1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃
2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)
ᠵᠢᠷᠭᠤᠳᠤᠭ᠋ᠠᠷ ᠪᠦᠯᠦᠭ ᠬᠠᠤᠯᠢ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ
ᠳᠥᠴᠢᠨ ᠬᠤᠶᠠᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠪᠠᠨ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠪᠠ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠨ᠎ᠡ᠃
ᠳᠥᠴᠢᠨ ᠭᠤᠷᠪᠠᠳᠤᠭ᠋ᠠᠷ ᠵᠦᠢ᠍ᠯ ᠠᠷᠠᠳ᠎ᠤᠨ ᠴᠠᠭᠳᠠᠭ᠋ᠠᠨ᠎ᠤ ᠳᠡᠭᠡᠷ᠎ᠡ ᠱᠠᠳᠤᠨ᠎ᠤ ᠪᠠᠢ᠌ᠭᠤᠯᠭ᠎ᠠ᠎ᠨᠢ ᠳᠣᠣᠷ᠎ᠠ ᠱᠠᠳᠤᠨ᠎ᠤ ᠪᠠᠢ᠌ᠭᠤᠯᠭ᠎ᠠ ᠵᠢᠨ ᠵᠶ᠋ᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠬᠢᠨᠠᠯᠲᠠ ᠲᠠᠯᠪᠢᠬᠤ ᠮᠥᠷᠳᠡᠭᠡᠨ ᠲᠡᠭᠦᠨ᠎ᠤ ᠭᠠᠷᠭ᠋ᠠᠭᠰᠠᠨ ᠰᠢᠢ᠍ᠳᠪᠦᠷᠢᠯᠡᠯᠳᠡ ᠪᠤᠶᠤ ᠲᠣᠭᠲᠠᠭ᠋ᠠᠯ᠎ᠳᠤ ᠪᠤᠷᠤᠭᠤ᠎ᠲᠠᠢ ᠪᠠᠢ᠌ᠬᠤ ᠵᠢ ᠣᠯᠵᠤ ᠮᠠᠲᠠᠪᠠᠯ ᠬᠦᠴᠦᠨ ᠦᠭᠡᠢ ᠪᠣᠯᠭ᠋ᠠᠬᠤ ᠪᠤᠶᠤ ᠬᠤᠪᠢᠷᠠᠭᠤᠯᠬᠤ ᠬᠡᠷᠡᠭᠲᠡᠶ᠃
ᠳᠥᠴᠢᠨ ᠳᠥᠷᠪᠡᠳᠦᠭᠡᠷ ᠵᠦᠢ᠍ᠯ ᠠᠷᠠᠳ᠎ᠤᠨ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠪᠠᠨ ᠡᠷᠬᠡᠪᠰᠢ ᠨᠡᠢ᠌ᠭᠡᠮ ᠨᠡᠢ᠌ᠳᠡ ᠵᠢᠨ ᠪᠠ ᠠᠷᠠᠳ ᠢᠷᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠳᠡᠢ᠃ ᠠᠷᠠᠳ᠎ᠤᠨ ᠴᠠᠭᠳᠠᠭ᠋ᠠᠨ᠎ᠤ ᠪᠠᠶ᠋ᠢᠭᠤᠯᠭ᠎ᠠ ᠵᠢᠨ ᠭᠠᠷᠭ᠋ᠠᠭᠰᠠᠨ ᠤᠯᠡᠠ ᠨᠡᠶ᠋ᠢᠲᠡ ᠵᠢᠨ ᠠᠰᠢᠭ ᠲᠤᠰᠠ᠎ᠳᠤ ᠰᠢᠭᠤᠳ ᠬᠤᠯᠪᠣᠭᠳᠠᠬᠤ ᠲᠣᠭᠲᠠᠭ᠋ᠠᠯ᠎ᠢ ᠤᠯᠡᠠ ᠨᠡᠶ᠋ᠢᠲᠡ᠎ᠳᠤ ᠨᠡᠶ᠋ᠢᠲᠡᠯᠡᠬᠦ ᠬᠡᠷᠡᠭᠲᠡᠶ᠃
ᠳᠥᠴᠢᠨ ᠲᠠᠪᠤᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠠᠮᠤᠷ᠎ᠢ ᠬᠠᠮᠠᠭ᠋ᠠᠯᠠᠬᠤ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠲᠣᠬᠢᠶᠠᠯᠳᠤᠪᠠᠯ ᠵᠠᠶ᠋ᠢᠯᠠᠬᠤ ᠬᠡᠷᠡᠭᠲᠡᠶ᠂ ᠲᠤᠬᠠᠶ ᠵᠢᠨ ᠬᠥᠮᠦᠨ ᠪᠤᠶᠤ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ ᠴᠤ᠌ ᠲᠡᠳᠡᠨ᠎ᠢ ᠵᠠᠶ᠋ᠢᠯᠠᠭᠤᠯᠬᠤ᠎ᠪᠠᠷ ᠱᠠᠭ᠋ᠠᠷᠳᠠᠬᠤ ᠡᠷᠬᠡ᠎ᠲᠠᠢ᠄
(ᠨᠢᠭᠡ) ᠲᠤᠰ ᠬᠡᠷᠡᠭ᠎ᠤᠨ ᠲᠤᠬᠠᠶ ᠵᠢᠨ ᠬᠥᠮᠦᠨ ᠪᠤᠶᠤ ᠲᠤᠬᠠᠶ ᠵᠢᠨ ᠬᠥᠮᠦᠨ᠎ᠤ ᠤᠢ᠍ᠢ᠍ᠷ᠎ᠠ ᠲᠦᠷᠦᠯ ᠰᠡᠳᠦᠠ ᠪᠣᠯᠬᠤ;
(ᠬᠤᠶᠠᠷ) ᠲᠤᠰ ᠬᠥᠮᠦᠨ ᠪᠤᠶᠤ ᠲᠡᠭᠦᠨ᠎ᠤ ᠤᠢ᠍ᠢ᠍ᠷ᠎ᠠ ᠲᠦᠷᠦᠯ ᠰᠡᠳᠦᠠ᠎ᠨᠢ ᠲᠤᠰ ᠬᠡᠷᠡᠭ᠎ᠯᠦᠭᠡ ᠠᠰᠢᠭ ᠬᠤᠣᠷ᠎ᠤᠨ ᠬᠠᠷᠢᠴᠠᠭ᠎ᠠ᠎ᠲᠠᠢ ᠪᠠᠶ᠋ᠢᠬᠤ;
(ᠭᠤᠷᠪᠠ) ᠲᠤᠰ ᠬᠡᠷᠡᠭ᠎ᠤᠨ ᠲᠤᠬᠠᠶ ᠵᠢᠨ ᠬᠥᠮᠦᠨ᠎ᠲᠠᠢ ᠪᠤᠰᠤᠳ ᠬᠠᠷᠢᠴᠠᠭ᠎ᠠ᠎ᠲᠠᠢ ᠪᠠᠶ᠋ᠢᠵᠤ᠂ ᠬᠡᠷᠡᠭ᠎ᠢ ᠭᠤᠣᠯᠴᠢ᠎ᠪᠠᠷ ᠰᠢᠢ᠍ᠳᠪᠦᠷᠢᠯᠡᠬᠦ ᠵᠢ ᠨᠥᠯᠥᠭᠡᠯᠡᠵᠦ ᠮᠡᠳᠡᠬᠦ᠃
ᠡᠮᠦᠨᠡᠬᠢ ᠪᠠᠳᠠᠭ᠎ᠲᠤ ᠲᠣᠭᠲᠠᠭ᠋ᠠᠭᠰᠠᠨ ᠵᠠᠶ᠋ᠢᠯᠠᠬᠤ ᠵᠢ ᠬᠤᠯᠪᠣᠭᠳᠠᠯ ᠪᠦᠬᠦᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠲᠣᠭᠲᠠᠭ᠋ᠠᠨ᠎ᠠ᠃
ᠠᠷᠠᠳ᠎ᠤᠨ ᠴᠠᠭᠳᠠᠭ᠎ᠠ ᠵᠢᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠠᠬᠢ ᠵᠠᠶ᠋ᠢᠯᠠᠬᠤ ᠶᠠᠪᠤᠳᠠᠯ᠎ᠳᠤ ᠡᠷᠡᠭᠦᠦ ᠵᠢᠨ ᠵᠠᠷᠭᠤ ᠵᠢᠨ ᠬᠠᠤᠯᠢ ᠵᠢᠨ ᠲᠣᠭᠲᠠᠭ᠋ᠠᠯ᠎ᠢ ᠬᠡᠷᠡᠭᠯᠡᠨ᠎ᠡ᠃
ᠳᠥᠴᠢᠨ ᠵᠢᠷᠭᠤᠳᠤᠭ᠋ᠠᠷ ᠵᠦᠢ᠍ᠯ ᠠᠷᠠᠳ ᠢᠷᠭᠡᠨ ᠪᠤᠶᠤ ᠵᠣᠬᠢᠶᠠᠨ ᠪᠠᠢ᠌ᠭᠤᠯᠤᠯᠲᠠ ᠠᠷᠠᠳ᠎ᠤᠨ ᠴᠠᠭᠳᠠᠭ᠋ᠠᠨ᠎ᠤ ᠬᠠᠤᠯᠢ ᠵᠢ ᠵᠥᠷᠢᠴᠡᠭᠰᠡᠨ᠂ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ ᠵᠢ ᠠᠷᠠᠳ᠎ᠤᠨ ᠴᠠᠭᠳᠠᠭ᠋ᠠᠨ᠎ᠤ ᠪᠠᠢ᠌ᠭᠤᠯᠭ᠎ᠠ ᠪᠤᠶᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠪᠠᠢ᠌ᠭᠤᠯᠭ᠎ᠠ᠎ᠳᠤ ᠢᠯᠡᠴᠢᠯᠡᠬᠦ᠂ ᠵᠠᠭ᠋ᠠᠯᠲᠤᠬᠤ ᠡᠷᠬᠡ᠎ᠲᠠᠢ᠃ ᠢᠯᠡᠴᠢᠯᠡᠯᠲᠡ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠶ᠋ᠢᠭᠤᠯᠭ᠎ᠠ᠎ᠨᠢ ᠴᠠᠭ ᠲᠤᠬᠠᠶ᠎ᠳᠤᠨᠢ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ ᠪᠥᠭᠡᠳ ᠪᠠᠶ᠋ᠢᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠢᠯᠡᠴᠢᠯᠡᠭᠴᠢ᠂ ᠵᠠᠭ᠋ᠠᠯᠳᠤᠭᠴᠢ᠎ᠳᠤ ᠮᠡᠳᠡᠭᠳᠡᠬᠦ ᠬᠡᠷᠡᠭᠲᠡᠶ᠃
ᠬᠠᠤᠯᠢ ᠶᠣᠰᠣᠭ᠋ᠠᠷ ᠢᠯᠡᠴᠢᠯᠡᠭᠰᠡᠨ᠂ ᠵᠠᠭ᠋ᠠᠯᠳᠤᠭᠰᠠᠨ ᠠᠷᠠᠳ ᠢᠷᠭᠡᠨ ᠪᠤᠶᠤ ᠵᠣᠬᠢᠶᠠᠨ ᠪᠠᠶ᠋ᠢᠭᠤᠯᠤᠯᠲᠠ᠎ᠳᠤ ᠶᠠᠮᠠᠷ ᠴᠤ᠌ ᠬᠥᠮᠦᠨ ᠭᠡᠳ ᠳᠠᠷᠤᠯᠲᠠ ᠦᠵᠡᠭᠦᠯᠬᠦ ᠪᠤᠶᠤ ᠴᠣᠬᠢᠯᠲᠠ ᠥᠭᠴᠦ ᠥᠰᠢᠶ᠎ᠡ ᠠᠪᠴᠤ ᠪᠣᠯᠬᠤ ᠦᠭᠡᠶ᠃
ᠳᠥᠴᠢᠨ ᠳᠣᠯᠣᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠢᠪᠠᠳᠠᠨ ᠪᠠᠶ᠋ᠢᠴᠠᠭ᠋ᠠᠬᠤ ᠲᠦᠷᠢᠮ ᠲᠣᠭᠲᠠᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠋ᠠᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠂ ᠰᠠᠬᠢᠯᠭ᠎ᠠ ᠪᠠᠲᠤ ᠵᠢ ᠵᠢᠷᠤᠮᠯᠠᠵᠤ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠨ᠎ᠠ᠃