ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠲᠣᠭᠲᠠᠭ᠋ᠠᠯ᠎ᠠᠴᠠ ᠵᠥᠷᠢᠴᠡᠨ ᠠᠷᠢᠬᠢ ᠤᠤᠭᠤᠬᠤ ᠵᠢ ᠡᠷᠡᠰ ᠴᠠᠭ᠋ᠠᠵᠠᠯᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠣᠭᠲᠠᠭ᠋ᠠᠯ
ᠨᠡᠶ᠋ᠢᠲᠡᠯᠡᠭᠰᠡᠨ ᠴᠠᠭ᠄ 2022-03-09

      ᠨᠢᠭᠡ᠂ ᠠᠯᠪᠠᠯᠠᠬᠤ ᠡᠳᠦᠷ᠎ᠲᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
      ᠬᠣᠶᠠᠷ᠂ ᠵᠢᠵᠢᠭᠦᠷᠯᠡᠬᠦ᠂ ᠦᠢ᠍ᠯᠡᠴᠢᠯᠡᠭᠡᠨ᠎ᠤ ᠠᠵᠢᠯ᠂ ᠪᠡᠯᠡᠳᠬᠡᠯ ᠠᠵᠢᠯ ᠬᠢᠬᠦ᠂ ᠠᠯᠪᠠᠨ ᠠᠵᠢᠯ ᠵᠶ᠋ᠠᠷ ᠭᠠᠳᠠᠭᠰᠢ ᠭᠠᠷᠬᠤ ᠵᠢᠴᠢ ᠬᠦᠨᠳᠦ ᠶᠡᠬᠡ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠤᠭᠤᠴᠠᠭ᠋ᠠᠨ᠎ᠳᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
      ᠭᠤᠷᠪᠠ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ᠂ ᠬᠤᠷᠠᠯ᠎ᠳᠤ ᠣᠷᠣᠯᠴᠠᠬᠤ᠂ ᠰᠤᠷᠤᠯᠴᠠᠯᠭ᠎ᠠ ᠪᠣᠯᠪᠠᠰᠤᠷᠠᠭᠤᠯᠤᠯ᠎ᠳᠤ ᠣᠷᠣᠯᠴᠠᠬᠤ᠂ ᠪᠠᠶ᠋ᠢᠴᠠᠭ᠋ᠠᠵᠤ ᠬᠢᠨᠠᠨ ᠵᠢᠯᠣᠭᠣᠳᠬᠤ᠂ ᠪᠠᠶ᠋ᠢᠴᠠᠭ᠋ᠠᠨ ᠰᠤᠳᠤᠯᠤᠯᠲᠠ ᠬᠢᠬᠦ᠂ ᠵᠢᠭ᠋ᠠᠪᠤᠷᠢ ᠠᠪᠴᠤ ᠬᠠᠷᠢᠭᠤ ᠮᠡᠳᠡᠭᠦᠯᠬᠦ᠂ ᠰᠤᠷᠪᠤᠯᠵᠢᠯᠠᠵᠤ ᠲᠣᠬᠣᠨᠢᠭᠤᠯᠬᠤ ᠵᠡᠷᠭᠡ ᠠᠯᠪᠠᠨ ᠠᠵᠢᠯᠯᠠᠭ᠎ᠠ ᠵᠢᠨ ᠬᠤᠭᠤᠴᠠᠭ᠋ᠠᠨ᠎ᠳᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
      ᠲᠦᠷᠪᠡ᠂ ᠺᠠᠳ᠋ᠷ᠎ᠢ ᠳᠡᠪᠰᠢᠭᠦᠯᠬᠦ᠂ ᠰᠢᠯᠵᠢᠭᠦᠯᠬᠦ᠂ ᠨᠠᠰᠤᠨ᠎ᠤ ᠠᠮᠠᠷᠠᠯᠲᠠ ᠠᠪᠬᠤ᠂ ᠬᠥᠬᠢᠭᠦᠯᠦᠨ ᠱᠠᠩᠨᠠᠬᠤ᠂ ᠪᠠᠶᠠᠷ᠎ᠤᠨ ᠶᠣᠰᠣᠯᠠᠯ ᠬᠢᠵᠦ ᠭᠠᠪᠢᠶ᠎ᠠ ᠲᠡᠮᠳᠡᠭᠯᠡᠬᠦ ᠵᠡᠷᠭᠡ᠎ᠪᠠᠷ ᠰᠢᠯᠲᠠᠭ ᠪᠣᠯᠭ᠋ᠠᠵᠤ ᠣᠯᠠᠭᠤᠯᠠ ᠨᠡᠶ᠋ᠢᠯᠡᠵᠦ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
      ᠲᠠᠪᠤ᠂ ᠠᠰᠢᠭ ᠲᠤᠰᠠ ᠤᠯᠬᠤ᠎ᠪᠠᠷ ᠵᠣᠷᠢᠯᠭ᠎ᠠ ᠪᠣᠯᠭ᠋ᠠᠭᠰᠠᠨ᠂ ᠡᠭᠦᠷᠭᠡ ᠲᠤᠰᠢᠶᠠᠯ ᠵᠶ᠋ᠠᠨ ᠲᠥᠪ ᠭᠣᠣᠯᠴᠢ᠎ᠪᠠᠷ ᠭᠦᠢ᠍ᠴᠡᠳᠬᠡᠬᠦ ᠵᠢ ᠨᠥᠯᠥᠭᠡᠯᠡᠵᠦ ᠮᠡᠳᠡᠬᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠦᠷᠢ ᠲᠥᠷᠬᠦ ᠵᠢ ᠬᠣᠬᠢᠷᠠᠭᠤᠯᠬᠤ ᠵᠡᠷᠭᠡ ᠲᠣᠭᠲᠠᠭ᠋ᠠᠯ᠎ᠢ ᠵᠥᠷᠢᠴᠡᠭᠰᠡᠨ ᠳᠠᠶ᠋ᠢᠯᠠᠯᠭ᠎ᠠ᠎ᠳᠤ ᠣᠷᠣᠯᠴᠠᠵᠤ ᠠᠷᠢᠬᠢ ᠤᠤᠭᠤᠬᠤ ᠵᠢ ᠵᠣᠬᠢᠶᠠᠨ ᠪᠠᠶ᠋ᠢᠭᠤᠯᠬᠤ ᠪᠤᠶᠤ ᠲᠡᠭᠦᠨ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠨ᠎ᠠ;
      ᠵᠢᠷᠭᠤᠭ᠎ᠠ᠂ ᠠᠯᠪᠠᠯᠠᠬᠤ ᠭᠠᠵᠠᠷ᠂ ᠪᠠᠶ᠋ᠢᠭᠤᠯᠭ᠎ᠠ ᠵᠢᠨ ᠪᠠᠶ᠋ᠢᠷᠢ ᠪᠠ ᠳᠣᠲᠣᠭ᠋ᠠᠳᠤ ᠵᠢᠨ ᠬᠣᠭᠣᠯᠠᠨ ᠭᠡᠷ ᠵᠡᠷᠭᠡ ᠴᠠᠭᠳᠠᠭ᠋ᠠᠨ᠎ᠤ ᠬᠤᠸᠠᠷᠠᠨ᠎ᠳᠤ ᠪᠤᠶᠤ ᠠᠯᠪᠠᠨ ᠬᠤᠪᠴᠠᠰᠤ ᠡᠮᠦᠰᠴᠦ ᠤᠯᠠᠨ ᠨᠡᠶ᠋ᠢᠲᠡ ᠵᠢᠨ ᠲᠠᠯᠠᠪᠤᠷ᠎ᠲᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
      ᠲᠤᠯᠤᠭ᠎ᠠ᠂ ᠶᠠᠮᠠᠷᠪᠠ ᠴᠠᠭ᠂ ᠶᠠᠮᠠᠷᠪᠠ ᠭᠠᠵᠠᠷ᠎ᠲᠤ ᠠᠷᠢᠬᠢᠨ᠎ᠳᠤ ᠰᠣᠭᠲᠣᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
      ᠴᠢᠬᠤᠯᠠ ᠶᠡᠬᠡ ᠭᠠᠳᠠᠭ᠋ᠠᠳᠤ ᠶᠠᠪᠤᠳᠠᠯ᠎ᠤᠨ ᠠᠵᠢᠯᠯᠠᠭ᠎ᠠ᠎ᠳᠤ ᠦᠨᠡᠬᠡᠷ ᠠᠷᠢᠬᠢ ᠤᠤᠭᠤᠬᠤ ᠴᠢᠬᠤᠯᠠᠲᠠᠶ ᠪᠠᠶ᠋ᠢᠪᠠᠯ᠂ ᠡᠷᠬᠡᠪᠰᠢ ᠨᠢᠭᠡ ᠨᠢᠭᠡ ᠶᠠᠪᠤᠳᠠᠯ ᠵᠶ᠋ᠠᠷ ᠬᠢᠨᠠᠨ ᠵᠥᠪᠰᠢᠶᠡᠷᠡᠭᠦᠯᠬᠦ ᠵᠠᠷᠴᠢᠮ᠎ᠢ ᠪᠠᠷᠢᠮᠲᠠᠯᠠᠵᠤ᠂ ᠳᠠᠭ᠋ᠠᠭ᠋ᠠᠨ ᠠᠪᠴᠤ ᠰᠢᠢ᠍ᠳᠪᠦᠷᠢᠯᠡᠬᠦ ᠨᠢᠭᠡᠴᠢ᠎ᠠᠴᠠ ᠤᠴᠢᠷ ᠰᠢᠯᠲᠠᠭ᠋ᠠᠨ᠂ ᠴᠠᠭ ᠬᠤᠭᠤᠴᠠᠭ᠎ᠠ᠂ ᠭᠠᠵᠠᠷ ᠣᠷᠣᠨ᠂ ᠣᠷᠣᠯᠴᠠᠬᠤ ᠬᠦᠷᠢᠶ᠎ᠡ ᠬᠡᠪᠴᠢᠶ᠎ᠡ ᠵᠡᠷᠭᠡ ᠵᠢ ᠲᠣᠳᠣᠷᠬᠠᠶ ᠵᠢᠭᠰᠠᠭ᠋ᠠᠵᠤ᠂ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠭᠣᠣᠯ ᠤᠳᠤᠷᠢᠳᠤᠯᠭ᠎ᠠ᠎ᠳᠤ ᠱᠠᠳᠤ ᠱᠠᠳᠤ᠎ᠪᠠᠷ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ ᠬᠢᠨᠠᠨ ᠵᠥᠪᠰᠢᠶᠡᠷᠡᠭᠦᠯᠦᠭᠰᠡᠨ ᠦᠭᠡᠢ ᠪᠣᠯ ᠠᠷᠢᠬᠢ ᠤᠤᠭᠤᠵᠤ ᠪᠣᠯᠬᠤ ᠦᠭᠡᠢ᠃
      ᠲᠣᠭᠲᠠᠭ᠋ᠠᠯ᠎ᠢ ᠵᠥᠷᠢᠴᠡᠨ ᠠᠷᠢᠬᠢ ᠤᠤᠭᠤᠭᠰᠠᠳ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ᠎ᠨᠢ ᠴᠥᠮ ᠤᠷᠢᠳᠠᠪᠠᠷ ᠵᠣᠭᠰᠣᠭ᠋ᠠᠨ᠎ᠠ; ᠠᠷᠢᠬᠢᠨ᠎ᠳᠤ ᠰᠣᠭᠲᠣᠵᠤ ᠬᠡᠷᠡᠭ ᠡᠳᠦᠭᠰᠡᠳ᠎ᠢ ᠴᠥᠮ ᠤᠷᠢᠳᠠᠪᠠᠷ ᠲᠤᠰᠠᠭ᠋ᠠᠷᠯᠠᠨ ᠬᠣᠷᠢᠬᠤ ᠬᠡᠷᠡᠭᠲᠡᠶ; ᠬᠥᠮᠦᠵᠢᠯ ᠬᠠᠮᠢᠶᠠᠷᠤᠯᠲᠠ ᠬᠦᠷᠦᠯᠴᠡᠬᠦ ᠥᠬᠡᠶ᠎ᠠᠴᠠ ᠪᠣᠯᠵᠣ ᠲᠣᠭᠲᠠᠭ᠋ᠠᠯ᠎ᠠᠴᠠ ᠵᠥᠷᠢᠴᠡᠨ ᠠᠷᠢᠬᠢ ᠤᠤᠭᠤᠭᠰᠠᠨ᠎ᠠᠴᠠ ᠪᠣᠯᠵᠣ ᠬᠦᠨᠳᠦ ᠨᠣᠴᠢᠲᠠᠶ ᠤᠷᠰᠢᠭ ᠲᠠᠲᠠᠭᠰᠠᠳ᠎ᠤᠨ ᠰᠢᠭᠤᠳ ᠤᠳᠤᠷᠢᠳᠤᠯᠭ᠎ᠠ ᠵᠢ ᠴᠥᠮ ᠤᠷᠢᠳᠠᠪᠠᠷ ᠲᠤᠰᠢᠶᠠᠯ᠎ᠠᠴᠠ᠎ᠨᠢ ᠪᠠᠭᠤᠯᠭ᠋ᠠᠨ᠎ᠠ᠃ ᠡᠭᠦᠨ᠎ᠤ ᠬᠠᠮᠲᠤ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠢ ᠰᠠᠬᠢᠯᠭ᠎ᠠ ᠪᠠᠲᠤ ᠲᠦᠷᠢᠮ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠵᠦ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠢᠭᠤᠵᠤ ᠳᠠᠷᠤᠭ᠋ᠠᠳ ᠮᠡᠳᠡᠭᠦᠯᠬᠦ ᠦᠭᠡᠢ᠂ ᠬᠡᠷᠡᠭ᠎ᠢ ᠳᠠᠷᠤᠭ᠋ᠠᠳ ᠪᠠᠶ᠋ᠢᠴᠠᠭ᠋ᠠᠬᠤ ᠦᠭᠡᠢ᠂ ᠥᠮᠥᠭᠯᠡᠭᠰᠡᠨ ᠪᠠᠶ᠋ᠢᠪᠠᠯ᠂ ᠬᠣᠯᠪᠣᠭᠳᠠᠯ ᠪᠦᠬᠦᠢ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠨ᠎ᠡ᠃
      ᠲᠣᠰ ᠲᠣᠭᠲᠠᠭ᠋ᠠᠯ᠎ᠨᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ᠂ ᠠᠵᠢᠯ ᠦᠢ᠍ᠯᠡᠰ᠎ᠤᠨ ᠣᠷᠣᠨ ᠲᠣᠭ᠎ᠠ ᠵᠢᠨ ᠠᠵᠢᠯᠲᠠᠨ᠂ ᠠᠵᠢᠯᠲᠠᠨ ᠠᠵᠢᠯᠴᠢᠨ᠂ ᠴᠠᠭᠳᠠᠭ᠋ᠠᠨ᠎ᠤ ᠶᠠᠪᠤᠳᠠᠯ᠎ᠤᠨ ᠬᠠᠪᠰᠤᠷᠤᠭᠴᠢ ᠠᠵᠢᠯᠲᠠᠨ ᠵᠡᠷᠭᠡ᠎ᠳᠤ ᠲᠣᠬᠢᠷᠠᠨ᠎ᠠ᠃
      ᠲᠣᠰ ᠲᠣᠭᠲᠠᠭ᠋ᠠᠯ᠎ᠢ 2019 ᠣᠨ᠎ᠤ 5 ᠰᠠᠷ᠎ᠠ ᠵᠢᠨ 19᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠬᠢᠨᠠᠯᠲᠠ ᠲᠠᠯᠪᠢᠬᠤ ᠤᠲᠠᠰᠤ᠄ 12389

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ