ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠦᠭᠡᠳᠡᠢ ᠳᠠᠰᠤᠯᠬᠤ ᠡᠷᠬᠡ ᠵᠢ ᠵᠢᠷᠤᠮᠵᠢᠭᠤᠯᠤᠨ ᠬᠡᠷᠡᠭᠵᠢᠭᠦᠯᠵᠦ᠂ ᠬᠠᠥᠯᠢ ᠬᠡᠷᠡᠭᠵᠢᠭᠦᠯᠬᠦ ᠵᠢᠨ ᠲᠤᠷ᠎ᠠ ᠵᠣᠷᠢᠭ᠎ᠤᠨ ᠴᠢᠨᠠᠷ᠎ᠢ ᠪᠠᠭ᠋ᠠᠰᠬᠠᠨ᠂ ᠲᠤᠬᠠᠢ ᠵᠢᠨ ᠬᠦᠮᠦᠨ᠎ᠤ ᠬᠠᠤᠯᠢ ᠶᠣᠰᠤᠨ᠎ᠤ ᠡᠷᠬᠡ ᠠᠰᠢᠭ᠎ᠢ ᠦᠨᠡᠨ ᠬᠦ᠌ ᠪᠠᠳᠤᠯᠠᠬᠤ ᠵᠢᠨ ᠲᠤᠰᠠᠳᠠ᠂ 《ᠪᠦᠬᠦᠲᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠳᠣᠷᠭ᠋ᠠᠭᠤᠯᠢ ᠵᠢᠨ ᠬᠠᠥᠯᠢ》 《ᠥᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠬᠢᠯᠢ ᠵᠢᠨ ᠬᠠᠮᠢᠶᠠᠷᠤᠯᠲᠠ ᠵᠢᠨ ᠲᠥᠷᠢᠮ》 (ᠳᠣᠷᠤᠭᠰᠢ 《ᠲᠥᠷᠢᠮ》 ᠭᠡᠵᠦ ᠲᠤᠪᠴᠢᠯᠠᠨ᠎ᠠ) ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠥᠷᠢᠮ ᠳᠣᠭᠳᠠᠭ᠋ᠠᠯ᠎ᠢ ᠥᠨᠳᠦᠰᠦᠯᠡᠨ᠂ ᠥᠪᠡᠷᠳᠡᠭᠡᠨ ᠵᠠᠰᠠᠬᠤ ᠣᠷᠤᠨ᠎ᠤ ᠬᠢᠯᠢ ᠵᠢᠨ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠤᠳᠠᠳᠠᠢ᠎ᠲᠠᠢ ᠤᠶᠠᠯᠳᠤᠭᠤᠯᠵᠤ᠂ ᠲᠤᠰ ᠪᠠᠷᠢᠮᠵᠢᠶ᠎ᠠ ᠵᠢ ᠲᠤᠭᠳᠠᠭ᠋ᠠᠪᠠ᠃
ᠬᠤᠶᠠᠷ᠂ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ 《ᠲᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠬᠢᠯᠢ ᠵᠢᠨ ᠬᠠᠮᠢᠶᠠᠷᠤᠯᠲᠠ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠣᠭᠲᠠᠭ᠋ᠠᠯ ᠭᠠᠷᠭ᠋ᠠᠪᠠᠯ᠂ ᠲᠤᠰ ᠪᠠᠷᠢᠮᠵᠢᠶ᠎ᠠ ᠵᠢ ᠬᠡᠷᠡᠭᠯᠡᠨ᠎ᠡ᠃
ᠭᠤᠷᠪᠠ᠂ ᠬᠢᠯᠢ ᠵᠢᠨ ᠬᠠᠮᠢᠶᠠᠷᠤᠯᠲᠠ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠶᠡᠭᠡ ᠠᠩᠭᠢ᠎ᠠᠴᠠ ᠳᠡᠭᠡᠭᠰᠢᠬᠢ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ; ᠡᠭᠦᠨ᠎ᠳᠤ ᠰᠡᠷᠡᠮᠵᠢᠯᠡᠭᠦᠯᠬᠦ᠂ 500 ᠲᠥᠭᠦᠷᠢᠭ᠎ᠠᠴᠠ ᠳᠣᠷᠣᠭᠰᠢ ᠵᠣᠭᠤᠰ ᠵᠶ᠋ᠡᠷ ᠲᠣᠷᠭ᠋ᠠᠬᠤ ᠵᠢ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠲᠣᠮᠢᠯᠠᠭᠰᠠᠨ ᠰᠠᠯᠪᠤᠷᠢ ᠪᠤᠶᠤ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠪᠠᠶ᠋ᠢᠴᠠᠭ᠋ᠠᠬᠤ ᠥᠷᠲᠡᠭᠡ᠎ᠠᠴᠠ ᠲᠣᠭᠲᠠᠭ᠋ᠠᠵᠤ ᠪᠣᠯᠤᠨ᠎ᠠ᠃
ᠳᠥᠷᠪᠡ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ᠎ᠳᠤ᠂ ᠰᠢᠢ᠍ᠳᠭᠡᠯ ᠲᠣᠷᠭ᠋ᠠᠭᠤᠯᠢ ᠵᠢ ᠬᠠᠤᠯᠢ᠎ᠪᠠᠷ ᠲᠣᠭᠲᠠᠭ᠋ᠠᠭᠰᠠᠨ᠂ ᠡᠷᠬᠡ ᠲᠡᠭᠰᠢ ᠲᠥᠪ ᠭᠤᠤᠯᠴᠢ ᠢᠯᠡ ᠲᠣᠳᠣ᠂ ᠬᠠᠤᠯᠢ ᠶᠣᠰᠣᠨ᠎ᠤ ᠵᠦᠶ ᠵᠣᠬᠢᠰᠲᠠᠶ᠂ ᠠᠯᠳᠠᠭ᠎ᠠ ᠪᠠ ᠲᠣᠷᠭ᠋ᠠᠭᠤᠯᠢ ᠵᠢ ᠬᠠᠷᠢᠯᠴᠠᠨ ᠵᠣᠬᠢᠴᠠᠭᠤᠯᠬᠤ᠂ ᠰᠤᠷᠭ᠋ᠠᠨ ᠬᠥᠮᠦᠵᠢᠭᠦᠯᠬᠦ ᠪᠠ ᠰᠢᠢ᠍ᠳᠭᠡᠯ ᠲᠣᠷᠭ᠋ᠠᠭᠤᠯᠢ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠶ᠃
ᠲᠠᠪᠤ᠂ ᠲᠣᠳᠤᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 《ᠲᠣᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠬᠡᠷᠡᠭ᠎ᠢ ᠭᠦᠢ᠍ᠴᠡᠳᠭᠡᠬᠦ ᠳᠡᠰ ᠳᠠᠷᠠᠭ᠋ᠠᠯᠠᠯ᠎ᠤᠨ ᠳᠣᠭᠳᠠᠭ᠋ᠠᠯ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠳᠣᠭᠳᠠᠭ᠋ᠠᠯ᠂ ᠲᠥᠷᠢᠮ ᠳᠣᠭᠲᠠᠭ᠋ᠠᠯ ᠪᠣᠯᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ᠎ᠤᠨ ᠲᠣᠭᠳᠠᠭ᠋ᠠᠯ᠎ᠢ ᠥᠨᠳᠦᠰᠦᠯᠡᠨ᠂ ᠲᠤᠬᠠᠢ ᠵᠢᠨ ᠬᠦᠮᠦᠨ᠎ᠢ ᠬᠦᠩᠭᠡᠨ ᠵᠶ᠋ᠡᠷ᠂ ᠬᠦᠩᠭᠡᠷᠡᠭᠦᠯᠦᠨ᠂ ᠬᠦᠨᠳᠦ᠎ᠪᠠᠷ ᠰᠢᠢ᠍ᠳᠭᠡᠬᠦ ᠪᠣᠶᠤ ᠰᠢᠢ᠍ᠳᠭᠡᠯ᠎ᠠᠴᠠ ᠬᠡᠯᠳᠦᠷᠢᠭᠦᠯᠬᠦ ᠬᠡᠷᠡᠭᠳᠡᠢ᠃
ᠬᠦᠩᠭᠡᠨ ᠵᠶ᠋ᠠᠷ ᠰᠢᠢ᠍ᠳᠭᠡᠬᠦ᠂ ᠬᠥᠩᠭᠡᠷᠡᠭᠦᠯᠦᠨ ᠰᠢᠢ᠍ᠳᠭᠡᠬᠦ᠂ ᠬᠦᠨᠳᠦ᠎ᠪᠠᠷ ᠰᠢᠢ᠍ᠳᠭᠡᠬᠦ ᠪᠠ ᠦᠯᠦ ᠰᠢᠢ᠍ᠳᠭᠡᠬᠦ ᠭᠡᠷᠡᠴᠢ ᠪᠠᠷᠢᠮᠲᠠ᠎ᠪᠠᠷ ᠭᠡᠷᠡᠴᠢᠯᠡᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠡᠪᠬᠡᠮᠡᠯ᠎ᠳᠤ ᠳᠠᠭ᠋ᠠᠯᠳᠤᠭᠤᠯᠬᠤ ᠬᠡᠷᠡᠭᠲᠡᠢ᠃
ᠵᠢᠷᠭᠤᠭ᠎ᠠ᠂ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠥᠷᠢᠮ ᠲᠤᠭᠳᠠᠭ᠋ᠠᠯ᠎ᠳᠤ ᠲᠤᠭᠳᠠᠭ᠋ᠠᠭᠰᠠᠨ ᠰᠢᠢ᠍ᠳᠭᠡᠯ᠎ᠨᠢ ᠵᠣᠬᠢᠬᠤ ᠬᠡᠮᠵᠢᠶ᠎ᠡ᠎ᠲᠠᠢ ᠮᠥᠷᠳᠡᠭᠡᠨ ᠰᠠᠭᠤᠷᠢ ᠪᠠᠷᠢᠮᠵᠢᠶ᠎ᠠ᠎ᠳᠤ ᠲᠣᠭᠳᠠᠭ᠋ᠠᠯ ᠭᠠᠷᠭ᠋ᠠᠭᠰᠠᠨ ᠦᠭᠡᠢ ᠪᠠᠢ᠌ᠪᠠᠯ᠂ ᠬᠡᠮᠵᠢᠶ᠎ᠡ ᠵᠢᠨ ᠬᠡᠪᠴᠢᠶᠡᠨ ᠲᠣᠳᠤᠷ᠎ᠠ ᠬᠠᠤᠯᠢ᠎ᠪᠠᠷ ᠲᠤᠭᠳᠠᠭ᠋ᠠᠭᠰᠠᠨ ᠦᠨᠳᠦᠰᠦᠯᠡᠯ᠂ ᠬᠠᠤᠯᠢ ᠵᠢ ᠵᠦᠷᠢᠴᠡᠭᠰᠡᠨ ᠪᠠᠢ᠌ᠳᠠᠯ᠂ ᠰᠢᠨᠵᠢ ᠴᠢᠨᠠᠷ ᠦᠢ᠍ᠯᠡ ᠪᠠᠢ᠌ᠳᠠᠯ᠂ ᠬᠤᠤᠷ ᠬᠦᠨᠦᠭᠡᠯ᠎ᠤᠨ ᠬᠡᠮᠵᠢᠶ᠎ᠡ᠂ ᠰᠢᠢ᠍ᠳᠭᠡᠯ᠎ᠤᠨ ᠲᠥᠷᠦᠯ ᠵᠦᠢ᠍ᠯ᠂ ᠰᠢᠢ᠍ᠳᠭᠡᠯ᠎ᠤᠨ ᠬᠡᠮᠵᠢᠶ᠎ᠡ ᠵᠡᠷᠭᠡ ᠬᠦᠴᠦᠨ ᠵᠦᠢ᠍ᠯ᠎ᠢ ᠶᠡᠷᠥᠩᠬᠡᠢ᠌ᠯᠡᠨ ᠪᠣᠳᠤᠯᠬᠢᠯᠠᠵᠤ ᠰᠣᠳᠤᠯᠤᠨ ᠲᠤᠭᠳᠠᠭ᠋ᠠᠨ᠎ᠠ᠃
ᠲᠤᠯᠤᠭ᠎ᠠ᠂ ᠮᠥᠨ ᠨᠢᠭᠡᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠨᠢ ᠠᠳᠠᠯᠢ ᠪᠤᠰᠤ ᠬᠠᠤᠯᠢ ᠴᠠᠭ᠋ᠠᠵᠠ ᠵᠢᠨ ᠵᠢᠷᠤᠮᠵᠢᠯ᠎ᠢ ᠵᠥᠷᠢᠴᠡᠭᠰᠡᠨ ᠪᠠᠶ᠋ᠢᠪᠠᠯ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠢ ᠬᠡᠷᠡᠭᠯᠡᠬᠦ᠎ᠳᠤ᠎ᠪᠠᠨ ᠳᠣᠣᠷ᠎ᠠ ᠵᠢᠭᠰᠠᠭ᠋ᠠᠭᠰᠠᠨ ᠵᠠᠷᠴᠢᠮ᠎ᠢ ᠵᠢᠷᠤᠮᠯᠠᠬᠤ ᠬᠡᠷᠡᠭᠲᠡᠢ᠄
(ᠨᠢᠭᠡ) ᠬᠦᠴᠦᠨ ᠶᠡᠬᠡᠲᠡᠢ ᠬᠠᠤᠯᠢ ᠴᠠᠭ᠋ᠠᠵᠠ ᠵᠢᠨ ᠵᠢᠷᠤᠮᠵᠢᠯ᠎ᠢ ᠤᠷᠢᠳ ᠵᠶ᠋ᠠᠷ ᠬᠡᠷᠡᠭᠯᠡᠬᠦ;
(ᠬᠤᠶᠠᠷ) ᠬᠠᠤᠯᠢ ᠴᠠᠭ᠋ᠠᠵᠠ ᠵᠢᠨ ᠵᠢᠷᠤᠮᠵᠢᠯ᠎ᠤᠨ ᠬᠦᠴᠦᠨ᠎ᠨᠢ ᠠᠳᠠᠯᠢ ᠪᠠᠶ᠋ᠢᠵᠤ᠂ ᠣᠨᠴᠠᠭ᠋ᠠᠢ ᠲᠣᠭᠲᠠᠭ᠋ᠠᠯ᠎ᠢ ᠤᠷᠢᠳ ᠵᠶ᠋ᠠᠷ ᠬᠡᠷᠡᠭᠯᠡᠭᠰᠡᠨ᠎ᠳᠤ ᠲᠣᠭ᠋ᠠᠴᠠᠭᠳᠠᠬᠤ;
(ᠭᠤᠷᠪᠠ) ᠬᠠᠤᠯᠢ ᠴᠠᠭ᠋ᠠᠵᠠ ᠵᠢᠨ ᠵᠢᠷᠤᠮᠵᠢᠯ᠎ᠤᠨ ᠬᠦᠴᠦᠨ᠎ᠨᠢ ᠠᠳᠠᠯᠢ ᠪᠠᠢ᠌ᠵᠤ᠂ ᠴᠠᠭ᠎ᠨᠢ ᠬᠤᠶ᠋ᠢᠨ᠎ᠠ ᠪᠠᠢ᠌ᠬᠤ ᠵᠢ ᠤᠷᠢᠳ ᠵᠶ᠋ᠠᠷ ᠬᠡᠷᠡᠭᠯᠡᠬᠦ᠃
ᠨᠠᠢ᠍ᠮᠠ᠂ ᠪᠠᠷᠢᠮᠵᠢᠶ᠎ᠠ᠎ᠨᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠣᠭᠲᠠᠭ᠋ᠠᠯ᠎ᠲᠠᠢ ᠨᠢᠭᠡᠳᠦᠯ ᠦᠭᠡᠢ ᠪᠠᠶ᠋ᠢᠪᠠᠯ᠂ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠶᠢᠰᠦ᠂ ᠲᠤᠬᠠᠢ ᠵᠢᠨ ᠬᠥᠮᠦᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠪᠤᠰᠤᠳ ᠰᠡᠵᠢᠭᠯᠡᠯᠲᠡᠢ ᠪᠠᠶ᠋ᠢᠪᠠᠯ᠂ ᠴᠠᠭ ᠲᠤᠬᠠᠢᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
ᠬᠤᠶᠠᠳᠤᠭ᠋ᠠᠷ ᠪᠦᠯᠦᠭ ᠲᠠᠰᠤᠯᠤᠯᠲᠠ ᠵᠢᠨ ᠰᠠᠭᠤᠷᠢ ᠪᠠᠷᠢᠮᠵᠢᠶ᠎ᠠ
ᠨᠢᠭᠡ᠂ ᠬᠢᠯᠢ ᠵᠢᠨ ᠬᠠᠮᠢᠶᠠᠷᠤᠯᠲᠠ ᠵᠢᠨ ᠣᠷᠣᠨ ᠵᠶ᠋ᠠᠷ ᠣᠷᠣᠵᠤ ᠭᠠᠷᠬᠤ᠎ᠳᠤ᠎ᠪᠠᠨ ᠪᠠᠶ᠋ᠢᠴᠠᠭ᠋ᠠᠯᠲᠠ ᠵᠢ ᠳᠡᠪᠴᠢᠬᠦ
【ᠲᠣᠬᠢᠷᠠᠭᠤᠯᠤᠨ ᠬᠡᠷᠡᠭᠯᠡᠬᠦ ᠦᠨᠳᠦᠰᠦᠯᠡᠯ】
《ᠲᠦᠷᠢᠮ》᠎ᠤᠨ ᠭᠤᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ ᠲᠣᠰ ᠲᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠳᠣᠩᠭᠤᠳᠬᠤ ᠪᠤᠶᠤ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠄
(ᠨᠢᠭᠡ) ᠬᠢᠯᠢ ᠵᠢᠨ ᠬᠠᠮᠢᠶᠠᠷᠤᠯᠲᠠ ᠵᠢᠨ ᠣᠷᠣᠨ ᠵᠶ᠋ᠠᠷ ᠣᠷᠣᠵᠤ ᠭᠠᠷᠬᠤ᠎ᠳᠤ᠎ᠪᠠᠨ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠬᠢᠯᠢ ᠵᠢᠨ ᠬᠠᠮᠠᠭ᠋ᠠᠯᠠᠯᠲᠠ ᠵᠢᠨ ᠴᠡᠷᠢᠭ ᠠᠩᠭᠢ ᠵᠢᠨ ᠪᠠᠶ᠋ᠢᠴᠠᠭ᠋ᠠᠯᠲᠠ ᠵᠢ ᠲᠡᠪᠴᠢᠭᠰᠡᠨ;
【ᠲᠠᠰᠤᠯᠤᠯᠲᠠ ᠵᠢᠨ ᠪᠠᠷᠢᠮᠵᠢᠶ᠎ᠠ】
1. ᠳᠤᠭᠤᠶ ᠪᠠᠶ᠋ᠢᠬᠤ ᠠᠷᠭ᠎ᠠ ᠮᠠᠶᠢᠭ ᠵᠶ᠋ᠠᠷ ᠪᠠᠶ᠋ᠢᠴᠠᠭ᠋ᠠᠯᠲᠠ ᠵᠢ ᠲᠡᠪᠴᠢᠭᠰᠡᠨ ᠪᠠᠶ᠋ᠢᠪᠠᠯ᠂ ᠳᠣᠩᠭᠤᠳᠬᠤ ᠪᠤᠶᠤ 200 ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ;
2. ᠪᠠᠶ᠋ᠢᠴᠠᠭ᠋ᠠᠯᠲᠠ ᠵᠢ ᠲᠣᠳᠣᠷᠬᠠᠶ ᠲᠡᠪᠴᠢᠭᠰᠡᠨ ᠪᠤᠶᠤ ᠪᠤᠰᠤᠳ ᠠᠷᠭ᠎ᠠ ᠮᠠᠶᠢᠭ ᠵᠶ᠋ᠠᠷ ᠪᠠᠶ᠋ᠢᠴᠠᠭ᠋ᠠᠬᠤ ᠵᠢ ᠲᠡᠪᠴᠢᠭᠰᠡᠨ ᠪᠠᠶ᠋ᠢᠪᠠᠯ᠂ 200 ᠲᠥᠭᠦᠷᠢᠭ᠎ᠠᠴᠠ ᠳᠡᠭᠡᠭᠰᠢ 500 ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
ᠬᠤᠶᠠᠷ᠂ ᠰᠦᠷᠦᠭ ᠵᠶ᠋ᠡᠨ ᠳᠠᠭ᠋ᠠᠵᠤ ᠮᠠᠯᠵᠢᠭᠰᠠᠨ ᠦᠭᠡᠢ᠎ᠠᠴᠠ ᠪᠣᠯᠵᠤ ᠮᠠᠯ ᠤᠨᠤᠭ᠎ᠠ ᠬᠢᠯᠢ ᠳᠠᠪᠠᠭ᠍ᠤ
【ᠲᠣᠬᠢᠷᠠᠭᠤᠯᠤᠨ ᠬᠡᠷᠡᠭᠯᠡᠬᠦ ᠦᠨᠳᠦᠰᠦᠯᠡᠯ】
《ᠲᠦᠷᠢᠮ》᠎ᠤᠨ ᠭᠤᠴᠢᠨ ᠨᠢᠭᠡᠳᠦᠭᠡᠷ ᠵᠦᠢ᠍ᠯ᠎ᠤᠨ ᠭᠤᠷᠪᠠᠳᠤᠭ᠋ᠠᠷ ᠵᠤᠷᠪᠤᠰ ᠲᠣᠰ ᠲᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠳᠣᠩᠭᠤᠳᠬᠤ ᠪᠤᠶᠤ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠄
(ᠭᠤᠷᠪᠠ) ᠰᠦᠷᠦᠭ ᠵᠶ᠋ᠠᠨ ᠳᠠᠭ᠋ᠠᠵᠤ ᠮᠠᠯᠵᠢᠭᠰᠠᠨ ᠦᠭᠡᠢ᠎ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠃
【ᠲᠠᠰᠤᠯᠤᠯᠲᠠ ᠵᠢᠨ ᠪᠠᠷᠢᠮᠵᠢᠶ᠎ᠠ】
1. ᠠᠩᠬ᠎ᠠ ᠤᠳᠠᠭ᠎ᠠ ᠰᠦᠷᠦᠭ ᠵᠶ᠋ᠠᠨ ᠳᠠᠭ᠋ᠠᠵᠤ ᠮᠠᠯ ᠮᠠᠯᠵᠢᠬᠤ ᠦᠭᠡᠢ᠎ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠂ ᠬᠤᠣᠷ ᠬᠥᠨᠥᠭᠡᠯ᠎ᠤᠨ ᠦᠷ᠎ᠡ ᠤᠷᠰᠢᠭ᠎ᠨᠢ ᠬᠥᠩᠭᠡᠪᠲᠦᠷ ᠪᠠᠶ᠋ᠢᠵᠤ ᠭᠠᠳᠠᠭ᠋ᠠᠳᠤ᠎ᠲᠠᠢ ᠬᠤᠯᠪᠣᠭᠳᠠᠭᠰᠠᠨ ᠬᠡᠷᠡᠭ ᠭᠠᠷᠭ᠋ᠠᠭᠰᠠᠨ ᠦᠭᠡᠢ ᠪᠥᠭᠡᠳ ᠴᠠᠭ ᠲᠤᠬᠠᠢᠳᠤᠨᠢ ᠵᠠᠯᠠᠷᠠᠭᠤᠯᠤᠭᠰᠠᠨ ᠪᠠᠶ᠋ᠢᠪᠠᠯ ᠰᠢᠢ᠍ᠳᠬᠡᠯ ᠥᠭᠬᠦ ᠦᠭᠡᠢ ᠪᠠᠶ᠋ᠢᠵᠤ ᠪᠣᠯᠤᠨ᠎ᠠ;
2. ᠠᠩᠬ᠎ᠠ ᠤᠳᠠᠭ᠎ᠠ ᠰᠦᠷᠦᠭ ᠵᠶ᠋ᠠᠨ ᠳᠠᠭ᠋ᠠᠵᠤ ᠮᠠᠯᠵᠢᠭᠰᠠᠨ ᠦᠭᠡᠶ᠎ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠂ ᠭᠠᠳᠠᠭ᠋ᠠᠳᠤ᠎ᠳᠤ ᠬᠤᠯᠪᠣᠭᠳᠠᠬᠤ ᠬᠡᠷᠡᠭ ᠭᠠᠷᠭ᠋ᠠᠭᠰᠠᠨ ᠪᠣᠯ ᠲᠤᠩᠭᠤᠳᠬᠤ ᠪᠤᠶᠤ 200 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠬᠤ;
3. ᠨᠢᠭᠡ ᠵᠢᠯ᠎ᠤᠨ ᠳᠣᠲᠣᠷ᠎ᠠ ᠰᠦᠷᠦᠭ ᠵᠶ᠋ᠠᠨ ᠳᠠᠭ᠋ᠠᠵᠤ ᠮᠠᠯᠵᠢᠬᠤ ᠦᠭᠡᠢ᠎ᠠᠴᠠ ᠪᠣᠯᠵᠤ ᠮᠠᠯ ᠤᠨᠤᠭ᠎ᠠ ᠬᠢᠯᠢ ᠳᠠᠪᠠᠵᠤ ᠲᠣᠷᠭ᠋ᠠᠭᠳᠠᠵᠤ ᠥᠩᠭᠡᠷᠡᠭᠰᠡᠨ ᠮᠥᠷᠳᠡᠭᠡᠨ ᠳᠠᠬᠢᠭ᠋ᠠᠳ ᠪᠠᠰᠠ ᠡᠭᠦᠰᠦᠭᠰᠡᠨ ᠪᠣᠯ 200 ᠲᠥᠭᠦᠷᠢᠭ᠎ᠠᠴᠠ ᠳᠡᠭᠡᠭᠰᠢ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃
ᠭᠤᠷᠪᠠ᠂ ᠤᠯᠤᠰ᠎ᠤᠨ ᠬᠢᠯᠢ ᠵᠢᠨ ᠱᠤᠭᠤᠮ᠎ᠠᠴᠠ 1 ᠺᠢᠯᠦᠮᠸᠲᠷ ᠵᠠᠶ᠋ᠢᠲᠠᠶ ᠭᠠᠵᠠᠷ᠎ᠲᠤ ᠳᠤᠷ᠎ᠠ᠎ᠪᠠᠷ ᠵᠶ᠋ᠠᠨ ᠫᠤᠤ ᠳᠤᠤᠭ᠋ᠠᠷᠭ᠋ᠠᠬᠤ
【ᠲᠣᠬᠢᠷᠠᠭᠤᠯᠤᠨ ᠬᠡᠷᠡᠭᠯᠡᠬᠦ ᠦᠨᠳᠦᠰᠦᠯᠡᠯ】
《ᠲᠦᠷᠢᠮ》᠎ᠤᠨ ᠭᠤᠴᠢᠨ ᠬᠤᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠰ ᠲᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ 500 ᠲᠥᠭᠦᠷᠢᠭ᠎ᠠᠴᠠ ᠳᠡᠭᠡᠭᠰᠢ 3000 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠄
(ᠨᠢᠭᠡ) ᠤᠯᠤᠰ᠎ᠤᠨ ᠬᠢᠯᠢ ᠵᠢᠨ ᠱᠤᠭᠤᠮ᠎ᠠᠴᠠ 1 ᠺᠢᠯᠦᠮᠸᠲᠷ ᠵᠠᠶ᠋ᠢᠲᠠᠶ ᠭᠠᠵᠠᠷ᠎ᠲᠤ ᠳᠤᠷ᠎ᠠ᠎ᠪᠠᠷ ᠵᠶ᠋ᠠᠨ ᠫᠤᠤ ᠳᠤᠤᠭ᠋ᠠᠷᠭ᠋ᠠᠭᠰᠠᠨ;
【ᠲᠠᠰᠤᠯᠤᠯᠲᠠ ᠵᠢᠨ ᠪᠠᠷᠢᠮᠵᠢᠶ᠎ᠠ】
1. ᠤᠯᠤᠰ᠎ᠤᠨ ᠬᠢᠯᠢ ᠵᠢᠨ ᠱᠤᠭᠤᠮ᠎ᠠᠴᠠ 1 ᠺᠢᠯᠦᠮᠸᠲᠷ ᠵᠠᠶ᠋ᠢᠲᠠᠶ ᠭᠠᠵᠠᠷ᠎ᠲᠤ ᠳᠤᠷ᠎ᠠ᠎ᠪᠠᠷ ᠵᠶ᠋ᠠᠨ ᠫᠤᠤ ᠳᠤᠤᠭ᠋ᠠᠷᠭ᠋ᠠᠭᠰᠠᠨ᠂ ᠭᠠᠳᠠᠭ᠋ᠠᠳᠤ᠎ᠲᠠᠢ ᠬᠤᠯᠪᠣᠭᠳᠠᠬᠤ ᠬᠡᠷᠡᠭ ᠵᠡᠷᠭᠡ ᠦᠷ᠎ᠡ ᠤᠷᠰᠢᠭ ᠭᠠᠷᠭ᠋ᠠᠭᠰᠠᠨ ᠦᠭᠡᠶ ᠪᠣᠯ 500 ᠲᠥᠭᠦᠷᠢᠭ᠎ᠠᠴᠠ ᠳᠡᠭᠡᠭᠰᠢ 1000 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ;
2. ᠤᠯᠤᠰ᠎ᠤᠨ ᠬᠢᠯᠢ ᠵᠢᠨ ᠱᠤᠭᠤᠮ᠎ᠠᠴᠠ 1 ᠺᠢᠯᠦᠮᠸᠲᠷ ᠵᠠᠶ᠋ᠢᠲᠠᠶ ᠭᠠᠵᠠᠷ᠎ᠲᠤ ᠳᠤᠷ᠎ᠠ᠎ᠪᠠᠷ ᠵᠶ᠋ᠠᠨ ᠫᠤᠤ ᠳᠤᠤᠭ᠋ᠠᠷᠭ᠋ᠠᠭᠰᠠᠨ᠂ ᠭᠠᠳᠠᠭ᠋ᠠᠳᠤ᠎ᠲᠠᠢ ᠬᠤᠯᠪᠣᠭᠳᠠᠬᠤ ᠬᠡᠷᠡᠭ ᠡᠭᠦᠰᠭᠡᠭᠰᠡᠨ ᠵᠡᠷᠭᠡ ᠦᠷ᠎ᠡ ᠤᠷᠰᠢᠭ᠎ᠨᠢ ᠬᠠᠷᠠᠬᠠᠨ ᠶᠠᠯᠠᠳᠤ ᠬᠦᠷᠦᠭᠡᠳᠦᠶ ᠪᠣᠯ 1000 ᠲᠥᠭᠦᠷᠢᠭ᠎ᠠᠴᠠ ᠳᠡᠭᠡᠭᠰᠢ 3000 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃
ᠳᠥᠷᠪᠡ᠂ ᠮᠠᠨ᠎ᠤ ᠤᠯᠤᠰ᠎ᠤᠨ ᠬᠢᠯᠢ ᠵᠢ ᠳᠠᠪᠠᠵᠤ ᠣᠷᠣᠵᠤ ᠢᠷᠡᠭᠰᠡᠨ ᠮᠠᠯ ᠤᠨᠤᠭ᠎ᠠ ᠵᠢ ᠳᠤᠷ᠎ᠠ᠎ᠪᠠᠷ ᠵᠶ᠋ᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ
【ᠲᠣᠬᠢᠷᠠᠭᠤᠯᠤᠨ ᠬᠡᠷᠡᠭᠯᠡᠬᠦ ᠦᠨᠳᠦᠰᠦᠯᠡᠯ】
《ᠲᠦᠷᠢᠮ》᠎ᠤᠨ ᠭᠤᠴᠢᠨ ᠬᠤᠶᠠᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠂ ᠬᠤᠶᠠᠳᠤᠭ᠋ᠠᠷ ᠪᠠᠳᠠᠭ᠎ᠲᠤ ᠲᠣᠰ ᠲᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠬᠢᠯᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ 500 ᠲᠥᠭᠦᠷᠢᠭ᠎ᠠᠴᠠ ᠳᠡᠭᠡᠭᠰᠢ 3000 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠄
(ᠭᠤᠷᠪᠠ) ᠮᠠᠨ᠎ᠤ ᠤᠯᠤᠰ᠎ᠤᠨ ᠬᠢᠯᠢ ᠵᠢ ᠳᠠᠪᠠᠵᠤ ᠣᠷᠣᠵᠤ ᠢᠷᠡᠭᠰᠡᠨ ᠮᠠᠯ ᠤᠨᠤᠭ᠎ᠠ ᠵᠢ ᠳᠤᠷ᠎ᠠ᠎ᠪᠠᠷ ᠵᠶ᠋ᠠᠨ ᠬᠡᠷᠡᠭᠯᠡᠵᠦ᠂ ᠠᠯᠠᠵᠤ᠂ ᠨᠢᠭᠤᠵᠤ᠂ ᠬᠤᠳᠠᠯᠳᠤᠵᠤ᠂ ᠳᠠᠯᠳᠠᠭᠤᠷ ᠬᠤᠪᠢᠶᠠᠭᠰᠠᠨ; ᠲᠤᠰ ᠵᠦᠢ᠍ᠯ᠎ᠤᠨ (ᠭᠤᠷᠪᠠ) ᠳ᠋ᠤᠭ᠋ᠠᠷ ᠵᠤᠷᠪᠤᠰ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠭᠲᠠᠭ᠋ᠠᠯ ᠶᠣᠰᠣᠭ᠋ᠠᠷ ᠰᠢᠢ᠍ᠳᠭᠡᠬᠦ᠎ᠠᠴᠠ ᠭᠠᠳᠠᠨ᠎ᠠ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
【ᠲᠠᠰᠤᠯᠤᠯᠲᠠ ᠵᠢᠨ ᠪᠠᠷᠢᠮᠵᠢᠶ᠎ᠠ】
1. ᠬᠥᠷᠰᠢ ᠵᠡᠷᠭᠡᠯᠡᠳᠡᠭᠡ ᠤᠯᠤᠰ᠎ᠤᠨ ᠮᠠᠨ᠎ᠤ ᠤᠯᠤᠰ᠎ᠤᠨ ᠬᠢᠯᠢ ᠵᠢ ᠳᠠᠪᠠᠵᠤ ᠣᠷᠤᠵᠤ ᠢᠷᠡᠭᠰᠡᠨ ᠮᠠᠯ᠎ᠢ ᠭᠤᠷᠪᠠᠨ ᠲᠤᠯᠤᠭ᠋ᠠᠢ᠎ᠠᠴᠠ ᠳᠣᠷᠤᠭᠰᠢ ᠲᠤᠷ᠎ᠠ᠎ᠪᠠᠷ ᠵᠶ᠋ᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠨᠢᠭᠤᠵᠤ ᠳᠠᠯᠳᠠᠯᠠᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ ᠪᠠᠶ᠋ᠢᠪᠠᠯ᠂ 500 ᠲᠥᠭᠦᠷᠢᠭ᠎ᠠᠴᠠ ᠳᠡᠭᠡᠭᠰᠢ 1000 ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ᠎ᠪᠠᠷ ᠨᠡᠶ᠋ᠢᠯᠡᠭᠦᠯᠦᠨ ᠰᠢᠢ᠍ᠳᠬᠡᠨ᠎ᠡ;
2. ᠬᠥᠷᠰᠢ ᠵᠡᠷᠭᠡᠯᠡᠳᠡᠭᠡ ᠤᠯᠤᠰ᠎ᠤᠨ ᠮᠠᠨ᠎ᠤ ᠤᠯᠤᠰ᠎ᠤᠨ ᠬᠢᠯᠢ ᠵᠢ ᠳᠠᠪᠠᠵᠤ ᠣᠷᠤᠵᠤ ᠢᠷᠡᠭᠰᠡᠨ ᠮᠠᠯ᠎ᠢ ᠭᠤᠷᠪᠠᠨ ᠲᠤᠯᠤᠭ᠋ᠠᠢ᠎ᠠᠴᠠ ᠳᠡᠭᠡᠭᠰᠢ ᠲᠤᠷ᠎ᠠ᠎ᠪᠠᠷ ᠵᠶ᠋ᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠨᠢᠭᠤᠵᠤ ᠳᠠᠯᠳᠠᠯᠠᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ ᠪᠠᠶ᠋ᠢᠪᠠᠯ᠂ 1000 ᠲᠥᠭᠦᠷᠢᠭ᠎ᠠᠴᠠ ᠳᠡᠭᠡᠭᠰᠢ 3000 ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ᠎ᠪᠠᠷ ᠨᠡᠶ᠋ᠢᠯᠡᠭᠦᠯᠦᠨ ᠰᠢᠢ᠍ᠳᠬᠡᠨ᠎ᠡ᠃
ᠭᠤᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ
ᠨᠢᠭᠡ᠂ ᠪᠠᠷᠢᠮᠵᠢᠶ᠎ᠠ᠎ᠳᠤ ᠲᠤᠭᠳᠠᠭ᠋ᠠᠭᠰᠠᠨ 《ᠳᠡᠭᠡᠭᠰᠢ》᠂ 《ᠳᠣᠷᠤᠭᠰᠢ》 ᠭᠡᠳᠡᠭ᠎ᠲᠤ ᠲᠤᠰ ᠳᠣᠭ᠎ᠠ ᠪᠠᠭᠲᠠᠨ᠎ᠠ᠂ ᠭᠡᠪᠡᠴᠦ ᠬᠡᠰᠡᠭ ᠬᠣᠪᠢᠶᠠᠨ ᠥᠷᠭᠦᠯᠵᠢᠯᠡᠨ ᠳᠡᠮᠳᠡᠭᠯᠡᠬᠦ ᠳᠣᠭ᠋ᠠᠨᠤ ᠲᠣᠳᠤᠷᠠᠬᠢ ᠳᠠᠪᠬᠤᠷᠳᠠᠭᠰᠠᠨ ᠲᠣᠭ᠎ᠠ ᠵᠢ 《ᠳᠡᠭᠡᠭᠰᠢ》᠎ᠳᠤ ᠲᠣᠰ ᠲᠣᠭ᠎ᠠ ᠪᠠᠭᠲᠠᠬᠤ ᠦᠭᠡᠢ᠃
ᠬᠤᠶᠠᠷ᠂ ᠪᠠᠷᠢᠮᠵᠢᠶ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠦᠨ᠎ᠡ᠃