ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠵᠢᠭ᠋ᠠᠪᠤᠷᠢ ᠪᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠬᠠᠷᠢᠴᠠᠯᠠᠰᠢ ᠥᠬᠡᠶ ᠤᠳᠤᠷᠢᠳᠤᠯᠭ᠎ᠠ ᠵᠢ ᠪᠠᠷᠢᠮᠲᠠᠯᠠᠵᠤ ᠂ 《 ᠳᠥᠷᠪᠡᠨ ᠤᠬᠠᠮᠰᠠᠷ 》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《ᠠᠷᠪᠠ ᠵᠢ ᠴᠢᠩᠭ᠎ᠠ ᠴᠠᠭ᠋ᠠᠵᠠᠯᠠᠬᠤ》 ᠵᠢ ᠤᠬᠠᠮᠰᠠᠷ᠎ᠠᠴᠠ᠎ᠪᠠᠨ ᠵᠢᠷᠤᠮᠯᠠᠬᠤ ᠬᠡᠷᠡᠭᠲᠡᠶ᠃
ᠨᠢᠭᠡ᠂ ᠬᠣᠶᠠᠷ ᠨᠢᠭᠤᠷᠳᠡᠠ ᠪᠣᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠤᠯᠤᠰ ᠲᠦᠷᠦ ᠵᠢᠨ ᠰᠠᠬᠢᠯᠭ᠎ᠠ ᠪᠠᠲᠤ᠂ ᠤᠯᠤᠰ ᠲᠦᠷᠦ ᠵᠢᠨ ᠶᠣᠰᠣ ᠲᠦᠷᠢᠮ᠎ᠢ ᠵᠥᠷᠢᠴᠡᠵᠦ᠂ ᠨᠠᠮ᠎ᠳᠤ᠎ᠪᠠᠨ ᠦᠨᠡᠨᠴᠢ ᠰᠢᠳᠤᠷᠭᠤ ᠪᠤᠰᠤ᠂ ᠬᠤᠤᠪᠢᠯᠳᠤᠨ ᠰᠦᠯᠪᠡᠭᠡᠯᠡᠵᠦ ᠬᠤᠪᠢ ᠵᠢᠨ ᠠᠰᠢᠭ ᠬᠥᠭᠡᠭᠡᠴᠡᠯᠳᠦᠵᠦ᠂ ᠡᠪᠰᠡᠯ ᠪᠦᠯᠦᠭ ᠪᠠᠶ᠋ᠢᠭᠤᠯᠬᠤ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠃
ᠬᠣᠶᠠᠷ᠂ ᠵᠠᠷᠯᠢᠭ ᠪᠠᠶ᠋ᠢᠲᠠᠯ᠎ᠠ ᠳᠠᠭ᠋ᠠᠬᠤ ᠦᠭᠡᠢ᠂ ᠴᠠᠭ᠋ᠠᠵᠠᠯᠠᠵᠤ ᠪᠠᠶ᠋ᠢᠲᠠᠯ᠎ᠠ ᠵᠣᠭᠰᠣᠬᠤ ᠦᠭᠡᠢ ᠪᠠᠶ᠋ᠢᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠰᠢᠭᠤᠷᠬᠠᠢ ᠲᠤᠭᠤᠰᠢᠯᠠᠭᠤᠯᠤᠨ ᠬᠡᠷᠡᠭᠵᠢᠭᠦᠯᠬᠦ ᠦᠭᠡᠢ᠂ ᠰᠣᠩᠭᠣᠯᠲᠠ ᠬᠢᠵᠦ᠂ ᠵᠣᠬᠢᠴᠠᠭᠤᠯᠤᠨ ᠬᠤᠪᠢᠷᠠᠭᠤᠯᠵᠤ᠂ ᠳᠤᠲᠠᠭᠤ ᠲᠤᠷᠭᠤᠨ ᠬᠢᠵᠦ᠂ ᠳᠡᠭᠡᠷᠡᠬᠢ᠎ᠪᠠᠨ ᠮᠡᠬᠡᠯᠡᠵᠦ ᠳᠣᠣᠷᠠᠬᠢ᠎ᠪᠠᠨ ᠬᠠᠭᠤᠷᠴᠤ᠂ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠴᠦ᠂ ᠵᠢᠭ᠋ᠠᠪᠤᠷᠢ ᠠᠪᠴᠤ ᠮᠡᠳᠡᠭᠦᠯᠬᠦ ᠲᠦᠷᠢᠮ᠎ᠢ ᠵᠢᠷᠤᠮᠯᠠᠬᠤ ᠦᠭᠡᠢ ᠪᠠᠶ᠋ᠢᠬᠤ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠃
ᠭᠤᠷᠪᠠ᠂ ᠪᠤᠷᠤᠭᠤ ᠦᠵᠡᠯ ᠰᠠᠨᠠᠭ᠋ᠠᠨ᠎ᠤ ᠤᠷᠤᠰᠬᠠᠯ᠎ᠤᠨ ᠨᠡᠷᠪᠡᠯᠲᠡ ᠵᠢ ᠳᠤᠷ᠎ᠠ᠎ᠪᠠᠷ᠎ᠨᠢ ᠲᠠᠯᠪᠢᠬᠤ ᠶᠠᠪᠤᠳᠠᠯ᠎ᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠵᠥᠪ ᠪᠤᠷᠤᠭᠤ ᠵᠢᠨ ᠠᠰᠠᠭᠤᠳᠠᠯ ᠳᠡᠭᠡᠷ᠎ᠡ ᠲᠠᠨᠢᠯᠲᠠ ᠪᠠᠯᠠᠷᠬᠠᠢ᠂ ᠵᠣᠭᠰᠣᠯᠲᠠ ᠭᠤᠶ᠋ᠢᠪᠢᠯᠵᠠᠵᠤ᠂ ᠥᠷᠥᠨᠡᠳᠠᠬᠢᠨ᠎ᠤ 《ᠦᠨᠳᠦᠰᠦᠨ ᠬᠠᠤᠯᠢᠲᠤ ᠵᠠᠰᠠᠭ》 《ᠭᠤᠷᠪᠠᠨ ᠡᠷᠬᠡ ᠲᠤᠰᠠᠭ᠋ᠠᠷᠯᠠᠬᠤ》᠂ 《ᠬᠠᠤᠯᠢ ᠪᠠᠷᠢᠬᠤ ᠵᠢ ᠲᠤᠰᠠᠭ᠋ᠠᠷᠯᠠᠬᠤ》 ᠵᠡᠷᠭᠡ ᠣᠪᠣᠷ᠎ᠲᠤ ᠪᠠᠯᠠᠷᠬᠠᠢ ᠬᠠᠨᠳᠤᠵᠤ᠂ ᠬᠤᠷᠴᠠ ᠰᠡᠯᠡᠮ᠎ᠡ᠎ᠪᠠᠨ ᠭᠠᠷᠭ᠋ᠠᠬᠤ ᠵᠣᠷᠢᠭ ᠦᠭᠡᠢ ᠪᠠᠶ᠋ᠢᠬᠤ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠃
ᠲᠦᠷᠪᠡ᠂ ᠵᠦᠢ ᠪᠤᠰᠤ᠎ᠪᠠᠷ ᠶᠠᠪᠤᠯᠴᠠᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ᠎ᠳᠤ ᠭᠠᠷ ᠲᠦᠷᠦᠭᠦ ᠵᠢ ᠴᠢᠩᠭ᠎ᠠ ᠴᠠᠭ᠋ᠠᠵᠠᠯᠠᠨ᠎ᠠ᠃ 《ᠭᠤᠷᠪᠠᠨ ᠲᠣᠭᠲᠠᠭ᠋ᠠᠯ》᠎ᠢ ᠵᠥᠷᠢᠴᠡᠵᠦ᠂ ᠨᠠᠶ᠋ᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠬᠦ᠂ ᠦᠨᠡᠨ ᠪᠤᠲᠠᠲᠠᠢ ᠲᠡᠮᠳᠡᠭᠯᠡᠵᠦ ᠮᠡᠳᠡᠭᠦᠯᠬᠦ ᠦᠭᠡᠢ᠂ ᠵᠦᠢ ᠪᠤᠰᠤ᠎ᠪᠠᠷ ᠬᠠᠷᠢᠯᠴᠠᠵᠤ ᠶᠠᠪᠤᠯᠴᠠᠬᠤ᠂ ᠬᠠᠤᠯᠢ ᠴᠠᠭ᠋ᠠᠵᠠ ᠵᠢᠨ ᠵᠠᠪᠰᠢᠭᠴᠢ ᠪᠣᠯᠬᠤ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠃
ᠲᠠᠪᠤ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠵᠤ᠂ ᠬᠤᠪᠢ ᠵᠢᠨ ᠨᠠᠶ᠋ᠢᠷ ᠵᠶ᠋ᠠᠷ ᠬᠠᠤᠯᠢ ᠴᠠᠭ᠋ᠠᠵᠠ ᠵᠢ ᠭᠠᠵᠢᠭᠤᠳᠠᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ 《ᠬᠠᠷᠢᠴᠠᠭ᠎ᠠ᠎ᠪᠠᠷ ᠬᠡᠷᠡᠭ ᠰᠢᠢ᠍ᠳᠪᠦᠷᠢᠯᠡᠬᠦ》᠂ 《ᠨᠠᠶ᠋ᠢᠷ ᠲᠠᠯ᠎ᠠ᠎ᠪᠠᠷ ᠬᠡᠷᠡᠭ ᠰᠢᠢ᠍ᠳᠪᠦᠷᠢᠯᠡᠬᠦ》᠂ 《ᠵᠣᠭᠣᠰ ᠮᠥᠩᠭᠥ᠎ᠪᠠᠷ ᠬᠡᠷᠡᠭ ᠰᠢᠢ᠍ᠳᠪᠦᠷᠢᠯᠡᠬᠦ》 ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠂ ᠬᠡᠷᠡᠭ ᠪᠠᠶ᠋ᠢᠲᠠᠯ᠎ᠠ ᠬᠡᠷᠡᠭ ᠪᠣᠯᠭ᠋ᠠᠨ ᠳᠠᠩᠰᠠᠯᠠᠬᠤ ᠦᠭᠡᠢ᠂ ᠬᠡᠷᠡᠭ᠎ᠢ ᠳᠠᠷᠤᠭ᠋ᠠᠳ ᠪᠠᠶ᠋ᠢᠴᠠᠭ᠋ᠠᠬᠤ ᠦᠭᠡᠢ᠂ ᠶᠠᠯ᠎ᠠ᠎ᠲᠠᠢ ᠪᠠᠶ᠋ᠢᠲᠠᠯ᠎ᠠ ᠨᠡᠬᠡᠮᠵᠢᠯᠡᠬᠦ ᠦᠭᠡᠢ᠂ ᠲᠣᠭᠲᠠᠭ᠋ᠠᠯ᠎ᠢ ᠵᠥᠷᠢᠴᠡᠨ ᠡᠷᠡᠭᠦᠦ ᠰᠢᠳᠬᠡᠯ᠎ᠢ᠎ᠨᠢ ᠬᠠᠰᠤᠬᠤ᠂ ᠲᠡᠨᠭᠰᠡᠨ ᠰᠤᠯᠠᠯᠠᠬᠤ᠂ ᠲᠦᠷ ᠭᠢᠨᠳᠠᠨ᠎ᠤ ᠭᠠᠳᠠᠨ᠎ᠠ ᠭᠦᠢ᠍ᠴᠡᠳᠬᠡᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠃
ᠵᠢᠷᠭᠤᠭ᠎ᠠ᠂ ᠲᠣᠭᠲᠠᠭ᠋ᠠᠯ᠎ᠠᠴᠠ ᠵᠥᠷᠢᠴᠡᠨ ᠠᠰᠢᠭ ᠬᠣᠨᠵᠢᠪᠣᠷᠢ ᠣᠯᠬᠤ ᠠᠵᠢᠯᠯᠠᠭ᠎ᠠ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠠᠵᠤ ᠠᠬᠤᠶ᠋ᠢᠯᠠᠯ ᠡᠵᠡᠩᠨᠡᠨ ᠡᠷᠬᠢᠯᠡᠬᠦ᠂ ᠲᠣᠭᠲᠠᠭ᠋ᠠᠯ᠎ᠠᠴᠠ ᠵᠥᠷᠢᠴᠡᠨ ᠬᠤᠪᠢ ᠣᠷᠣᠭᠤᠯᠵᠤ ᠵᠢᠭᠡᠯᠡᠯᠭᠡ ᠵᠢᠭᠡᠯᠡᠬᠦ᠂ ᠬᠠᠨᠢ ᠨᠥᠬᠥᠷ᠂ ᠦᠷ᠎ᠡ ᠬᠡᠦᠬᠡᠳ ᠵᠢᠴᠢ ᠬᠠᠨᠢ ᠨᠥᠬᠥᠷ ᠵᠶ᠋ᠠᠨ ᠳᠤᠷ᠎ᠠ᠎ᠪᠠᠷ᠎ᠨᠢ ᠲᠠᠯᠪᠢᠵᠤ ᠲᠣᠭᠲᠠᠭ᠋ᠠᠯ᠎ᠠᠴᠠ ᠵᠥᠷᠢᠴᠡᠨ ᠡᠵᠡᠩᠨᠡᠯᠲᠡ ᠵᠢᠨ ᠠᠵᠢᠯᠯᠠᠭ᠎ᠠ ᠡᠷᠬᠢᠯᠡᠬᠦ᠂ ᠡᠷᠬᠡ ᠲᠤᠰᠢᠶᠠᠯ ᠪᠤᠶᠤ ᠨᠥᠯᠥᠭᠡᠯᠡᠬᠦ ᠬᠦᠴᠦᠨ ᠵᠶ᠋ᠠᠨ ᠠᠰᠢᠭᠯᠠᠨ ᠬᠤᠪᠢ ᠵᠢᠨ ᠠᠰᠢᠭ ᠬᠥᠭᠡᠭᠡᠴᠡᠯᠳᠦᠬᠦ ᠵᠢ ᠣᠭᠲᠣ ᠵᠥᠪᠰᠢᠶᠡᠷᠡᠬᠦ ᠦᠭᠡᠶ᠃
ᠲᠤᠯᠤᠭ᠎ᠠ᠂ ᠬᠠᠷ᠎ᠠ ᠪᠦᠯᠦᠭᠳᠡᠨ ᠬᠠᠷᠭᠢᠰ ᠬᠦᠴᠦᠨ᠎ᠢ ᠥᠮᠥᠭᠯᠡᠨ ᠳᠤᠷ᠎ᠠ᠎ᠪᠠᠷ᠎ᠨᠢ ᠲᠠᠯᠪᠢᠬᠤ ᠵᠢ ᠴᠢᠩᠭ᠎ᠠ ᠴᠠᠭ᠋ᠠᠵᠠᠯᠠᠨ᠎ᠠ᠃ ᠬᠠᠷ᠎ᠠ ᠪᠦᠯᠦᠭᠳᠡᠨ ᠬᠠᠷᠭᠢᠰ ᠬᠦᠴᠦᠨ᠎ᠤ ᠠᠵᠢᠯᠯᠠᠭ᠎ᠠ ᠵᠢ ᠬᠠᠷᠠᠵᠤ ᠪᠠᠶ᠋ᠢᠭ᠋ᠠᠳ ᠬᠠᠶ᠋ᠢᠬᠤᠷᠬᠤ ᠦᠭᠡᠢ᠂ ᠳᠤᠷ᠎ᠠ᠎ᠪᠠᠷ᠎ᠨᠢ ᠲᠠᠯᠪᠢᠵᠤ᠂ ᠬᠠᠷ᠎ᠠ ᠪᠦᠯᠦᠭᠳᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠠᠵᠢᠯᠯᠠᠭ᠎ᠠ ᠵᠢ ᠳᠤᠷ᠎ᠠ᠎ᠪᠠᠷ᠎ᠨᠢ ᠲᠠᠯᠪᠢᠵᠤ᠂ 《ᠬᠠᠮᠠᠭ᠋ᠠᠯᠠᠭᠴᠢ》 ᠪᠣᠯᠵᠤ ᠶᠠᠭ᠋ᠠᠬᠢᠭᠰᠠᠨ ᠴᠤ᠌ ᠪᠣᠯᠬᠤ ᠦᠭᠡᠢ᠃
ᠨᠠᠢ᠍ᠮᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ᠂ ᠡᠷᠬᠡ᠎ᠠᠴᠠ᠎ᠪᠠᠨ ᠳᠠᠪᠠᠵᠤ ᠬᠠᠤᠯᠢ᠎ᠠᠴᠠ ᠳᠠᠪᠠᠬᠤ᠂ ᠬᠡᠲᠦᠷᠡᠮᠡᠬᠡᠢ ᠬᠠᠤᠯᠢ ᠬᠡᠷᠡᠭᠵᠢᠭᠦᠯᠬᠦ᠂ ᠲᠤᠷᠰᠢᠨ ᠪᠠᠶ᠋ᠢᠴᠠᠭ᠋ᠠᠬᠤ ᠠᠷᠭ᠎ᠠ ᠬᠡᠮᠵᠢᠶ᠎ᠡ᠂ ᠠᠯᠪᠠᠳᠠᠯᠭ᠎ᠠ ᠵᠢᠨ ᠠᠷᠭ᠎ᠠ ᠬᠡᠮᠵᠢᠶ᠎ᠡ᠂ ᠴᠢᠯᠥᠭᠡᠲᠦ ᠲᠠᠰᠤᠯᠤᠯᠲᠠ ᠵᠢᠨ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠬᠦ᠂ ᠠᠵᠤ ᠠᠬᠤᠶ ᠵᠢᠨ ᠵᠢᠭᠤᠷᠠᠯᠳᠤᠭ᠋ᠠᠨ᠎ᠳᠤ ᠭᠠᠷ ᠲᠦᠷᠦᠭᠦ ᠵᠢ ᠣᠭᠲᠣ ᠵᠥᠪᠰᠢᠶᠡᠷᠡᠬᠦ ᠦᠭᠡᠶ᠃
ᠶᠢᠰᠦ᠂ ᠡᠰᠡ ᠦᠢ᠍ᠯᠡᠳᠬᠦᠢ᠂ ᠳᠤᠷ᠎ᠠ᠎ᠪᠠᠷ ᠵᠶ᠋ᠠᠨ ᠦᠢ᠍ᠯᠡᠳᠬᠦᠢ᠂ ᠣᠨᠴᠠ ᠡᠷᠬᠡ ᠶᠠᠪᠤᠭᠤᠯᠵᠤ ᠰᠦᠷ ᠮᠠᠨᠳᠤᠭᠤᠯᠬᠤ ᠵᠢ ᠴᠢᠩᠭ᠎ᠠ ᠴᠠᠭ᠋ᠠᠵᠠᠯᠠᠨ᠎ᠠ᠃ ᠣᠯᠠᠨ ᠲᠦᠮᠡᠨ᠎ᠤ ᠠᠰᠢᠭ ᠲᠤᠰᠠ ᠵᠢ ᠬᠠᠶ᠋ᠢᠬᠤᠷᠬᠤ ᠦᠭᠡᠶ᠂ ᠣᠯᠠᠨ ᠲᠦᠮᠡᠨ᠎ᠳᠤ ᠳᠥᠭᠥᠮ ᠪᠦᠳᠦᠭᠦᠯᠢᠭ ᠵᠶ᠋ᠠᠷ ᠬᠠᠨᠳᠤᠵᠤ᠂ ᠬᠠᠷᠢᠯᠴᠠᠨ ᠲᠦᠯᠬᠢᠯᠴᠡᠵᠦ᠂ ᠪᠣᠰᠣᠳ᠎ᠤᠨ ᠡᠳ᠋ ᠵᠢ ᠠᠪᠴᠤ ᠵᠣᠷᠢᠭᠤᠳᠠ᠎ᠪᠠᠷ ᠬᠠᠰᠢᠬᠤ ᠵᠢ ᠣᠭᠲᠣ ᠵᠥᠪᠰᠢᠶᠡᠷᠡᠬᠦ ᠦᠭᠡᠶ᠃
ᠠᠷᠪᠠ᠂ ᠴᠢᠮᠡᠭᠡ ᠰᠤᠷᠠᠭ᠎ᠢ ᠬᠦᠭᠡᠭᠡᠴᠡᠯᠳᠦᠨ ᠨᠢᠭᠤᠴᠠ ᠵᠢ ᠵᠠᠳᠠᠷᠠᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠨᠠᠮ ᠪᠠ ᠤᠯᠤᠰ᠎ᠤᠨ ᠨᠢᠭᠤᠴᠠ᠂ ᠤᠯᠤᠰ ᠲᠦᠷᠤ ᠬᠠᠤᠯᠢ ᠴᠠᠭ᠋ᠠᠵᠠ ᠵᠢᠨ ᠠᠵᠢᠯ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ ᠵᠢ ᠶᠠᠮᠠᠷᠪᠠ ᠬᠡᠯᠪᠡᠷᠢ᠎ᠪᠠᠷ ᠵᠠᠳᠠᠷᠠᠭᠤᠯᠬᠤ ᠵᠢ ᠤᠬᠳᠤ ᠵᠥᠪᠰᠢᠶᠡᠷᠡᠬᠦ ᠦᠭᠡᠢ᠃
《ᠠᠷᠪᠠ ᠵᠢ ᠴᠢᠩᠭ᠎ᠠ ᠴᠠᠭ᠋ᠠᠵᠠᠯᠠᠬᠤ》 ᠵᠢ ᠵᠥᠷᠢᠴᠡᠭᠰᠡᠨ ᠪᠦᠬᠦᠨ᠎ᠢ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠰᠢᠢ᠍ᠳᠪᠦᠷᠢᠯᠡᠨ᠎ᠡ᠃