ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠳᠣᠲᠣᠭ᠋ᠠᠳᠤ ᠶᠠᠪᠤᠳᠠᠯ᠎ᠤᠨ ᠲᠥᠷᠢᠮ
ᠨᠡᠶ᠋ᠢᠲᠡᠯᠡᠭᠰᠡᠨ ᠴᠠᠭ᠄ 2022-10-27

      2000 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠶ᠋ᠢᠳ᠎ᠤᠨ ᠠᠯᠪᠠᠨ ᠠᠵᠢᠯ᠎ᠤᠨ ᠬᠤᠷᠠᠯ᠎ᠠᠴᠠ ᠪᠠᠲᠤᠯᠠᠵᠤ᠂ 2000 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 53 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠵᠦ ᠬᠡᠷᠡᠭᠵᠢᠭᠦᠯᠪᠡ᠃

  

      ᠨᠢᠭᠡᠳᠦᠭᠡᠷ ᠪᠦᠯᠦᠭ   ᠶᠡᠷᠦᠩᠬᠡᠢ ᠲᠦᠷᠢᠮ

      ᠨᠢᠭᠡᠳᠦᠭᠡᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠋ᠠᠨ᠎ᠤ ᠡᠩᠨᠡᠭᠡᠨ᠎ᠤ ᠵᠢᠩᠬᠢᠨᠢᠴᠢᠯᠡᠬᠦ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠣᠲᠣᠭ᠋ᠠᠳᠤ ᠶᠠᠪᠤᠳᠠᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠋ᠠᠨ᠎ᠤ ᠬᠠᠤᠯᠢ》 ᠵᠢ ᠦᠨᠳᠦᠰᠦᠯᠡᠨ ᠲᠤᠰ ᠲᠦᠷᠢᠮ᠎ᠢ ᠲᠣᠭᠲᠠᠭ᠋ᠠᠪᠠ᠃

     ᠬᠤᠶᠠᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠳᠣᠲᠣᠭ᠋ᠠᠳᠤ ᠶᠠᠪᠤᠳᠠᠯ᠎ᠤᠨ ᠪᠠᠶ᠋ᠢᠭᠤᠯᠤᠯᠲᠠ ᠵᠢᠨ ᠦᠨᠳᠦᠰᠦᠨ ᠡᠭᠦᠷᠭᠡ᠂ ᠵᠢᠷᠤᠮᠵᠢᠭᠰᠠᠨ ᠠᠵᠢᠯ᠂ ᠰᠤᠷᠤᠯᠴᠠᠯᠭ᠎ᠠ᠂ ᠠᠮᠢᠳᠤᠷᠠᠯ᠎ᠤᠨ ᠡᠮᠬᠢ ᠵᠢᠷᠤᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ (ᠳᠣᠷᠣᠭᠰᠢ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠡᠵᠦ ᠲᠣᠪᠴᠢᠯᠠᠨ᠎ᠠ) ᠵᠢᠨ ᠰᠢᠯᠢᠳᠡᠭ ᠰᠠᠶ᠋ᠢᠨ ᠰᠤᠷᠲᠠᠯ ᠪᠠ ᠴᠢᠩᠭ᠎ᠠ ᠰᠠᠬᠢᠯᠭ᠎ᠠ ᠪᠠᠲᠤ ᠵᠢ ᠬᠥᠮᠦᠵᠢᠭᠦᠯᠵᠦ᠂ ᠠᠷᠠᠳ᠎ᠤᠨ ᠴᠠᠭᠳᠠᠭ᠎ᠠ ᠵᠢᠨ ᠰᠠᠶ᠋ᠢᠨ ᠰᠠᠶ᠋ᠢᠬᠠᠨ ᠲᠦᠷᠢ ᠲᠥᠷᠬᠦ ᠵᠢ ᠪᠤᠢ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠲᠠᠶ᠋ᠢᠴᠢᠨ ᠬᠦᠴᠦᠨ᠎ᠢ ᠳᠡᠭᠡᠭᠰᠢᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ ᠤᠯᠠᠨ᠎ᠳᠤ ᠦᠢ᠍ᠯᠡᠴᠢᠯᠡᠬᠦ᠂ ᠨᠡᠶ᠋ᠢᠭᠡᠮ᠎ᠤᠨ ᠠᠮᠤᠷ ᠲᠦᠪᠰᠢᠨ᠎ᠢ ᠬᠠᠮᠠᠭ᠋ᠠᠯᠠᠬᠤ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠨ᠎ᠠ᠃

      ᠭᠤᠷᠪᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠳᠣᠲᠣᠭ᠋ᠠᠳᠤ ᠶᠠᠪᠤᠳᠠᠯ᠎ᠤᠨ ᠪᠠᠶ᠋ᠢᠭᠤᠯᠤᠯᠲᠠ᠎ᠳᠤ ᠴᠠᠭᠳᠠᠭ᠎ᠠ ᠵᠢ ᠴᠢᠩᠭ᠎ᠠ ᠵᠠᠰᠠᠬᠤ᠂ ᠴᠠᠭᠳᠠᠭ᠎ᠠ ᠵᠢ ᠬᠠᠤᠯᠢ ᠶᠤᠰᠤᠭ᠋ᠠᠷ ᠵᠠᠰᠠᠬᠤ ᠴᠢᠭᠯᠡᠯᠲᠡ ᠵᠢ ᠲᠤᠭᠤᠰᠢᠯᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨᠵᠢ ᠴᠢᠨᠠᠷ᠂ ᠡᠭᠦᠷᠭᠡ ᠪᠠ ᠣᠨᠴᠠᠯᠢᠭ ᠶᠤᠰᠤᠭ᠋ᠠᠷ᠂ ᠥᠨᠳᠥᠷ ᠪᠦᠲᠦᠮᠵᠢᠲᠡᠶ ᠪᠥᠭᠡᠳ ᠪᠣᠳᠠᠲᠠᠶ ᠵᠢ ᠡᠷᠬᠢᠮᠯᠡᠬᠦ᠂ ᠬᠢᠨᠠᠯᠲᠠ ᠵᠢ ᠴᠢᠩᠭ᠋ᠠᠳᠬᠠᠬᠤ᠂ ᠦᠨᠳᠦᠰᠦᠨ ᠱᠠᠲᠤ ᠵᠢ ᠪᠣᠳᠣᠯᠬᠢᠯᠠᠬᠤ ᠵᠠᠷᠴᠢᠮ᠎ᠢ ᠪᠠᠷᠢᠮᠲᠠᠯᠠᠵᠤ᠂ ᠲᠥᠪ ᠭᠤᠣᠯᠴᠢ ᠠᠷᠢᠭᠤᠨ ᠴᠢᠬᠡᠴᠢ᠂ ᠡᠷᠡᠯᠬᠡᠭ ᠪᠠᠭ᠋ᠠᠲᠤᠷᠯᠢᠭ ᠵᠶ᠋ᠠᠷ ᠪᠠᠶ᠋ᠢᠯᠳᠤᠬᠤ᠂ ᠭᠤᠶᠠᠴᠢ ᠦᠭᠡᠢ ᠵᠢᠳᠭᠦᠬᠦ᠂ ᠪᠤᠰᠢᠭᠤ ᠱᠠᠯᠠᠮᠠᠭ᠋ᠠᠶ ᠪᠠᠶ᠋ᠢᠳᠠᠭ ᠴᠠᠭᠳᠠᠭ᠋ᠠᠨ᠎ᠤ ᠰᠢᠯᠢᠳᠡᠭ ᠰᠤᠷᠲᠠᠯ᠎ᠢ ᠪᠤᠢ ᠪᠣᠯᠭ᠋ᠠᠨ᠎ᠠ᠃

    

      ᠬᠤᠶᠠᠳᠤᠭ᠋ᠠᠷ ᠪᠦᠯᠦᠭ   ᠲᠠᠩᠭ᠋ᠠᠷᠢᠭᠯᠠᠬᠤ

      ᠳᠥᠷᠪᠡᠳᠦᠭᠡᠷ ᠵᠦᠢ᠍ᠯ  ᠲᠠᠩᠭ᠋ᠠᠷᠢᠭᠯᠠᠬᠤ ᠪᠣᠯ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠥᠪᠡᠷ᠎ᠤᠨ ᠡᠭᠦᠷᠭᠡᠯᠡᠵᠦ ᠪᠠᠶ᠋ᠢᠭ᠎ᠠ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠳᠤ᠎ᠪᠠᠨ ᠬᠢᠭᠰᠡᠨ ᠠᠮᠠᠯᠠᠯᠲᠠ ᠪᠠ ᠪᠠᠲᠤᠯᠠᠭ᠎ᠠ ᠮᠥᠨ᠃ ᠰᠢᠨ᠎ᠡ᠎ᠪᠠᠷ ᠡᠯᠰᠡᠭᠳᠡᠭᠰᠡᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠡᠷᠬᠡᠪᠰᠢ ᠲᠠᠩᠭ᠋ᠠᠷᠢᠭᠯᠠᠬᠤ ᠬᠡᠷᠡᠭᠲᠡᠶ᠃

      ᠲᠠᠪᠤᠳᠤᠭ᠋ᠠᠷ ᠵᠦᠢ᠍ᠯ   ᠲᠠᠩᠭ᠋ᠠᠷᠢᠭᠯᠠᠬᠤ ᠲᠠᠩᠭ᠋ᠠᠷᠢᠭ᠎ᠤᠨ ᠦᠭᠡ

      ᠪᠢ ᠲᠠᠩᠭ᠋ᠠᠷᠢᠭᠯᠠᠶ᠎ᠠ᠄ ᠪᠢ ᠨᠢᠭᠡ ᠪᠥᠬᠦᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠪᠣᠯᠤᠨ᠎ᠠ ᠭᠡᠵᠦ ᠲᠠᠩᠭ᠋ᠠᠷᠢᠭᠯᠠᠶ᠎ᠠ᠃ ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ᠎ᠪᠠᠨ ᠦᠨᠡᠨᠴᠢ ᠰᠢᠳᠤᠷᠭᠤ᠂ ᠡᠬᠡ ᠣᠷᠣᠨ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ᠎ᠪᠠᠨ ᠦᠨᠡᠨᠴᠢ ᠰᠢᠳᠤᠷᠭᠤ᠂ ᠬᠠᠤᠯᠢ ᠴᠠᠭ᠋ᠠᠵᠠ᠎ᠳᠤ ᠦᠨᠡᠨᠴᠢ ᠰᠢᠳᠤᠷᠭᠤ ᠪᠠᠶ᠋ᠢᠬᠤ ᠵᠢ ᠪᠠᠲᠤᠯᠠᠶ᠎ᠠ; ᠵᠠᠷᠯᠢᠭ᠎ᠢ ᠳᠠᠭ᠋ᠠᠵᠤ᠂ ᠵᠢᠯᠣᠭᠤᠳᠣᠯᠭ᠎ᠠ ᠵᠢ ᠰᠣᠨᠤᠰᠤᠨ᠎ᠠ; ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠨᠢᠭᠤᠴᠠ ᠵᠢ ᠬᠠᠮᠠᠭ᠋ᠠᠯᠠᠨ᠎ᠠ; ᠬᠠᠤᠯᠢ ᠵᠢ ᠭᠤᠤᠯᠴᠢ᠎ᠪᠠᠷ ᠬᠡᠷᠡᠭᠵᠢᠭᠦᠯᠵᠦ᠂ ᠲᠥᠪ ᠭᠤᠤᠯᠴᠢ ᠠᠷᠢᠭᠤᠨ ᠴᠢᠬᠡᠴᠢ ᠪᠠᠶ᠋ᠢᠨ᠎ᠠ; ᠡᠭᠦᠷᠭᠡ ᠲᠤᠰᠢᠶᠠᠯ ᠵᠶ᠋ᠠᠨ ᠬᠢᠴᠢᠶᠡᠩᠭᠦ᠋ᠢ᠍ᠯᠡᠨ ᠭᠦᠢ᠍ᠴᠡᠳᠭᠡᠵᠦ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ; ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠨ᠎ᠡ᠃ ᠪᠢ ᠳᠤᠷᠠᠲᠠᠶ᠎ᠠ ᠡᠷᠬᠢᠮ ᠳᠡᠭᠡᠳᠦ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠪᠡᠶ᠎ᠡ᠎ᠪᠠᠨ ᠵᠣᠷᠢᠭᠤᠯᠵᠤ᠂ ᠥᠪᠡᠷ᠎ᠤᠨ ᠲᠠᠩᠭ᠋ᠠᠷᠢᠭ ᠵᠶ᠋ᠠᠨ ᠪᠡᠶᠡᠯᠡᠭᠦᠯᠬᠦ ᠵᠢᠨ ᠲᠥᠯᠥᠭᠡ ᠴᠢᠷᠮᠠᠶ᠋ᠢᠨ ᠲᠡᠮᠡᠴᠡᠨ᠎ᠡ!

       ᠵᠢᠷᠭᠤᠳᠤᠭ᠋ᠠᠷ ᠵᠦᠢ᠍ᠯ  ᠲᠠᠩᠭ᠋ᠠᠷᠢᠭᠯᠠᠬᠤ ᠵᠢᠨ ᠦᠨᠳᠦᠰᠦᠨ ᠱᠠᠭ᠋ᠠᠷᠳᠠᠯᠭ᠎ᠠ

      (ᠨᠢᠭᠡ) ᠰᠢᠨ᠎ᠡ᠎ᠪᠠᠷ ᠡᠯᠰᠡᠭᠳᠡᠭᠰᠡᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠩᠬ᠎ᠠ ᠲᠤᠰᠢᠶᠠᠯ᠎ᠳᠤ ᠭᠠᠷᠬᠤ ᠪᠣᠯᠪᠠᠰᠤᠷᠠᠯ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨ᠎ᠡ ᠠᠵᠢᠯᠯᠠᠵᠤ ᠪᠠᠶ᠋ᠢᠭ᠎ᠠ ᠨᠢᠭᠡᠴᠢ ᠪᠤᠶᠤ ᠪᠣᠯᠪᠠᠰᠤᠷᠠᠭᠤᠯᠤᠯ᠎ᠤᠨ ᠰᠤᠷᠭ᠋ᠠᠭᠤᠯᠢ᠎ᠠᠴᠠ ᠵᠣᠬᠢᠶᠠᠨ ᠪᠠᠶ᠋ᠢᠭᠤᠯᠵᠤ ᠲᠠᠩᠭ᠋ᠠᠷᠢᠭᠯᠠᠬᠤ ᠬᠡᠷᠡᠭᠲᠡᠶ᠃

      (ᠬᠤᠶᠠᠷ) ᠲᠠᠩᠭ᠋ᠠᠷᠢᠭᠯᠠᠬᠤ᠎ᠠᠴᠠ ᠡᠮᠦᠨ᠎ᠡ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠳᠤᠷᠢᠳᠬᠤ ᠬᠥᠮᠦᠨ ᠲᠠᠩᠭ᠋ᠠᠷᠢᠭᠯᠠᠭᠴᠢ᠎ᠳᠤ ᠠᠷᠠᠳ᠎ᠤᠨ ᠴᠠᠭᠳᠠᠭ᠋ᠠᠨ᠎ᠤ ᠰᠢᠨᠵᠢ ᠴᠢᠨᠠᠷ᠂ ᠵᠣᠷᠢᠯᠲᠠ᠂ ᠡᠭᠦᠷᠭᠡ᠂ ᠰᠠᠬᠢᠯᠭ᠎ᠠ ᠪᠠᠲᠤ᠂ ᠣᠪᠣᠷ ᠰᠤᠷᠲᠠᠯ ᠵᠡᠷᠭᠡ ᠵᠢᠨ ᠬᠥᠮᠦᠵᠢᠯ ᠬᠢᠬᠦ ᠬᠡᠷᠡᠭᠲᠡᠶ᠃

      (ᠭᠤᠷᠪᠠ) ᠲᠠᠩᠭ᠋ᠠᠷᠢᠭᠯᠠᠬᠤ ᠲᠠᠯᠠᠪᠤᠷ᠎ᠲᠤ ᠴᠠᠭᠳᠠᠭ᠋ᠠᠨ᠎ᠤ ᠰᠦᠯᠳᠡ ᠡᠯᠭᠦᠬᠦ ᠬᠡᠷᠡᠭᠲᠡᠶ᠃

      (ᠲᠦᠷᠪᠡ) ᠲᠠᠩᠭ᠋ᠠᠷᠢᠭᠯᠠᠬᠤ᠎ᠳᠤ ᠣᠷᠣᠯᠴᠠᠭᠰᠠᠳ ᠲᠥᠪ ᠬᠢᠴᠢᠶᠡᠩᠭᠦᠢ ᠲᠥᠪ ᠴᠢᠩᠭ᠎ᠠ᠂ ᠬᠤᠪᠴᠠᠰᠤ ᠬᠤᠨᠠᠷ ᠲᠡᠷᠢ ᠲᠡᠭᠰᠢ᠂ ᠴᠠᠭᠳᠠᠭ᠋ᠠᠨ᠎ᠤ ᠲᠦᠷᠢ ᠲᠥᠷᠬᠦ ᠲᠥᠪ ᠴᠢᠩᠭ᠎ᠠ ᠪᠠᠶ᠋ᠢᠬᠤ ᠬᠡᠷᠡᠭᠲᠡᠢ᠃

      ᠳᠣᠯᠣᠳᠤᠭ᠋ᠠᠷ ᠵᠦᠢ᠍ᠯ  ᠲᠠᠩᠭ᠋ᠠᠷᠢᠭᠯᠠᠬᠤ ᠶᠣᠰᠣᠯᠠᠯ᠎ᠤᠨ ᠭᠤᠣᠯ ᠳᠡᠰ ᠳᠠᠷᠠᠭ᠎ᠠ

      (ᠨᠢᠭᠡ) ᠲᠠᠩᠭ᠋ᠠᠷᠢᠭᠯᠠᠬᠤ ᠶᠡᠭᠡ ᠬᠤᠷᠠᠯ ᠡᠬᠢᠯᠡᠬᠦ᠃

      (ᠬᠤᠶᠠᠷ) ᠤᠯᠤᠰ᠎ᠤᠨ ᠳᠠᠭᠤᠤ ᠬᠦᠭᠵᠢᠮᠳᠡᠬᠦ (ᠳᠠᠭᠤᠯᠠᠬᠤ)᠃

      (ᠭᠤᠷᠪᠠ) ᠬᠥᠲᠥᠯᠥᠭᠴᠢ ᠶᠠᠷᠢᠶ᠎ᠠ (ᠲᠠᠩᠭ᠋ᠠᠷᠢᠭᠯᠠᠬᠤ ᠵᠢᠨ ᠠᠴᠢ ᠬᠤᠯᠪᠣᠭᠳᠠᠯ᠂ ᠲᠠᠩᠭ᠋ᠠᠷᠢᠭ᠎ᠤᠨ ᠦᠭᠡ ᠵᠢᠨ ᠦᠨᠳᠦᠰᠦᠨ ᠵᠣᠷᠢᠭ ᠰᠠᠨᠠᠭ᠎ᠠ ᠵᠢ ᠲᠣᠪᠴᠢ ᠲᠣᠳᠤᠷᠬᠠᠶ᠋ᠢᠯᠠᠬᠤ) ᠲᠠᠯᠪᠢᠬᠤ᠃

      (ᠲᠦᠷᠪᠡ) ᠲᠠᠩᠭ᠋ᠠᠷᠢᠭ᠎ᠤᠨ ᠦᠭᠡ ᠵᠢ ᠤᠩᠰᠢᠬᠤ (ᠲᠠᠩᠭ᠋ᠠᠷᠢᠭᠯᠠᠭᠴᠢ ᠲᠥᠪ ᠵᠣᠭᠰᠣᠵᠤ᠂ ᠪᠠᠷᠠᠭᠤᠨ ᠭᠠᠷ᠎ᠤᠨ ᠨᠢᠳᠤᠷᠭ᠎ᠠ᠎ᠪᠠᠨ ᠵᠠᠩᠭᠢᠳᠤᠨ ᠴᠢᠬᠢᠨ᠎ᠤ ᠬᠡᠰᠡᠭ᠎ᠲᠤ ᠬᠦᠷᠭᠡᠵᠦ᠂ ᠤᠷᠢᠳᠴᠢᠯᠠᠨ ᠵᠢᠭ᠋ᠠᠨ ᠲᠣᠭᠲᠠᠭ᠋ᠠᠭᠰᠠᠨ ᠨᠢᠭᠡ ᠲᠠᠩᠭ᠋ᠠᠷᠢᠭᠯᠠᠭᠴᠢ ᠣᠯᠠᠨ᠎ᠤ ᠡᠮᠦᠨ᠎ᠡ ᠲᠠᠩᠭ᠋ᠠᠷᠢᠭ᠎ᠤᠨ ᠦᠭᠡ ᠵᠢ ᠥᠭᠦᠯᠡᠪᠦᠷᠢ ᠳᠠᠷᠠᠭ᠋ᠠᠯᠠᠨ ᠳᠠᠭ᠋ᠠᠭᠤᠯᠤᠨ ᠤᠩᠰᠢᠨ᠎ᠠ᠂ ᠪᠤᠰᠤᠳ ᠬᠥᠮᠦᠨ ᠥᠨᠳᠥᠷ ᠲᠠᠭᠤᠨ ᠵᠶ᠋ᠠᠷ ᠳᠠᠪᠲᠠᠨ ᠤᠩᠰᠢᠨ᠎ᠠ)᠃

     (ᠲᠠᠪᠤ) ᠲᠠᠩᠭ᠋ᠠᠷᠢᠭᠯᠠᠭᠴᠢ ᠵᠢᠨ ᠲᠥᠯᠥᠭᠡᠯᠡᠭᠴᠢ ᠶᠠᠷᠢᠶ᠎ᠠ ᠲᠠᠯᠪᠢᠬᠤ᠃

     (ᠵᠢᠷᠭᠤᠭ᠎ᠠ) ᠤᠳᠤᠷᠢᠳᠤᠯᠭ᠎ᠠ ᠶᠠᠷᠢᠶ᠎ᠠ ᠲᠠᠯᠪᠢᠬᠤ᠃

     (ᠲᠤᠯᠤᠭ᠎ᠠ) ᠴᠠᠭᠳᠠᠭ᠋ᠠᠨ᠎ᠤ ᠳᠠᠭᠤᠤ ᠬᠦᠭᠵᠢᠮᠳᠡᠬᠦ (ᠳᠠᠭᠤᠯᠠᠬᠤ)᠃

     (ᠨᠠᠢ᠍ᠮᠠ) ᠲᠠᠩᠭ᠋ᠠᠷᠢᠭᠯᠠᠬᠤ ᠶᠡᠭᠡ ᠬᠤᠷᠠᠯ ᠳᠡᠭᠦᠰᠬᠦ᠃

     ᠲᠠᠩᠭ᠋ᠠᠷᠢᠭᠯᠠᠬᠤ᠎ᠳᠤ᠎ᠪᠠᠨ ᠬᠡᠷᠪᠡ ᠴᠣᠯᠠ ᠣᠯᠭᠤᠬᠤ᠂ ᠬᠤᠪᠴᠠᠰᠤ ᠬᠤᠨᠠᠷ ᠥᠭᠬᠦ᠎ᠲᠠᠢ ᠤᠶᠠᠯᠳᠤᠭᠤᠯᠤᠨ ᠬᠢᠬᠦ᠎ᠳᠤ ᠬᠦᠷᠪᠡᠯ᠂ ᠤᠷᠢᠳ ᠵᠶ᠋ᠠᠷ ᠴᠣᠯᠠ ᠣᠯᠭᠤᠨ᠂ ᠬᠤᠪᠴᠠᠰᠤ ᠬᠤᠨᠠᠷ ᠥᠭᠴᠦ᠂ ᠳᠠᠷᠠᠭ᠎ᠠ᠎ᠨᠢ ᠲᠠᠩᠭ᠋ᠠᠷᠢᠭ᠎ᠤᠨ ᠦᠭᠡᠰ ᠵᠶ᠋ᠠᠨ ᠤᠩᠰᠢᠬᠤ ᠬᠡᠷᠡᠭᠲᠡᠶ᠃

  

      ᠭᠤᠷᠪᠠᠳᠤᠭ᠋ᠠᠷ ᠪᠦᠯᠦᠭ ᠲᠣᠳᠤᠭ᠋ᠠᠳᠤ ᠬᠠᠷᠢᠴᠠᠭ᠎ᠠ

      ᠨᠠᠢ᠍ᠮᠠᠳᠤᠭ᠋ᠠᠷ ᠵᠦᠢ᠍ᠯ  ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠂ ᠲᠤᠰᠢᠶᠠᠯ᠎ᠤᠨ ᠶᠡᠭᠡ ᠪᠠᠭ᠎ᠠ ᠵᠢᠨ ᠢᠯᠭ᠋ᠠᠯ ᠦᠭᠡᠢ᠂ ᠤᠯᠤᠰ ᠲᠥᠷᠥ ᠵᠢᠨ ᠲᠠᠯ᠎ᠠ᠎ᠪᠠᠷ ᠪᠦᠷ ᠡᠷᠬᠡ ᠲᠡᠭᠰᠢ᠂ ᠬᠤᠭᠤᠷᠣᠨᠳᠣ᠎ᠪᠠᠨ ᠨᠥᠬᠦᠷ ᠶᠣᠰᠣᠨ᠎ᠤ ᠬᠠᠷᠢᠴᠠᠭ᠎ᠠ᠎ᠲᠠᠢ᠃

       ᠶᠢᠰᠦᠳᠦᠭᠡᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠵᠠᠰᠠᠭ ᠵᠠᠬᠢᠷᠭ᠋ᠠᠨ᠎ᠤ ᠲᠤᠰᠢᠶᠠᠯ ᠪᠠ ᠴᠠᠭᠳᠠᠭ᠎ᠠ ᠵᠢᠨ ᠴᠣᠯᠠ ᠵᠢ ᠦᠨᠳᠦᠰᠦᠯᠡᠨ᠂ ᠳᠡᠭᠡᠳᠦ ᠳᠡᠰ ᠪᠠ ᠲᠤᠤᠷᠠᠳᠤ ᠳᠡᠰ ᠵᠢᠴᠢ ᠠᠳᠠᠯᠢ ᠵᠡᠷᠭᠡ ᠳᠡᠰ᠎ᠤᠨ ᠬᠠᠷᠢᠴᠠᠭ᠎ᠠ ᠵᠢ ᠪᠦᠷᠢᠯᠳᠦᠭᠦᠯᠦᠨ᠎ᠡ᠃ ᠵᠠᠰᠠᠭ ᠵᠠᠬᠢᠷᠭ᠋ᠠᠨ᠎ᠤ ᠲᠤᠰᠢᠶᠠᠯ ᠵᠶ᠋ᠠᠷ ᠥᠨᠳᠥᠷ᠎ᠨᠢ ᠳᠡᠭᠡᠳᠦ ᠳᠡᠰ ᠪᠣᠯᠤᠨ᠎ᠠ᠂ ᠵᠠᠰᠠᠭ ᠵᠠᠬᠢᠷᠭ᠋ᠠᠨ᠎ᠤ ᠲᠤᠰᠢᠶᠠᠯ ᠵᠶ᠋ᠠᠷ ᠳᠣᠣᠷ᠎ᠠ᠎ᠨᠢ ᠲᠤᠤᠷᠡᠳᠦ ᠳᠡᠰ ᠪᠣᠯᠤᠨ᠎ᠠ᠂ ᠵᠠᠰᠠᠭ ᠵᠠᠬᠢᠷᠭ᠋ᠠᠨ᠎ᠤ ᠲᠤᠰᠢᠶᠠᠯ ᠵᠶ᠋ᠠᠷ ᠲᠡᠩᠴᠡᠭᠦᠦ᠎ᠨᠢ ᠠᠳᠠᠯᠢ ᠵᠡᠷᠭᠡ ᠳᠡᠰ ᠪᠣᠯᠤᠨ᠎ᠠ᠃ ᠬᠠᠷᠢᠯᠴᠠᠨ ᠵᠠᠰᠠᠭ ᠵᠠᠬᠢᠷᠭ᠋ᠠᠨ᠎ᠤ ᠲᠤᠰᠢᠶᠠᠯ᠎ᠢ ᠮᠡᠳᠡᠬᠦ ᠦᠭᠡᠢ ᠦᠶ᠎ᠡ᠎ᠳᠤ ᠴᠠᠭᠳᠠᠭ᠎ᠠ ᠵᠢᠨ ᠴᠣᠯᠠ ᠥᠨᠳᠥᠷ᠎ᠨᠢ ᠳᠡᠭᠡᠳᠦ ᠳᠡᠰ᠂ ᠴᠠᠭᠳᠠᠭ᠎ᠠ ᠵᠢᠨ ᠴᠣᠯᠠ ᠳᠣᠣᠷ᠎ᠠ᠎ᠨᠢ ᠳᠤᠤᠷᠠᠳᠤ ᠳᠠᠰ᠂ ᠴᠠᠭᠳᠠᠭ᠎ᠠ ᠵᠢᠨ ᠴᠣᠯᠠ ᠠᠳᠠᠯᠢ᠎ᠨᠢ ᠠᠳᠠᠯᠢ ᠵᠡᠷᠭᠡ ᠳᠡᠰ ᠪᠣᠯᠤᠨ᠎ᠠ᠃

     ᠠᠷᠪᠠᠳᠤᠭ᠋ᠠᠷ ᠵᠦᠢ᠍ᠯ  ᠳᠡᠭᠡᠳᠦ ᠳᠠᠰ᠎ᠨᠢ ᠲᠤᠤᠷᠡᠳᠦ ᠳᠡᠰ ᠵᠶ᠋ᠠᠨ ᠬᠠᠯᠠᠮᠵᠢᠯᠠᠨ ᠬᠠᠶ᠋ᠢᠷᠠᠯᠠᠵᠤ᠂ ᠴᠢᠩᠭ᠎ᠠ ᠬᠠᠮᠢᠶᠠᠷᠬᠤ ᠬᠡᠷᠡᠭᠲᠡᠶ᠃ ᠲᠤᠤᠷᠡᠳᠦ ᠳᠡᠰ᠎ᠨᠢ ᠳᠡᠭᠡᠳᠦ ᠳᠡᠰ ᠵᠶ᠋ᠠᠨ ᠲᠡᠭ᠋ᠠᠬᠤ ᠬᠡᠷᠡᠭᠲᠡᠶ᠃ ᠠᠳᠠᠯᠢ ᠳᠡᠰ᠎ᠤᠨ ᠬᠤᠭᠤᠷᠣᠨᠳᠣ᠎ᠪᠠᠨ ᠳᠡᠭᠡᠳᠦ ᠳᠡᠰ᠎ᠤᠨ ᠤᠳᠤᠷᠢᠳᠤᠯᠭ᠎ᠠ ᠵᠢᠨ ᠳᠣᠣᠷ᠎ᠠ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠢᠳᠡᠪᠬᠢᠲᠡᠶ᠎ᠪᠠᠷ ᠬᠠᠮᠲᠤᠷᠠᠨ ᠠᠵᠢᠯᠯᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠬᠦ ᠬᠡᠷᠡᠭᠲᠡᠶ᠃

      ᠠᠷᠪᠠᠨ ᠨᠢᠭᠡᠳᠦᠭᠡᠷ ᠵᠦᠢ᠍ᠯ  ᠳᠡᠭᠡᠲᠥ ᠱᠠᠳᠤ᠎ᠨᠢ ᠲᠤᠤᠷᠠᠳᠤ ᠱᠠᠳᠤ᠎ᠳᠤ᠎ᠪᠠᠨ ᠵᠠᠷᠯᠢᠭ ᠪᠠᠭᠤᠯᠭ᠋ᠠᠬᠤ ᠡᠷᠬᠡ᠎ᠲᠠᠢ᠃ ᠵᠠᠷᠯᠢᠭ᠎ᠢ ᠶᠡᠷᠦ᠎ᠳᠤ᠎ᠪᠠᠨ ᠱᠠᠳᠤ ᠱᠠᠳᠤ᠎ᠪᠠᠷ ᠪᠠᠭᠤᠯᠭ᠋ᠠᠨ᠎ᠠ᠂ ᠪᠠᠶ᠋ᠢᠳᠠᠯ ᠪᠠᠴᠢᠮ ᠦᠶ᠎ᠡ᠎ᠳᠤ ᠱᠠᠳᠤ ᠠᠯᠤᠰᠯᠠᠨ ᠪᠠᠭᠤᠯᠭ᠋ᠠᠭᠰᠠᠨ ᠴᠤ᠌ ᠪᠣᠯᠤᠨ᠎ᠠ᠃ ᠱᠠᠳᠤ ᠠᠯᠤᠰᠯᠠᠨ ᠵᠠᠷᠯᠢᠭ ᠪᠠᠭᠤᠯᠭ᠋ᠠᠬᠤ᠎ᠳᠤ᠎ᠪᠠᠨ ᠤᠨᠴᠠᠭ᠋ᠠᠢ ᠪᠠᠶ᠋ᠢᠳᠠᠯ᠎ᠢ ᠭᠠᠷᠭ᠋ᠠᠪᠠᠯ᠂ ᠵᠠᠷᠯᠢᠭ ᠪᠠᠭᠤᠯᠭ᠋ᠠᠭᠰᠠᠨ ᠳᠡᠭᠡᠳᠦ ᠱᠠᠳᠤ᠎ᠨᠢ ᠪᠠᠭᠤᠯᠭ᠋ᠠᠭᠰᠠᠨ ᠵᠠᠷᠯᠢᠭ ᠵᠶ᠋ᠠᠨ ᠵᠠᠷᠯᠢᠭ ᠬᠦᠯᠢᠶᠡᠭᠴᠢ ᠵᠢᠨ ᠰᠢᠭᠤᠳ ᠳᠡᠭᠡᠳᠦ ᠱᠠᠲᠤᠨ᠎ᠳᠤ ᠮᠡᠳᠡᠭᠳᠡᠬᠦ ᠬᠡᠷᠡᠭᠲᠡᠶ᠃

     ᠵᠠᠷᠯᠢᠭ᠎ᠢ ᠪᠠᠭᠤᠯᠭ᠋ᠠᠭᠰᠠᠨ᠎ᠤ ᠲᠡᠷᠠᠭ᠎ᠠ᠂ ᠳᠡᠭᠡᠳᠦ ᠱᠡᠳᠦ᠎ᠨᠢ ᠲᠤᠤᠷᠡᠳᠦ ᠱᠠᠲᠤᠨ᠎ᠤ᠎ᠪᠠᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠬᠤ ᠬᠡᠷᠡᠭᠲᠡᠶ; ᠬᠡᠷᠪᠡ ᠪᠠᠶ᠋ᠢᠳᠠᠯ᠎ᠳᠤ ᠬᠤᠪᠢᠷᠠᠯᠲᠠ ᠭᠠᠷᠪᠠᠯ᠂ ᠨᠥᠬᠦᠪᠥᠷᠢ ᠵᠠᠷᠯᠢᠭ ᠪᠤᠶᠤ ᠰᠢᠨ᠎ᠡ ᠵᠠᠷᠯᠢᠭ᠎ᠢ ᠴᠠᠭ ᠲᠤᠬᠠᠶ᠎ᠳᠤ᠎ᠨᠢ ᠪᠠᠭᠤᠯᠭ᠋ᠠᠬᠤ ᠬᠡᠷᠡᠭᠲᠡᠶ᠃

      ᠠᠷᠪᠠᠨ ᠬᠤᠶᠠᠳᠤᠭ᠋ᠠᠷ ᠵᠦᠢ᠍ᠯ   ᠲᠤᠤᠷᠡᠳᠦ ᠱᠡᠳᠦ᠎ᠨᠢ ᠳᠡᠭᠡᠳᠦ ᠱᠠᠲᠤᠨ᠎ᠤ᠎ᠪᠠᠨ ᠵᠠᠷᠯᠢᠭ᠎ᠢ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠶ ᠪᠥᠭᠡᠳ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠳᠡᠭᠡᠳᠦ ᠱᠠᠲᠤᠨ᠎ᠳᠤ᠎ᠪᠠᠨ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃ ᠲᠤᠤᠷᠡᠳᠦ ᠱᠡᠳᠦ᠎ᠨᠢ ᠬᠡᠷᠪᠡ ᠵᠠᠷᠯᠢᠭ᠎ᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠤᠢ᠍ᠭᠡᠢ ᠭᠠᠵᠠᠷ ᠪᠠᠶ᠋ᠢᠨ᠎ᠠ ᠭᠡᠵᠦ ᠦᠵᠡᠪᠡᠯ ᠰᠠᠨᠠᠭᠤᠯᠭ᠎ᠠ ᠭᠠᠷᠭ᠋ᠠᠵᠤ ᠪᠣᠯᠤᠨ᠎ᠠ᠂ ᠭᠡᠪᠡᠴᠦ ᠳᠡᠭᠡᠳᠦ ᠱᠡᠳᠦ᠎ᠨᠢ ᠵᠠᠷᠯᠢᠭ᠎ᠢ ᠬᠤᠪᠢᠷᠠᠭᠤᠯᠤᠭᠰᠠᠨ ᠤᠢ᠍ᠭᠡᠢ ᠦᠶ᠎ᠡ᠎ᠳᠤ ᠮᠥᠨ ᠡᠷᠡᠰ ᠬᠡᠷᠡᠭᠵᠢᠭᠦᠯᠬᠦ ᠬᠡᠷᠡᠭᠲᠡᠶ᠃

     ᠭᠦᠢ᠍ᠴᠡᠳᠬᠡᠬᠦ ᠶᠠᠪᠤᠴᠠ᠎ᠳᠤ ᠬᠡᠷᠪᠡ ᠪᠠᠶ᠋ᠢᠳᠠᠯ᠎ᠳᠤ ᠴᠢᠬᠤᠯᠠ ᠶᠡᠭᠡ ᠬᠤᠪᠢᠷᠠᠯᠲᠠ ᠭᠠᠷᠴᠤ᠂ ᠤᠭ᠎ᠤᠨ ᠵᠠᠷᠯᠢᠭ᠎ᠢ ᠦᠨᠡᠬᠡᠷ ᠦᠷᠭᠦᠯᠵᠢᠯᠡᠨ ᠬᠡᠷᠡᠭᠵᠢᠭᠦᠯᠬᠦ ᠵᠢᠨ ᠠᠷᠭ᠎ᠠ ᠦᠭᠡᠢ ᠪᠥᠭᠡᠳ ᠪᠠᠰᠠ ᠳᠡᠭᠡᠳᠦ ᠱᠠᠲᠤᠨ᠎ᠳᠤ ᠮᠡᠳᠡᠭᠦᠯᠵᠦ ᠠᠮᠵᠢᠬᠤ ᠦᠭᠡᠢ ᠪᠤᠶᠤ ᠵᠢᠭ᠋ᠠᠪᠤᠷᠢ ᠠᠪᠴᠤ ᠮᠡᠳᠡᠭᠦᠯᠬᠦ ᠵᠢᠨ ᠠᠷᠭ᠎ᠠ ᠦᠭᠡᠢ ᠪᠠᠶ᠋ᠢᠪᠠᠯ᠂ ᠳᠡᠭᠡᠳᠦ ᠱᠠᠲᠤᠨ᠎ᠤ ᠦᠨᠳᠦᠰᠦᠨ ᠰᠠᠨᠠᠭ᠎ᠠ ᠵᠢ ᠦᠨᠳᠦᠰᠦᠯᠡᠨ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠵᠣᠷᠢᠭ ᠰᠠᠨᠠᠭ᠎ᠠ᠎ᠪᠠᠷ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠲᠠᠢ᠎ᠪᠠᠷ ᠡᠷᠡᠰ ᠰᠢᠭᠤᠷᠬᠠᠶ᠎ᠪᠠᠷ ᠠᠵᠢᠯᠯᠠᠵᠤ᠂ ᠡᠭᠦᠷᠭᠡ᠎ᠪᠠᠨ ᠡᠷᠡᠰ ᠪᠡᠶᠡᠯᠡᠭᠦᠯᠵᠦ᠂ ᠬᠡᠷᠡᠭ᠎ᠤᠨ ᠲᠠᠷᠠᠭ᠎ᠠ ᠳᠡᠭᠡᠳᠦ ᠱᠠᠲᠤᠨ᠎ᠳᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃

      ᠲᠤᠤᠷᠡᠳᠦ ᠱᠡᠳᠦ᠎ᠨᠢ ᠱᠡᠳᠦ ᠠᠯᠤᠰᠯᠠᠨ ᠪᠠᠭᠤᠯᠭ᠋ᠠᠭᠰᠠᠨ ᠵᠠᠷᠯᠢᠭ᠎ᠢ ᠬᠦᠯᠢᠶᠡᠵᠦ ᠠᠪᠤᠪᠠᠯ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠶ᠃ ᠵᠠᠷᠯᠢᠭ ᠪᠠᠭᠤᠯᠭ᠋ᠠᠭᠰᠠᠨ ᠪᠠᠶ᠋ᠢᠭᠤᠯᠭ᠎ᠠ ᠲᠣᠳᠣᠷᠬᠠᠶ ᠱᠠᠭ᠋ᠠᠷᠳᠠᠯᠭ᠎ᠠ᠎ᠲᠠᠢ ᠪᠠᠶ᠋ᠢᠬᠤ ᠵᠢ ᠭᠠᠷᠭ᠋ᠠᠪᠠᠯ᠂ ᠬᠡᠷᠡᠭᠵᠢᠭᠦᠯᠬᠦ ᠵᠢᠨ ᠬᠠᠮᠲᠤ ᠰᠢᠭᠤᠳ ᠳᠡᠭᠡᠳᠦ ᠱᠠᠲᠤᠨ᠎ᠳᠤ ᠮᠡᠳᠡᠭᠦᠯᠬᠦ ᠬᠡᠷᠡᠭᠲᠡᠶ; ᠶᠠᠮᠠᠷ ᠨᠢᠭᠡᠨ ᠰᠢᠯᠲᠠᠭ᠋ᠠᠨ᠎ᠠᠴᠠ ᠪᠤᠯᠵᠤ ᠴᠠᠭ ᠲᠤᠬᠠᠶ᠎ᠳᠤ᠎ᠨᠢ ᠮᠡᠳᠡᠭᠦᠯᠵᠦ ᠴᠢᠳᠠᠬᠤ ᠦᠭᠡᠢ ᠪᠠᠶ᠋ᠢᠪᠠᠯ᠂ ᠪᠠᠶ᠋ᠢᠳᠠᠯ ᠵᠥᠪᠰᠢᠶᠡᠷᠡᠬᠦ ᠦᠶ᠎ᠡ᠎ᠳᠤ ᠳᠠᠷᠤᠶ ᠲᠦᠷᠭᠡᠨ ᠨᠥᠬᠦᠪᠥᠷᠢᠯᠡᠨ ᠮᠡᠳᠡᠭᠦᠯᠬᠦ ᠬᠡᠷᠡᠭᠲᠡᠶ᠃

     ᠠᠷᠪᠠᠨ ᠭᠤᠷᠪᠠᠳᠤᠭ᠋ᠠᠷ ᠵᠦᠢ᠍ᠯ ᠠᠳᠠᠯᠢ ᠪᠤᠰᠤ ᠪᠠᠶ᠋ᠢᠭᠤᠯᠤᠮᠵᠢ ᠵᠢᠨ ᠳᠦᠷᠢᠮᠲᠦ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠮᠲᠤ᠎ᠪᠠᠷ ᠡᠭᠦᠷᠭᠡ ᠭᠦᠢ᠍ᠴᠡᠳᠬᠡᠬᠦ᠎ᠳᠤ᠂ ᠳᠡᠭᠡᠳᠦ ᠱᠠᠲᠤᠨ᠎ᠠᠴᠠ᠎ᠪᠠᠨ ᠵᠢᠭ᠋ᠠᠨ ᠲᠣᠭᠲᠠᠭ᠋ᠠᠭᠰᠠᠨ ᠬᠠᠷᠢᠭᠤᠴᠠᠯᠭ᠋ᠠᠲᠠᠨ᠎ᠤ ᠤᠳᠤᠷᠢᠳᠤᠯᠭ᠎ᠠ ᠪᠠ ᠵᠢᠯᠤᠭᠤᠳᠤᠯᠭ᠎ᠠ ᠵᠢ ᠳᠠᠭ᠋ᠠᠬᠤ ᠬᠡᠷᠡᠭᠲᠡᠶ᠃ ᠬᠡᠷᠪᠡ ᠲᠤᠮᠤ ᠴᠢᠬᠤᠯᠠ ᠠᠮᠤᠷ᠎ᠢ ᠬᠠᠮᠠᠭ᠋ᠠᠯᠠᠬᠤ ᠬᠡᠷᠡᠭ᠂ ᠲᠣᠮᠤ ᠶᠡᠭᠡ ᠡᠷᠡᠭᠦᠦ ᠵᠢᠨ ᠬᠡᠷᠡᠭ᠂ ᠲᠣᠮᠤ ᠶᠡᠭᠡ ᠪᠠᠶ᠋ᠢᠭ᠋ᠠᠯᠢ ᠵᠢᠨ ᠭᠠᠮᠰᠢᠭ᠎ᠤᠨ ᠡ᠊ᠨᠳᠡᠯ᠂ ᠤᠷᠪᠠᠯᠭ᠋ᠠᠨ᠂ ᠦᠢ᠍ᠮᠡᠭᠡᠨ ᠳᠡᠪᠵᠢᠶᠡᠨ ᠵᠢᠴᠢ ᠣᠷᠭᠤᠳᠠᠭᠤᠯ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠬᠤ ᠵᠡᠷᠭᠡ ᠪᠠᠴᠢᠮ ᠪᠠᠶ᠋ᠢᠳᠠᠯ ᠭᠠᠷᠪᠠᠯ᠂ ᠪᠠᠶ᠋ᠢᠭᠤᠯᠤᠮᠵᠢ ᠵᠢᠨ ᠲᠦᠷᠢᠮ᠎ᠨᠢ ᠲᠣᠳᠣᠷᠬᠠᠶ ᠦᠭᠡᠢ ᠦᠶ᠎ᠡ᠎ᠳᠤ ᠵᠠᠰᠠᠭ ᠵᠠᠬᠢᠷᠭ᠋ᠠᠨ᠎ᠤ ᠲᠤᠰᠢᠶᠠᠯ ᠥᠨᠳᠥᠷ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠎ᠠᠴᠠ ᠬᠠᠷᠢᠭᠤᠴᠠᠨ ᠵᠢᠯᠣᠭᠤᠳᠤᠨ᠎ᠠ; ᠵᠠᠰᠠᠭ ᠵᠠᠬᠢᠷᠭ᠋ᠠᠨ᠎ᠤ ᠲᠤᠰᠢᠶᠠᠯ᠎ᠤᠨ ᠶᠡᠭᠡ ᠪᠠᠭ᠎ᠠ ᠵᠢ ᠲᠦᠷ ᠢᠯᠭ᠋ᠠᠬᠤ᠎ᠳᠤ ᠪᠡᠷᠬᠡᠲᠡᠶ ᠦᠶ᠎ᠡ᠎ᠳᠤ᠂ ᠵᠠᠰᠠᠭ ᠵᠠᠬᠢᠷᠭ᠋ᠠᠨ᠎ᠤ ᠴᠠᠭᠳᠠᠭ᠎ᠠ ᠵᠢᠨ ᠴᠣᠯᠠ ᠥᠨᠳᠥᠷ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠎ᠠᠴᠠ ᠬᠠᠷᠢᠭᠤᠴᠠᠨ ᠵᠢᠯᠣᠭᠤᠳᠤᠨ᠎ᠠ᠃

     ᠠᠷᠪᠠᠨ ᠳᠥᠷᠪᠡᠳᠦᠭᠡᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ᠎ᠨᠤᠭᠤᠳ ᠬᠤᠭᠤᠷᠣᠨᠳᠣ᠎ᠪᠠᠨ ᠵᠢᠴᠢ ᠡᠯ᠎ᠡ ᠴᠠᠭᠳᠠᠭ᠋ᠠᠨ᠎ᠤ ᠲᠥᠷᠥᠯ᠂ ᠰᠠᠯᠠᠭ᠎ᠠ ᠮᠥᠴᠢᠷ᠎ᠤᠨ ᠬᠤᠭᠤᠷᠣᠨᠳᠣ᠎ᠪᠠᠨ ᠲᠤᠰ ᠲᠤᠰ᠎ᠤᠨ ᠡᠭᠦᠷᠭᠡ ᠲᠤᠰᠢᠶᠠᠯ ᠪᠣᠯᠤᠨ ᠠᠵᠢᠯ᠎ᠤᠨ ᠬᠤᠪᠢᠶᠠᠷᠢᠯᠠᠯ ᠶᠤᠰᠤᠭ᠋ᠠᠷ ᠨᠢᠭᠲᠠ ᠬᠠᠮᠵᠢᠯᠴᠠᠨ᠂ ᠬᠠᠷᠢᠯᠴᠠᠨ ᠳᠠᠮᠵᠢᠵᠤ᠂ ᠵᠣᠬᠢᠴᠠᠩᠭᠤᠶ ᠪᠦᠭᠡᠳ ᠨᠢᠭᠡᠳᠦᠯᠲᠡᠶ᠎ᠪᠠᠷ ᠠᠵᠢᠯᠯᠠᠬᠤ ᠬᠡᠷᠡᠭᠲᠡᠶ᠃

    

      ᠳᠥᠷᠪᠡᠳᠦᠭᠡᠷ ᠪᠦᠯᠦᠭ   ᠴᠠᠭᠳᠠᠭ᠋ᠠᠨ᠎ᠤ ᠵᠢᠪᠬᠤᠭ᠎ᠠ ᠰᠤᠷᠲᠠᠯ

       ᠠᠷᠪᠠᠨ ᠲᠠᠪᠤᠳᠤᠭ᠋ᠠᠷ ᠵᠦᠢ᠍ᠯ  ᠡᠮᠦᠰᠭᠡᠯ ᠵᠠᠰᠠᠯ

       ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠡᠮᠦᠰᠬᠡᠯ ᠵᠠᠰᠠᠯ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠶᠣᠰᠣᠭ᠋ᠠᠷ ᠴᠠᠭᠳᠠᠭ᠋ᠠᠨ᠎ᠤ ᠬᠤᠪᠴᠠᠰᠤ᠎ᠪᠠᠨ ᠡᠮᠦᠰᠴᠦ᠂ ᠴᠠᠭᠳᠠᠭ᠋ᠠᠨ᠎ᠤ ᠳᠦᠷᠢ ᠲᠥᠷᠬᠦ᠎ᠪᠠᠨ ᠲᠥᠪ ᠴᠢᠩᠭ᠎ᠠ ᠪᠠᠶ᠋ᠢᠯᠭ᠋ᠠᠬᠤ ᠬᠡᠷᠡᠭᠲᠡᠶ᠃

     (ᠨᠢᠭᠡ) ᠡᠮᠦᠰᠴᠦ ᠵᠡᠭᠦᠬᠦ᠎ᠳᠤ ᠲᠣᠬᠢᠷᠠᠮᠵᠢ ᠤᠢ᠍ᠭᠡᠢ ᠪᠤᠶᠤ ᠡᠮᠦᠰᠬᠦ ᠴᠢᠬᠤᠯᠠ ᠤᠢ᠍ᠭᠡᠢ ᠪᠠᠶ᠋ᠢᠳᠠᠯ᠎ᠢ ᠭᠠᠷᠭ᠋ᠠᠪᠠᠯ᠂ ᠠᠵᠢᠯᠯᠠᠬᠤ ᠴᠠᠭ᠎ᠲᠤ ᠡᠷᠬᠡᠪᠰᠢ ᠴᠠᠭᠳᠠᠭ᠋ᠠᠨ᠎ᠤ ᠬᠤᠪᠴᠠᠰᠤ ᠡᠮᠦᠰᠬᠦ ᠬᠡᠷᠡᠭᠲᠡᠶ᠃

     (ᠬᠤᠶᠠᠷ) ᠴᠠᠭᠳᠠᠭ᠋ᠠᠨ᠎ᠤ ᠬᠤᠪᠴᠠᠰᠤ ᠵᠢ ᠢᠵᠢ ᠪᠦᠷᠢᠳᠦᠭᠦᠯᠦᠨ ᠡᠮᠦᠰᠬᠦ ᠬᠡᠷᠡᠭᠲᠡᠶ᠂ ᠠᠳᠠᠯᠢ ᠪᠤᠰᠤ ᠳᠦᠷᠢᠮᠲᠦ ᠴᠠᠭᠳᠠᠭ᠋ᠠᠨ᠎ᠤ ᠬᠤᠪᠴᠠᠰᠤ ᠵᠢ ᠬᠤᠯᠢᠯᠳᠤᠭᠤᠯᠤᠨ ᠡᠮᠦᠰᠴᠦ ᠪᠣᠯᠬᠤ ᠤᠢ᠍ᠭᠡᠢ᠃

     (ᠭᠤᠷᠪᠠ) ᠴᠠᠭᠳᠠᠭ᠋ᠠᠨ᠎ᠤ ᠴᠣᠯᠠ ᠵᠢᠨ ᠲᠡᠮᠳᠡᠭ᠂ ᠰᠡᠷᠡᠮᠵᠢ ᠵᠢᠨ ᠳᠣᠬᠢᠶ᠎ᠠ᠂ ᠡᠩᠭᠡᠷ᠎ᠤᠨ ᠰᠦᠯᠳᠡ᠂ ᠮᠠᠯᠠᠭ᠋ᠠᠢ ᠵᠢᠨ ᠰᠦᠯᠳᠡ᠂ ᠵᠠᠭ᠋ᠠᠮ᠎ᠠ ᠵᠢᠨ ᠴᠡᠴᠡᠭ᠂ ᠬᠠᠨᠴᠤᠢ ᠵᠢᠨ ᠲᠡᠮᠳᠡᠭ ᠵᠡᠷᠭᠡ ᠵᠢ ᠵᠢᠷᠤᠮᠵᠢᠭᠤᠯᠤᠨ ᠬᠠᠳᠠᠵᠤ ᠵᠡᠭᠦᠬᠦ ᠬᠡᠷᠡᠭᠲᠡᠢ᠂ ᠠᠷᠠᠳ᠎ᠤᠨ ᠴᠠᠭᠳᠠᠭ᠋ᠠᠨ᠎ᠤ ᠪᠡᠶ᠎ᠡ ᠬᠡᠮ ᠪᠤᠶᠤ ᠠᠯᠪᠠᠨ ᠶᠠᠪᠤᠳᠠᠯ ᠭᠦᠢ᠍ᠴᠡᠳᠬᠡᠬᠦ᠎ᠲᠠᠢ ᠬᠤᠯᠪᠣᠭᠳᠠᠯ ᠤᠢ᠍ᠭᠡᠢ ᠪᠤᠰᠤᠳ ᠲᠡᠮᠳᠡᠭ᠎ᠢ ᠵᠡᠭᠦᠵᠦ ᠪᠣᠯᠬᠤ ᠤᠢ᠍ᠭᠡᠢ᠃

     (ᠲᠦᠷᠪᠡ) ᠴᠠᠭᠳᠠᠭ᠋ᠠᠨ᠎ᠤ ᠬᠤᠪᠴᠠᠰᠤ᠂ ᠴᠣᠯᠠ ᠵᠢᠨ ᠲᠡᠮᠳᠡᠭ᠂ ᠰᠡᠷᠡᠮᠵᠢ ᠵᠢᠨ ᠲᠤᠬᠢᠶ᠎ᠠ᠂ ᠡᠩᠭᠡᠷ᠎ᠤᠨ ᠰᠦᠯᠳᠡ᠂ ᠮᠠᠯᠠᠭ᠋ᠠᠶ ᠵᠢᠨ ᠰᠦᠯᠳᠡ᠂ ᠵᠠᠭ᠋ᠠᠮ᠎ᠠ ᠵᠢᠨ ᠴᠡᠴᠡᠭ᠂ ᠬᠠᠨᠴᠤᠶ ᠵᠢᠨ ᠲᠡᠮᠳᠡᠭ ᠵᠡᠷᠭᠡ ᠵᠢ ᠬᠠᠶ᠋ᠢᠷᠠᠯᠠᠨ ᠬᠠᠮᠠᠭ᠋ᠠᠯᠠᠵᠤ ᠰᠠᠶ᠋ᠢᠲᠤᠷ ᠬᠠᠳᠠᠭ᠋ᠠᠯᠠᠬᠤ ᠬᠡᠷᠡᠭᠲᠡᠶ᠃

     ᠠᠷᠪᠠᠨ ᠵᠢᠷᠭᠤᠳᠤᠭ᠋ᠠᠷ ᠵᠦᠢ᠍ᠯ   ᠳᠦᠷᠢ ᠲᠥᠷᠬᠦ

     (ᠨᠢᠭᠡ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠡᠵᠢᠭᠡ᠎ᠪᠠᠨ ᠴᠡᠪᠡᠷ ᠲᠡᠭᠰᠢ ᠪᠠᠶ᠋ᠢᠯᠭ᠋ᠠᠬᠤ ᠬᠡᠷᠡᠭᠲᠡᠶ᠃ ᠣᠨᠴᠠᠭ᠋ᠠᠶ ᠡᠭᠦᠷᠭᠡ ᠭᠦᠢ᠍ᠴᠡᠳᠭᠡᠬᠦ ᠬᠡᠷᠡᠭᠴᠡᠭᠡ᠎ᠠᠴᠠ ᠪᠣᠰᠤᠳ ᠭᠡᠵᠢᠭᠡ ᠪᠤᠳᠤᠭᠯᠠᠵᠤ ᠪᠣᠯᠬᠤ ᠥᠬᠡᠶ᠂ ᠡᠷᠡᠭᠲᠡᠶ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠣᠷᠳᠣ ᠭᠡᠵᠢᠭᠡ᠂ ᠤᠷᠲᠤ ᠰᠠᠨᠴᠢᠭ᠎ᠤᠨ ᠦᠰᠦ᠂ ᠪᠤᠷᠵᠢᠭᠢᠷ ᠭᠡᠵᠢᠭᠡ (ᠪᠠᠶ᠋ᠢᠭ᠋ᠠᠯᠢ ᠵᠢᠨ ᠪᠤᠷᠵᠢᠭᠢᠷ ᠪᠠᠭᠲᠠᠬᠤ ᠥᠬᠡᠶ)᠂ ᠮᠤᠯᠳᠤᠭ ᠪᠤᠶᠤ ᠰᠠᠬᠠᠯ ᠦᠯᠡᠳᠡᠭᠡᠵᠦ ᠪᠣᠯᠬᠤ ᠥᠬᠡᠶ᠂ ᠡᠮᠡᠭᠲᠡᠶ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠡᠵᠢᠭᠡ ᠲᠠᠯᠪᠢᠬᠤ᠎ᠳᠤ᠎ᠪᠠᠨ ᠮᠥᠷᠥ᠎ᠠᠴᠠ ᠬᠡᠲᠦᠷᠡᠭᠦᠯᠵᠦ ᠪᠣᠯᠬᠤ ᠥᠬᠡᠶ᠃

     (ᠬᠤᠶᠠᠷ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠡᠶ᠎ᠡ᠎ᠳᠤ᠎ᠪᠠᠨ ᠰᠢᠪᠡᠭᠡᠰᠦ ᠬᠢᠵᠦ ᠪᠣᠯᠬᠤ ᠦᠭᠡᠢ᠂ ᠬᠢᠮᠤᠰᠤᠨ᠎ᠳᠤ᠎ᠪᠠᠨ ᠪᠤᠳᠤᠭ ᠣᠷᠣᠭᠤᠯᠵᠤ ᠪᠣᠯᠬᠤ ᠥᠬᠡᠶ᠂ ᠣᠷᠳᠣ ᠬᠢᠮᠤᠰᠤ ᠦᠯᠡᠳᠡᠭᠡᠵᠦ ᠪᠣᠯᠬᠤ ᠥᠬᠡᠶ᠂ ᠥᠳᠬᠡᠨ ᠭᠤᠶᠣᠯᠠᠵᠤ ᠪᠣᠯᠬᠤ ᠥᠬᠡᠶ᠃

     ᠠᠷᠪᠠᠨ ᠳᠣᠯᠣᠳᠤᠭ᠋ᠠᠷ ᠵᠦᠢ᠍ᠯ   ᠬᠥᠳᠡᠯᠦᠯ ᠪᠠᠷᠢᠯ

      ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠥᠳᠡᠯᠦᠯ ᠪᠠᠷᠢᠯ ᠲᠥᠪ ᠶᠡᠬᠡᠮᠰᠦᠭ᠂ ᠦᠭᠡ ᠶᠠᠷᠢᠶ᠎ᠠ ᠪᠣᠯᠪᠠᠰᠤᠨ᠂ ᠴᠤᠭ ᠵᠢᠪᠬᠤᠭ᠎ᠠ᠎ᠲᠠᠢ᠂ ᠣᠪᠣᠷ ᠪᠠᠶ᠋ᠢᠳᠠᠯ ᠰᠠᠶ᠋ᠢᠨ ᠪᠠᠶ᠋ᠢᠬᠤ ᠬᠡᠷᠡᠭᠲᠡᠶ᠃

     (ᠨᠢᠭᠡ) ᠴᠠᠭᠳᠠᠭ᠋ᠠᠨ᠎ᠤ ᠬᠤᠪᠴᠠᠰᠤ ᠡᠮᠦᠰᠬᠦ ᠪᠤᠶᠤ ᠠᠯᠪᠠᠨ ᠠᠵᠢᠯ ᠭᠦᠢ᠍ᠴᠡᠳᠬᠡᠬᠦ᠎ᠳᠤ᠎ᠪᠠᠨ ᠶᠠᠪᠤᠬᠤ ᠵᠢᠨ ᠳᠠᠭ᠋ᠠᠤ ᠶᠠᠭᠤᠮ᠎ᠠ ᠢᠳᠡᠵᠦ᠂ ᠳᠡᠪᠢᠭᠦᠷᠳᠡᠵᠦ ᠪᠣᠯᠬᠤ ᠤᠢ᠍ᠭᠡᠢ; ᠤᠯᠠᠨ ᠨᠡᠶ᠋ᠢᠲᠡ ᠵᠢᠨ ᠲᠠᠯᠠᠪᠤᠷ ᠪᠤᠶᠤ ᠲᠠᠮᠠᠬᠢ ᠲᠠᠲᠠᠬᠤ ᠵᠢ ᠴᠠᠭ᠋ᠠᠵᠠᠯᠠᠭᠰᠠᠨ ᠪᠤᠰᠤᠳ ᠲᠠᠯᠠᠪᠤᠷ᠎ᠲᠤ ᠲᠠᠮᠠᠬᠢ ᠲᠠᠲᠠᠵᠤ ᠪᠣᠯᠬᠤ ᠦᠭᠡᠢ; ᠨᠢᠷᠤᠭᠤ ᠡᠭᠦᠷᠬᠦ᠂ ᠬᠠᠨᠴᠤᠶ ᠰᠢᠮᠠᠯᠠᠬᠤ᠂ ᠬᠠᠷᠮᠠᠨ᠎ᠳᠤ᠎ᠪᠠᠨ ᠭᠠᠷ ᠵᠶ᠋ᠠᠨ ᠬᠢᠬᠦ᠂ ᠮᠥᠷᠥᠯᠡᠬᠦ᠂ ᠲᠣᠬᠤᠶ᠋ᠢᠯᠠᠬᠤ᠂ ᠪᠡᠯᠭᠡᠭᠦᠰᠦᠯᠡᠬᠦ ᠵᠡᠷᠭᠡ ᠪᠣᠯᠬᠤ ᠦᠭᠡᠢ; ᠢᠨᠢᠶᠡᠯᠳᠦᠨ ᠬᠥᠭᠡᠷᠦᠯᠳᠦᠵᠦ᠂ ᠶᠡᠭᠡ ᠳᠠᠭᠤᠨ ᠵᠶ᠋ᠠᠷ ᠦᠢ᠍ᠮᠡᠯᠳᠦᠨ ᠱᠤᠤᠭᠢᠯᠳᠤᠵᠤ ᠪᠣᠯᠬᠤ ᠦᠭᠡᠶ; ᠲᠡᠷᠢ ᠲᠡᠭᠰᠢ ᠰᠠᠭᠤᠬᠤ ᠬᠡᠷᠡᠭᠳᠡᠢ᠃

     (ᠬᠤᠶᠠᠷ) ᠠᠷᠢᠬᠢᠨ᠎ᠳᠤ ᠰᠢᠨᠤᠬᠤ᠂ ᠵᠣᠭᠤᠰ ᠮᠦᠷᠦ᠋ᠢ᠍ᠴᠡᠬᠦ ᠪᠠ ᠬᠡᠷᠡᠭᠦᠯ ᠵᠣᠳᠣᠭ᠋ᠠᠨ ᠬᠢᠵᠦ ᠪᠣᠯᠬᠤ ᠤᠢ᠍ᠭᠡᠢ; ᠱᠠᠰᠢᠨ ᠰᠤᠷᠲᠠᠬᠤᠨ᠂ ᠮᠤᠬᠤᠷ ᠪᠢᠰᠢᠷᠡᠯ᠎ᠤᠨ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃

     (ᠭᠤᠷᠪᠠ) ᠬᠤᠶᠠᠷ᠎ᠠᠴᠠ ᠳᠡᠭᠡᠭᠰᠢ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠴᠠᠭᠳᠠᠭ᠋ᠠᠨ᠎ᠤ ᠬᠣᠪᠴᠠᠰᠤ᠎ᠪᠠᠨ ᠡᠮᠦᠰᠴᠦ ᠶᠠᠪᠠᠭ᠋ᠠᠨ ᠵᠶ᠋ᠠᠷ ᠲᠣᠭᠤᠷᠢᠨ ᠴᠠᠭᠳᠠᠵᠤ ᠵᠢᠵᠢᠭᠦᠷᠯᠡᠬᠦ ᠪᠤᠶᠤ ᠭᠠᠳᠠᠭᠰᠢ ᠭᠠᠷᠬᠤ᠎ᠳᠤ᠎ᠪᠠᠨ ᠬᠤᠶᠠᠷ ᠬᠥᠮᠦᠨ ᠵᠡᠷᠭᠡᠴᠡᠵᠦ ᠶᠠᠪᠤᠬᠤ ᠪᠠ ᠭᠤᠷᠪᠠᠨ ᠬᠥᠮᠦᠨ ᠮᠥᠷᠯᠡᠨ ᠵᠢᠭᠰᠠᠨ ᠶᠠᠪᠤᠵᠤ᠂ ᠰᠦᠷ ᠵᠢᠪᠬᠤᠯᠠᠩᠲᠠᠶ ᠡᠮᠬᠢ ᠵᠢᠷᠤᠮ᠎ᠲᠠᠢ ᠪᠠᠶ᠋ᠢᠬᠤ ᠬᠡᠷᠡᠭᠲᠡᠶ᠃

     (ᠲᠦᠷᠪᠡ) ᠭᠠᠳᠠᠭᠰᠢ ᠭᠠᠷᠬᠤ᠎ᠳᠤ᠎ᠪᠠᠨ ᠡᠷᠬᠡᠪᠰᠢ ᠤᠯᠡᠠ ᠨᠡᠶ᠋ᠢᠲᠡ ᠵᠢᠨ ᠡᠮᠬᠢ ᠵᠢᠷᠤᠮ ᠪᠠ ᠵᠡᠮ ᠬᠠᠷᠢᠯᠴᠠᠭ᠋ᠠᠨ᠎ᠤ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠵᠤ᠂ ᠨᠡᠶ᠋ᠢᠭᠡᠮ ᠨᠡᠶ᠋ᠢᠲᠡ ᠵᠢᠨ ᠶᠣᠰᠣ ᠮᠣᠷᠠᠯ᠎ᠢ ᠵᠢᠷᠤᠮᠯᠠᠨ ᠰᠠᠬᠢᠵᠤ᠂ ᠠᠷᠠᠳ᠎ᠤᠨ ᠴᠠᠭᠳᠠᠭ᠋ᠠᠨ᠎ᠤ ᠨᠡᠷ᠎ᠡ ᠬᠦᠨᠳᠦ ᠵᠢ ᠤᠬᠠᠮᠰᠠᠷ᠎ᠠᠴᠠ᠎ᠪᠠᠨ ᠬᠠᠮᠠᠭ᠋ᠠᠯᠠᠬᠤ ᠬᠡᠷᠡᠭᠲᠡᠶ᠃

     ᠠᠷᠪᠠᠨ ᠨᠠᠢ᠍ᠮᠠᠳᠤᠭ᠋ᠠᠷ ᠵᠦᠢ᠍ᠯ   ᠶᠣᠰᠣ ᠲᠥᠷᠢᠮ

     (ᠨᠢᠭᠡ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠤᠰᠤᠳ᠎ᠲᠤ ᠶᠣᠰᠣᠷᠬᠠᠭ ᠵᠶ᠋ᠠᠷ ᠬᠠᠨᠳᠤᠵᠤ᠂ ᠦᠭᠡ ᠬᠡᠯᠡ᠎ᠨᠢ ᠪᠣᠯᠪᠠᠰᠤᠨ᠂ ᠣᠪᠣᠷ᠎ᠨᠢ ᠡᠶᠡᠯᠰᠡᠭ ᠪᠠᠶ᠋ᠢᠬᠤ ᠬᠡᠷᠡᠭᠲᠡᠶ᠃

     (ᠬᠤᠶᠠᠷ) ᠪᠠᠶᠠᠷ᠎ᠤᠨ ᠶᠣᠰᠣᠯᠠᠯ᠂ ᠬᠤᠷᠠᠯ ᠴᠤᠭᠯᠠᠭ᠎ᠠ ᠵᠡᠷᠭᠡ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠵᠤ ᠤᠯᠤᠰ᠎ᠤᠨ ᠲᠤᠬ ᠮᠠᠨᠳᠤᠭᠤᠯᠬᠤ ᠦᠶ᠎ᠡ᠎ᠳᠤ ᠴᠠᠭᠳᠠᠭ᠋ᠠᠨ᠎ᠤ ᠬᠤᠪᠴᠠᠰᠤ ᠡᠮᠦᠰᠴᠦ ᠵᠢᠭᠰᠠᠭ᠋ᠠᠯ᠎ᠤᠨ ᠡᠩᠨᠡᠭᠡ᠎ᠳᠤ ᠪᠠᠶ᠋ᠢᠭ᠎ᠠ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠥᠪᠡᠷ ᠵᠶ᠋ᠠᠨ ᠲᠥᠪ ᠵᠣᠭᠰᠣᠵᠤ᠂ ᠰᠢᠷᠳᠡᠬᠦ ᠶᠣᠰᠣ ᠬᠢᠬᠦ ᠬᠡᠷᠡᠭᠲᠡᠶ᠂ ᠡᠩᠨᠡᠭᠡ ᠳᠠᠭ᠋ᠠᠭᠤᠯᠤᠭᠴᠢ ᠭᠠᠷ ᠡᠷᠭᠦᠵᠦ ᠶᠤᠰᠤᠯᠠᠬᠤ ᠬᠡᠷᠡᠭᠲᠡᠶ; ᠵᠢᠭᠰᠠᠭ᠋ᠠᠯ᠎ᠳᠤ ᠤᠷᠤᠭᠰᠠᠨ ᠦᠭᠡᠢ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠰᠢᠷᠳᠡᠬᠦ ᠶᠣᠰᠣ ᠬᠢᠬᠦ ᠬᠡᠷᠡᠭᠲᠡᠶ᠃ ᠤᠯᠤᠰ᠎ᠤᠨ ᠰᠦᠯᠳᠡ ᠳᠠᠭᠤᠤ ᠵᠢ ᠬᠥᠭᠵᠢᠮᠳᠡᠬᠦ (ᠳᠠᠭᠤᠯᠠᠬᠤ)᠎ᠳᠤ᠎ᠪᠠᠨ ᠥᠪᠡᠷ ᠵᠶ᠋ᠠᠨ ᠲᠥᠪ ᠵᠣᠭᠰᠣᠬᠤ ᠬᠡᠷᠡᠭᠲᠡᠶ᠃

     (ᠭᠤᠷᠪᠠ) ᠳᠡᠭᠡᠳᠦ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠳᠤᠷᠢᠳᠤᠯᠭ᠎ᠠ᠎ᠲᠠᠢ ᠠᠭᠤᠯᠵᠠᠬᠤ ᠪᠤᠶᠤ ᠤᠴᠠᠷᠠᠬᠤ ᠦᠶ᠎ᠡ᠎ᠳᠤ᠂ ᠴᠠᠭᠳᠠᠭ᠋ᠠᠨ᠎ᠤ ᠬᠤᠪᠴᠠᠰᠤ᠎ᠲᠠᠢ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠠᠷ ᠡᠷᠭᠦᠬᠦ ᠶᠣᠰᠣ ᠬᠢᠬᠦ ᠬᠡᠷᠡᠭᠲᠡᠶ; ᠵᠡᠪᠰᠡᠭ ᠲᠣᠨᠣᠭᠯᠠᠯ᠎ᠢ ᠪᠡᠶ᠎ᠡ᠎ᠳᠤ᠎ᠪᠠᠨ ᠠᠪᠴᠤ ᠶᠠᠪᠤᠬᠤ ᠪᠤᠶᠤ ᠡᠭᠦᠷᠭᠡ ᠭᠦᠢ᠍ᠴᠡᠳᠬᠡᠬᠦ ᠬᠡᠷᠡᠭᠴᠡᠭᠡ᠎ᠠᠴᠠ ᠪᠤᠯᠵᠦ᠂ ᠭᠠᠷ ᠡᠷᠭᠦᠬᠦ ᠶᠣᠰᠣ ᠬᠢᠬᠦ᠎ᠳᠤ ᠳᠥᠭᠦᠮ ᠦᠭᠡᠢ ᠦᠶ᠎ᠡ᠎ᠳᠤ ᠰᠢᠷᠳᠡᠬᠦ ᠶᠣᠰᠣ ᠬᠢᠵᠦ ᠪᠣᠯᠤᠨ᠎ᠠ᠃

     (ᠲᠦᠷᠪᠡ) ᠨᠢᠭᠡ ᠪᠠᠢ᠌ᠭᠤᠯᠭ᠎ᠠ ᠨᠢᠭᠡᠴᠢ ᠵᠢᠨ ᠵᠶ᠋ᠠᠨ ᠦᠷᠭᠦᠯᠵᠢ ᠠᠭᠤᠯᠵᠠᠳᠠᠭ ᠤᠳᠤᠷᠢᠳᠤᠯᠭ᠎ᠠ ᠪᠠ ᠪᠤᠰᠤᠳ ᠬᠠᠮᠲᠤ ᠠᠵᠢᠯᠯᠠᠭᠰᠠᠳ᠎ᠲᠠᠢ ᠠᠭᠤᠯᠵᠠᠬᠤ ᠪᠤᠶᠤ ᠠᠭᠤᠯᠵᠠᠬᠤ᠎ᠳᠤ᠎ᠪᠠᠨ ᠬᠠᠷᠢᠯᠴᠠᠨ ᠮᠡᠨᠳᠦᠴᠢᠯᠡᠬᠦ ᠬᠡᠷᠡᠭᠲᠡᠶ᠃

     (ᠲᠠᠪᠤ) ᠵᠢᠭᠰᠠᠭ᠋ᠠᠯ ᠵᠢᠭᠰᠠᠵᠤ ᠪᠠᠶ᠋ᠢᠭ᠎ᠠ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠤᠷᠤᠭᠰᠢᠯᠠᠬᠤ ᠶᠠᠪᠤᠴᠠ᠎ᠳᠤ᠎ᠪᠠᠨ ᠤᠳᠤᠷᠢᠳᠤᠯᠭ᠎ᠠ᠎ᠲᠠᠢ ᠲᠠᠭ᠋ᠠᠷᠠᠯᠳᠤᠪᠠᠯ᠂ ᠡᠩᠨᠡᠭᠡ ᠲᠠᠭ᠋ᠠᠭᠤᠯᠤᠭᠴᠢ ᠭᠠᠷ ᠡᠷᠭᠦᠵᠦ ᠶᠤᠰᠤᠯᠠᠨ᠎ᠠ᠂ ᠪᠤᠰᠤᠳ ᠬᠥᠮᠦᠨ ᠰᠢᠷᠳᠡᠬᠦ ᠶᠣᠰᠣ ᠬᠢᠬᠦ ᠬᠡᠷᠡᠭᠲᠡᠶ᠃

      (ᠵᠢᠷᠭᠤᠭ᠎ᠠ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠵᠢᠯ ᠵᠶ᠋ᠠᠨ ᠲᠤᠰᠢᠶᠠᠬᠤ ᠪᠠ ᠬᠦᠯᠢᠶᠡᠵᠦ ᠠᠪᠬᠤ᠎ᠳᠤ᠎ᠪᠠᠨ ᠬᠠᠷᠢᠯᠴᠠᠨ ᠶᠣᠰᠣᠯᠠᠬᠤ ᠬᠡᠷᠡᠭᠲᠡᠶ; ᠠᠳᠠᠯᠢ ᠪᠤᠰᠤ ᠨᠢᠭᠡᠴᠢ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠯᠪᠠᠨ ᠶᠠᠪᠤᠳᠠᠯ ᠵᠶ᠋ᠠᠷ ᠬᠠᠷᠢᠯᠴᠠᠬᠤ᠎ᠳᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠮᠡᠨᠳᠦᠴᠢᠯᠡᠯ ᠬᠦᠷᠭᠡᠬᠦ ᠬᠡᠷᠡᠭᠲᠡᠶ᠃

      (ᠲᠤᠯᠤᠭ᠎ᠠ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠠᠳᠠᠭ᠋ᠠᠳᠤ ᠶᠠᠪᠤᠳᠠᠯ᠎ᠤᠨ ᠠᠵᠢᠯᠯᠠᠭ᠎ᠠ ᠵᠢᠨ ᠲᠠᠯᠠᠪᠤᠷ᠎ᠲᠤ ᠭᠠᠳᠠᠭ᠋ᠠᠳᠤ ᠵᠢᠨ ᠵᠣᠴᠢᠳ᠎ᠲᠠᠢ ᠬᠠᠷᠢᠯᠴᠠᠬᠤ᠎ᠳᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠮᠡᠨᠳᠦᠴᠢᠯᠡᠯ ᠬᠦᠷᠭᠡᠬᠦ ᠬᠡᠷᠡᠭᠲᠡᠶ᠃

      (ᠨᠠᠢ᠍ᠮᠠ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠯᠪᠠᠨ ᠶᠠᠪᠤᠳᠠᠯ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠤᠰᠤ ᠬᠥᠮᠦᠰ᠎ᠲᠠᠢ ᠬᠠᠷᠢᠯᠴᠠᠬᠤ ᠦᠶ᠎ᠡ᠎ᠳᠤ ᠰᠠᠨᠠᠭ᠋ᠠᠴᠢᠯᠠᠭ᠎ᠠ᠎ᠠᠴᠠ᠎ᠪᠠᠨ ᠮᠡᠨᠳᠦᠴᠢᠯᠡᠬᠦ ᠬᠡᠷᠡᠭᠲᠡᠶ; ᠲᠦᠷᠢᠮ᠎ᠠᠴᠠ ᠵᠥᠷᠢᠴᠡᠭᠰᠡᠨ ᠠᠵᠢᠯᠯᠠᠭ᠎ᠠ ᠵᠢ ᠵᠠᠯᠠᠷᠠᠭᠤᠯᠬᠤ᠎ᠳᠤ᠎ᠪᠠᠨ ᠤᠷᠢᠳᠠᠪᠠᠷ ᠶᠣᠰᠣᠯᠠᠬᠤ ᠬᠡᠷᠡᠭᠲᠡᠶ᠃

      (ᠶᠢᠰᠦ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠭᠡᠵᠦ ᠰᠠᠭᠤᠭ᠋ᠠᠯᠢ ᠠᠷᠠᠳ᠎ᠤᠨ ᠣᠷᠣᠨ ᠰᠠᠭᠤᠴᠠ᠎ᠳᠤ ᠣᠷᠣᠬᠤ᠎ᠳᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠭᠡᠷᠡᠴᠢ ᠲᠡᠮᠳᠡᠭ ᠵᠶ᠋ᠠᠨ ᠭᠠᠷᠭ᠋ᠠᠨ ᠦᠵᠡᠭᠦᠯᠵᠦ᠂ ᠢᠷᠡᠭᠰᠡᠨ ᠰᠠᠨᠠᠭ᠎ᠠ᠎ᠪᠠᠨ ᠲᠣᠳᠣᠷᠬᠠᠶ᠋ᠢᠯᠠᠬᠤ ᠬᠡᠷᠡᠭᠲᠡᠶ᠃

    

      ᠲᠠᠪᠤᠳᠤᠭ᠋ᠠᠷ ᠪᠦᠯᠦᠭ  ᠡᠳᠦᠷ ᠲᠤᠳᠤᠮ᠎ᠤᠨ ᠲᠦᠷᠢᠮ

      ᠠᠷᠪᠠ ᠶᠢᠰᠦᠳᠦᠭᠡᠷ ᠵᠦᠢ᠍ᠯ  ᠬᠤᠷᠠᠯ

      (ᠨᠢᠭᠡ)  ᠬᠤᠷᠠᠯ᠎ᠢ ᠠᠯᠢ ᠪᠣᠯᠬᠤ᠎ᠪᠠᠷ ᠰᠢᠯᠢᠳᠡᠭᠴᠢᠯᠡᠨ ᠴᠣᠮᠬᠠᠳᠬᠠᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠶ᠃

      (ᠬᠤᠶᠠᠷ) ᠲᠣᠮᠢᠯᠠᠭᠰᠠᠨ ᠰᠠᠯᠪᠤᠷᠢ᠂ ᠴᠠᠭᠳᠠᠭ᠋ᠠᠨ᠎ᠤ ᠠᠩᠭᠢ ᠵᠡᠷᠭᠡ ᠦᠨᠳᠦᠰᠦᠨ ᠱᠠᠲᠤᠨ᠎ᠤ ᠪᠣᠳᠠᠲᠤ ᠪᠠᠶ᠋ᠢᠯᠳᠤᠭ᠋ᠠᠨ᠎ᠤ ᠨᠢᠭᠡᠴᠢ᠎ᠨᠦᠭᠦᠳ ᠡᠳᠦᠷ ᠪᠦᠷᠢ ᠵᠢᠨ ᠲᠣᠭᠲᠠᠮᠠᠯ ᠬᠤᠷᠠᠯ᠎ᠤᠨ ᠲᠦᠷᠢᠮ᠎ᠢ ᠬᠡᠷᠡᠭᠵᠢᠭᠦᠯᠵᠦ᠂ ᠡᠩ᠎ᠤᠨ ᠪᠠᠶ᠋ᠢᠳᠠᠯ᠎ᠳᠤ 30 ᠮᠢᠨᠦ᠋ᠲ᠎ᠠᠴᠠ ᠬᠡᠲᠦᠷᠡᠭᠦᠯᠬᠦ ᠥᠬᠡᠶ ᠪᠠᠶ᠋ᠢᠵᠤ᠂ ᠬᠤᠯᠪᠣᠭᠳᠠᠯ ᠪᠥᠬᠦᠶ ᠠᠵᠢᠯ᠎ᠢ ᠳ᠋ᠦᠩᠨᠡᠨ ᠪᠠᠶ᠋ᠢᠷᠢᠯᠠᠭᠤᠯᠬᠤ ᠬᠡᠷᠡᠭᠲᠡᠶ᠃

      (ᠭᠤᠷᠪᠠ) ᠰᠢᠶᠠᠨ᠎ᠤ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠪᠦᠬᠦ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠶᠡᠭᠡ ᠬᠤᠷᠠᠯ᠎ᠢ ᠬᠤᠷᠠᠯᠳᠤᠭᠤᠯᠵᠤ᠂ ᠤᠳᠤᠷᠢᠳᠤᠯᠭ᠎ᠠ᠎ᠠᠴᠠ ᠠᠵᠢᠯ ᠵᠶ᠋ᠠᠨ ᠳ᠋ᠦᠩᠨᠡᠨ ᠮᠡᠳᠡᠭᠦᠯᠵᠦ᠂ ᠲᠡᠷᠢᠭᠦᠨ᠎ᠤ᠎ᠬᠢ ᠵᠢ ᠬᠥᠬᠢᠭᠦᠯᠦᠨ ᠰᠠᠶ᠋ᠢᠰᠢᠶᠠᠵᠤ᠂ ᠠᠵᠢᠯ᠎ᠤᠨ ᠡᠭᠦᠷᠭᠡ᠎ᠪᠠᠨ ᠪᠠᠶ᠋ᠢᠷᠢᠯᠠᠭᠤᠯᠤᠨ᠎ᠠ᠃

      ᠬᠤᠷᠢᠳᠤᠭ᠋ᠠᠷ ᠵᠦᠢ᠍ᠯ  ᠵᠢᠭ᠋ᠠᠪᠤᠷᠢ ᠠᠪᠬᠤ ᠮᠡᠳᠡᠭᠦᠯᠦᠯᠲᠡ

      (ᠨᠢᠭᠡ) ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠷᠬᠡᠪᠰᠢ ᠵᠢᠭ᠋ᠠᠪᠤᠷᠢ ᠠᠪᠴᠤ ᠮᠡᠳᠡᠭᠦᠯᠬᠦ ᠴᠢᠩᠭ᠎ᠠ ᠲᠦᠷᠢᠮ᠎ᠢ ᠪᠠᠶ᠋ᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠮᠡᠳᠡᠭᠡ ᠵᠠᠩᠭᠢ ᠵᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃

      (ᠬᠤᠶᠠᠷ) ᠠᠮᠤᠷ᠎ᠢ ᠬᠠᠮᠠᠭ᠋ᠠᠯᠠᠬᠤ᠂ ᠡᠷᠡᠭᠦᠦ ᠵᠢᠨ ᠬᠡᠷᠡᠭ᠂ ᠪᠠᠶ᠋ᠢᠭ᠋ᠠᠯᠢ ᠵᠢᠨ ᠭᠠᠮᠰᠢᠭ᠎ᠤᠨ ᠬᠦᠨᠳᠦ ᠶᠡᠭᠡ ᠡ᠊ᠨᠳᠡᠯ᠂ ᠠᠷᠠᠳ᠎ᠤᠨ ᠴᠠᠭᠳᠠᠭ᠎ᠠ ᠵᠢᠨ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠲᠤᠮᠤ ᠴᠢᠬᠤᠯᠠ ᠬᠡᠷᠡᠭ ᠵᠢᠴᠢ ᠦᠬᠦᠯ ᠰᠢᠷᠬᠠᠲᠤᠯ᠎ᠤᠨ ᠪᠠᠶ᠋ᠢᠳᠠᠯ ᠭᠠᠷᠪᠠᠯ᠂ ᠡᠷᠬᠡᠪᠰᠢ ᠳᠡᠭᠡᠷ᠎ᠡ ᠨᠢᠭᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠂ ᠶᠠᠮᠠᠷᠪᠠ ᠰᠢᠯᠲᠠᠭ᠋ᠠᠨ ᠵᠶ᠋ᠠᠷ ᠨᠢᠭᠤᠨ ᠳᠠᠯᠳᠠᠯᠠᠬᠤ ᠪᠤᠶᠤ ᠤᠳᠠᠭ᠋ᠠᠰᠢᠷᠠᠭᠤᠯᠤᠨ ᠮᠡᠳᠡᠭᠦᠯᠬᠦ ᠦᠭᠡᠢ ᠪᠠᠶ᠋ᠢᠵᠤ ᠪᠣᠯᠬᠤ ᠦᠭᠡᠢ᠃

     (ᠭᠤᠷᠪᠠ) ᠲᠤᠤᠷᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠡᠷᠬᠡᠪᠰᠢ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠲᠤᠬᠠᠶ᠋ᠢᠯᠠᠭᠰᠠᠨ ᠠᠵᠢᠯ ᠪᠠ ᠡᠩᠨᠡᠭᠡᠨ᠎ᠤ ᠪᠠᠶ᠋ᠢᠭᠤᠯᠤᠯᠲᠠ ᠵᠢᠨ ᠬᠤᠯᠪᠣᠭᠳᠠᠯ ᠪᠦᠬᠦᠢ ᠦᠨᠳᠦᠰᠦᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠲᠡᠶ᠃

     (ᠲᠦᠷᠪᠡ) ᠳᠡᠭᠡᠷ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠳᠣᠣᠷ᠎ᠠ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠢᠭ᠋ᠠᠪᠤᠷᠢ ᠠᠪᠬᠤ ᠮᠡᠳᠡᠭᠦᠯᠦᠯᠲᠡ ᠵᠢ ᠡᠷᠬᠡᠪᠰᠢ ᠬᠢᠨᠠᠮᠠᠭ᠋ᠠᠢ ᠰᠤᠳᠤᠯᠵᠤ᠂ ᠴᠠᠭ ᠲᠤᠬᠠᠶ᠎ᠳᠤ᠎ᠨᠢ ᠬᠠᠷᠢᠭᠤᠯᠲᠠ ᠥᠭᠬᠦ ᠬᠡᠷᠡᠭᠲᠡᠶ᠃

     ᠬᠤᠷᠢᠨ ᠨᠢᠭᠡᠳᠦᠭᠡᠷ ᠵᠦᠢ᠍ᠯ   ᠴᠢᠯᠥᠭᠡ ᠭᠤᠶᠤᠵᠤ ᠴᠢᠯᠥᠭᠡ᠎ᠪᠠᠨ ᠲᠠᠶ᠋ᠢᠯᠬᠤ

     (ᠨᠢᠭᠡ) ᠲᠤᠤᠷᠠᠳᠤ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠭᠤᠣᠯ ᠤᠳᠤᠷᠢᠳᠬᠤ ᠬᠦᠮᠦᠰ ᠲᠤᠰ ᠭᠠᠵᠠᠷ ᠣᠷᠣᠨ᠎ᠠᠴᠠ᠎ᠪᠠᠨ ᠰᠠᠯᠬᠤ᠎ᠳᠤ ᠡᠷᠬᠡᠪᠰᠢ ᠳᠡᠭᠡᠷ᠎ᠡ ᠨᠢᠭᠡ ᠱᠠᠲᠤᠨ᠎ᠤ ᠤᠳᠤᠷᠢᠳᠤᠯᠭ᠎ᠠ᠎ᠳᠤ ᠴᠢᠯᠥᠭᠡ ᠭᠤᠶᠤᠬᠤ ᠬᠡᠷᠡᠭᠲᠡᠶ᠂ ᠣᠨᠴᠠᠭ᠋ᠠᠶ ᠪᠠᠶ᠋ᠢᠳᠠᠯ᠎ᠤᠨ ᠳᠣᠣᠷ᠎ᠠ ᠴᠠᠭ ᠲᠤᠬᠠᠶ᠎ᠳᠤ᠎ᠨᠢ ᠴᠢᠯᠥᠭᠡ ᠭᠤᠶᠤᠵᠤ ᠴᠢᠳᠠᠬᠤ ᠦᠭᠡᠢ ᠪᠣᠯ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃

     (ᠬᠤᠶᠠᠷ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠵᠢᠯ᠎ᠤᠨ ᠴᠠᠭ᠎ᠲᠤ ᠠᠯᠪᠠᠨ ᠪᠤᠰᠤ ᠶᠠᠪᠤᠳᠠᠯ ᠵᠶ᠋ᠠᠷ ᠭᠠᠳᠠᠭᠰᠢ ᠭᠠᠷᠬᠤ᠎ᠳᠤ᠂ ᠡᠷᠬᠡᠪᠰᠢ ᠱᠠᠳᠤ ᠱᠠᠳᠤ᠎ᠪᠠᠷ ᠴᠢᠯᠥᠭᠡ ᠭᠤᠶᠤᠵᠤ᠂ ᠲᠣᠭᠲᠠᠭᠰᠠᠨ ᠴᠠᠭ᠎ᠲᠤ᠎ᠪᠠᠨ ᠴᠢᠯᠥᠭᠡ᠎ᠪᠠᠨ ᠲᠠᠶ᠋ᠢᠯᠬᠤ ᠬᠡᠷᠡᠭᠲᠡᠶ; ᠤᠳᠤᠷᠢᠳᠤᠯᠭ᠎ᠠ ᠵᠢᠨ ᠵᠥᠪᠰᠢᠶᠡᠷᠡᠯ ᠦᠭᠡᠢ ᠪᠣᠯ ᠳᠤᠷ᠎ᠠ᠎ᠪᠠᠷ ᠵᠶ᠋ᠠᠨ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠪᠣᠯᠬᠤ ᠦᠭᠡᠢ᠃

     (ᠭᠤᠷᠪᠠ) ᠣᠨᠴᠠᠭ᠋ᠠᠢ ᠪᠤᠶᠤ ᠪᠠᠴᠢᠮ ᠡᠭᠦᠷᠭᠡ ᠭᠦᠢ᠍ᠴᠡᠳᠬᠡᠬᠦ ᠦᠶ᠎ᠡ᠎ᠳᠤ᠂ ᠡᠷᠭᠡᠪᠰᠢ ᠴᠢᠯᠦᠭᠡ ᠭᠤᠶᠤᠬᠤ ᠦᠭᠡᠢ ᠪᠣᠯᠤᠭᠰᠠᠨ ᠰᠢᠯᠲᠠᠭ᠋ᠠᠨ᠎ᠠᠴᠠ ᠪᠣᠰᠤᠳ ᠴᠢᠯᠥᠭᠡ ᠭᠤᠶᠤᠵᠤ ᠪᠣᠯᠬᠤ ᠤᠢ᠍ᠭᠡᠢ᠃

     (ᠲᠦᠷᠪᠡ) ᠴᠢᠯᠥᠭᠡ ᠭᠤᠶᠦᠬ᠍ᠴᠢ ᠣᠨᠴᠠᠭ᠋ᠠᠶ ᠪᠠᠶ᠋ᠢᠳᠠᠯ᠎ᠠᠴᠠ ᠪᠤᠯᠵᠦ ᠵᠥᠪᠰᠢᠶᠡᠷᠡᠭᠦᠯᠦᠭᠰᠡᠨ᠎ᠤ ᠲᠡᠷᠠᠭ᠎ᠠ ᠰᠠᠶᠢ ᠴᠢᠯᠥᠭᠡ᠎ᠪᠠᠨ ᠦᠷᠭᠦᠯᠵᠢᠯᠡᠭᠦᠯᠵᠦ ᠪᠣᠯᠤᠨ᠎ᠠ᠃ ᠵᠥᠪᠰᠢᠶᠡᠷᠡᠯ ᠦᠭᠡᠢ᠎ᠪᠠᠷ ᠴᠢᠯᠥᠭᠡᠨ᠎ᠤ ᠬᠤᠭᠤᠴᠠᠭ᠎ᠠ᠎ᠠᠴᠠ ᠬᠡᠲᠦᠷᠡᠲᠡᠯ᠎ᠡ ᠪᠤᠶᠤ ᠴᠢᠯᠥᠭᠡᠨ᠎ᠤ ᠬᠤᠭᠤᠴᠠᠭ᠎ᠠ᠎ᠠᠴᠠ ᠬᠡᠲᠦᠷᠡᠲᠡᠯ᠎ᠡ ᠪᠤᠴᠠᠬᠤ ᠦᠭᠡᠢ ᠪᠠᠶ᠋ᠢᠵᠤ ᠪᠣᠯᠬᠤ ᠦᠭᠡᠢ᠃

     (ᠲᠠᠪᠤ) ᠤᠯᠤᠰ ᠣᠷᠣᠨ ᠪᠠᠴᠢᠮ ᠪᠠᠶ᠋ᠢᠳᠠᠯ᠎ᠳᠤ ᠤᠷᠤᠭᠰᠠᠨ ᠪᠤᠶᠤ ᠠᠵᠢᠯ᠎ᠤᠨ ᠬᠡᠷᠡᠭᠴᠡᠭᠡ᠎ᠲᠠᠢ ᠪᠣᠯᠤᠭᠰᠠᠨ ᠦᠶ᠎ᠡ᠎ᠳᠤ᠂ ᠴᠢᠯᠥᠭᠡ ᠭᠤᠶᠤᠭᠴᠢ ᠲᠡᠷᠡ ᠳᠠᠷᠤᠶ᠎ᠳᠤ᠎ᠨᠢ ᠪᠠᠶ᠋ᠢᠭᠤᠯᠭ᠎ᠠ ᠨᠢᠭᠡᠴᠢ᠎ᠳᠤ᠎ᠪᠠᠨ ᠪᠤᠴᠠᠬᠤ ᠬᠡᠷᠡᠭᠲᠡᠶ᠃

      ᠬᠤᠷᠢᠨ ᠬᠤᠶᠠᠳᠤᠭ᠋ᠠᠷ ᠵᠦᠢ᠍ᠯ   ᠠᠵᠢᠯ ᠲᠤᠰᠢᠶᠠᠬᠤ ᠪᠠ ᠬᠦᠯᠢᠶᠡᠨ ᠠᠪᠬᠤ

     (ᠨᠢᠭᠡ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠵᠢᠯ ᠵᠶ᠋ᠠᠨ ᠬᠤᠪᠢᠷᠠᠭᠤᠯᠬᠤ᠂ ᠠᠵᠢᠯ᠎ᠠᠴᠠ᠎ᠪᠠᠨ ᠰᠠᠯᠬᠤ (ᠠᠵᠢᠯ᠎ᠠᠴᠠ᠎ᠪᠠᠨ ᠪᠠᠭᠤᠬᠤ)᠂ ᠲᠤᠰᠢᠶᠠᠯ᠎ᠠᠴᠠ᠎ᠪᠠᠨ ᠪᠠᠭᠤᠬᠤ ᠪᠤᠶᠤ ᠠᠵᠢᠯ᠎ᠠᠴᠠ᠎ᠪᠠᠨ ᠵᠣᠭᠰᠣᠭ᠋ᠠᠭᠳᠠᠬᠤ᠂ ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠬᠦ ᠦᠶ᠎ᠡ᠎ᠳᠤ ᠡᠷᠬᠡᠪᠰᠢ ᠥᠪᠡᠷ᠎ᠤᠨ ᠬᠠᠷᠢᠭᠤᠴᠠᠵᠤ ᠪᠠᠶ᠋ᠢᠭ᠎ᠠ ᠠᠵᠢᠯ᠎ᠤᠨ ᠪᠠᠶ᠋ᠢᠳᠠᠯ ᠪᠠ ᠬᠠᠮᠢᠶᠠᠷᠴᠤ ᠪᠠᠶ᠋ᠢᠭ᠎ᠠ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠭᠡᠷᠡᠴᠢ ᠦᠨᠡᠮᠯᠡᠯ᠂ ᠵᠡᠷ ᠵᠡᠪᠰᠡᠭ᠂ ᠰᠤᠮᠤ ᠲᠡᠷᠢ᠂ ᠪᠠᠭ᠋ᠠᠵᠢ ᠬᠡᠷᠡᠭᠰᠡᠯ ᠵᠡᠷᠭᠡ᠎ᠪᠠᠨ ᠰᠢᠯᠵᠢᠭᠦᠯᠦᠨ ᠲᠤᠰᠢᠶᠠᠬᠤ ᠬᠡᠷᠡᠭᠲᠡᠶ᠃ ᠰᠢᠯᠵᠢᠭᠦᠯᠦᠨ ᠲᠤᠰᠢᠶᠠᠬᠤ ᠠᠵᠢᠯ᠎ᠢ ᠲᠤᠰ ᠬᠥᠮᠦᠨ᠎ᠨᠢ ᠠᠵᠢᠯ᠎ᠤᠨ ᠪᠠᠶ᠋ᠢᠷᠢ᠎ᠠᠴᠠ᠎ᠪᠠᠨ ᠰᠠᠯᠬᠤ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃

      (ᠬᠤᠶᠠᠷ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠶᠠᠮᠠᠷ ᠨᠢᠭᠡᠨ ᠰᠢᠯᠲᠠᠭ᠋ᠠᠨ᠎ᠠᠴᠠ ᠪᠤᠯᠵᠤ ᠠᠵᠢᠯ᠎ᠤᠨ ᠪᠠᠶ᠋ᠢᠷᠢ᠎ᠠᠴᠠ᠎ᠪᠠᠨ ᠲᠦᠷ ᠰᠠᠯᠬᠤ ᠦᠶ᠎ᠡ᠎ᠳᠤ᠂ ᠥᠪᠡᠷ᠎ᠤᠨ ᠬᠠᠷᠢᠭᠤᠴᠠᠵᠤ ᠪᠠᠶ᠋ᠢᠭ᠎ᠠ ᠠᠵᠢᠯ ᠵᠶ᠋ᠠᠨ ᠣᠷᠣᠯᠠᠨ ᠭᠦᠢ᠍ᠴᠡᠳᠬᠡᠭᠴᠢ᠎ᠳᠤ ᠲᠣᠳᠣᠷᠬᠠᠶ ᠲᠤᠰᠢᠶᠠᠬᠤ ᠬᠡᠷᠡᠭᠲᠡᠶ᠃

      ᠬᠤᠷᠢᠨ ᠭᠤᠷᠪᠠᠳᠤᠭ᠋ᠠᠷ ᠵᠦᠢ᠍ᠯ   ᠦᠨᠡᠮᠯᠡᠯ

      (ᠨᠢᠭᠡ) ᠦᠨᠡᠮᠯᠡᠯ ᠪᠣᠯ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠪᠡᠶ᠎ᠡ ᠬᠡᠮ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠵᠢᠨ ᠲᠤᠰᠬᠠᠶ ᠭᠡᠷᠡᠴᠢ ᠪᠠᠷᠢᠮᠲᠠ ᠪᠠ ᠲᠡᠮᠳᠡᠭ ᠮᠥᠨ ᠪᠣᠯᠬᠤᠷ ᠬᠤᠯᠪᠣᠭᠳᠠᠯ ᠪᠥᠬᠦᠶ ᠲᠣᠭᠲᠠᠭ᠋ᠠᠯ᠎ᠢ ᠴᠢᠩᠭ᠎ᠠ ᠵᠢᠷᠤᠮᠯᠠᠨ ᠦᠢ᠍ᠯᠡᠳᠴᠦ ᠣᠯᠭᠤᠬᠤ ᠬᠡᠷᠡᠭᠲᠡᠶ᠃

      (ᠬᠤᠶᠠᠷ) ᠠᠵᠢᠯ᠎ᠤᠨ ᠣᠨᠴᠠᠭ᠋ᠠᠶ ᠬᠡᠷᠡᠭᠴᠡᠭᠡ᠎ᠠᠴᠠ ᠭᠠᠳᠠᠨ᠎ᠠ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠣᠳᠠᠲᠠᠶ ᠪᠡᠶ᠎ᠡ ᠵᠢᠨ ᠬᠢᠷᠢ ᠬᠡᠮ᠎ᠲᠠᠢ ᠨᠡᠶ᠋ᠢᠴᠡᠬᠦ ᠥᠬᠡᠶ ᠦᠨᠡᠮᠯᠡᠯ᠎ᠢ ᠬᠡᠷᠡᠭᠯᠡᠵᠦ ᠪᠣᠯᠬᠤ ᠥᠬᠡᠶ᠃

      (ᠭᠤᠷᠪᠠ) ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠦᠶ᠎ᠡ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠵᠢ ᠭᠠᠷᠭ᠋ᠠᠪᠠᠯ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠦᠨᠡᠮᠯᠡᠯ ᠵᠶ᠋ᠠᠨ ᠪᠡᠶ᠎ᠡ᠎ᠳᠤ᠎ᠪᠠᠨ ᠠᠪᠴᠤ ᠶᠠᠪᠤᠬᠤ ᠬᠡᠷᠡᠭᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠨ ᠦᠵᠡᠭᠦᠯᠵᠦ ᠠᠷᠠᠳ᠎ᠤᠨ ᠴᠠᠭᠳᠠᠭ᠎ᠠ ᠵᠢᠨ ᠪᠡᠶ᠎ᠡ ᠬᠡᠮ᠎ᠢ ᠲᠣᠳᠣᠷᠬᠠᠶ᠋ᠢᠯᠠᠬᠤ ᠬᠡᠷᠡᠭᠲᠡᠶ᠃

      (ᠲᠦᠷᠪᠡ) ᠦᠨᠡᠮᠯᠡᠯ᠎ᠢ ᠰᠠᠶ᠋ᠢᠲᠤᠷ ᠬᠠᠳᠠᠭ᠋ᠠᠯᠠᠨ ᠬᠠᠮᠢᠶᠠᠷᠬᠤ ᠬᠡᠷᠡᠭᠲᠡᠶ᠂ ᠪᠠᠯᠠᠯᠤᠨ ᠵᠠᠰᠠᠵᠤ᠂ ᠪᠠᠭᠤᠯᠭ᠋ᠠᠨ ᠠᠪᠴᠤ᠂ ᠵᠢᠭᠡᠯᠡᠭᠦᠯᠵᠦ᠂ ᠪᠠᠷᠢᠴᠠᠭ᠋ᠠᠯᠠᠵᠤ᠂ ᠪᠡᠯᠡᠭᠯᠡᠵᠦ᠂ ᠮᠠᠶ᠋ᠢᠮᠠᠶ᠋ᠢᠯᠠᠵᠤ ᠪᠣᠯᠬᠤ ᠤᠢ᠍ᠭᠡᠢ᠃ ᠦᠨᠡᠮᠯᠡᠯ᠎ᠢ ᠴᠠᠭᠳᠠᠭ᠋ᠠᠨ᠎ᠤ ᠶᠠᠪᠤᠳᠠᠯ᠎ᠤᠨ ᠪᠤᠰᠤ ᠠᠵᠢᠯᠯᠠᠭ᠎ᠠ ᠪᠤᠶᠤ ᠬᠠᠤᠯᠢ ᠪᠤᠰᠤ ᠠᠵᠢᠯᠯᠠᠭ᠎ᠠ᠎ᠳᠤ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃

      (ᠲᠠᠪᠤ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠠᠵᠢᠯ᠎ᠤᠨ ᠨᠢᠭᠡᠴᠢ᠂ ᠲᠤᠰᠢᠶᠠᠯ ᠪᠤᠶᠤ ᠴᠠᠭᠳᠠᠭ᠎ᠠ ᠵᠢᠨ ᠴᠣᠯᠠ᠎ᠳᠤ ᠬᠤᠪᠢᠷᠠᠯᠲᠠ ᠭᠠᠷᠪᠠᠯ᠂ ᠦᠨᠡᠮᠯᠡᠯ ᠣᠯᠭᠤᠭᠰᠠᠨ ᠰᠠᠯᠠᠭ᠎ᠠ ᠮᠥᠴᠢᠷ᠎ᠠᠴᠠ ᠲᠡᠭᠦᠨ᠎ᠤ ᠤᠤᠯ᠎ᠤᠨ ᠭᠡᠷᠡᠴᠢ ᠦᠨᠡᠮᠯᠡᠯ᠎ᠢ᠎ᠨᠢ ᠬᠤᠷᠢᠶᠠᠨ ᠠᠪᠬᠤ ᠵᠢᠨ ᠬᠠᠮᠲᠤ ᠰᠢᠨ᠎ᠡ ᠭᠡᠷᠡᠴᠢ ᠦᠨᠡᠮᠯᠡᠯ ᠰᠣᠯᠢᠵᠤ ᠣᠯᠭᠤᠬᠤ ᠬᠡᠷᠡᠭᠲᠡᠶ᠃

      (ᠵᠢᠷᠭᠤᠭ᠎ᠠ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠭᠡᠷᠡᠴᠢ ᠦᠨᠡᠮᠯᠡᠯ ᠵᠶ᠋ᠠᠨ ᠭᠡᠭᠡᠭᠰᠡᠨ᠂ ᠬᠤᠯᠠᠭ᠋ᠠᠶ᠋ᠢᠯᠠᠭᠳᠠᠭᠰᠠᠨ (ᠪᠤᠯᠢᠶᠠᠭᠳᠠᠭᠰᠠᠨ) ᠪᠤᠶᠤ ᠬᠦᠨᠳᠦ ᠨᠣᠴᠢᠲᠠᠶ ᠡᠪᠳᠡᠷᠡᠵᠦ ᠬᠠᠭ᠋ᠠᠷᠠᠭ᠋ᠠᠳ ᠦᠷᠭᠦᠯᠵᠢᠯᠡᠨ ᠬᠡᠷᠡᠭᠯᠡᠬᠦ ᠵᠢᠨ ᠠᠷᠭ᠎ᠠ ᠥᠬᠡᠶ ᠪᠣᠯᠤᠭᠰᠠᠨ᠎ᠢ ᠣᠯᠵᠤ ᠮᠡᠳᠡᠪᠡᠯ᠂ ᠬᠠᠷᠢᠶᠠᠯᠠᠭᠳᠠᠬᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ᠎ᠨᠢ ᠴᠠᠭ ᠲᠤᠬᠠᠶ᠎ᠳᠤ᠎ᠨᠢ ᠮᠡᠳᠡᠭᠦᠯᠬᠦ ᠵᠢᠨ ᠬᠠᠮᠲᠤ ᠨᠥᠬᠦᠵᠦ ᠭᠦᠢ᠍ᠴᠡᠳᠭᠡᠬᠦ ᠬᠡᠷᠡᠭᠲᠡᠶ᠃

       ᠬᠤᠷᠢᠨ ᠳᠥᠷᠪᠡᠳᠦᠭᠡᠷ ᠵᠦᠢ᠍ᠯ   ᠲᠠᠮᠠᠭ᠎ᠠ

      (ᠨᠢᠭᠡ) ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠠᠮᠠᠭ᠎ᠠ ᠵᠢ ᠰᠡᠶ᠋ᠢᠯᠦᠨ ᠦᠢ᠍ᠯᠡᠳᠬᠦ᠎ᠳᠤ ᠡᠷᠬᠡᠪᠰᠢ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠪᠥᠭᠡᠳ ᠵᠢᠭ᠋ᠠᠨ ᠲᠣᠭᠲᠠᠭ᠋ᠠᠭᠰᠠᠨ ᠭᠠᠵᠠᠷ᠎ᠲᠤ ᠰᠡᠶ᠋ᠢᠯᠦᠨ ᠦᠢ᠍ᠯᠡᠳᠬᠦ ᠬᠡᠷᠡᠭᠲᠡᠶ᠃ ᠠᠯᠪᠠᠨ ᠲᠠᠮᠠᠭ᠎ᠠ ᠵᠢ ᠳᠤᠷ᠎ᠠ᠎ᠪᠠᠷ ᠵᠶ᠋ᠠᠨ ᠰᠡᠶ᠋ᠢᠯᠬᠦ ᠵᠢ ᠴᠢᠩᠭ᠎ᠠ ᠴᠠᠭ᠋ᠠᠵᠠᠯᠠᠨ᠎ᠠ᠃

      (ᠬᠤᠶᠠᠷ) ᠲᠠᠮᠠᠭ᠎ᠠ ᠵᠢ ᠬᠡᠷᠡᠭᠯᠡᠬᠦ᠎ᠳᠤ᠎ᠪᠠᠨ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠴᠢᠩᠭ᠎ᠠ ᠭᠦᠢ᠍ᠴᠡᠳᠬᠡᠵᠦ᠂ ᠨᠠᠷᠢᠨ ᠬᠢᠨᠠᠮᠠᠭ᠋ᠠᠶ ᠳᠠᠩᠰᠠᠯᠠᠨ᠂ ᠲᠠᠮᠠᠭ᠎ᠠ ᠵᠢ ᠬᠡᠷᠡᠭᠯᠡᠬᠦ᠎ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠶ᠃ ᠲᠠᠮᠠᠭ᠎ᠠ ᠵᠢ ᠠᠰᠢᠭᠯᠠᠨ ᠠᠮᠢ᠎ᠪᠠᠨ ᠪᠣᠷᠳᠣᠬᠤ ᠪᠤᠶᠤ ᠬᠤᠭᠤᠰᠣᠨ ᠵᠠᠬᠢᠳᠠᠯ ᠪᠢᠴᠢᠵᠦ ᠥᠭᠬᠦ ᠵᠢ ᠴᠢᠩᠭ᠎ᠠ ᠴᠠᠭ᠋ᠠᠵᠠᠯᠠᠨ᠎ᠠ᠃

     (ᠭᠤᠷᠪᠠ) ᠲᠠᠮᠠᠭ᠎ᠠ ᠵᠢ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠬᠠᠳᠠᠭ᠋ᠠᠯᠠᠭᠤᠯᠬᠤ ᠬᠡᠷᠡᠭᠲᠡᠶ᠃ ᠲᠠᠮᠠᠭ᠎ᠠ᠎ᠪᠠᠨ ᠭᠡᠭᠡᠪᠡᠯ ᠡᠷᠬᠡᠪᠰᠢ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠬᠦ ᠵᠢᠨ ᠬᠠᠮᠲᠤ ᠬᠤᠯᠪᠣᠭᠳᠠᠯ ᠪᠦᠬᠦᠢ ᠨᠢᠭᠡᠴᠢ᠎ᠳᠤ ᠮᠡᠳᠡᠭᠳᠡᠬᠦ ᠬᠡᠷᠡᠭᠲᠡᠶ᠃

     (ᠲᠦᠷᠪᠡ) ᠬᠦᠴᠦᠨ ᠤᠢ᠍ᠭᠡᠢ ᠪᠣᠯᠭ᠋ᠠᠬᠤ᠎ᠪᠠᠷ ᠵᠥᠪᠰᠢᠶᠡᠷᠡᠭᠦᠯᠦᠭᠰᠡᠨ ᠲᠠᠮᠠᠭ᠎ᠠ ᠵᠢ ᠪᠦᠷᠢᠳᠬᠡᠨ ᠲᠡᠩᠰᠡᠯᠡᠵᠦ᠂ ᠦᠢ᠍ᠯᠡᠳᠦᠨ ᠲᠠᠷᠬᠠᠭ᠋ᠠᠭᠰᠠᠨ ᠪᠠᠶ᠋ᠢᠭᠤᠯᠭ᠎ᠠ᠎ᠳᠤ ᠲᠤᠰᠢᠶᠠᠮᠠᠭᠴᠠ ᠤᠰᠠᠳᠬᠠᠨ᠎ᠠ; ᠬᠡᠷᠡᠭᠯᠡᠬᠦ᠎ᠪᠠᠨ ᠵᠣᠭᠰᠣᠭᠰᠠᠨ ᠲᠠᠮᠠᠭ᠎ᠠ ᠵᠢ ᠦᠢ᠍ᠯᠡᠳᠦᠨ ᠲᠠᠷᠬᠠᠭ᠋ᠠᠭᠰᠠᠨ ᠪᠠᠶ᠋ᠢᠭᠤᠯᠭ᠎ᠠ᠎ᠳᠤ ᠲᠤᠰᠢᠶᠠᠵᠤ ᠰᠢᠢ᠍ᠳᠪᠦᠷᠢᠯᠡᠭᠦᠯᠬᠦ ᠬᠡᠷᠡᠭᠲᠡᠶ᠃

     ᠬᠤᠷᠢᠨ ᠲᠠᠪᠤᠳᠤᠭ᠋ᠠᠷ ᠵᠦᠢ᠍ᠯ  ᠪᠢᠴᠢᠭ ᠮᠠᠲ᠋ᠧᠷᠢᠶᠠᠯ᠎ᠢ ᠬᠤᠷᠢᠶᠠᠵᠤ ᠲᠠᠷᠬᠠᠭ᠋ᠠᠬᠤ ᠪᠠ ᠬᠠᠳᠠᠭ᠋ᠠᠯᠠᠵᠤ ᠬᠠᠮᠢᠶᠠᠷᠬᠤ

     ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠢᠴᠢᠭ ᠮᠠᠲ᠋ᠧᠷᠢᠶᠠᠯ᠎ᠢ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠬᠤᠷᠢᠶᠠᠨ ᠲᠠᠷᠬᠠᠭ᠋ᠠᠯᠭ᠋ᠠᠬᠤ ᠪᠠ ᠬᠠᠳᠠᠭ᠋ᠠᠯᠠᠭᠤᠯᠬᠤ ᠬᠡᠷᠡᠭᠲᠡᠶ᠃ ᠪᠢᠴᠢᠭ ᠮᠠᠲ᠋ᠧᠷᠢᠶᠠᠯ᠎ᠢ ᠬᠤᠷᠢᠶᠠᠵᠤ ᠲᠠᠷᠬᠠᠭ᠋ᠠᠬᠤ᠎ᠳᠤ᠎ᠪᠠᠨ ᠲᠡᠩᠰᠡᠯᠡᠠ ᠲᠡᠮᠳᠡᠭᠯᠡᠵᠦ᠂ ᠰᠠᠶ᠋ᠢᠲᠤᠷ ᠬᠠᠳᠠᠭ᠋ᠠᠯᠠᠨ ᠬᠠᠮᠢᠶᠠᠷᠬᠤ ᠵᠢᠨ ᠬᠠᠮᠲᠤ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠠᠩᠰᠠ ᠡᠪᠬᠡᠮᠡᠯ᠎ᠳᠤ ᠣᠷᠣᠭᠤᠯᠬᠤ ᠴᠢᠬᠤᠯᠠᠲᠠᠶ ᠪᠢᠴᠢᠭ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠡᠪᠬᠡᠮᠡᠯᠯᠡᠨ ᠲᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠶ; ᠲᠡᠩᠰᠡᠠ᠎ᠳᠤ ᠣᠷᠣᠭᠤᠯᠬᠤ ᠴᠢᠬᠤᠯᠠ ᠤᠢ᠍ᠭᠡᠢ ᠪᠢᠴᠢᠭ ᠮᠠᠲ᠋ᠧᠷᠢᠶᠠᠯ᠎ᠢ ᠪᠦᠷᠢᠳᠬᠡᠨ ᠲᠡᠩᠰᠡᠯᠡᠵᠦ᠂ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠤᠰᠠᠳᠬᠠᠬᠤ ᠬᠡᠷᠡᠭᠲᠡᠶ᠃

      ᠬᠤᠷᠢᠨ ᠵᠢᠷᠭᠤᠳᠤᠭ᠋ᠠᠷ ᠵᠦᠢ᠍ᠯ  ᠨᠢᠭᠤᠴᠠ ᠵᠢ ᠬᠠᠮᠠᠭ᠋ᠠᠯᠠᠬᠤ

     ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠡᠷᠬᠡᠪᠰᠢ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠳᠣᠲᠣᠭ᠋ᠠᠳᠤ ᠵᠢ ᠬᠠᠮᠠᠭ᠋ᠠᠯᠠᠬᠤ ᠨᠢᠭᠤᠴᠠ ᠵᠢ ᠬᠠᠮᠠᠭ᠋ᠠᠯᠠᠬᠤ ᠬᠡᠷᠡᠭᠲᠡᠶ᠃

     ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠵᠢᠯ᠎ᠤᠨ ᠪᠠᠶ᠋ᠢᠳᠠᠯ ᠵᠶ᠋ᠠᠨ ᠦᠨᠳᠦᠰᠦᠯᠡᠨ᠂ ᠨᠢᠭᠤᠴᠠ ᠵᠢ ᠬᠠᠮᠠᠭ᠋ᠠᠯᠠᠬᠤ ᠬᠥᠮᠦᠵᠢᠯ ᠪᠠ ᠨᠢᠭᠤᠴᠠ ᠵᠢ ᠬᠠᠮᠠᠭ᠋ᠠᠯᠠᠬᠤ ᠪᠠᠶ᠋ᠢᠴᠠᠭ᠋ᠠᠯᠲᠠ ᠵᠢ ᠦᠷᠭᠦᠯᠵᠢ ᠬᠢᠵᠦ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤ᠎ᠨᠢ ᠮᠡᠳᠡᠭᠦᠯᠬᠦ ᠵᠢᠨ ᠬᠠᠮᠲᠤ ᠴᠢᠩᠭ᠎ᠠ ᠰᠢᠢ᠍ᠳᠪᠦᠷᠢᠯᠡᠬᠦ ᠬᠡᠷᠡᠭᠲᠡᠶ᠃

    

      ᠵᠢᠷᠭᠤᠳᠤᠭ᠋ᠠᠷ ᠪᠦᠯᠦᠭ   ᠣᠯᠠᠨ ᠲᠦᠮᠡᠨ᠎ᠢ ᠬᠦᠯᠢᠶᠡᠨ ᠠᠪᠬᠤ

      ᠬᠤᠷᠢᠨ ᠳᠣᠯᠣᠳᠤᠭ᠋ᠠᠷ ᠵᠦᠢ᠍ᠯ   ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠬᠡᠷᠡᠭ ᠡᠷᠬᠢᠯᠡᠬᠦ ᠵᠢᠷᠤᠮ ᠵᠶ᠋ᠠᠨ ᠳᠥᠭᠦᠮᠴᠢᠯᠡᠵᠦ᠂ ᠠᠵᠢᠯ᠎ᠤᠨ ᠦᠷ᠎ᠡ ᠪᠦᠳᠦᠮᠵᠢ᠎ᠪᠠᠨ ᠳᠡᠭᠡᠭᠰᠢᠯᠡᠭᠦᠯᠵᠦ᠂ ᠠᠷᠠᠳ ᠣᠯᠠᠨ᠎ᠳᠤ ᠳᠥᠭᠦᠮ ᠦᠵᠡᠭᠦᠯᠬᠦ ᠬᠡᠷᠡᠭᠲᠡᠶ᠃

     ᠬᠤᠷᠢᠨ ᠨᠠᠢ᠍ᠮᠠᠳᠤᠭ᠋ᠠᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠪᠠ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠢᠯᠡ ᠪᠣᠯᠭ᠋ᠠᠵᠤ ᠪᠣᠯᠬᠤ ᠦᠭᠡᠢ ᠭᠡᠵᠦ ᠲᠣᠭᠲᠠᠭ᠋ᠠᠭᠰᠠᠨ ᠵᠦᠢ᠍ᠯᠡᠰ᠎ᠠᠴᠠ ᠪᠤᠰᠤᠳ᠎ᠢ᠎ᠨᠢ ᠢᠯᠡ ᠪᠣᠯᠭ᠋ᠠᠬᠤ ᠬᠡᠷᠡᠭᠲᠡᠶ ᠪᠥᠭᠡᠳ ᠰᠣᠨᠢᠨ ᠰᠡᠳᠬᠦᠯ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡᠨ᠎ᠤ ᠵᠠᠭᠤᠴᠢ ᠪᠣᠯᠤᠨ ᠪᠤᠰᠤᠳ ᠣᠳᠣᠬᠢᠴᠢᠯᠠᠭᠰᠠᠨ ᠮᠡᠳᠡᠭᠡ ᠵᠠᠩᠭᠢ ᠵᠢ ᠤᠯᠠᠮᠵᠢᠯᠠᠨ ᠲᠠᠷᠬᠠᠭ᠋ᠠᠬᠤ ᠠᠷᠭ᠎ᠠ ᠪᠠᠷᠢᠯ ᠵᠢᠴᠢ ᠵᠠᠷᠯᠠᠨ ᠨᠡᠶ᠋ᠢᠲᠡᠯᠡᠬᠦ ᠪᠤᠯᠤᠩ᠂ ᠫᠠᠶ᠋ᠢᠰᠠ ᠢᠯᠡᠷᠬᠡᠶ᠋ᠢᠯᠡᠯ ᠪᠤᠶᠤ ᠪᠢᠴᠢᠭ᠎ᠤᠨ ᠮᠠᠲ᠋ᠧᠷᠢᠶᠠᠯ ᠳᠠᠷᠤᠮᠠᠯᠯᠠᠨ ᠲᠠᠷᠬᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠤᠯᠠᠨ ᠲᠦᠮᠡᠨ᠎ᠳᠤ ᠮᠡᠳᠡᠭᠳᠡᠵᠦ᠂ ᠤᠯᠠᠨ ᠲᠦᠮᠡᠨ᠎ᠳᠤ ᠲᠦᠬᠦᠮ ᠦᠵᠡᠭᠦᠯᠬᠦ ᠬᠡᠷᠡᠭᠲᠡᠶ᠃

      ᠬᠤᠷᠢ ᠶᠢᠰᠦᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠯ᠎ᠡ ᠴᠠᠭᠳᠠᠭ᠋ᠠᠨ᠎ᠤ ᠲᠦᠷᠦᠯ᠎ᠤᠨ ᠪᠣᠳᠠᠲᠤ ᠪᠠᠶ᠋ᠢᠳᠠᠯ ᠪᠠ ᠣᠨᠴᠠᠯᠢᠭ᠎ᠢ ᠦᠨᠳᠦᠰᠦᠯᠡᠨ᠂ ᠪᠣᠯᠪᠠᠰᠤᠨ ᠬᠡᠯᠡᠯᠭᠡ ᠪᠠ ᠴᠡᠭᠡᠷᠯᠡᠯ ᠦᠭᠡ ᠲᠣᠭᠲᠠᠭ᠋ᠠᠵᠤ᠂ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃

      ᠭᠤᠴᠢᠳᠤᠭ᠋ᠠᠷ ᠵᠦᠢ᠍ᠯ  ᠥᠨᠳᠦᠰᠦᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠤᠯᠠᠨ ᠲᠦᠮᠡᠨ᠎ᠤ ᠬᠦᠯᠢᠶᠡᠨ ᠠᠪᠬᠤ ᠲᠠᠰᠤᠭ ᠪᠤᠶᠤ ᠦᠢ᠍ᠯᠡᠴᠢᠯᠡᠭᠡᠨ᠎ᠤ ᠲᠠᠰᠤᠭ ᠭᠠᠷᠭ᠋ᠠᠵᠤ᠂ ᠤᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ᠂ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ ᠲᠤᠰᠠᠯᠠᠮᠵᠢ ᠭᠤᠶᠤᠴᠢᠯᠠᠬᠤ᠂ ᠵᠥᠪᠯᠡᠯᠭᠡ ᠥᠭᠴᠦ ᠬᠦᠯᠢᠶᠡᠨ ᠠᠪᠬᠤ ᠪᠠ ᠳᠠᠭ᠋ᠠᠭᠤᠯᠤᠨ ᠰᠢᠢ᠍ᠳᠪᠦᠷᠢᠯᠡᠬᠦ ᠲᠦᠷᠢᠮ᠎ᠢ ᠬᠡᠷᠡᠭᠵᠢᠭᠦᠯᠬᠦ ᠬᠡᠷᠡᠭᠲᠡᠶ᠃

      ᠭᠤᠴᠢᠨ ᠨᠢᠭᠡᠳᠦᠭᠡᠷ ᠵᠦᠢ᠍ᠯ   ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠡᠷᠡᠭ ᠰᠢᠢ᠍ᠳᠪᠦᠷᠢᠯᠡᠭᠦᠯᠬᠦ᠂ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ ᠲᠤᠰᠠᠯᠠᠮᠵᠢ ᠭᠤᠶᠤᠬᠤ᠂ ᠠᠰᠠᠭᠤᠨ ᠯᠠᠪᠯᠠᠬᠤ᠎ᠪᠠᠷ ᠢᠷᠡᠭᠰᠡᠨ ᠣᠯᠠᠨ ᠲᠦᠮᠡᠨ᠎ᠢ ᠬᠦᠯᠢᠶᠡᠨ ᠠᠪᠬᠤ᠎ᠳᠤ᠎ᠪᠠᠨ ᠡᠩ ᠲᠡᠷᠢᠭᠦᠨ᠎ᠳᠤ ᠠᠮᠤᠷ ᠠᠰᠠᠭᠤᠬᠤ ᠵᠢᠨ ᠬᠠᠮᠲᠤ ᠮᠡᠨᠳᠦᠴᠢᠯᠡᠯ ᠬᠦᠷᠭᠡᠭᠰᠡᠨ᠎ᠤ ᠳᠠᠷᠠᠭ᠎ᠠ ᠨᠠᠷᠢᠨ ᠬᠢᠨᠠᠮᠠᠭ᠋ᠠᠶ᠂ ᠬᠠᠯᠠᠭᠤᠮᠰᠤᠭ ᠵᠶ᠋ᠠᠷ ᠬᠦᠯᠢᠶᠡᠨ ᠠᠪᠬᠤ ᠬᠡᠷᠡᠭᠲᠡᠶ᠃ ᠬᠦᠯᠢᠶᠡᠨ ᠠᠪᠴᠤ ᠵᠣᠴᠢᠯᠠᠬᠤ᠎ᠳᠤ᠎ᠪᠠᠨ ᠡᠶᠡᠯᠳᠡᠭ ᠵᠥᠭᠡᠯᠡᠨ᠂ ᠦᠭᠡ ᠬᠡᠯᠡ ᠪᠣᠯᠪᠠᠰᠤᠨ᠂ ᠨᠠᠷᠢᠨ ᠬᠢᠨᠠᠮᠠᠭ᠋ᠠᠶ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ᠂ ᠶᠠᠮᠠᠷᠪᠠ ᠰᠢᠯᠲᠠᠭ ᠵᠶ᠋ᠠᠷ ᠰᠢᠯᠲᠠᠭᠯᠠᠬᠤ᠂ ᠬᠠᠷᠢᠯᠴᠠᠨ ᠨᠠᠢ᠌ᠳᠠᠬᠤ᠂ ᠠᠪᠤᠷᠢᠯᠠᠬᠤ ᠪᠠᠢ᠌ᠵᠤ ᠪᠣᠯᠬᠤ ᠦᠭᠡᠢ᠂ ᠬᠦᠢ᠍ᠳᠡᠮᠰᠦᠭ᠂ ᠰᠢᠷᠦᠭᠦ᠂ ᠬᠡᠷᠴᠡᠭᠡᠢ᠎ᠪᠠᠷ ᠬᠠᠨᠳᠤᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃

     ᠭᠤᠴᠢᠨ ᠬᠤᠶᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠲᠤᠰᠠᠯᠠᠮᠵᠢ ᠭᠤᠶᠤᠴᠢᠯᠠᠭᠰᠠᠨ ᠤᠯᠠᠨ ᠲᠦᠮᠡᠨ᠎ᠳᠤ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠵᠦ᠂ ᠤᠯᠠᠨ ᠲᠦᠮᠡᠨ᠎ᠤ ᠳᠤᠷᠠᠳᠤᠭᠰᠠᠨ ᠠᠰᠠᠭᠤᠳᠠᠯ᠎ᠢ ᠬᠠᠷᠢᠭᠤᠯᠤᠨ᠂ ᠤᠯᠠᠨ ᠲᠦᠮᠡᠨ᠎ᠤ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ ᠵᠢ ᠴᠠᠭ ᠲᠤᠬᠠᠶ᠎ᠳᠤ᠎ᠨᠢ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃

     ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠲᠡᠷᠭᠡ ᠲᠦᠷ ᠵᠣᠭᠰᠣᠬᠤ ᠪᠤᠶᠤ ᠶᠠᠪᠤᠵᠤ ᠪᠠᠶ᠋ᠢᠭ᠎ᠠ ᠦᠶ᠎ᠡ᠎ᠳᠤ᠂ ᠲᠡᠷᠭᠡᠨ᠎ᠳᠤ ᠰᠠᠭᠤᠭᠰᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠴᠠᠭ ᠢᠮᠠᠭᠲᠠ ᠭᠠᠵᠠᠷ ᠪᠣᠯᠭ᠋ᠠᠨ᠎ᠳᠤ ᠤᠯᠠᠨ ᠲᠦᠮᠡᠨ᠎ᠤ ᠲᠦᠭᠰᠢᠭᠦᠷᠢ ᠮᠡᠳᠡᠭᠦᠯᠬᠦ ᠪᠠ ᠲᠤᠰᠠᠯᠠᠮᠵᠢ ᠭᠤᠶᠤᠴᠢᠯᠠᠬᠤ ᠵᠢ ᠬᠦᠯᠢᠶᠡᠨ ᠠᠪᠬᠤ ᠬᠡᠷᠡᠭᠲᠡᠶ᠃

   

       ᠳᠣᠯᠣᠳᠤᠭ᠋ᠠᠷ ᠪᠦᠯᠦᠭ   ᠵᠢᠵᠢᠭᠦᠷᠯᠡᠵᠦ ᠠᠵᠢᠯ᠎ᠳᠤ ᠪᠡᠯᠡᠳᠬᠡᠬᠦ

      ᠭᠤᠴᠢᠨ ᠭᠤᠷᠪᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠤᠷᠢᠨ ᠲᠦᠷᠪᠡᠨ ᠴᠠᠭ ᠵᠶ᠋ᠠᠷ ᠵᠢᠵᠢᠭᠦᠷᠯᠡᠵᠦ ᠪᠡᠯᠡᠳᠬᠡᠯ ᠠᠵᠢᠯ ᠬᠢᠬᠦ ᠲᠦᠷᠢᠮ᠎ᠢ ᠬᠡᠷᠡᠭᠵᠢᠭᠦᠯᠵᠦ᠂ ᠤᠳᠤᠷᠢᠳᠬᠤ ᠺᠠᠳ᠋ᠷ ᠡᠭᠡᠯᠵᠢ ᠳᠠᠭ᠋ᠠᠭᠤᠯᠤᠨ᠂ ᠴᠠᠭᠳᠠᠭ᠋ᠠᠨ᠎ᠤ ᠬᠦᠴᠦᠨ᠎ᠢ ᠵᠣᠬᠢᠰᠲᠠᠶ ᠲᠣᠬᠢᠷᠠᠭᠤᠯᠵᠤ᠂ ᠵᠣᠬᠢᠴᠠᠩᠭᠤᠶ ᠪᠠᠭ᠋ᠠᠵᠢ ᠬᠡᠷᠡᠭᠰᠡᠯ ᠪᠠ ᠵᠠᠮ ᠬᠠᠷᠢᠯᠴᠠᠭ᠋ᠠᠨ᠎ᠤ ᠪᠠᠭ᠋ᠠᠵᠢ ᠵᠢ ᠲᠣᠬᠢᠷᠠᠭᠤᠯᠵᠤ᠂ ᠡᠯ᠎ᠡ ᠵᠦᠢ᠍ᠯ᠎ᠤᠨ ᠪᠠᠴᠢᠮ ᠡᠭᠦᠷᠭᠡ ᠵᠢ ᠴᠠᠭ ᠲᠤᠬᠠᠶ᠎ᠳᠤ᠎ᠨᠢ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠶ᠃

      ᠭᠤᠴᠢᠨ ᠳᠥᠷᠪᠡᠳᠦᠭᠡᠷ ᠵᠦᠢ᠍ᠯ  ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠴᠢ ᠡᠷᠡᠭᠦᠦ ᠵᠢᠨ ᠴᠠᠭᠳᠠᠭ᠎ᠠ᠂ ᠴᠠᠭᠳᠠᠨ ᠪᠠᠶ᠋ᠢᠴᠠᠭ᠋ᠠᠬᠤ ᠴᠠᠭᠳᠠᠭ᠎ᠠ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠰᠠᠯᠠᠭ᠎ᠠ ᠮᠥᠴᠢᠷ ᠪᠣᠯᠤᠨ ᠰᠠᠬᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠲᠣᠮᠢᠯᠠᠭᠰᠠᠨ ᠰᠠᠯᠪᠤᠷᠢ ᠵᠢᠵᠢᠭᠦᠷᠯᠡᠬᠦ ᠲᠠᠰᠤᠭ ᠭᠠᠷᠭ᠋ᠠᠵᠤ᠂ ᠵᠢᠵᠢᠭᠦᠷᠯᠡᠬᠦ ᠪᠠ ᠵᠢᠵᠢᠭᠦᠷᠯᠡᠬᠦ ᠪᠡᠯᠡᠳᠬᠡᠯ ᠠᠵᠢᠯ᠎ᠤᠨ ᠲᠦᠷᠢᠮ ᠲᠣᠭᠲᠠᠭ᠋ᠠᠬᠤ ᠬᠡᠷᠡᠭᠲᠡᠢ᠃

      ᠭᠤᠴᠢᠨ ᠲᠠᠪᠤᠳᠤᠭ᠋ᠠᠷ ᠵᠦᠢ᠍ᠯ   ᠵᠢᠵᠢᠭᠦᠷᠯᠡᠭᠴᠢ ᠵᠢᠨ ᠡᠭᠦᠷᠭᠡ ᠬᠠᠷᠢᠭᠤᠴᠠᠯᠭ᠎ᠠ

     (ᠨᠢᠭᠡ) ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ ᠢᠯᠡᠴᠢᠯᠡᠬᠦ᠂ ᠵᠠᠭ᠋ᠠᠯᠳᠤᠬᠤ᠂ ᠬᠡᠷᠡᠭ ᠵᠶ᠋ᠠᠨ ᠮᠡᠳᠡᠷᠡᠵᠦ ᠪᠡᠶ᠎ᠡ᠎ᠪᠠᠨ ᠲᠤᠰᠢᠶᠠᠬᠤ ᠪᠤᠶᠤ ᠪᠤᠰᠤᠳ ᠰᠢᠯᠲᠠᠭ᠋ᠠᠨ᠎ᠠᠴᠠ ᠪᠤᠯᠵᠤ ᠰᠤᠷᠪᠤᠯᠵᠢᠯᠠᠬᠤ᠎ᠪᠠᠷ ᠢᠷᠡᠭᠰᠡᠨ ᠬᠥᠮᠦᠰ᠎ᠢ ᠬᠦᠯᠢᠶᠡᠨ ᠠᠪᠬᠤ᠃

     (ᠬᠤᠶᠠᠷ) ᠬᠡᠷᠡᠭ᠂ ᠡ᠊ᠨᠳᠡᠯ ᠪᠤᠶᠤ ᠪᠤᠰᠤᠳ ᠪᠠᠴᠢᠮ ᠪᠠᠶ᠋ᠢᠳᠠᠯ ᠭᠠᠷᠪᠠᠯ᠂ ᠲᠡᠷᠡ ᠳᠠᠷᠤᠶ᠎ᠳᠤ᠎ᠨᠢ ᠳᠡᠭᠡᠳᠦ ᠱᠠᠲᠤᠨ᠎ᠳᠤ ᠮᠡᠳᠡᠭᠦᠯᠬᠦ ᠵᠢᠨ ᠬᠠᠮᠲᠤ ᠳᠡᠭᠡᠳᠦ ᠱᠠᠲᠤᠨ᠎ᠤ ᠵᠢᠭ᠋ᠠᠪᠤᠷᠢ ᠪᠤᠶᠤ ᠪᠡᠯᠡᠳᠬᠡᠯ ᠲᠥᠰᠦᠯ᠎ᠤᠨ ᠶᠣᠰᠣᠭ᠋ᠠᠷ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠬᠡᠷᠡᠭᠲᠡᠶ᠃

     (ᠭᠤᠷᠪᠠ) ᠠᠯᠪᠠᠨ ᠪᠢᠴᠢᠭ᠂ ᠳ᠋ᠢᠶᠠᠩᠬᠤᠸᠠ ᠵᠡᠷᠭᠡ ᠵᠢ ᠴᠠᠭ ᠲᠤᠬᠠᠶ᠎ᠳᠤ᠎ᠨᠢ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃

     (ᠲᠦᠷᠪᠡ) ᠲᠤᠰ ᠨᠢᠭᠡᠴᠢ ᠵᠢᠨ ᠵᠶ᠋ᠠᠨ ᠠᠵᠢᠯ᠂ ᠰᠤᠷᠤᠯᠭ᠎ᠠ᠂ ᠠᠮᠢᠳᠤᠷᠠᠯ᠎ᠤᠨ ᠡᠮᠬᠢ ᠵᠢᠷᠤᠮ᠎ᠢ ᠬᠠᠮᠠᠭ᠋ᠠᠯᠠᠵᠤ᠂ ᠳᠣᠲᠣᠭ᠋ᠠᠳᠤ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃

      (ᠲᠠᠪᠤ) ᠤᠳᠤᠷᠢᠳᠤᠯᠭ᠎ᠠ ᠵᠢᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

       ᠭᠤᠴᠢᠨ ᠵᠢᠷᠭᠤᠳᠤᠭ᠋ᠠᠷ ᠵᠦᠢ᠍ᠯ   ᠵᠢᠵᠢᠭᠦᠷ᠎ᠤᠨ ᠲᠡᠮᠳᠡᠭᠯᠡᠯ

      ᠵᠢᠵᠢᠭᠦᠷ᠎ᠤᠨ ᠲᠡᠮᠳᠡᠭᠯᠡᠯ᠎ᠤᠨ ᠲᠦᠷᠢᠮ᠎ᠢ ᠪᠠᠶ᠋ᠢᠭᠤᠯᠵᠤ᠂ ᠵᠢᠵᠢᠭᠦᠷ᠎ᠤᠨ ᠬᠤᠭᠤᠴᠠᠭ᠋ᠠᠨ᠎ᠳᠤ ᠡᠭᠦᠰᠦᠭᠰᠡᠨ ᠴᠢᠬᠤᠯᠠ ᠤᠴᠢᠷ ᠶᠠᠪᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ᠎ᠢ ᠨᠠᠷᠢᠨ ᠲᠡᠮᠳᠡᠭᠯᠡᠨ᠎ᠡ᠃ ᠲᠡᠮᠳᠡᠭᠯᠡᠯ᠎ᠤᠨ ᠭᠤᠣᠯ ᠠᠭᠤᠯᠭ᠎ᠠ᠎ᠳᠤ᠄

      (ᠨᠢᠭᠡ) ᠠᠰᠠᠭᠤᠳᠠᠯ ᠪᠤᠶᠤ ᠬᠡᠷᠡᠭ ᠭᠠᠷᠤᠭᠰᠠᠨ ᠴᠠᠭ᠂ ᠭᠠᠵᠠᠷ᠂ ᠬᠤᠯᠪᠣᠭᠳᠠᠯ ᠪᠦᠬᠦᠢ ᠬᠥᠮᠦᠰ᠎ᠤᠨ ᠣᠪᠣᠭ ᠨᠡᠷ᠎ᠡ ᠪᠠ ᠭᠤᠣᠯ ᠪᠠᠶ᠋ᠢᠳᠠᠯ;

      (ᠬᠤᠶᠠᠷ) ᠳᠡᠭᠡᠳᠦ ᠱᠠᠲᠤᠨ᠎ᠳᠤ ᠮᠡᠳᠡᠭᠦᠯᠦᠭᠰᠡᠨ ᠴᠠᠭ᠂ ᠮᠡᠳᠡᠭᠦᠯᠦᠯᠲᠡ ᠵᠢ ᠬᠦᠯᠢᠶᠡᠠ ᠠᠪᠤᠭᠰᠠᠨ ᠬᠥᠮᠦᠨ᠎ᠤ ᠤᠪᠦᠬ ᠨᠡᠷ᠎ᠡ ᠪᠠ ᠬᠠᠷᠢᠭᠤᠯᠲᠠ ᠵᠢᠨ ᠭᠤᠣᠯ ᠠᠭᠤᠯᠭ᠎ᠠ;

      (ᠭᠤᠷᠪᠠ) ᠳᠡᠭᠡᠳᠦ ᠱᠠᠲᠤᠨ᠎ᠤ ᠵᠢᠭ᠋ᠠᠪᠤᠷᠢ ᠵᠢ ᠤᠯᠠᠮᠵᠢᠯᠠᠭᠰᠠᠨ᠂ ᠰᠢᠢ᠍ᠳᠪᠦᠷᠢᠯᠡᠭᠰᠡᠨ ᠪᠠᠶ᠋ᠢᠳᠠᠯ ᠪᠠ ᠴᠠᠭ ᠬᠤᠭᠤᠴᠠᠭ᠎ᠠ;

      (ᠲᠦᠷᠪᠡ) ᠬᠠᠷᠢᠭᠤᠴᠠᠨ ᠰᠢᠢ᠍ᠳᠪᠦᠷᠢᠯᠡᠬᠦ ᠨᠢᠭᠡᠴᠢ ᠪᠠ ᠬᠦᠮᠦᠰ᠎ᠤᠨ ᠤᠪᠦᠬ ᠨᠡᠷ᠎ᠡ;

      (ᠲᠠᠪᠤ) ᠵᠢᠵᠢᠭᠦᠷᠯᠡᠭᠴᠢ ᠵᠢᠨ ᠤᠪᠤᠭ ᠨᠡᠷ᠎ᠡ᠃

       ᠵᠢᠵᠢᠭᠦᠷ᠎ᠤᠨ ᠲᠡᠮᠳᠡᠭᠯᠡᠯ᠎ᠢ ᠲᠠᠩᠰᠠ ᠡᠪᠬᠡᠮᠡᠯ᠎ᠳᠤ ᠣᠷᠣᠭᠤᠯᠵᠤ᠂ ᠲᠣᠬᠢᠲᠠᠶ ᠬᠠᠮᠢᠶᠠᠷᠬᠤ ᠬᠡᠷᠡᠭᠲᠡᠶ᠃

      ᠭᠤᠴᠢᠨ ᠳᠣᠯᠣᠳᠤᠭ᠋ᠠᠷ ᠵᠦᠢ᠍ᠯ  ᠵᠢᠵᠢᠭᠦᠷᠯᠡᠭᠴᠢ ᠡᠷᠬᠡᠪᠰᠢ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠶ᠃ ᠵᠢᠵᠢᠭᠦᠷᠯᠡᠭᠴᠢ ᠶᠠᠮᠠᠷ ᠨᠢᠭᠡᠨ ᠰᠢᠯᠲᠠᠭ᠋ᠠᠨ᠎ᠠᠴᠠ ᠪᠤᠯᠵᠤ ᠵᠥᠪᠰᠢᠶᠡᠷᠡᠯ ᠵᠶ᠋ᠠᠷ ᠠᠵᠢᠯ᠎ᠤᠨ ᠪᠠᠶ᠋ᠢᠷᠢ᠎ᠠᠴᠠ᠎ᠪᠠᠨ ᠰᠠᠯᠬᠤ ᠦᠶ᠎ᠡ᠎ᠳᠤ ᠠᠵᠢᠯ᠎ᠤᠨ ᠪᠠᠶ᠋ᠢᠷᠢ ᠵᠢ ᠣᠷᠣᠯᠠᠬᠤ ᠬᠥᠮᠦᠨ᠎ᠲᠠᠢ ᠪᠠᠶ᠋ᠢᠬᠤ ᠬᠡᠷᠡᠭᠲᠡᠶ᠃ ᠡᠭᠡᠯᠵᠢ ᠰᠣᠯᠢᠬᠤ ᠦᠶ᠎ᠡ᠎ᠳᠤ᠂ ᠠᠵᠢᠯ᠎ᠠᠴᠠ ᠪᠠᠭᠤᠭᠰᠠᠳ ᠠᠵᠢᠯ᠎ᠤᠨ ᠪᠠᠶ᠋ᠢᠳᠠᠯ ᠵᠶ᠋ᠠᠨ ᠡᠭᠡᠯᠵᠢ ᠵᠠᠯᠭ᠋ᠠᠮᠵᠢᠯᠠᠭᠴᠢ᠎ᠳᠤ ᠲᠣᠳᠣᠷᠬᠠᠶ ᠲᠤᠰᠢᠶᠠᠬᠤ ᠵᠢᠨ ᠬᠠᠮᠲᠤ ᠲᠤᠰᠢᠶᠠᠬᠤ ᠪᠠ ᠬᠦᠯᠢᠶᠡᠨ ᠠᠪᠬᠤ ᠭᠠᠷ ᠭᠦᠢ᠍ᠴᠡᠳᠬᠡᠯ᠎ᠢ ᠭᠦᠢ᠍ᠴᠡᠳᠬᠡᠬᠦ ᠬᠡᠷᠡᠭᠲᠡᠶ᠃

      ᠭᠤᠴᠢᠨ ᠨᠠᠢ᠍ᠮᠠᠳᠤᠭ᠋ᠠᠷ ᠵᠦᠢ᠍ᠯ   ᠵᠢᠵᠢᠭᠦᠷ᠎ᠤᠨ ᠪᠠ ᠠᠵᠢᠯ᠎ᠳᠤ ᠪᠡᠯᠡᠳᠬᠡᠬᠦ ᠬᠥᠮᠦᠰ ᠵᠢᠵᠢᠭᠦᠷ᠎ᠤᠨ ᠪᠠ ᠠᠵᠢᠯ᠎ᠳᠤ ᠪᠡᠯᠡᠳᠬᠡᠬᠦ᠎ᠠᠴᠠ ᠡᠮᠦᠨ᠎ᠡ ᠪᠠ ᠬᠤᠭᠤᠴᠠᠭ᠋ᠠᠨ᠎ᠳᠤ ᠠᠷᠢᠬᠢ ᠤᠤᠭᠤᠵᠤ ᠪᠣᠯᠬᠤ ᠦᠭᠡᠢ᠂ ᠵᠢᠵᠢᠭᠦᠷ᠎ᠤᠨ ᠪᠠ ᠠᠵᠢᠯ᠎ᠳᠤ ᠪᠡᠯᠡᠳᠬᠡᠬᠦ ᠬᠤᠭᠤᠴᠠᠭ᠋ᠠᠨ᠎ᠳᠤ ᠵᠢᠵᠢᠭᠦᠷ᠎ᠤᠨ ᠪᠠ ᠠᠵᠢᠯ᠎ᠳᠤ ᠪᠡᠯᠡᠳᠬᠡᠬᠦ ᠡᠮᠬᠢ ᠵᠢᠷᠤᠮ᠎ᠢ ᠬᠠᠷᠰᠢᠯᠠᠬᠤ ᠵᠤᠭ᠎ᠠ ᠴᠡᠩᠭᠡᠯ᠎ᠤᠨ ᠠᠵᠢᠯᠯᠠᠭ᠎ᠠ ᠬᠢᠵᠦ ᠪᠣᠯᠬᠤ ᠦᠭᠡᠢ᠃

    

      ᠨᠠᠢ᠍ᠮᠠᠳᠤᠭ᠋ᠠᠷ ᠪᠦᠯᠦᠭ   ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ

      ᠭᠤᠴᠢ ᠶᠢᠰᠦᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠯ᠎ᠡ ᠵᠦᠢ᠍ᠯ᠎ᠤᠨ ᠪᠠᠴᠢᠮ ᠠᠵᠢᠯᠯᠠᠭ᠎ᠠ ᠵᠢᠨ ᠲᠥᠰᠦᠯ᠎ᠢ ᠤᠷᠢᠳᠴᠢᠯᠠᠨ ᠲᠣᠭᠲᠠᠭ᠋ᠠᠵᠤ᠂ ᠪᠠᠴᠢᠮ ᠴᠤᠭᠯᠠᠷᠠᠭᠤᠯᠬᠤ ᠪᠠ ᠡᠭᠦᠷᠭᠡ ᠭᠦᠢ᠍ᠴᠡᠳᠬᠡᠬᠦ ᠵᠢᠨ ᠬᠠᠷᠢᠯᠴᠠᠬᠤ ᠠᠷᠭ᠎ᠠ ᠮᠠᠶᠢᠭ ᠪᠠ ᠱᠠᠭ᠋ᠠᠷᠳᠠᠯᠭ᠎ᠠ ᠵᠢ ᠲᠣᠭᠲᠠᠭ᠋ᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠳᠡᠭᠡᠳᠦ ᠱᠠᠲᠤᠨ᠎ᠳᠤ᠎ᠪᠠᠨ ᠮᠡᠳᠡᠭᠦᠯᠦᠨ ᠵᠥᠪᠰᠢᠶᠡᠷᠡᠭᠦᠯᠦᠭᠡᠳ᠂ ᠴᠢᠬᠤᠯᠠ ᠪᠦᠬᠦᠢ ᠰᠣᠷᠢᠯᠲᠠ ᠪᠠ ᠪᠣᠯᠪᠠᠰᠤᠷᠠᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃

      ᠳᠥᠴᠢᠳᠦᠭᠡᠷ ᠵᠦᠢ᠍ᠯ  ᠲᠣᠤᠷ᠎ᠠ ᠵᠢᠭᠰᠠᠭ᠋ᠠᠭᠰᠠᠨ ᠪᠠᠴᠢᠮ ᠪᠠᠶ᠋ᠢᠳᠠᠯ ᠲᠣᠬᠢᠶᠠᠯᠳᠤᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠᠴᠢᠮ ᠠᠵᠢᠯᠯᠠᠭ᠎ᠠ ᠵᠢᠨ ᠲᠥᠰᠦᠯ᠎ᠤᠨ ᠶᠣᠰᠣᠭ᠋ᠠᠷ ᠬᠤᠯᠪᠣᠭᠳᠠᠯ ᠪᠦᠬᠦᠢ ᠬᠥᠮᠦᠰ᠎ᠢ ᠵᠣᠬᠢᠶᠠᠨ ᠪᠠᠶ᠋ᠢᠭᠤᠯᠵᠤ ᠲᠡᠷᠡ ᠳᠠᠷᠤᠶ᠎ᠳᠤ᠎ᠨᠢ ᠲᠤᠬᠠᠶ ᠵᠢᠨ ᠲᠠᠯᠠᠪᠤᠷ᠎ᠲᠤ ᠣᠴᠢᠭᠤᠯᠬᠤ ᠵᠢᠨ ᠬᠠᠮᠲᠤ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠄

      (ᠨᠢᠭᠡ) ᠠᠮᠤᠷ ᠲᠦᠪᠰᠢᠨ᠎ᠤ ᠬᠦᠨᠳᠦ ᠶᠡᠭᠡ ᠡ᠊ᠨᠳᠡᠯ᠂ ᠬᠡᠷᠡᠭ ᠶᠠᠪᠤᠳᠠᠯ ᠪᠠ ᠬᠡᠷᠡᠭ ᠭᠠᠷᠤᠭᠰᠠᠨ;

      (ᠬᠤᠶᠠᠷ) ᠬᠦᠨᠳᠦ ᠶᠡᠭᠡ ᠡᠷᠡᠭᠦᠦ ᠵᠢᠨ ᠬᠡᠷᠡᠭ ᠭᠠᠷᠤᠭᠰᠠᠨ;

      (ᠭᠤᠷᠪᠠ) ᠭᠠᠳᠠᠭ᠋ᠠᠳᠤ᠎ᠲᠠᠢ ᠬᠤᠯᠪᠣᠭᠳᠠᠭᠰᠠᠨ ᠴᠢᠬᠤᠯᠠ ᠶᠡᠭᠡ ᠬᠡᠷᠡᠭ ᠭᠠᠷᠤᠭᠰᠠᠨ;

      (ᠲᠦᠷᠪᠡ) ᠪᠠᠶ᠋ᠢᠭ᠋ᠠᠯᠢ ᠵᠢᠨ ᠭᠠᠮᠰᠢᠭ᠎ᠤᠨ ᠬᠦᠨᠳᠦ ᠶᠡᠭᠡ ᠡ᠊ᠨᠳᠡᠯ ᠭᠠᠷᠤᠭᠰᠠᠨ;

      (ᠲᠠᠪᠤ) ᠭᠠᠳᠠᠭ᠋ᠠᠳᠤ ᠵᠢᠨ ᠳᠠᠶ᠋ᠢᠰᠤᠨ ᠬᠠᠯᠳᠠᠨ ᠲᠦᠢ᠍ᠪᠡᠭᠡᠬᠦ᠂ ᠠᠭ᠋ᠠᠷ᠎ᠤᠨ ᠲᠡᠭ᠋ᠠᠷᠢᠯᠳᠠ ᠶᠠᠪᠤᠭᠤᠯᠬᠤ;

      (ᠵᠢᠷᠭᠤᠭ᠎ᠠ) ᠪᠤᠰᠤᠳ ᠪᠠᠴᠢᠮ ᠡᠭᠦᠷᠭᠡ᠃

       ᠳᠥᠴᠢᠨ ᠨᠢᠭᠡᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠠᠴᠢᠮ ᠡᠭᠦᠷᠭᠡ ᠭᠦᠢ᠍ᠴᠡᠳᠬᠡᠬᠦ ᠵᠠᠷᠯᠢᠭ᠎ᠢ ᠣᠯᠤᠭᠰᠠᠨ᠎ᠤ ᠲᠡᠷᠠᠭ᠎ᠠ᠂ ᠵᠢᠭ᠋ᠠᠨ ᠲᠣᠭᠲᠠᠭ᠋ᠠᠭᠰᠠᠨ ᠭᠠᠵᠠᠷ᠎ᠲᠤ ᠦᠳᠲᠡᠷ ᠲᠦᠷᠭᠡᠨ ᠬᠦᠷᠴᠦ᠂ ᠨᠢᠭᠡᠳᠦᠯᠲᠡᠶ ᠵᠢᠯᠦᠭᠤᠳᠦᠯᠭ᠎ᠠ ᠰᠢᠯᠵᠢᠭᠦᠯᠦᠯᠲᠡ ᠵᠢ ᠲᠡᠭ᠋ᠠᠬᠤ ᠬᠡᠷᠡᠭᠲᠡᠶ᠃ ᠪᠠᠴᠢᠮ ᠪᠠᠶ᠋ᠢᠳᠠᠯ᠎ᠢ ᠣᠯᠵᠤ ᠮᠡᠳᠡᠪᠡᠯ᠂ ᠴᠠᠭ ᠲᠤᠬᠠᠶ᠎ᠳᠤ᠎ᠨᠢ ᠮᠡᠳᠡᠭᠦᠯᠬᠦ ᠵᠢᠨ ᠬᠠᠮᠲᠤ ᠦᠳᠲᠡᠷ ᠲᠦᠷᠭᠡᠨ ᠵᠶ᠋ᠠᠷ ᠲᠤᠬᠠᠶ ᠵᠢᠨ ᠲᠠᠯᠠᠪᠤᠷ᠎ᠲᠤ ᠭᠦᠨᠵᠡᠭᠡᠢ᠌ᠷᠡᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠶ᠃

     ᠳᠥᠴᠢᠨ ᠬᠤᠶᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠷᠢᠶᠠᠨ᠎ᠳᠠᠬᠢ ᠠᠷᠠᠳ᠎ᠤᠨ ᠴᠠᠭᠳᠠᠭ᠎ᠠ ᠵᠢᠨ ᠵᠶ᠋ᠠᠨ ᠣᠷᠣᠨ ᠰᠠᠭᠤᠴᠠ᠂ ᠬᠠᠷᠢᠯᠴᠠᠬᠤ ᠠᠷᠭ᠎ᠠ ᠮᠠᠶᠢᠭ ᠵᠡᠷᠭᠡ ᠬᠤᠯᠪᠣᠭᠳᠠᠯ ᠪᠦᠬᠦᠢ ᠪᠠᠶ᠋ᠢᠳᠠᠯ᠎ᠢ ᠨᠠᠷᠢᠨ ᠲᠣᠳᠣᠷᠬᠠᠶ ᠳᠠᠩᠰᠠᠯᠠᠵᠤ᠂ ᠪᠠᠴᠢᠮ ᠪᠠᠶ᠋ᠢᠳᠠᠯ ᠭᠠᠷᠬᠤ ᠦᠶ᠎ᠡ᠎ᠳᠤ ᠴᠠᠭᠳᠠᠭ᠋ᠠᠨ᠎ᠤ ᠬᠦᠴᠦᠨ᠎ᠢ ᠦᠳᠲᠡᠷ ᠲᠦᠷᠭᠡᠨ ᠰᠢᠯᠵᠢᠭᠦᠯᠦᠨ ᠴᠤᠭᠯᠠᠭᠤᠯᠬᠤ᠎ᠳᠤ ᠪᠡᠯᠡᠬᠡᠨ ᠪᠠᠶ᠋ᠢᠯᠭ᠋ᠠᠬᠤ ᠬᠡᠷᠡᠭᠲᠡᠶ᠃

    

      ᠶᠢᠰᠦᠳᠦᠭᠡᠷ ᠪᠦᠯᠦᠭ   ᠵᠡᠪᠰᠡᠭ ᠲᠣᠨᠣᠭᠯᠠᠯ᠎ᠤᠨ ᠬᠠᠮᠢᠶᠠᠷᠤᠯᠲᠠ

      ᠳᠥᠴᠢᠨ ᠭᠤᠷᠪᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠡᠪᠰᠡᠭ ᠲᠣᠨᠣᠭᠯᠠᠯ᠎ᠤᠨ ᠬᠠᠮᠢᠶᠠᠷᠤᠯᠲᠠ ᠵᠢᠨ ᠴᠢᠩᠭ᠎ᠠ ᠲᠦᠷᠢᠮ᠎ᠢ ᠲᠣᠭᠲᠠᠭ᠋ᠠᠵᠤ᠂ ᠵᠡᠪᠰᠡᠭ ᠲᠣᠨᠣᠭᠯᠠᠯ᠎ᠤᠨ ᠡᠳᠦᠷ ᠲᠤᠳᠤᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠡᠪᠰᠡᠭ ᠲᠣᠨᠣᠭᠯᠠᠯ᠎ᠤᠨ ᠦᠷᠭᠦᠯᠵᠢ ᠰᠠᠶ᠋ᠢᠨ ᠪᠠᠶ᠋ᠢᠳᠠᠯ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃

       ᠳᠥᠴᠢᠨ ᠳᠥᠷᠪᠡᠳᠦᠭᠡᠷ ᠵᠦᠢ᠍ᠯ   ᠵᠡᠪᠰᠡᠭ ᠲᠣᠨᠣᠭᠯᠠᠯ᠎ᠢ ᠬᠠᠮᠠᠭ᠋ᠠᠯᠠᠨ ᠠᠷᠠᠴᠢᠯᠠᠬᠤ

      (ᠨᠢᠭᠡ) ᠬᠡᠷᠡᠭᠯᠡᠬᠦ ᠲᠤᠨᠤᠭ ᠲᠥᠬᠦᠭᠡᠷᠦᠮᠵᠢ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠨ ᠠᠷᠠᠴᠢᠯᠠᠬᠤ ᠬᠡᠷᠡᠭᠲᠡᠶ᠃

      (ᠬᠤᠶᠠᠷ) ᠪᠢᠲᠡᠭᠦᠮᠵᠢᠯᠡᠨ ᠬᠠᠳᠠᠭ᠋ᠠᠯᠠᠭᠰᠠᠨ ᠪᠠ ᠭᠠᠳᠠᠭᠰᠢ ᠭᠠᠷᠤᠭᠰᠠᠨ ᠬᠥᠮᠦᠰ᠎ᠤᠨ ᠦᠯᠡᠳᠡᠭᠡᠭᠰᠡᠨ ᠵᠡᠪᠰᠡᠭ ᠲᠣᠨᠣᠭᠯᠠᠯ᠎ᠢ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠨ ᠠᠷᠠᠴᠢᠯᠠᠬᠤ ᠬᠡᠷᠡᠭᠲᠡᠶ᠃

      (ᠭᠤᠷᠪᠠ) ᠵᠡᠪᠰᠡᠭ ᠲᠣᠨᠣᠭᠯᠠᠯ᠎ᠤᠨ ᠡᠪᠳᠡᠷᠡᠵᠦ ᠰᠦᠢ᠍ᠳᠦᠭᠰᠡᠨ᠎ᠢ ᠣᠯᠵᠤ ᠮᠡᠳᠡᠪᠡᠯ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠬᠦ ᠵᠢᠨ ᠬᠠᠮᠲᠤ ᠡᠪᠳᠡᠷᠡᠵᠦ ᠰᠦᠢ᠍ᠳᠦᠭᠰᠡᠨ ᠬᠡᠮᠵᠢᠶ᠎ᠡ ᠵᠢ᠎ᠨᠢ ᠦᠨᠳᠦᠰᠦᠯᠡᠨ ᠴᠠᠭ ᠲᠤᠬᠠᠶ᠎ᠳᠤ᠎ᠨᠢ ᠵᠣᠬᠢᠶᠠᠨ ᠪᠠᠶ᠋ᠢᠭᠤᠯᠵᠤ ᠵᠠᠰᠠᠨ ᠰᠡᠷᠭᠦᠭᠡᠬᠦ ᠬᠡᠷᠡᠭᠲᠡᠶ; ᠬᠡᠷᠪᠡ ᠲᠤᠰ ᠨᠢᠭᠡᠴᠢ᠎ᠨᠢ ᠵᠠᠰᠠᠨ ᠰᠡᠯᠪᠢᠵᠦ ᠳᠡᠶ᠋ᠢᠯᠬᠦ ᠦᠭᠡᠢ ᠪᠣᠯ ᠳᠡᠭᠡᠳᠦ ᠱᠠᠲᠤᠨ᠎ᠤ ᠱᠠᠭ᠋ᠠᠷᠳᠠᠯᠭ᠎ᠠ ᠶᠣᠰᠣᠭ᠋ᠠᠷ ᠵᠣᠬᠢᠶᠠᠨ ᠪᠠᠶ᠋ᠢᠭᠤᠯᠵᠤ ᠵᠠᠰᠠᠨ ᠰᠡᠯᠪᠢᠭᠦᠯᠬᠦ ᠪᠤᠶᠤ ᠲᠤᠬᠠᠶ ᠵᠢᠨ ᠭᠠᠵᠠᠷ᠎ᠲᠤ᠎ᠨᠢ ᠵᠠᠰᠠᠨ ᠰᠡᠯᠪᠢᠭᠦᠯᠬᠦ ᠬᠡᠷᠡᠭᠲᠡᠶ᠃

       ᠳᠥᠴᠢᠨ ᠲᠠᠪᠤᠳᠤᠭ᠋ᠠᠷ ᠵᠦᠢ᠍ᠯ   ᠵᠡᠪᠰᠡᠭ ᠲᠣᠨᠣᠭᠯᠠᠯ᠎ᠢ ᠬᠠᠳᠠᠭ᠋ᠠᠯᠠᠨ ᠬᠠᠮᠢᠶᠠᠷᠬᠤ

     (ᠨᠢᠭᠡ) ᠲᠣᠨᠣᠭᠯᠠᠯ᠎ᠤᠨ ᠬᠠᠳᠠᠭ᠋ᠠᠯᠠᠨ ᠬᠠᠮᠢᠶᠠᠷᠬᠤ ᠭᠡᠷ (ᠬᠥᠮᠥᠷᠭᠡ) ᠪᠤᠶᠤ ᠲᠤᠰᠬᠠᠶ ᠬᠠᠳᠠᠭ᠋ᠠᠯᠠᠨ ᠬᠠᠮᠢᠶᠠᠷᠬᠤ ᠬᠤᠷᠭᠤ ᠭᠠᠷᠭ᠋ᠠᠵᠤ᠂ ᠲᠠᠩᠰᠠ ᠬᠠᠷ᠎ᠠ ᠪᠠᠶ᠋ᠢᠭᠤᠯᠤᠨ᠂ ᠲᠤᠰᠬᠠᠶ ᠬᠥᠮᠦᠨ ᠵᠶ᠋ᠠᠷ ᠬᠠᠮᠢᠶᠠᠷᠤᠭᠤᠯᠤᠨ᠎ᠠ᠃

     (ᠬᠤᠶᠠᠷ) ᠲᠤᠨᠤᠭ ᠲᠥᠬᠦᠭᠡᠷᠦᠮᠵᠢ᠎ᠪᠠᠨ ᠲᠣᠬᠢᠲᠠᠶ ᠬᠠᠳᠠᠭ᠋ᠠᠯᠠᠵᠤ᠂ ᠪᠤᠯᠢᠶᠠᠬᠤ ᠵᠢ ᠰᠡᠷᠭᠡᠶ᠋ᠢᠯᠡᠬᠦ᠂ ᠬᠤᠯᠠᠭ᠋ᠠᠶ᠋ᠢᠯᠠᠬᠤ ᠵᠢ ᠰᠡᠷᠭᠡᠶ᠋ᠢᠯᠡᠬᠦ᠂ ᠡᠪᠳᠡᠬᠦ ᠵᠢ ᠰᠡᠷᠭᠡᠶ᠋ᠢᠯᠡᠬᠦ ᠪᠠ ᠭᠠᠯ᠎ᠢ ᠰᠡᠷᠭᠡᠶ᠋ᠢᠯᠡᠬᠦ᠂ ᠤᠰᠤ ᠵᠢ ᠰᠡᠷᠭᠡᠶ᠋ᠢᠯᠡᠬᠦ᠂ ᠴᠢᠭᠢᠭᠲᠦᠬᠦ ᠵᠢ ᠰᠡᠷᠭᠡᠶ᠋ᠢᠯᠡᠬᠦ ᠵᠡᠷᠭᠡ ᠵᠢ ᠰᠠᠶ᠋ᠢᠲᠤᠷ ᠬᠢᠬᠦ ᠬᠡᠷᠡᠭᠲᠡᠶ᠃

     (ᠭᠤᠷᠪᠠ) ᠶᠠᠮᠠᠷᠪᠠ ᠨᠢᠭᠡᠴᠢ ᠪᠤᠶᠤ ᠬᠤᠪᠢ ᠬᠥᠮᠦᠨ᠎ᠤ ᠵᠡᠪᠰᠡᠭ ᠲᠣᠨᠣᠭᠯᠠᠯ᠎ᠢ ᠳᠤᠷ᠎ᠠ᠎ᠪᠠᠷ ᠵᠶ᠋ᠠᠨ ᠰᠣᠯᠢᠬᠤ᠂ ᠵᠢᠭᠡᠯᠡᠭᠦᠯᠬᠦ᠂ ᠪᠡᠯᠡᠭᠯᠡᠬᠦ᠂ ᠬᠤᠪᠢᠷᠠᠭᠤᠯᠤᠨ ᠬᠤᠳᠠᠯᠳᠤᠬᠤ᠂ ᠲᠦᠷᠢᠶᠡᠰᠦᠯᠡᠭᠦᠯᠬᠦ ᠵᠢ ᠴᠢᠩᠭ᠎ᠠ ᠴᠠᠭ᠋ᠠᠵᠠᠯᠠᠨ᠎ᠠ᠃

     (ᠲᠦᠷᠪᠡ) ᠵᠡᠪᠰᠡᠭ ᠲᠣᠨᠣᠭᠯᠠᠯ᠎ᠢ ᠲᠤᠰᠢᠶᠠᠬᠤ ᠪᠠ ᠬᠦᠯᠢᠶᠡᠠ ᠠᠪᠬᠤ᠂ ᠵᠠᠰᠠᠭᠤᠯᠬᠤ᠎ᠪᠠᠷ ᠬᠦᠷᠭᠡᠬᠦ᠎ᠳᠤ᠎ᠪᠠᠨ ᠭᠠᠷ ᠭᠦᠢ᠍ᠴᠡᠳᠬᠡᠯ᠎ᠢ ᠴᠢᠩᠳᠠᠯᠠᠵᠤ᠂ ᠴᠠᠭ ᠲᠤᠬᠠᠶ᠎ᠳᠤ᠎ᠨᠢ ᠲᠡᠩᠰᠡᠯᠡᠠ ᠲᠡᠮᠳᠡᠭᠯᠡᠵᠦ᠂ ᠪᠦᠷᠢᠳᠬᠡᠬᠦ ᠬᠡᠷᠡᠭᠲᠡᠶ᠃ ᠵᠡᠪᠰᠡᠭ ᠲᠣᠨᠣᠭᠯᠠᠯ᠎ᠤᠨ ᠬᠤᠬᠢᠷᠠᠯ᠂ ᠬᠤᠷᠣᠭᠳᠠᠯ᠎ᠤᠨ ᠪᠠᠶ᠋ᠢᠳᠠᠯ᠎ᠢ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠬᠦ ᠬᠡᠷᠡᠭᠲᠡᠶ᠃

     ᠳᠥᠴᠢᠨ ᠵᠢᠷᠭᠤᠳᠤᠭ᠋ᠠᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠡᠪᠰᠡᠭ᠂ ᠴᠠᠭᠳᠠᠭ᠋ᠠᠨ᠎ᠤ ᠪᠠᠭ᠋ᠠᠵᠢ ᠵᠢ ᠵᠡᠭᠦᠵᠦ᠂ ᠬᠡᠷᠡᠭᠯᠡᠬᠦ᠎ᠳᠤ᠎ᠪᠠᠨ ᠴᠢᠩᠭ᠎ᠠ ᠪᠣᠯᠪᠠᠰᠤᠷᠠᠯ᠎ᠢ ᠥᠩᠭᠡᠷᠡᠭᠡᠵᠦ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠫᠤᠤ ᠵᠡᠪᠰᠡᠭ᠎ᠤᠨ ᠬᠠᠮᠢᠶᠠᠷᠤᠯᠲᠠ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠋ᠠᠨ᠎ᠤ ᠴᠠᠭᠳᠠᠭ᠋ᠠᠨ᠎ᠤ ᠪᠠᠭ᠋ᠠᠵᠢ ᠵᠡᠪᠰᠡᠭ ᠪᠠ ᠵᠡᠪᠰᠡᠭ ᠬᠡᠷᠡᠭᠯᠡᠬᠦ ᠲᠦᠷᠢᠮ》᠂ 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠯᠪᠠᠨ ᠠᠵᠢᠯ᠎ᠳᠤ ᠬᠡᠷᠡᠭᠯᠡᠬᠦ ᠫᠤᠤ ᠵᠢ ᠬᠠᠮᠢᠶᠠᠷᠴᠤ ᠬᠡᠷᠡᠭᠯᠡᠬᠦ ᠲᠣᠭᠲᠠᠭ᠋ᠠᠯ》᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃

    ᠳᠥᠴᠢᠨ ᠳᠣᠯᠣᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠡᠪᠰᠡᠭ ᠲᠣᠨᠣᠭᠯᠠᠯ᠎ᠢ ᠬᠠᠶ᠋ᠢᠷᠠᠯᠠᠨ ᠬᠠᠮᠠᠭ᠋ᠠᠯᠠᠬᠤ ᠪᠠ ᠬᠠᠮᠢᠶᠠᠷᠬᠤ᠂ ᠬᠡᠷᠡᠭᠯᠡᠬᠦ ᠵᠡᠪᠰᠡᠭ ᠲᠣᠨᠣᠭᠯᠠᠯ᠎ᠤᠨ ᠬᠥᠮᠦᠵᠢᠯ ᠪᠠ ᠪᠠᠶ᠋ᠢᠴᠠᠭ᠋ᠠᠯᠲᠠ ᠵᠢ ᠦᠷᠭᠦᠯᠵᠢ ᠬᠢᠵᠦ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠵᠡᠪᠰᠡᠭ ᠲᠣᠨᠣᠭᠯᠠᠯ᠎ᠢ ᠬᠠᠶ᠋ᠢᠷᠠᠯᠠᠨ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠵᠤ᠂ ᠬᠠᠮᠠᠭ᠋ᠠᠯᠠᠨ ᠠᠷᠠᠴᠢᠯᠠᠬᠤ᠂ ᠬᠠᠳᠠᠭ᠋ᠠᠯᠠᠨ ᠬᠠᠮᠢᠶᠠᠷᠬᠤ᠂ ᠪᠠᠶ᠋ᠢᠴᠠᠭ᠋ᠠᠬᠤ ᠪᠠ ᠵᠥᠪ ᠬᠡᠷᠡᠭᠯᠡᠬᠦ ᠠᠷᠭ᠎ᠠ ᠵᠢ ᠡᠵᠡᠮᠰᠢᠭᠦᠯᠬᠦ ᠬᠡᠷᠡᠭᠲᠡᠶ᠃

     ᠠᠷᠪᠠᠳᠤᠭ᠋ᠠᠷ ᠪᠦᠯᠦᠭ   ᠠᠯᠪᠠᠨ ᠠᠵᠢᠯ᠎ᠤᠨ ᠡᠮᠬᠢ ᠵᠢᠷᠤᠮ ᠬᠢᠭᠡᠳ ᠳᠣᠲᠣᠭ᠋ᠠᠳᠤ ᠶᠠᠪᠤᠳᠠᠯ᠎ᠤᠨ ᠪᠠᠶ᠋ᠢᠷᠢᠯᠠᠭᠤᠯᠤᠯᠲᠠ

    ᠳᠥᠴᠢᠨ ᠨᠠᠢ᠍ᠮᠠᠳᠤᠭ᠋ᠠᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠯᠪᠠᠨ ᠠᠵᠢᠯ᠎ᠤᠨ ᠡᠮᠬᠢ ᠵᠢᠷᠤᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠡᠪ᠎ᠤᠨ ᠠᠵᠢᠯ᠂ ᠰᠤᠷᠤᠯᠭ᠎ᠠ᠂ ᠠᠮᠢᠳᠤᠷᠠᠯ᠎ᠤᠨ ᠡᠮᠬᠢ ᠵᠢᠷᠤᠮ᠎ᠢ ᠬᠠᠮᠠᠭ᠋ᠠᠯᠠᠵᠤ᠂ ᠠᠯᠪᠠᠨ ᠠᠵᠢᠯ᠎ᠤᠨ ᠣᠷᠴᠢᠨ ᠨᠥᠬᠦᠴᠡᠯ᠎ᠤᠨ ᠴᠡᠪᠡᠷ ᠴᠡᠮᠴᠡᠭᠡᠷ ᠰᠠᠶ᠋ᠢᠬᠠᠨ᠂ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃

    ᠳᠥᠴᠢ ᠶᠢᠰᠦᠳᠦᠭᠡᠷ ᠵᠦᠢ᠍ᠯ ᠠᠯᠪᠠᠨ ᠠᠵᠢᠯ᠎ᠤᠨ ᠡᠮᠬᠢ ᠳᠢᠭᠯᠢᠮ᠎ᠤᠨ (ᠨᠢᠭᠡ) ᠡᠭᠦᠳᠡᠨ ᠬᠠᠷᠠᠭᠤᠯ᠎ᠤᠨ ᠲᠦᠷᠢᠮ᠎ᠢ ᠴᠢᠩᠳᠠᠯᠠᠬᠤ ᠬᠡᠷᠡᠭᠲᠡᠶ᠃ ᠠᠯᠪᠠᠨ ᠠᠵᠢᠯᠲᠠᠨ ᠬᠤᠯᠪᠣᠭᠳᠠᠯ ᠪᠥᠬᠦᠶ ᠭᠡᠷᠡᠴᠢ ᠦᠨᠡᠮᠯᠡᠯ ᠵᠶ᠋ᠠᠷ ᠵᠶ᠋ᠠᠨ ᠠᠯᠪᠠᠨ ᠲᠣᠭᠤᠷᠢᠭ᠎ᠲᠤ ᠣᠷᠣᠵᠤ ᠭᠠᠷᠬᠤ ᠬᠡᠷᠡᠭᠲᠡᠶ; ᠴᠢᠬᠤᠯᠠ᠎ᠲᠠᠢ ᠦᠶ᠎ᠡ᠎ᠳᠤ ᠡᠳ᠋ ᠪᠣᠳᠠᠰ ᠵᠶ᠋ᠠᠨ ᠠᠪᠴᠤ ᠭᠠᠳᠠᠭᠰᠢ ᠭᠠᠷᠬᠤ᠎ᠳᠤ ᠡᠳ᠋ ᠪᠣᠳᠠᠰ᠎ᠤᠨ ᠭᠡᠷᠡᠴᠢ ᠬᠢᠵᠦ ᠥᠭᠬᠦ ᠬᠡᠷᠡᠭᠲᠡᠶ; ᠵᠥᠪᠰᠢᠶᠡᠷᠡᠯ ᠵᠶ᠋ᠠᠷ ᠲᠦᠷ ᠴᠠᠭ ᠰᠠᠭᠤᠬᠤ ᠬᠥᠮᠦᠰ ᠲᠦᠷ ᠴᠠᠭ ᠣᠷᠣᠵᠤ ᠭᠠᠷᠬᠤ ᠭᠡᠷᠡᠴᠢ ᠪᠢᠴᠢᠭ ᠬᠢᠯᠭᠡᠬᠦ ᠬᠡᠷᠡᠭᠲᠡᠶ᠃

    (ᠬᠤᠶᠠᠷ) ᠭᠠᠳᠠᠨ᠎ᠠ᠎ᠠᠴᠠ ᠢᠷᠡᠭᠰᠡᠨ ᠬᠥᠮᠦᠰ᠂ ᠲᠡᠷᠭᠡ ᠬᠥᠰᠬᠡ ᠵᠢᠨ ᠠᠯᠪᠠᠯᠠᠬᠤ ᠲᠣᠭᠤᠷᠢᠭ᠎ᠲᠤ ᠣᠷᠣᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠠᠯᠪᠠᠯᠠᠬᠤ ᠲᠣᠭᠤᠷᠢᠭ᠎ᠲᠤ ᠦᠨᠡᠬᠡᠷ ᠣᠷᠣᠬᠤ ᠴᠢᠬᠤᠯᠠᠲᠠᠶ ᠪᠠᠶ᠋ᠢᠪᠠᠯ᠂ ᠳᠠᠩᠰᠠᠯᠠᠭᠤᠯᠬᠤ ᠭᠠᠷ ᠭᠦᠢ᠍ᠴᠡᠳᠬᠡᠯ᠎ᠢ ᠴᠢᠩᠳᠠᠯᠠᠨ᠂ ᠦᠨᠡᠮᠯᠡᠯ ᠪᠠ ᠠᠪᠴᠤ ᠶᠠᠪᠤᠭ᠎ᠠ ᠡᠳ᠋ ᠪᠣᠳᠠᠰ᠎ᠢ᠎ᠨᠢ ᠪᠠᠶ᠋ᠢᠴᠠᠭ᠋ᠠᠵᠤ᠂ ᠬᠦᠯᠢᠶᠡᠨ ᠠᠪᠤᠭᠴᠢ ᠵᠢᠨ ᠵᠥᠪᠰᠢᠶᠡᠷᠡᠯ᠎ᠢ ᠣᠯᠤᠭᠰᠠᠨ᠎ᠤ ᠳᠠᠷᠠᠭ᠎ᠠ ᠰᠠᠶᠢ ᠠᠯᠪᠠᠯᠠᠬᠤ ᠲᠣᠭᠤᠷᠢᠭ᠎ᠲᠤ ᠣᠷᠣᠵᠤ ᠪᠣᠯᠬᠤ ᠪᠥᠭᠡᠳ ᠲᠡᠭᠦᠨ᠎ᠢ ᠰᠢᠪᠠᠳᠠᠵᠤ ᠪᠠᠶ᠋ᠢᠭ᠋ᠠᠳ ᠬᠢᠵᠠᠭ᠋ᠠᠷᠯᠠᠭᠰᠠᠨ ᠴᠠᠭ᠎ᠤᠨ ᠳᠣᠲᠣᠷ᠎ᠠ ᠠᠯᠪᠠᠯᠠᠬᠤ ᠲᠣᠭᠤᠷᠢᠭ᠎ᠠᠴᠠ ᠰᠠᠯᠭ᠋ᠠᠬᠤ ᠬᠡᠷᠡᠭᠲᠡᠶ᠃

    (ᠭᠤᠷᠪᠠ) ᠲᠦᠷ ᠴᠠᠭ᠎ᠤᠨ ᠠᠵᠢᠯᠳᠡᠠ᠎ᠢ ᠬᠥᠯᠥᠰᠥᠯᠡᠬᠦ᠎ᠳᠤ᠎ᠪᠠᠨ ᠬᠢᠨᠠᠨ ᠪᠠᠶ᠋ᠢᠴᠠᠭ᠋ᠠᠵᠤ ᠳᠠᠩᠰᠠᠯᠠᠭᠤᠯᠤᠨ᠂ ᠬᠢᠨᠠᠨ ᠪᠠᠶ᠋ᠢᠴᠠᠭ᠋ᠠᠭ᠋ᠠᠳ ᠠᠰᠠᠭᠤᠳᠠᠯ ᠤᠢ᠍ᠭᠡᠢ ᠪᠥᠭᠡᠳ ᠵᠥᠪᠰᠢᠶᠡᠷᠡᠭᠦᠯᠦᠭᠰᠡᠨ᠎ᠤ ᠲᠡᠷᠠᠭ᠎ᠠ ᠰᠠᠶᠢ ᠬᠥᠯᠥᠰᠥᠯᠡᠨ ᠬᠡᠷᠡᠭᠯᠡᠵᠦ ᠪᠣᠯᠤᠨ᠎ᠠ᠃

    (ᠳᠥᠷᠪᠡ) ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠠᠵᠢᠯᠯᠠᠬᠤ ᠦᠶ᠎ᠡ᠎ᠳᠤ᠎ᠪᠠᠨ ᠡᠷᠬᠡᠪᠰᠢ ᠣᠪᠣᠷ ᠪᠠᠶ᠋ᠢᠳᠠᠯ ᠵᠶ᠋ᠠᠨ ᠲᠥᠪ ᠪᠠᠢ᠌ᠯᠭ᠋ᠠᠵᠤ᠂ ᠬᠠᠵᠠᠢ᠌ᠵᠤ ᠲᠦᠰᠢᠬᠦ᠂ ᠲᠣᠩᠭᠤᠷᠠᠨ ᠬᠡᠪᠲᠡᠬᠦ᠂ ᠬᠥᠯ ᠵᠶ᠋ᠡᠨ ᠡᠷᠳᠡᠢ᠌ᠯᠭᠡᠬᠦ᠂ ᠰᠤᠯᠠ ᠶᠠᠷᠢᠯᠴᠠᠵᠤ ᠪᠣᠯᠬᠤ ᠥᠬᠡᠶ᠂ ᠠᠵᠢᠯ᠎ᠲᠠᠢ ᠬᠠᠮᠢᠶ᠎ᠠ ᠥᠬᠡᠶ ᠠᠵᠢᠯᠯᠠᠭ᠎ᠠ ᠵᠢ ᠬᠢᠵᠦ ᠪᠣᠯᠬᠤ ᠥᠬᠡᠶ᠃

     (ᠲᠠᠪᠤ) ᠬᠤᠳᠠᠯᠳᠤᠭ᠋ᠠᠴᠢᠨ᠎ᠤ ᠠᠯᠪᠠᠯᠠᠬᠤ ᠲᠣᠭᠤᠷᠢᠭ᠎ᠲᠤ ᠣᠷᠣᠬᠤ ᠪᠤᠶᠤ ᠠᠯᠪᠠᠯᠠᠬᠤ ᠲᠣᠭᠤᠷᠢᠭ᠎ᠤᠨ ᠬᠠᠵᠠᠭᠤ᠎ᠳᠤ ᠳᠡᠯᠭᠡᠭᠡ ᠮᠠᠶ᠋ᠢᠮᠠᠶ ᠵᠢᠨ ᠴᠡᠭ ᠭᠠᠷᠭ᠋ᠠᠬᠤ ᠵᠢ ᠴᠠᠭ᠋ᠠᠵᠠᠯᠠᠨ᠎ᠠ᠃

     (ᠵᠢᠷᠭᠤᠭ᠎ᠠ) ᠠᠯᠪᠠᠯᠠᠬᠤ ᠲᠣᠭᠤᠷᠢᠭ᠎ᠲᠠᠬᠢ ᠬᠡᠷ ᠪᠠᠶ᠋ᠢᠰᠢᠩ ᠵᠶ᠋ᠠᠨ ᠪᠤᠰᠤᠳ᠎ᠲᠤ ᠲᠦᠷᠢᠶᠡᠰᠦᠯᠡᠨ ᠥᠭᠴᠦ ᠬᠤᠳᠠᠯᠳᠤᠭ᠎ᠠ ᠡᠷᠭᠢᠯᠡᠬᠦ ᠪᠤᠶᠤ ᠵᠤᠭ᠎ᠠ ᠴᠡᠩᠭᠡᠯ᠎ᠤᠨ ᠠᠵᠢᠯᠯᠠᠭ᠎ᠠ ᠬᠢᠬᠦ ᠵᠢ ᠴᠢᠩᠭ᠎ᠠ ᠴᠠᠭ᠋ᠠᠵᠠᠯᠠᠨ᠎ᠠ᠃

      ᠲᠠᠪᠢᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠯᠪᠠᠯᠠᠬᠤ ᠲᠣᠭᠤᠷᠢᠭ ᠪᠠ ᠪᠠᠶ᠋ᠢᠷᠢ ᠵᠢᠨ ᠲᠣᠭᠤᠷᠢᠭ᠎ᠢ ᠰᠠᠯᠭ᠋ᠠᠵᠤ᠂ ᠦᠨᠳᠦᠰᠦᠨ ᠱᠠᠲᠤᠨ᠎ᠤ ᠰᠠᠯᠠᠭ᠎ᠠ᠂ ᠭᠠᠵᠠᠷ᠂ ᠠᠩᠬᠢ ᠵᠢᠨ ᠠᠯᠪᠠᠨ ᠭᠡᠷ ᠪᠠ ᠠᠷᠠᠳ᠎ᠤᠨ ᠴᠠᠭᠳᠠᠭ᠎ᠠ ᠵᠢᠨ ᠪᠠᠶ᠋ᠢᠷᠢ ᠵᠢ ᠰᠠᠯᠭ᠋ᠠᠨ ᠪᠠᠶ᠋ᠢᠭᠤᠯᠬᠤ ᠬᠡᠷᠡᠭᠲᠡᠢ᠃ ᠣᠨᠴᠠᠭ᠋ᠠᠶ ᠪᠠᠶ᠋ᠢᠳᠠᠯ ᠪᠢᠰᠢ ᠪᠣᠯ ᠪᠠᠶ᠋ᠢᠷᠢ ᠵᠢᠨ ᠭᠡᠷ᠎ᠲᠤ ᠠᠵᠢᠯᠯᠠᠬᠤ ᠪᠤᠶᠤ ᠠᠯᠪᠠᠨ ᠭᠡᠷ᠎ᠲᠤ ᠬᠤᠨᠣᠵᠤ ᠪᠣᠯᠬᠤ ᠦᠭᠡᠢ᠃

     ᠲᠠᠪᠢᠨ ᠨᠢᠭᠡᠳᠦᠭᠡᠷ ᠵᠦᠢ᠍ᠯ   ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠠᠷᠢᠶᠠᠯᠠᠭᠳᠠᠬᠤ ᠬᠤᠪᠢᠶᠠᠷᠢ ᠲᠣᠪᠴᠢᠶ᠎ᠠ᠂ ᠲᠣᠮᠢᠯᠠᠭᠰᠠᠨ ᠰᠠᠯᠪᠤᠷᠢ᠂ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠠᠷᠢᠶᠠᠯᠠᠭᠳᠠᠬᠤ ᠲᠣᠮᠢᠯᠠᠭᠰᠠᠨ ᠰᠠᠯᠪᠤᠷᠢ ᠪᠠ ᠬᠠᠷᠢᠭᠤᠴᠠᠯᠭ᠎ᠠ ᠵᠢᠨ ᠲᠣᠭᠤᠷᠢᠭ᠎ᠤᠨ ᠡᠷᠡᠭᠦᠦ ᠵᠢᠨ ᠴᠠᠭᠳᠠᠭ᠎ᠠ ᠵᠢᠨ ᠳᠤᠮᠳᠠ ᠠᠩᠬᠢ᠎ᠳᠤ ᠬᠡᠪ ᠪᠠᠷᠢᠮᠵᠢᠶ᠎ᠠ᠎ᠨᠢ ᠨᠢᠭᠡᠳᠦᠯᠲᠡᠶ᠂ ᠭᠤᠶᠤ ᠰᠠᠶ᠋ᠢᠬᠠᠨ᠂ ᠢᠯᠡ ᠲᠣᠳᠣ ᠲᠡᠮᠳᠡᠭ᠎ᠲᠠᠢ ᠳ᠋ᠧᠩ᠎ᠤᠨ ᠬᠠᠶ᠋ᠢᠷᠴᠠᠭ ᠪᠤᠶᠤ ᠡᠭᠦᠳᠡᠨ᠎ᠤ ᠫᠠᠶ᠋ᠢᠰᠠ ᠡᠯᠭᠦᠵᠦ᠂ ᠤᠯᠠᠨ ᠲᠦᠮᠡᠨ᠎ᠤ ᠢᠯᠭ᠋ᠠᠨ ᠲᠠᠨᠢᠬᠤ᠎ᠳᠤ ᠲᠦᠬᠦᠮ ᠦᠵᠡᠭᠦᠯᠬᠦ ᠬᠡᠷᠡᠭᠲᠡᠶ᠃

      ᠲᠠᠪᠢᠨ ᠬᠤᠶᠠᠳᠤᠭ᠋ᠠᠷ ᠵᠦᠢ᠍ᠯ ᠲᠣᠳᠤᠭ᠋ᠠᠳᠤ ᠶᠠᠪᠤᠳᠠᠯ᠎ᠤᠨ ᠪᠠᠶ᠋ᠢᠷᠢᠯᠠᠭᠤᠯᠤᠯᠲᠠ

      ᠳᠣᠲᠣᠭ᠋ᠠᠳᠤ ᠶᠠᠪᠤᠳᠠᠯ᠎ᠤᠨ ᠪᠠᠶ᠋ᠢᠷᠢᠯᠠᠭᠤᠯᠤᠯᠲᠠ ᠵᠢ ᠴᠡᠪᠡᠷ ᠲᠡᠭᠰᠢ᠂ ᠡᠮᠬᠢ ᠵᠢᠷᠤᠮ᠎ᠲᠠᠢ ᠪᠠᠶ᠋ᠢᠯᠭ᠋ᠠᠬᠤ ᠬᠡᠷᠡᠭᠲᠡᠶ᠃ ᠠᠯᠪᠠᠨ ᠭᠡᠷ᠎ᠤᠨ ᠳᠣᠲᠣᠷᠠᠬᠢ ᠠᠯᠪᠠᠨ ᠬᠡᠷᠡᠭᠰᠡᠯ᠎ᠢ ᠦᠷᠦᠵᠦ ᠲᠠᠯᠪᠢᠬᠤ᠂ ᠵᠢᠷᠤᠭ ᠳᠦᠷᠰᠦ ᠵᠢᠷᠤᠭ᠎ᠤᠨ ᠬᠦᠰᠦᠨᠦᠭᠲᠦ ᠵᠢ ᠡᠯᠭᠦᠬᠦ (ᠨᠠᠭ᠋ᠠᠬᠤ)᠂ ᠬᠤᠪᠴᠠᠰᠤ ᠬᠤᠨᠠᠷ ᠱᠠᠬᠠᠶ ᠮᠠᠯᠠᠭ᠋ᠠᠶ ᠵᠢ ᠲᠠᠯᠪᠢᠬᠤ ᠵᠢᠴᠢ ᠠᠷᠠᠳ᠎ᠤᠨ ᠴᠠᠭᠳᠠᠭ᠎ᠠ ᠵᠢᠨ ᠪᠠᠶ᠋ᠢᠷᠢ ᠵᠢᠨ ᠳᠣᠲᠣᠷᠠᠬᠢ ᠬᠥᠨᠵᠢᠯᠡ ᠳᠡᠪᠢᠰᠬᠡᠷ᠎ᠢ ᠳᠠᠪᠬᠤᠷᠯᠠᠨ ᠲᠠᠯᠪᠢᠬᠤ᠂ ᠤᠬᠢᠶᠠᠵᠤ ᠴᠡᠪᠡᠷᠯᠡᠬᠦ ᠬᠡᠷᠡᠭᠰᠡᠯ᠎ᠢ ᠦᠷᠦᠵᠦ ᠲᠠᠯᠪᠢᠬᠤ᠎ᠳᠤ᠎ᠪᠠᠨ ᠨᠢᠭᠡᠳᠦᠯᠲᠡᠶ᠂ ᠴᠡᠪᠡᠷ ᠲᠡᠭᠰᠢ ᠪᠠᠶ᠋ᠢᠬᠤ ᠬᠡᠷᠡᠭᠲᠡᠶ᠃

      ᠲᠠᠪᠢᠨ ᠭᠤᠷᠪᠠᠳᠤᠭ᠋ᠠᠷ ᠵᠦᠢ᠍ᠯ  ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠲᠡᠦᠬᠡ ᠵᠢᠨ ᠳᠤᠷᠠᠰᠬᠠᠯᠲᠤ ᠵᠦᠢ᠍ᠯ᠎ᠢ ᠳᠡᠯᠭᠡᠨ ᠦᠵᠡᠭᠦᠯᠬᠦ ᠣᠷᠳᠣᠨ᠂ ᠢᠷᠠᠭᠤ ᠠᠯᠳᠠᠷ᠎ᠤᠨ ᠭᠡᠷ ᠵᠡᠷᠭᠡ ᠵᠢ ᠪᠠᠶ᠋ᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠠᠵᠢᠯ ᠪᠠ ᠡᠩᠨᠡᠭᠡᠨ᠎ᠤ ᠪᠠᠶ᠋ᠢᠭᠤᠯᠤᠯᠲᠠ ᠬᠥᠭᠵᠢᠯᠲᠡ ᠵᠢᠨ ᠲᠡᠦᠬᠡ ᠵᠢ ᠲᠡᠮᠳᠡᠭᠯᠡᠬᠦ ᠬᠡᠷᠡᠭᠲᠡᠢ᠃

     ᠲᠠᠪᠢᠨ ᠳᠥᠷᠪᠡᠳᠦᠭᠡᠷ ᠵᠦᠢ᠍ᠯ  ᠲᠣᠮᠢᠯᠠᠭᠰᠠᠨ ᠰᠠᠯᠪᠤᠷᠢ ᠪᠠ ᠦᠨᠳᠦᠰᠦᠨ ᠱᠠᠲᠤᠨ᠎ᠤ ᠴᠠᠭᠳᠠᠭ᠋ᠠᠨ᠎ᠤ ᠠᠩᠬᠢ᠎ᠨᠢ ᠰᠣᠶᠣᠯ᠎ᠤᠨ ᠵᠢᠵᠢᠭ ᠦᠷᠦᠭᠡ᠂ ᠪᠡᠶ᠎ᠡ ᠴᠢᠭᠢᠷᠠᠭᠵᠢᠭᠤᠯᠬᠤ ᠵᠢᠵᠢᠭ ᠦᠷᠦᠭᠡ᠂ ᠬᠤᠭᠤᠯᠠᠨ ᠭᠡᠷ᠂ ᠤᠬᠢᠶᠠᠯᠭ᠎ᠠ ᠵᠢᠨ ᠵᠢᠵᠢᠭ ᠭᠡᠷ ᠪᠠ ᠬᠤᠪᠴᠠᠰᠤ ᠤᠬᠢᠶᠠᠬᠤ ᠵᠢᠵᠢᠭ ᠭᠡᠷ ᠪᠠᠶ᠋ᠢᠭᠤᠯᠵᠤ᠂ ᠠᠷᠠᠳ᠎ᠤᠨ ᠴᠠᠭᠳᠠᠭ᠎ᠠ ᠵᠢᠨ ᠰᠣᠶᠣᠯ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠠᠷᠠᠳ᠎ᠤᠨ ᠴᠠᠭᠳᠠᠭ᠎ᠠ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠤ ᠪᠠ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠢ ᠪᠠᠲᠤᠯᠠᠬᠤ ᠬᠡᠷᠡᠭᠲᠡᠶ᠃

    

      ᠠᠷᠪᠠᠨ ᠨᠢᠭᠡᠳᠦᠭᠡᠷ ᠪᠦᠯᠦᠭ   ᠠᠮᠤᠷ ᠲᠦᠪᠰᠢᠨ᠎ᠤ ᠬᠠᠮᠠᠭ᠋ᠠᠯᠠᠯᠲᠠ ᠬᠢᠭᠡᠳ ᠡᠷᠡᠭᠦᠯ ᠬᠠᠮᠠᠭ᠋ᠠᠯᠠᠯ

     ᠲᠠᠪᠢᠨ ᠲᠠᠪᠤᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠮᠤᠷ ᠲᠦᠪᠰᠢᠨ᠎ᠤ ᠠᠵᠢᠯ᠎ᠢ ᠴᠢᠬᠤᠯᠠᠴᠢᠯᠠᠵᠤ᠂ ᠰᠡᠷᠭᠡᠶ᠋ᠢᠯᠡᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠨ᠂ ᠠᠮᠤᠷ ᠲᠦᠪᠰᠢᠨ᠎ᠤ ᠡᠯ᠎ᠡ ᠵᠦᠢ᠍ᠯ᠎ᠤᠨ ᠲᠦᠷᠢᠮ᠎ᠢ ᠲᠣᠭᠲᠠᠭ᠋ᠠᠵᠤ᠂ ᠠᠮᠤᠷ ᠲᠦᠪᠰᠢᠨ᠎ᠤ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ ᠬᠡᠷᠡᠭᠲᠡᠶ᠃

     ᠲᠠᠪᠢᠨ ᠵᠢᠷᠭᠤᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠮᠤᠷ ᠲᠦᠪᠰᠢᠨ᠎ᠤ ᠲᠤᠬᠠᠶ ᠬᠥᠮᠦᠵᠢᠯ᠎ᠢ ᠴᠢᠩᠭ᠋ᠠᠳᠬᠠᠵᠤ᠂ ᠠᠷᠠᠳ᠎ᠤᠨ ᠴᠠᠭᠳᠠᠭ᠎ᠠ ᠵᠢᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠤ᠂ ᠡᠩᠨᠡᠭᠡᠨ᠎ᠤ ᠳᠣᠲᠣᠭ᠋ᠠᠳᠤ ᠵᠢᠨ ᠠᠰᠠᠭᠤᠳᠠᠯ᠎ᠢ ᠵᠥᠪ ᠵᠶ᠋ᠠᠷ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ ᠪᠤᠰᠤ ᠬᠦᠴᠦᠨ ᠵᠦᠢ᠍ᠯ᠎ᠢ ᠢᠳᠡᠪᠬᠢᠲᠡᠶ᠎ᠪᠠᠷ ᠠᠷᠢᠯᠭ᠋ᠠᠬᠤ ᠬᠡᠷᠡᠭᠲᠡᠶ᠃

     ᠲᠠᠪᠢᠨ ᠳᠣᠯᠣᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠳᠤᠷᠢᠳᠤᠯᠭ᠎ᠠ ᠡᠭᠦᠷᠭᠡ ᠪᠠᠶ᠋ᠢᠷᠢᠯᠠᠭᠤᠯᠬᠤ᠎ᠳᠤ᠎ᠪᠠᠨ ᠠᠮᠤᠷ ᠲᠦᠪᠰᠢᠨ᠎ᠤ   ᠱᠠᠭ᠋ᠠᠷᠳᠠᠯᠭ᠎ᠠ᠎ᠪᠠᠨ ᠲᠤᠰᠢᠶᠠᠬᠤ ᠵᠢᠨ ᠬᠠᠮᠲᠤ ᠵᠣᠬᠢᠴᠠᠩᠭᠤᠶ ᠪᠠᠲᠤᠯᠠᠭ᠎ᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠴᠠᠭ ᠢᠮᠠᠭᠲᠠ ᠰᠣᠨᠣᠷ ᠰᠡᠷᠡᠮᠵᠢ᠎ᠲᠠᠢ ᠪᠠᠶ᠋ᠢᠵᠤ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠲᠦᠷᠢᠮ᠎ᠢ ᠴᠢᠩᠭ᠎ᠠ ᠵᠢᠷᠤᠮᠯᠠᠬᠤ ᠬᠡᠷᠡᠭᠲᠡᠶ᠃

     (ᠨᠢᠭᠡ) ᠲᠦᠷ ᠬᠤᠷᠢᠬᠤ᠂ ᠪᠠᠷᠢᠪᠴᠢᠯᠠᠬᠤ ᠵᠡᠷᠭᠡ ᠡᠭᠦᠷᠭᠡ ᠵᠢ ᠭᠦᠢ᠍ᠴᠡᠳᠬᠡᠬᠦ᠎ᠳᠤ᠎ᠪᠠᠨ ᠨᠠᠷᠢᠨ ᠬᠢᠨᠠᠮᠠᠭ᠋ᠠᠶ᠎ᠪᠠᠷ ᠲᠥᠰᠦᠯ ᠲᠥᠯᠥᠪᠯᠡᠵᠦ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠤᠯᠢ ᠵᠢ ᠵᠥᠷᠢᠴᠡᠭᠰᠡᠨ ᠶᠠᠯᠠᠲᠤ ᠡᠲᠡᠭᠡᠳ᠎ᠤᠨ ᠤᠯᠡᠠ ᠲᠦᠮᠡᠨ᠎ᠢ ᠭᠡᠮᠲᠦᠭᠡᠬᠦ ᠪᠤᠶᠤ ᠠᠳᠡᠭᠦᠷᠡᠨ ᠰᠢᠷᠬᠠᠲᠤᠭᠤᠯᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃

     (ᠬᠤᠶᠠᠷ) ᠰᠢᠭᠦᠨ ᠠᠰᠠᠭᠤᠬᠤ᠂ ᠬᠠᠷᠠᠵᠤ ᠬᠠᠮᠢᠶᠠᠷᠬᠤ᠂ ᠪᠠᠷᠢᠵᠤ ᠬᠦᠷᠭᠡᠬᠦ ᠵᠡᠷᠭᠡ ᠡᠭᠦᠷᠭᠡ ᠵᠢ ᠭᠦᠢ᠍ᠴᠡᠳᠬᠡᠬᠦ᠎ᠳᠤ᠎ᠪᠠᠨ ᠬᠤᠯᠪᠣᠭᠳᠠᠯ ᠪᠦᠬᠦᠢ ᠠᠮᠤᠷ ᠲᠦᠪᠰᠢᠨ᠎ᠤ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠤᠷᠭᠤᠨ ᠳᠤᠲᠠᠭ᠋ᠠᠬᠤ᠂ ᠭᠢᠨᠳᠠᠨ᠎ᠳᠤ ᠤᠷᠪᠠᠯᠭ᠋ᠠᠨ ᠭᠠᠷᠭ᠋ᠠᠬᠤ᠂ ᠴᠠᠭᠳᠠᠭ᠎ᠠ ᠵᠢ ᠲᠠᠭ᠋ᠠᠷᠢᠬᠤ ᠵᠡᠷᠭᠡ ᠬᠡᠷᠡᠭ ᠭᠠᠷᠬᠤ ᠵᠢ ᠰᠡᠷᠭᠡᠶ᠋ᠢᠯᠡᠬᠦ ᠬᠡᠷᠡᠭᠲᠡᠶ᠃

     (ᠭᠤᠷᠪᠠ) ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠵᠤ᠂ ᠠᠮᠤᠷ ᠲᠦᠪᠰᠢᠨ ᠵᠶ᠋ᠠᠷ ᠲᠡᠷᠭᠡ ᠵᠢᠯᠣᠭᠤᠳᠬᠤ᠃

     ᠲᠠᠪᠢᠨ ᠨᠠᠢ᠍ᠮᠠᠳᠤᠭ᠋ᠠᠷ ᠵᠦᠢ᠍ᠯ ᠠᠶᠤᠯ ᠦᠭᠡᠢ ᠵᠢᠨ ᠡᠨᠳᠡᠭᠳᠡᠯ ᠭᠠᠷᠪᠠᠯ᠂ ᠡᠷᠬᠡᠪᠰᠢ ᠴᠠᠭ ᠲᠤᠬᠠᠶ᠎ᠳᠤ᠎ᠨᠢ ᠳᠡᠭᠡᠳᠦ ᠱᠠᠲᠤᠨ᠎ᠳᠤ ᠦᠨᠡᠨ ᠮᠥᠨ ᠵᠶ᠋ᠠᠷ᠎ᠨᠢ ᠮᠡᠳᠡᠭᠦᠯᠵᠦ᠂ ᠰᠢᠯᠲᠠᠭ᠋ᠠᠨ᠎ᠢ᠎ᠨᠢ ᠪᠠᠶ᠋ᠢᠴᠠᠭ᠋ᠠᠨ ᠲᠣᠳᠣᠷᠬᠠᠶ᠋ᠢᠯᠠᠵᠤ᠂ ᠰᠤᠷᠭ᠋ᠠᠮᠵᠢ ᠵᠢ ᠳ᠋ᠦᠩᠨᠡᠵᠦ᠂ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃

      ᠲᠠᠪᠢ ᠶᠢᠰᠦᠳᠦᠭᠡᠷ ᠵᠦᠢ᠍ᠯ   ᠡᠷᠡᠭᠦᠯ ᠬᠠᠮᠠᠭ᠋ᠠᠯᠠᠯ ᠡᠷᠡᠭᠦᠯ ᠮᠡᠨᠳᠤ

     (ᠨᠢᠭᠡ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠷᠠᠳ᠎ᠤᠨ ᠴᠠᠭᠳᠠᠭ᠎ᠠ᠎ᠳᠤ ᠡᠷᠡᠭᠦᠯ ᠬᠠᠮᠠᠭ᠋ᠠᠯᠠᠯ ᠡᠷᠡᠭᠦᠯ ᠮᠡᠡᠳᠦ ᠵᠢᠨ ᠬᠥᠮᠦᠵᠢᠯ᠎ᠢ ᠦᠷᠭᠦᠯᠵᠢ ᠬᠢᠬᠦ ᠬᠡᠷᠡᠭᠲᠡᠶ᠃

     (ᠬᠤᠶᠠᠷ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠷᠠᠳ᠎ᠤᠨ ᠴᠠᠭᠳᠠᠭ᠎ᠠ ᠵᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶ᠋ᠢᠭᠤᠯᠵᠤ ᠪᠡᠶ᠎ᠡ ᠵᠢᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠶ; ᠰᠣᠶᠣᠯ ᠴᠡᠩᠭᠡᠯ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠢᠳᠡᠪᠬᠢᠲᠡᠶ ᠥᠷᠨᠢᠭᠦᠯᠵᠦ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠤᠨ᠂ ᠠᠷᠠᠳ᠎ᠤᠨ ᠴᠠᠭᠳᠠᠭ᠎ᠠ ᠵᠢᠨ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃

  

       ᠠᠷᠪᠠᠨ ᠬᠤᠶᠠᠳᠤᠭ᠋ᠠᠷ ᠪᠦᠯᠦᠭ   ᠴᠠᠭᠳᠠᠭ᠋ᠠᠨ᠎ᠤ ᠰᠦᠯᠳᠡ᠂ ᠴᠠᠭᠳᠠᠭ᠋ᠠᠨ᠎ᠤ ᠳᠠᠭᠤᠤ

      ᠵᠢᠷᠠᠳᠤᠭ᠋ᠠᠷ ᠵᠦᠢ᠍ᠯ ᠴᠠᠭᠳᠠᠭ᠋ᠠᠨ᠎ᠤ ᠰᠦᠯᠳᠡ

     (ᠨᠢᠭᠡ) ᠴᠠᠭᠳᠠᠭ᠋ᠠᠨ᠎ᠤ ᠰᠦᠯᠳᠡ ᠪᠣᠯ ᠠᠷᠠᠳ᠎ᠤᠨ ᠴᠠᠭᠳᠠᠭ᠎ᠠ ᠵᠢᠨ ᠪᠡᠯᠭᠡ ᠲᠡᠮᠳᠡᠭ ᠪᠠ ᠰᠢᠨᠵᠢ ᠲᠡᠮᠳᠡᠭ ᠮᠥᠨ᠃ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠡᠷᠬᠡᠪᠰᠢ ᠴᠠᠭᠳᠠᠭ᠋ᠠᠨ᠎ᠤ ᠰᠦᠯᠳᠡ ᠵᠢ ᠬᠠᠶ᠋ᠢᠷᠠᠯᠠᠨ ᠬᠠᠮᠠᠭ᠋ᠠᠯᠠᠵᠤ᠂ ᠴᠠᠭᠳᠠᠭ᠋ᠠᠨ᠎ᠤ ᠰᠦᠯᠳᠡ ᠵᠢᠨ ᠨᠡᠷ᠎ᠡ ᠬᠦᠨᠳᠦ ᠵᠢ ᠬᠠᠮᠠᠭ᠋ᠠᠯᠠᠬᠤ ᠬᠡᠷᠡᠭᠲᠡᠶ᠃

     (ᠬᠤᠶᠠᠷ) ᠴᠠᠭᠳᠠᠭ᠋ᠠᠨ᠎ᠤ ᠰᠦᠯᠳᠡ ᠵᠢ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠦᠢ᠍ᠯᠡᠳᠴᠦ ᠬᠡᠷᠡᠭᠯᠡᠬᠦ ᠬᠡᠷᠡᠭᠲᠡᠶ᠃

     ᠵᠢᠷᠠᠨ ᠨᠢᠭᠡᠳᠦᠭᠡᠷ ᠵᠦᠢ᠍ᠯ   ᠴᠠᠭᠳᠠᠭ᠋ᠠᠨ᠎ᠤ ᠳᠠᠭᠤᠤ

     (ᠨᠢᠭᠡ) ᠴᠠᠭᠳᠠᠭ᠋ᠠᠨ᠎ᠤ ᠳᠠᠭᠤᠤ ᠪᠣᠯ ᠠᠷᠠᠳ᠎ᠤᠨ ᠴᠠᠭᠳᠠᠭ᠋ᠠᠨ᠎ᠤ ᠰᠢᠨᠵᠢ ᠴᠢᠨᠠᠷ᠂ ᠵᠣᠷᠢᠯᠲᠠ ᠪᠠ ᠵᠣᠷᠢᠭ ᠰᠠᠨᠠᠭ᠋ᠠᠨ᠎ᠤ ᠢᠯᠡᠷᠡᠯ ᠮᠥᠨ᠃ ᠴᠠᠭᠳᠠᠭ᠋ᠠᠨ᠎ᠤ ᠳᠠᠭᠤᠤ ᠵᠢ ᠬᠥᠭᠵᠢᠮᠳᠡᠬᠦ (ᠳᠠᠭᠤᠯᠠᠬᠤ) ᠵᠢ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠵᠢᠨ ᠴᠢᠬᠤᠯᠠ ᠪᠠᠶᠠᠷ᠎ᠤᠨ ᠶᠣᠰᠣᠯᠠᠯ᠂ ᠬᠤᠷᠠᠯ ᠴᠤᠭᠯᠠᠭ᠎ᠠ ᠬᠢᠬᠦ᠂ ᠰᠢᠯᠭ᠋ᠠᠨ ᠦᠵᠡᠬᠦ ᠵᠢᠴᠢ ᠴᠠᠭᠳᠠᠭ᠋ᠠᠨ᠎ᠤ ᠰᠦᠷ ᠬᠦᠴᠦᠨ᠎ᠢ ᠬᠠᠮᠠᠭ᠋ᠠᠯᠠᠬᠤ ᠪᠠ ᠢᠯᠡᠷᠡᠭᠦᠯᠬᠦ ᠪᠤᠰᠤᠳ ᠲᠠᠯᠠᠪᠤᠷ᠎ᠲᠤ ᠬᠡᠷᠡᠭᠯᠡᠵᠦ ᠪᠣᠯᠤᠨ᠎ᠠ᠃

     (ᠬᠤᠶᠠᠷ) ᠴᠠᠭᠳᠠᠭ᠋ᠠᠨ᠎ᠤ ᠳᠠᠭᠤᠤ ᠵᠢ ᠬᠤᠪᠢ ᠬᠥᠮᠦᠨ᠎ᠤ ᠤᠷᠤᠭᠯᠠᠬᠤ᠂ ᠣᠷᠣᠰᠢᠭᠤᠯᠬᠤ᠂ ᠳᠤᠷᠠᠰᠬᠠᠬᠤ᠂ ᠭᠠᠰᠢᠭᠤᠳᠠᠬᠤ ᠠᠵᠢᠯᠯᠠᠭ᠎ᠠ ᠪᠠ ᠵᠤᠭ᠎ᠠ ᠴᠡᠩᠭᠡᠯ᠂ ᠬᠤᠳᠠᠯᠳᠤᠭ᠋ᠠᠨ᠎ᠤ ᠠᠵᠢᠯᠯᠠᠭ᠎ᠠ ᠵᠢᠴᠢ ᠴᠠᠭᠳᠠᠭ᠋ᠠᠨ᠎ᠤ ᠳᠠᠭᠤᠤ ᠵᠢ ᠬᠥᠭᠵᠢᠮᠳᠡᠬᠦ᠎ᠳᠤ ᠲᠣᠬᠢᠷᠠᠮᠵᠢ ᠤᠢ᠍ᠭᠡᠢ ᠪᠤᠰᠤᠳ ᠭᠠᠵᠠᠷ᠎ᠲᠤ ᠬᠥᠭᠵᠢᠮᠳᠡᠵᠦ (ᠳᠠᠭᠤᠯᠠᠬᠤ) ᠪᠣᠯᠬᠤ ᠤᠢ᠍ᠭᠡᠢ᠃

     (ᠭᠤᠷᠪᠠ) ᠴᠠᠭᠳᠠᠭ᠋ᠠᠨ᠎ᠤ ᠳᠠᠭᠤᠤ ᠵᠢ ᠬᠥᠭᠵᠢᠮᠳᠡᠬᠦ (ᠳᠠᠭᠤᠯᠠᠬᠤ) ᠦᠶ᠎ᠡ᠎ᠳᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠲᠥᠪ ᠬᠢᠴᠢᠶᠡᠩᠭᠦᠶ᠎ᠪᠠᠷ ᠵᠣᠭᠰᠣᠬᠤ ᠬᠡᠷᠡᠭᠲᠡᠶ᠃

  

      ᠠᠷᠪᠠᠨ ᠭᠤᠷᠪᠠᠳᠤᠭ᠋ᠠᠷ ᠪᠦᠯᠦᠭ   ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ

     ᠵᠢᠷᠠᠨ ᠬᠤᠶᠠᠳᠤᠭ᠋ᠠᠷ ᠵᠦᠢ᠍ᠯ   ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠭᠡᠳᠡᠭ ᠪᠣᠯ ᠲᠤᠰᠬᠠᠶ ᠣᠷᠣᠨ (ᠬᠤᠳᠠ)᠎ᠤ ᠱᠠᠲᠤᠨ᠎ᠠᠴᠠ ᠳᠡᠭᠡᠭᠰᠢᠬᠢ ᠨᠠᠮ ᠵᠠᠰᠠᠭ᠎ᠤᠨ ᠪᠠᠶ᠋ᠢᠭᠤᠯᠭ᠎ᠠ ᠵᠢᠨ ᠤᠳᠤᠷᠢᠳᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠳᠤᠷᠢᠳᠤᠯᠭ᠎ᠠ ᠵᠢᠨ ᠴᠢᠬᠤᠯᠠ ᠶᠡᠭᠡ ᠪᠠᠶᠠᠷ᠎ᠤᠨ ᠡᠳᠦᠷ᠂ ᠪᠠᠶᠠᠷ᠎ᠤᠨ ᠶᠣᠰᠣᠯᠠᠯ᠂ ᠬᠤᠷᠠᠯ ᠴᠤᠭᠯᠠᠭ᠎ᠠ ᠵᠡᠷᠭᠡ ᠴᠢᠬᠤᠯᠠ ᠲᠠᠯᠠᠪᠤᠷ᠎ᠲᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠡᠩᠨᠡᠭᠡ ᠵᠢ ᠰᠢᠯᠭ᠋ᠠᠨ ᠦᠵᠡᠬᠦ ᠶᠠᠪᠤᠳᠠᠯ ᠪᠣᠯᠤᠨ᠎ᠠ᠃

     ᠵᠢᠷᠠᠨ ᠭᠤᠷᠪᠠᠳᠤᠭ᠋ᠠᠷ ᠵᠦᠢ᠍ᠯ   ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ᠎ᠳᠤ ᠬᠢᠨᠠᠨ ᠵᠥᠪᠰᠢᠶᠡᠷᠡᠬᠦ ᠲᠦᠷᠢᠮ᠎ᠢ ᠴᠢᠩᠳᠠᠯᠠᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠣᠷᠣᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠠᠷᠴᠢᠮ ᠳᠡᠭᠡᠷ᠎ᠡ᠎ᠪᠠᠨ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠵᠦ ᠪᠣᠯᠬᠤ ᠦᠭᠡᠢ; ᠣᠨᠴᠠᠭ᠋ᠠᠶ ᠪᠠᠶ᠋ᠢᠳᠠᠯ᠎ᠤᠨ ᠳᠣᠣᠷ᠎ᠠ ᠦᠨᠡᠬᠡᠷ ᠰᠢᠯᠭ᠋ᠠᠨ ᠦᠵᠡᠬᠦ ᠴᠢᠬᠤᠯᠠᠲᠠᠶ ᠪᠠᠶ᠋ᠢᠪᠠᠯ᠂ ᠮᠤᠵᠢ ᠵᠢᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠲᠤᠰᠬᠠᠶ ᠣᠷᠣᠨ (ᠬᠤᠳᠠ)᠎ᠤ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ᠎ᠳᠤ᠎ᠪᠠᠨ ᠮᠤᠵᠢ ᠵᠢᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠶᠡᠭᠡ ᠰᠤᠷᠭ᠋ᠠᠭᠤᠯᠢ ᠳᠡᠭᠡᠳᠦ ᠰᠤᠷᠭ᠋ᠠᠭᠤᠯᠢ᠎ᠨᠤᠭᠤᠳ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ᠎ᠳᠤ᠎ᠪᠠᠨ ᠡᠷᠬᠢᠯᠡᠠ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃

      ᠵᠢᠷᠠᠨ ᠳᠥᠷᠪᠡᠳᠦᠭᠡᠷ ᠵᠦᠢ᠍ᠯ  ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠶᠣᠰᠤᠯᠠᠯ᠎ᠤᠨ ᠭᠤᠣᠯ ᠵᠢᠷᠤᠮ

     (ᠨᠢᠭᠡ) ᠴᠠᠭᠳᠠᠭ᠋ᠠᠨ᠎ᠤ ᠵᠢᠭᠰᠠᠭ᠋ᠠᠯ᠎ᠤᠨ ᠵᠢᠯᠤᠭᠤᠳᠤᠭᠴᠢ᠎ᠠᠴᠠ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠤᠳᠤᠷᠢᠳᠤᠯᠭ᠎ᠠ᠎ᠳᠤ ᠮᠡᠳᠡᠭᠦᠯᠬᠦ᠃

     (ᠬᠤᠶᠠᠷ) ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠤᠳᠤᠷᠢᠳᠤᠯᠭ᠎ᠠ᠎ᠠᠴᠠ ᠴᠠᠭᠳᠠᠭ᠋ᠠᠨ᠎ᠤ ᠵᠢᠭᠰᠠᠭ᠋ᠠᠯ ᠡᠬᠢᠯᠡᠬᠦ ᠵᠢ ᠵᠠᠷᠯᠠᠬᠤ᠃

     (ᠭᠤᠷᠪᠠ) ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠤᠳᠤᠷᠢᠳᠤᠯᠭ᠎ᠠ᠎ᠠᠴᠠ ᠴᠠᠭᠳᠠᠭ᠋ᠠᠨ᠎ᠤ ᠡᠩᠨᠡᠭᠡ ᠵᠢ ᠰᠢᠯᠭ᠋ᠠᠨ ᠦᠵᠡᠬᠦ᠃

     (ᠳᠥᠷᠪᠡ) ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠭᠰᠡᠨ ᠤᠳᠤᠷᠢᠳᠤᠯᠭ᠎ᠠ᠎ᠠᠴᠠ ᠶᠠᠷᠢᠶ᠎ᠠ ᠲᠠᠯᠪᠢᠬᠤ᠃

     (ᠲᠠᠪᠤ) ᠴᠠᠭᠳᠠᠭ᠋ᠠᠨ᠎ᠤ ᠵᠢᠭᠰᠠᠭ᠋ᠠᠯ᠎ᠤᠨ ᠵᠢᠯᠤᠭᠤᠳᠤᠭᠴᠢ᠎ᠠᠴᠠ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠭᠰᠡᠨ ᠤᠳᠤᠷᠢᠳᠤᠯᠭ᠎ᠠ᠎ᠳᠤ ᠮᠡᠳᠡᠭᠦᠯᠬᠦ᠃

     (ᠵᠢᠷᠭᠤᠭ᠎ᠠ) ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠭᠰᠡᠨ ᠤᠳᠤᠷᠢᠳᠤᠯᠭ᠎ᠠ᠎ᠠᠴᠠ ᠴᠠᠭᠳᠠᠭ᠋ᠠᠨ᠎ᠤ ᠵᠢᠭᠰᠠᠭ᠋ᠠᠯ ᠰᠢᠯᠭ᠋ᠠᠨ ᠦᠵᠡᠬᠦ ᠠᠵᠢᠯ ᠳᠠᠭᠤᠰᠤᠭᠰᠠᠨ᠎ᠢ ᠵᠠᠷᠯᠠᠬᠤ᠃

     

      ᠠᠷᠪᠠᠨ ᠳᠥᠷᠪᠡᠳᠦᠭᠡᠷ ᠪᠦᠯᠦᠭ ᠳᠠᠭ᠋ᠠᠯᠳᠤᠭᠤᠯᠤᠭᠰᠠᠨ ᠲᠦᠷᠢᠮ

      ᠵᠢᠷᠠᠨ ᠲᠠᠪᠤᠳᠤᠭ᠋ᠠᠷ ᠵᠦᠢ᠍ᠯ   ᠲᠤᠰ ᠳᠦᠷᠢᠮ᠎ᠢ ᠪᠦᠬᠦ ᠤᠯᠤᠰ᠎ᠤᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠲᠡᠮᠦᠷ ᠵᠡᠮ᠂ ᠵᠡᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠤᠢ ᠰᠢᠭᠤᠶ ᠵᠢᠨ ᠰᠢᠰᠲ᠋ᠧᠮ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠ ᠳᠠᠯᠳᠠᠭᠤᠷ ᠠᠷᠠᠯᠵᠢᠶᠠᠯᠠᠭᠰᠠᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠪᠠᠶ᠋ᠢᠭᠤᠯᠭ᠎ᠠ ᠵᠢᠴᠢ ᠠᠷᠠᠳ᠎ᠤᠨ ᠴᠠᠭᠳᠠᠭ᠎ᠠ᠎ᠳᠤ ᠬᠡᠷᠡᠭᠵᠢᠭᠦᠯᠦᠨ᠎ᠡ᠃

     ᠵᠢᠷᠠᠨ ᠵᠢᠷᠭᠤᠳᠤᠭ᠋ᠠᠷ ᠵᠦᠢ᠍ᠯ   ᠲᠤᠰ ᠲᠦᠷᠢᠮ᠎ᠢ ᠵᠥᠷᠢᠴᠡᠵᠦ᠂ ᠦᠢ᠍ᠯᠡ ᠪᠠᠶ᠋ᠢᠳᠠᠯ᠎ᠨᠢ ᠬᠥᠩᠭᠡᠪᠲᠦᠷ ᠪᠠᠶ᠋ᠢᠪᠠᠯ᠂ ᠰᠢᠭᠦᠮᠵᠢᠯᠡᠨ ᠰᠤᠷᠭ᠋ᠠᠬᠤ ᠵᠢᠨ ᠬᠠᠮᠲᠤ ᠲᠤᠬᠠᠶ ᠵᠢᠨ ᠲᠠᠯᠠᠪᠤᠷ᠎ᠲᠤ᠎ᠨᠢ ᠵᠠᠯᠠᠷᠠᠭᠤᠯᠬᠤ ᠬᠡᠷᠡᠭᠲᠡᠶ; ᠥᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠋ᠠᠨ᠎ᠤ ᠬᠠᠤᠯᠢ》᠂ 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠪᠠᠳᠠᠨ ᠪᠠᠶ᠋ᠢᠴᠠᠭ᠋ᠠᠬᠤ ᠲᠥᠷᠢᠮ》 ᠵᠡᠷᠭᠡ ᠬᠤᠯᠪᠣᠭᠳᠠᠯ ᠪᠥᠬᠦᠢ ᠲᠣᠭᠲᠠᠭ᠋ᠠᠯ᠎ᠢ ᠦᠨᠳᠦᠰᠦᠯᠡᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ᠎ᠨᠢ ᠵᠣᠭᠰᠣᠭ᠋ᠠᠬᠤ᠂ ᠲᠤᠰᠠᠭ᠋ᠠᠷᠯᠠᠭᠤᠯᠬᠤ ᠠᠷᠭ᠎ᠠ ᠬᠡᠮᠵᠢᠶ᠎ᠡ ᠠᠪᠴᠤ᠂ ᠠᠵᠢᠯ᠎ᠠᠴᠠ᠎ᠨᠢ ᠵᠣᠭᠰᠣᠭ᠋ᠠᠬᠤ᠂ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠪᠤᠶᠤ ᠴᠠᠭᠳᠠᠭ᠋ᠠᠨ᠎ᠤ ᠴᠣᠯᠠ ᠵᠢ᠎ᠨᠢ ᠪᠠᠭᠤᠷᠠᠭᠤᠯᠬᠤ᠂ ᠴᠠᠭᠳᠠᠭ᠋ᠠᠨ᠎ᠤ ᠴᠣᠯᠠ ᠵᠢ᠎ᠨᠢ ᠬᠠᠰᠤᠬᠤ ᠵᠡᠷᠭᠡ᠎ᠪᠠᠷ ᠰᠢᠢ᠍ᠳᠪᠦᠷᠢᠯᠡᠬᠦ ᠬᠡᠷᠡᠭᠲᠡᠶ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     ᠵᠢᠷᠠᠨ ᠳᠣᠯᠣᠳᠤᠭ᠋ᠠᠷ ᠵᠦᠢ᠍ᠯ   ᠲᠤᠰ ᠲᠥᠷᠢᠮ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

     ᠵᠢᠷᠠᠨ ᠨᠠᠢ᠍ᠮᠠᠳᠤᠭ᠋ᠠᠷ ᠵᠦᠢ᠍ᠯ  ᠲᠤᠰ ᠲᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 1984 ᠣᠨ᠎ᠤ 6 ᠰᠠᠷ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠨᠡᠶ᠋ᠢᠲᠡᠯᠡᠵᠦ ᠬᠡᠷᠡᠭᠵᠢᠭᠦᠯᠦᠭᠰᠡᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠋ᠠᠨ᠎ᠤ ᠳᠣᠲᠣᠭ᠋ᠠᠳᠤ ᠶᠠᠪᠤᠳᠠᠯ᠎ᠤᠨ ᠲᠦᠷᠢᠮ》 (ᠲᠤᠷᠰᠢᠨ ᠬᠡᠷᠡᠭᠵᠢᠭᠦᠯᠬᠦ)᠎ᠢ ᠳᠠᠭ᠋ᠠᠤ᠎ᠳᠤ᠎ᠨᠢ ᠬᠦᠴᠦᠨ ᠤᠢ᠍ᠭᠡᠢ ᠪᠣᠯᠭ᠋ᠠᠨ᠎ᠠ᠃ ᠳᠣᠲᠣᠭ᠋ᠠᠳᠤ ᠶᠠᠪᠤᠳᠠᠯ᠎ᠤᠨ ᠪᠠᠶ᠋ᠢᠭᠤᠯᠤᠯᠲᠠ᠎ᠳᠤ ᠬᠤᠯᠪᠣᠭᠳᠠᠬᠤ ᠪᠤᠰᠤᠳ ᠲᠣᠭᠲᠠᠭ᠋ᠠᠯ᠎ᠨᠢ ᠲᠤᠰ ᠲᠥᠷᠢᠮ᠎ᠲᠠᠢ ᠨᠢᠭᠡᠳᠦᠯ ᠥᠭᠡᠢ ᠪᠠᠶ᠋ᠢᠪᠠᠯ᠂ ᠲᠤᠰ ᠲᠥᠷᠢᠮ ᠵᠶ᠋ᠠᠷ ᠪᠠᠷᠢᠮᠵᠢᠶ᠎ᠠ ᠪᠣᠯᠭ᠋ᠠᠨ᠎ᠠ᠃

 

ᠢᠷᠡᠯᠲᠡ᠄ ᠲᠣᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠦᠯᠵᠢᠶ᠎ᠡ