ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠨᠤᠲᠤᠭ ᠪᠡᠯᠴᠢᠭᠡᠷ᠎ᠢ ᠡᠪᠳᠡᠭᠰᠡᠳ᠎ᠢ ᠰᠢᠢ᠍ᠳᠭᠡᠬᠦ ᠪᠠᠷᠢᠮᠵᠢᠶ᠎ᠠ
ᠨᠡᠶ᠋ᠢᠲᠡᠯᠡᠭᠰᠡᠨ ᠴᠠᠭ᠄ 2023-11-12

     ᠡᠯᠡᠰᠦᠨ ᠴᠥᠯ᠂ ᠬᠠᠭ᠋ᠠᠰ ᠡᠯᠡᠰᠦᠨ ᠴᠥᠯ ᠪᠠ ᠬᠦᠨᠳᠦ ᠨᠣᠴᠢᠲᠠᠶ ᠮᠠᠭᠤᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠢ᠌ᠷᠬᠠᠭ ᠴᠦᠯᠵᠢᠭᠰᠡᠨ᠂ ᠬᠥᠷᠥᠰᠥ ᠰᠢᠷᠣᠶ ᠢᠳᠡᠭᠳᠡᠭᠰᠡᠨ ᠨᠤᠲᠤᠭ ᠪᠡᠯᠴᠢᠭᠡᠷ᠎ᠲᠤ ᠵᠢᠴᠢ ᠠᠮᠢ ᠠᠬᠤᠶ ᠬᠡᠪᠡᠷᠡᠭ ᠣᠷᠣᠨ᠎ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠭᠰᠠᠨ ᠪᠤᠶᠤ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠡᠪᠳᠡᠬᠦ ᠪᠤᠰᠤᠳ ᠠᠵᠢᠯᠯᠠᠭ᠎ᠠ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠡᠠ ᠠᠪᠬᠤ ᠪᠥᠭᠡᠳ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠᠶ᠋ᠢᠬᠤ ᠤᠢ᠍ᠭᠡᠢ ᠪᠣᠯ ᠲᠠᠪᠤᠨ ᠲᠦᠮᠡᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠨᠤᠲᠤᠭ ᠪᠡᠯᠴᠢᠭᠡᠷ᠎ᠤᠨ ᠥᠮᠴᠢᠯᠡᠭᠴᠢ ᠪᠤᠶᠤ ᠬᠡᠷᠡᠭᠯᠡᠭᠴᠢ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃

      ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ

     《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠵᠢᠷᠠᠨ ᠵᠢᠷᠭᠤᠳᠤᠭ᠋ᠠᠷ ᠵᠦᠢ᠍ᠯ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠠᠭ᠋ᠠᠯᠪᠤᠷᠢᠯᠠᠭ᠋ᠠᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠡᠷᠡᠭᠦᠦ ᠵᠢᠨ ᠰᠢᠢ᠍ᠳᠭᠡᠯ ᠥᠭᠬᠦ ᠬᠡᠮᠵᠢᠶᠡᠨ᠎ᠳᠤ ᠬᠦᠷᠦᠭᠰᠡᠠ ᠤᠢ᠍ᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠡᠠ ᠠᠪᠴᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠᠶ᠋ᠢᠬᠤ ᠤᠢ᠍ᠭᠡᠢ ᠪᠣᠯ ᠲᠠᠪᠤᠨ ᠲᠦᠮᠡᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠨᠤᠲᠤᠭ ᠪᠡᠯᠴᠢᠭᠡᠷ᠎ᠤᠨ ᠥᠮᠴᠢᠯᠡᠭᠴᠢ ᠪᠤᠶᠤ ᠬᠡᠷᠡᠭᠯᠡᠭᠴᠢ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃

 

ᠢᠷᠡᠯᠲᠡ᠄ ᠰᠦᠯᠵᠢᠶ᠎ᠡ᠎ᠠᠴᠠ ᠱᠦᠭᠦᠪᠡ