠵᠥᠷᠢᠴᠡᠨ ᠴᠠᠭᠳᠠᠭ᠋ᠠᠨ᠎ᠤ ᠲᠤᠭ᠎ᠢ ᠬᠡᠷᠡᠭᠯᠡᠭᠰᠡᠨ ᠨᠢᠭᠡᠴᠡ ᠵᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠲᠤ ᠨᠡᠪᠲᠡᠷᠡᠭᠦᠯᠦᠨ ᠰᠢᠭᠦᠮᠵᠢᠯᠡᠵᠦ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠶ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠬᠠᠤᠯᠢ ᠶᠣᠰᠣᠭ᠋ᠠᠷ ᠰᠢᠳᠬᠡᠯ ᠥᠭᠬᠦ ᠪᠤᠶᠤ ᠵᠣᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠰᠢᠢ᠍ᠳᠪᠦᠷᠢᠯᠡᠬᠦ ᠬᠡᠷᠡᠭᠲᠡᠢ᠃
    ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
    ᠬᠣᠷᠢᠨ ᠨᠢᠭᠡᠳᠦᠭᠡᠷ ᠵᠦᠢ᠍ᠯ   ᠲᠤᠰ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

     

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠶᠠᠮᠤᠨ