ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ (ᠬᠤᠶᠠᠷ)
ᠨᠡᠶ᠋ᠢᠲᠡᠯᠡᠭᠰᠡᠨ ᠴᠠᠭ᠄ 2023-11-20

    1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃

     2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)

 

           ᠬᠤᠶᠠᠳᠤᠭ᠋ᠠᠷ ᠪᠦᠯᠦᠭ ᠡᠷᠬᠡ ᠲᠤᠰᠢᠶᠠᠯ

 

      ᠵᠢᠷᠭᠤᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ ᠳᠣᠣᠷ᠎ᠠ ᠵᠢᠭᠰᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠨ᠎ᠡ᠄

     (ᠨᠢᠭᠡ) ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠵᠦ᠂ ᠬᠤᠷᠢᠭᠯᠠᠨ ᠵᠣᠭᠰᠣᠭ᠋ᠠᠬᠤ ᠪᠠ ᠲᠤᠷᠰᠢᠨ ᠪᠠᠢ᠌ᠴᠠᠭ᠋ᠠᠬᠤ;

    (ᠬᠤᠶᠠᠷ) ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠬᠠᠮᠠᠭ᠋ᠠᠯᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠵᠢ ᠬᠤᠷᠢᠭᠯᠠᠨ ᠵᠤᠭᠰᠤᠭ᠋ᠠᠬᠤ;

    (ᠭᠤᠷᠪᠠ) ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠵᠠᠮ ᠬᠠᠷᠢᠯᠴᠠᠭ᠋ᠠᠨ᠎ᠤ ᠡᠮᠬᠢ ᠵᠢᠷᠤᠮ᠎ᠢ ᠬᠠᠮᠠᠭ᠋ᠠᠯᠠᠵᠤ᠂ ᠵᠠᠮ ᠬᠠᠷᠢᠯᠴᠠᠭ᠋ᠠᠨ᠎ᠤ ᠭᠡᠨᠡᠳᠡᠯ᠎ᠢ ᠰᠢᠢ᠍ᠳᠪᠦᠷᠢᠯᠡᠬᠦ;

    (ᠲᠦᠷᠪᠡ) ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠳᠤ ᠬᠢᠨᠠᠯᠲᠠ ᠲᠠᠯᠪᠢᠬᠤ;

    (ᠲᠠᠪᠤ) ᠫᠤᠤ ᠵᠡᠪᠰᠡᠭ ᠰᠤᠮᠤ ᠲᠡᠷᠢ᠂ ᠵᠠᠬᠢᠷᠤᠨ ᠬᠠᠮᠢᠶᠠᠷᠬᠤ ᠬᠢᠳᠤᠭ᠎ᠠ ᠪᠠᠭ᠋ᠠᠵᠢ ᠪᠣᠯᠤᠨ ᠨᠣᠴᠣᠮᠠᠲᠠᠭ᠋ᠠᠶ ᠳᠡᠯᠪᠡᠷᠡᠮᠡᠲᠡᠭᠡᠶ᠂ ᠲᠤᠬᠰᠢᠠ ᠬᠤᠣᠷᠲᠠᠢ᠂ ᠰᠠᠴᠤᠷᠠᠭ ᠢᠳᠡᠪᠬᠢ ᠴᠢᠨᠠᠷ᠎ᠲᠠᠢ ᠵᠡᠷᠭᠡ ᠠᠶᠤᠯᠲᠠᠢ ᠪᠣᠳᠠᠰ᠎ᠢ ᠬᠠᠮᠢᠶᠠᠷᠬᠤ;

    (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠣᠨᠴᠠ ᠲᠦᠷᠦᠯ᠎ᠤᠨ ᠠᠵᠢᠯ ᠲᠦᠷᠦᠯ᠎ᠢ ᠬᠠᠮᠢᠶᠠᠷᠬᠤ;

    (ᠲᠤᠯᠤᠭ᠎ᠠ) ᠤᠯᠤᠰ᠎ᠠᠴᠠ ᠲᠣᠭᠲᠠᠭ᠋ᠠᠭᠰᠠᠨ ᠲᠤᠰᠬᠠᠶ ᠬᠥᠮᠦᠰ᠎ᠢ ᠬᠠᠮᠠᠭ᠋ᠠᠯᠠᠵᠤ᠂ ᠴᠢᠬᠤᠯᠠ ᠭᠠᠵᠠᠷ ᠪᠠ ᠲᠥᠬᠦᠭᠡᠷᠦᠮᠵᠢ ᠵᠢ ᠰᠠᠬᠢᠨ ᠬᠠᠮᠠᠭ᠋ᠠᠯᠠᠬᠤ;

    (ᠨᠠᠢ᠍ᠮᠠ) ᠬᠤᠷᠠᠯ ᠴᠤᠭᠯᠠᠭ᠎ᠠ ᠬᠢᠬᠦ᠂ ᠵᠢᠭᠰᠠᠭ᠋ᠠᠯ ᠶᠠᠪᠤᠭᠤᠯᠬᠤ᠂ ᠰᠦᠷ ᠦᠵᠡᠭᠦᠯᠬᠦ ᠠᠵᠢᠯᠯᠠᠭ᠎ᠠ ᠵᠢ ᠬᠠᠮᠢᠶᠠᠷᠬᠤ;

    (ᠶᠢᠰᠦ) ᠡᠷᠦᠭᠡ ᠠᠮᠠ ᠵᠢᠨ ᠶᠠᠪᠤᠳᠠᠯ᠂ ᠤᠯᠤᠰ᠎ᠤᠨ ᠬᠠᠷᠢᠶ᠎ᠠ᠂ ᠬᠢᠯᠢ᠎ᠳᠤ ᠣᠷᠣᠵᠤ ᠢᠷᠡᠬᠦ ᠬᠢᠯᠢ᠎ᠠᠴᠠ ᠭᠠᠷᠬᠤ ᠬᠡᠷᠡᠭ ᠶᠠᠪᠤᠳᠠᠯ ᠪᠠ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠤᠨ ᠬᠢᠯᠢ ᠵᠢᠨ ᠳᠣᠲᠣᠷ᠎ᠠ ᠣᠷᠣᠰᠢᠨ ᠰᠠᠭᠤᠬᠤ᠂ ᠵᠢᠭᠤᠯᠴᠢᠯᠠᠬᠤ ᠬᠤᠯᠪᠣᠭᠳᠠᠯ ᠪᠦᠬᠦᠢ ᠬᠡᠷᠡᠭ ᠶᠠᠪᠤᠳᠠᠯ᠎ᠢ ᠬᠠᠮᠢᠶᠠᠷᠬᠤ;

    (ᠠᠷᠪᠠ) ᠤᠯᠤᠰ᠎ᠤᠨ ᠬᠢᠯᠢ (ᠬᠢᠵᠠᠭ᠋ᠠᠷ) ᠣᠷᠣᠨ᠎ᠤ ᠠᠮᠤᠷ ᠲᠦᠪᠰᠢᠨ᠎ᠤ ᠡᠮᠬᠢ ᠵᠢᠷᠤᠮ᠎ᠢ ᠬᠠᠮᠠᠭ᠋ᠠᠯᠠᠬᠤ;

    (ᠠᠷᠪᠠᠨ ᠨᠢᠭᠡ) ᠬᠤᠷᠢᠵᠤ ᠬᠦᠳᠡᠯᠮᠦᠷᠢᠯᠡᠬᠦᠯᠬᠦ᠎ᠪᠠᠷ ᠰᠢᠢ᠍ᠳᠭᠡᠭᠳᠡᠭᠰᠡᠨ᠂ ᠤᠯᠤᠰ ᠲᠦᠷᠦ ᠵᠢᠨ ᠡᠷᠭᠡ᠎ᠪᠠᠨ ᠬᠠᠰᠤᠭᠤᠯᠤᠭᠰᠠᠨ ᠶᠠᠯᠠᠳᠠᠨ᠎ᠤ ᠡᠷᠡᠭᠦᠤ ᠰᠢᠢ᠍ᠳᠭᠡᠯ᠎ᠢ ᠭᠦᠢ᠍ᠴᠡᠳᠭᠡᠬᠦ;

    (ᠠᠷᠪᠠᠨ ᠬᠤᠶᠠᠷ) ᠺᠣᠮᠫᠢᠦ᠋ᠲ᠋ᠧᠷ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠬᠢᠨᠠᠨ ᠬᠠᠮᠢᠶᠠᠷᠬᠤ;

    (ᠠᠷᠪᠠᠨ ᠭᠤᠷᠪᠠ) ᠲᠦᠷᠦ ᠵᠢᠨ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠪᠠ ᠭᠤᠣᠯᠳᠠᠯᠭ᠎ᠠ᠎ᠲᠠᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ᠎ᠢ ᠬᠠᠮᠠᠭ᠋ᠠᠯᠠᠬᠤ ᠺᠣᠮᠢᠰ ᠵᠡᠷᠭᠡ ᠤᠯᠡᠠ ᠲᠦᠮᠡᠨᠴᠢ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠠᠵᠢᠯ᠎ᠢ ᠵᠢᠯᠤᠭᠤᠳᠬᠤ;

    (ᠠᠷᠪᠠᠨ ᠲᠦᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠎ᠨᠤᠭᠤᠳ᠃

     ᠳᠣᠯᠣᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠪᠤᠶᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠤᠰᠤᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠥᠷᠢᠴᠡᠭᠰᠡᠨ ᠬᠤᠪᠢ ᠬᠥᠮᠦᠨ ᠪᠤᠶᠤ ᠵᠣᠬᠢᠶᠠᠨ ᠪᠠᠶ᠋ᠢᠭᠤᠯᠤᠯᠲᠠ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ ᠪᠣᠯᠤᠨ᠎ᠠ᠃

     ᠨᠠᠢ᠍ᠮᠠᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠵᠢᠨ ᠠᠷᠠᠳ᠎ᠤᠨ ᠴᠠᠭᠳᠠᠭ᠎ᠠ ᠨᠡᠢ᠍ᠭᠡᠮ᠎ᠤᠨ ᠠᠮᠤᠷ ᠲᠦᠪᠰᠢᠨ ᠡᠮᠬᠢ ᠵᠢᠷᠤᠮ᠎ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠣᠯᠠᠨ ᠨᠡᠢ᠌ᠳᠡ ᠵᠢᠨ ᠠᠮᠤᠷ ᠲᠦᠪᠰᠢᠨ᠎ᠢ ᠰᠦᠷᠳᠡᠭᠦᠯᠦᠭᠰᠡᠨ ᠬᠥᠮᠦᠨ᠎ᠢ ᠠᠯᠪᠠᠳᠠᠯᠭ᠎ᠠ᠎ᠪᠠᠷ ᠲᠤᠬᠠᠶ ᠵᠢᠨ ᠭᠠᠵᠠᠷ᠎ᠠᠴᠠ ᠵᠠᠶ᠋ᠢᠯᠠᠭᠤᠯᠵᠤ᠂ ᠬᠠᠤᠯᠢ ᠶᠣᠰᠣᠭ᠋ᠠᠷ ᠲᠦᠷ ᠬᠤᠷᠢᠬᠤ ᠪᠤᠶᠤ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ ᠠᠪᠴᠤ ᠪᠣᠯᠤᠨ᠎ᠠ᠃

    ᠶᠢᠰᠦᠳᠦᠭᠡᠷ ᠵᠦᠢ᠍ᠯ ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠬᠠᠮᠠᠭ᠋ᠠᠯᠠᠬᠤ ᠵᠢᠨ ᠲᠥᠯᠥᠭᠡ᠂ ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠬᠥᠮᠦᠨ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ᠎ᠠᠴᠠ ᠵᠤᠬᠢᠬᠤ ᠭᠡᠷᠡᠴᠢ ᠦᠨᠡᠮᠯᠡᠯ ᠵᠶ᠋ᠠᠨ ᠦᠵᠡᠭᠦᠯᠦᠭᠡᠳ ᠲᠤᠬᠠᠶ ᠵᠢᠨ ᠭᠠᠵᠠᠷ᠎ᠲᠤ᠎ᠨᠢ ᠤᠬᠤᠴᠢᠯᠠᠨ ᠠᠰᠠᠭᠤᠵᠤ᠂ ᠪᠠᠶ᠋ᠢᠴᠠᠭ᠋ᠠᠵᠤ ᠪᠣᠯᠤᠨ᠎ᠠ; ᠤᠬᠤᠴᠢᠯᠠᠨ ᠠᠰᠠᠭᠤᠵᠤ᠂ ᠪᠠᠶ᠋ᠢᠴᠠᠭ᠋ᠠᠭ᠋ᠠᠳ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠭᠦᠨ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠠᠪᠠᠴᠢᠵᠤ᠂ ᠲᠤᠰ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ ᠲᠡᠭᠦᠨ᠎ᠠᠴᠠ ᠦᠷᠭᠦᠯᠵᠢᠯᠡᠨ ᠤᠬᠤᠴᠢᠯᠠᠨ ᠠᠰᠠᠭᠤᠵᠤ ᠪᠣᠯᠤᠨ᠎ᠠ᠄

    (ᠨᠢᠭᠡ) ᠶᠠᠯᠠᠲᠤ ᠠᠵᠢᠯᠯᠠᠭ᠎ᠠ᠎ᠲᠠᠢ ᠭᠡᠵᠦ ᠵᠠᠭ᠋ᠠᠯᠳᠤᠭᠳᠠᠭᠰᠠᠨ;

    (ᠬᠤᠶᠠᠷ) ᠲᠤᠬᠠᠶ ᠵᠢᠨ ᠲᠠᠯᠠᠪᠤᠷ᠎ᠲᠤ ᠬᠡᠷᠡᠭ ᠦᠢ᠍ᠯᠡᠳᠦᠭᠰᠡᠨ ᠰᠡᠵᠢᠭᠯᠡᠯᠲᠡᠶ ᠪᠠᠶ᠋ᠢᠬᠤ;

    (ᠭᠤᠷᠪᠠ) ᠬᠡᠷᠡᠭ ᠬᠢᠭᠰᠡᠨ ᠰᠡᠵᠢᠭᠯᠡᠯᠲᠡᠶ ᠪᠥᠭᠡᠳ ᠪᠡᠶ᠎ᠡ ᠭᠡᠮ᠎ᠨᠢ ᠲᠣᠳᠣᠷᠬᠠᠶ ᠤᠢ᠍ᠭᠡᠢ ᠪᠠᠶ᠋ᠢᠬᠤ;

    (ᠲᠦᠷᠪᠡ) ᠪᠡᠶ᠎ᠡ᠎ᠳᠤ᠎ᠪᠠᠨ ᠠᠪᠴᠤ ᠶᠠᠪᠤᠭ᠎ᠠ ᠡᠳ᠋ ᠪᠣᠳᠠᠰ᠎ᠨᠢ ᠪᠤᠵᠠᠷ ᠡᠳ᠋ ᠪᠠᠶ᠋ᠢᠵᠤ ᠮᠡᠳᠡᠬᠦ᠃

    ᠤᠬᠤᠴᠢᠯᠠᠨ ᠠᠰᠠᠭᠤᠭᠳᠠᠭᠴᠢ ᠵᠢ ᠦᠯᠡᠳᠡᠭᠡᠵᠦ ᠠᠪᠬᠤ ᠴᠠᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠠᠪᠴᠢᠷᠠᠭᠰᠠᠨ ᠴᠠᠭ᠎ᠠᠴᠠ ᠡᠬᠢᠯᠡᠨ ᠬᠤᠷᠢᠨ ᠲᠦᠷᠪᠡᠠ ᠴᠠᠭ᠎ᠠᠴᠠ ᠬᠡᠲᠦᠷᠡᠭᠦᠯᠵᠦ ᠪᠣᠯᠬᠤ ᠤᠢ᠍ᠭᠡᠢ᠂ ᠣᠨᠴᠠᠭ᠋ᠠᠶ ᠪᠠᠶ᠋ᠢᠳᠠᠯ᠎ᠤᠨ ᠳᠣᠣᠷ᠎ᠠ ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ ᠳᠥᠴᠢᠨ ᠨᠠᠢ᠍ᠮᠠᠨ ᠴᠠᠭ ᠪᠣᠯᠲᠠᠯ᠎ᠠ ᠤᠷᠲᠤᠳᠬᠠᠵᠤ ᠪᠣᠯᠬᠤ ᠪᠥᠭᠡᠳ ᠤᠬᠤᠴᠢᠯᠠᠨ ᠠᠰᠠᠭᠤᠭᠰᠠᠨ ᠲᠡᠮᠳᠡᠭᠯᠡᠯ ᠦᠯᠡᠳᠡᠭᠡᠬᠦ ᠬᠡᠷᠡᠭᠲᠡᠶ᠃ ᠦᠷᠭᠦᠯᠵᠢᠯᠡᠨ ᠤᠬᠤᠴᠢᠯᠠᠨ ᠠᠰᠠᠭᠤᠬᠤ ᠵᠢ ᠵᠥᠪᠰᠢᠶᠡᠷᠡᠭᠰᠡᠨ ᠪᠠᠶ᠋ᠢᠪᠠᠯ᠂ ᠲᠡᠭᠦᠨ᠎ᠤ ᠭᠡᠷ ᠪᠦᠯᠢ ᠵᠢᠨ᠎ᠬᠢᠨ ᠪᠤᠶᠤ ᠪᠠᠶ᠋ᠢᠭ᠎ᠠ ᠨᠢᠭᠡᠴᠢ᠎ᠳᠤ᠎ᠨᠢ ᠲᠡᠷᠡ ᠳᠠᠷᠤᠶ᠎ᠳᠤ᠎ᠨᠢ ᠮᠡᠳᠡᠭᠳᠡᠬᠦ ᠬᠡᠷᠡᠭᠲᠡᠶ᠃ ᠦᠷᠭᠦᠯᠵᠢᠯᠡᠨ ᠤᠬᠤᠴᠢᠯᠠᠨ ᠠᠰᠠᠭᠤᠬᠤ ᠵᠢ ᠵᠥᠪᠰᠢᠶᠡᠷᠡᠬᠦ ᠦᠭᠡᠢ ᠪᠠᠶ᠋ᠢᠪᠠᠯ᠂ ᠤᠬᠤᠴᠢᠯᠠᠨ ᠠᠰᠠᠭᠤᠭᠳᠠᠭᠴᠢ ᠵᠢ ᠲᠡᠷᠡ ᠳᠠᠷᠤᠶ᠎ᠳᠤ᠎ᠨᠢ ᠰᠤᠯᠠᠯᠠᠬᠤ ᠬᠡᠷᠡᠭᠲᠡᠶ᠃

     ᠦᠷᠭᠦᠯᠵᠢᠯᠡᠨ ᠤᠬᠤᠴᠢᠯᠠᠨ ᠠᠰᠠᠭᠤᠬᠤ᠎ᠪᠠᠷ ᠳᠠᠮᠵᠢᠭ᠋ᠠᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠤᠬᠤᠴᠢᠯᠠᠨ ᠠᠰᠠᠭᠤᠭᠳᠠᠭᠴᠢ᠎ᠳᠤ ᠬᠠᠤᠯᠢ ᠶᠣᠰᠣᠭ᠋ᠠᠷ ᠲᠦᠷ ᠬᠤᠷᠢᠬᠤ ᠪᠤᠶᠤ ᠪᠤᠰᠤᠳ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠴᠢᠬᠤᠯᠠᠲᠠᠶ ᠭᠡᠵᠦ ᠦᠵᠡᠪᠡᠯ᠂ ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠤᠭᠤᠴᠠᠭ᠋ᠠᠨ᠎ᠳᠤ ᠲᠣᠭᠲᠠᠭ᠋ᠠᠯ ᠭᠠᠷᠭ᠋ᠠᠬᠤ ᠬᠡᠷᠡᠭᠲᠡᠶ; ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠤᠭᠤᠴᠠᠭ᠋ᠠᠨ᠎ᠳᠤ ᠳᠡᠭᠡᠷ᠎ᠡ ᠳᠤᠷᠠᠳᠤᠭᠰᠠᠨ ᠲᠣᠭᠲᠠᠭ᠋ᠠᠯ᠎ᠢ ᠭᠠᠷᠭ᠋ᠠᠵᠤ ᠴᠢᠳᠠᠬᠤ ᠤᠢ᠍ᠭᠡᠢ ᠪᠠᠶ᠋ᠢᠪᠠᠯ᠂ ᠤᠬᠤᠴᠢᠯᠠᠨ ᠠᠰᠠᠭᠤᠭᠳᠠᠭᠴᠢ ᠵᠢ ᠲᠡᠷᠡ ᠳᠠᠷᠤᠶ᠎ᠳᠤ᠎ᠨᠢ ᠰᠤᠯᠠᠯᠠᠬᠤ ᠬᠡᠷᠡᠭᠲᠡᠶ᠃

    ᠠᠷᠪᠠᠳᠤᠭ᠋ᠠᠷ ᠵᠦᠢ᠍ᠯ ᠪᠠᠷᠢᠪᠴᠢᠯᠠᠬᠤ ᠵᠢ ᠡᠰᠡᠷᠭᠦᠴᠡᠬᠦ᠂ ᠤᠷᠪᠠᠯᠭ᠋ᠠᠨ ᠭᠠᠷᠭ᠋ᠠᠬᠤ᠂ ᠭᠢᠨᠳᠠᠨ᠎ᠠᠴᠠ ᠤᠷᠭᠤᠬᠤ᠂ ᠫᠤᠤ ᠵᠡᠪᠰᠡᠭ ᠪᠤᠯᠢᠶᠠᠬᠤ ᠪᠤᠶᠤ ᠪᠤᠰᠤᠳ ᠬᠦᠴᠦᠷᠬᠡᠭᠯᠡᠯ᠎ᠤᠨ ᠦᠢ᠍ᠯᠡ ᠠᠵᠢᠯᠯᠠᠭ᠎ᠠ ᠵᠢᠨ ᠪᠠᠴᠢᠮ ᠪᠠᠶ᠋ᠢᠳᠠᠯ ᠲᠣᠬᠢᠶᠠᠯᠳᠤᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠡᠪᠰᠡᠭ ᠬᠡᠷᠡᠭᠯᠡᠵᠦ ᠪᠣᠯᠤᠨ᠎ᠠ᠃

    ᠠᠷᠪᠠᠨ ᠨᠢᠭᠡᠳᠦᠭᠡᠷ ᠵᠦᠢ᠍ᠯ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠶᠠᠯᠠᠲᠤ ᠠᠵᠢᠯᠯᠠᠭ᠎ᠠ ᠵᠢ ᠬᠤᠷᠢᠭᠯᠠᠨ ᠵᠣᠭᠰᠣᠭ᠋ᠠᠬᠤ ᠬᠡᠷᠡᠭᠴᠡᠭᠡ᠎ᠠᠴᠠ ᠪᠣᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠵᠢᠨ ᠠᠷᠠᠳ᠎ᠤᠨ ᠴᠠᠭᠳᠠᠭ᠎ᠠ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠴᠠᠭᠳᠠᠭ᠋ᠠᠨ᠎ᠤ ᠪᠠᠭ᠋ᠠᠵᠢ ᠵᠡᠪᠰᠡᠭ᠎ᠢ ᠬᠡᠷᠡᠭᠯᠡᠵᠦ ᠪᠣᠯᠤᠨ᠎ᠠ᠃

    ᠠᠷᠪᠠᠨ ᠬᠤᠶᠠᠳᠤᠭ᠋ᠠᠷ ᠵᠦᠢ᠍ᠯ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠬᠡᠷᠡᠭᠴᠡᠭᠡ᠎ᠠᠴᠠ ᠪᠣᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠵᠢᠨ ᠠᠷᠠᠳ᠎ᠤᠨ ᠴᠠᠭᠳᠠᠭ᠎ᠠ ᠬᠠᠤᠯᠢ ᠶᠣᠰᠣᠭ᠋ᠠᠷ ᠲᠦᠷ ᠬᠤᠷᠢᠬᠤ᠂ ᠨᠡᠩᠵᠢᠬᠦ᠂ ᠪᠠᠷᠢᠪᠴᠢᠯᠠᠬᠤ ᠪᠤᠶᠤ ᠪᠤᠰᠤᠳ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ ᠪᠣᠯᠤᠨ᠎ᠠ᠃

    ᠠᠷᠪᠠᠨ ᠭᠤᠷᠪᠠᠳᠤᠭ᠋ᠠᠷ ᠵᠦᠢ᠍ᠯ ᠲᠤᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠᠴᠢᠮ ᠬᠡᠷᠡᠭᠴᠡᠭᠡ᠎ᠠᠴᠠ ᠪᠤᠯᠵᠤ᠂ ᠵᠣᠬᠢᠬᠤ ᠭᠡᠷᠡᠴᠢ ᠦᠨᠡᠮᠯᠡᠯ ᠵᠶ᠋ᠠᠨ ᠭᠠᠷᠭ᠋ᠠᠵᠤ ᠦᠵᠡᠭᠦᠯᠦᠭᠡᠳ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠳᠤ ᠤᠷᠢᠳᠠᠪᠠᠷ ᠰᠠᠭᠤᠵᠤ ᠪᠣᠯᠬᠤ ᠮᠥᠷᠳᠡᠬᠡᠨ ᠵᠠᠮ ᠬᠠᠷᠢᠯᠴᠠᠭ᠋ᠠᠨ᠎ᠤ ᠬᠠᠷᠰᠢ ᠰᠠᠭ᠋ᠠᠳ᠎ᠲᠤ ᠤᠴᠠᠷᠠᠭᠰᠠᠨ ᠦᠶ᠎ᠡ᠎ᠳᠤ ᠤᠷᠢᠳᠠᠪᠠᠷ ᠶᠠᠪᠤᠵᠤ ᠪᠣᠯᠤᠨ᠎ᠠ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠬᠡᠷᠡᠭᠴᠡᠭᠡ᠎ᠠᠴᠠ ᠪᠤᠯᠵᠦ᠂ ᠴᠢᠬᠤᠯᠠ᠎ᠲᠠᠢ ᠦᠶ᠎ᠡ᠎ᠳᠤ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠤ ᠵᠡᠮ ᠬᠠᠷᠢᠯᠴᠠᠭ᠋ᠠᠨ᠎ᠤ ᠪᠠᠭ᠋ᠠᠵᠢ᠂ ᠮᠡᠳᠡᠭᠡ ᠬᠠᠷᠢᠯᠴᠠᠭ᠋ᠠᠨ᠎ᠤ ᠪᠠᠭ᠋ᠠᠵᠢ᠂ ᠲᠠᠯᠠᠪᠤᠷ ᠭᠠᠵᠠᠷ ᠪᠠ ᠪᠠᠷᠢᠯᠭ᠎ᠠ ᠵᠢᠨ ᠵᠦᠢ᠍ᠯ᠎ᠢ ᠤᠷᠢᠳᠠᠪᠠᠷ ᠬᠡᠷᠡᠭᠯᠡᠵᠦ ᠪᠣᠯᠬᠤ ᠮᠥᠷᠳᠡᠬᠡᠨ ᠬᠡᠷᠡᠭᠯᠡᠭᠰᠡᠨ᠎ᠤ ᠲᠡᠷᠠᠭ᠎ᠠ ᠴᠠᠭ ᠲᠤᠬᠠᠶ᠎ᠳᠤ᠎ᠨᠢ ᠪᠤᠴᠠᠭ᠋ᠠᠬᠤ ᠵᠢᠨ ᠬᠠᠮᠲᠤ ᠵᠣᠬᠢᠬᠤ ᠰᠦᠢ᠍ᠳᠬᠡᠯ ᠲᠤᠰᠢᠶᠠᠬᠤ ᠬᠡᠷᠡᠭᠲᠡᠶ; ᠬᠤᠬᠢᠷᠠᠯ ᠤᠴᠠᠷᠠᠭᠤᠯᠤᠭᠰᠠᠨ ᠪᠠᠶ᠋ᠢᠪᠠᠯ ᠲᠦᠯᠦᠬᠦ ᠬᠡᠷᠡᠭᠲᠡᠶ᠃

    ᠠᠷᠪᠠᠨ ᠳᠥᠷᠪᠡᠳᠦᠭᠡᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠵᠢᠨ ᠠᠷᠠᠳ᠎ᠤᠨ ᠴᠠᠭᠳᠠᠭ᠎ᠠ ᠣᠯᠠᠨ ᠨᠡᠢ᠌ᠳᠡ ᠵᠢᠨ ᠠᠮᠤᠷ ᠲᠦᠪᠰᠢᠨ ᠪᠤᠶᠤ ᠪᠤᠰᠤᠳ᠎ᠤᠨ ᠪᠡᠶ᠎ᠡ ᠵᠢᠨ ᠠᠮᠤᠷ ᠲᠦᠪᠰᠢᠨ᠎ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠮᠡᠳᠡᠷᠡᠯ᠎ᠤᠨ ᠡᠪᠡᠳᠴᠢᠲᠡᠨ᠎ᠳᠤ ᠬᠠᠮᠠᠭ᠋ᠠᠯᠠᠯᠲᠠ ᠵᠢᠨ ᠴᠢᠨᠠᠷᠲᠠᠶ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃ ᠵᠢᠭ᠋ᠠᠨ ᠲᠣᠭᠲᠠᠭ᠋ᠠᠭᠰᠠᠨ ᠨᠢᠭᠡᠴᠢ᠂ ᠲᠠᠯᠠᠪᠤᠷ ᠭᠠᠵᠠᠷ᠎ᠲᠤ ᠬᠦᠷᠭᠡᠵᠦ ᠬᠢᠨᠠᠨ ᠬᠠᠮᠠᠭ᠋ᠠᠯᠠᠬᠤ ᠴᠢᠬᠤᠯᠠᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠪᠥᠭᠡᠳ ᠬᠢᠨᠠᠨ ᠬᠠᠮᠠᠭ᠋ᠠᠯᠠᠭᠴᠢ᠎ᠳᠤ᠎ᠨᠢ ᠴᠠᠭ ᠲᠤᠬᠠᠶ᠎ᠳᠤ᠎ᠨᠢ ᠮᠡᠳᠡᠭᠳᠡᠬᠦ ᠬᠡᠷᠡᠭᠲᠡᠶ᠃

    ᠠᠷᠪᠠᠨ ᠲᠠᠪᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠡᠶ᠋ᠢᠭᠡᠮ᠎ᠤᠨ ᠠᠮᠤᠷ ᠲᠦᠪᠰᠢᠨ ᠡᠮᠬᠢ ᠵᠢᠷᠤᠮ᠎ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠦᠢ᠍ᠯᠡ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠬᠤᠷᠢᠭᠯᠠᠨ ᠵᠣᠭᠰᠣᠭ᠋ᠠᠬᠤ ᠵᠢᠨ ᠲᠥᠯᠥᠭᠡ᠂ ᠵᠣᠬᠢᠬᠤ ᠣᠷᠣᠨ ᠪᠦᠰᠡ ᠪᠠ ᠴᠠᠭ ᠬᠤᠭᠤᠴᠠᠭ᠋ᠠᠨ᠎ᠳᠤ ᠬᠥᠮᠦᠨ ᠬᠠᠷ᠎ᠠ᠂ ᠲᠡᠷᠭᠡ ᠬᠥᠰᠬᠡ ᠵᠢᠨ ᠨᠡᠪᠲᠡᠷᠡᠬᠦ ᠪᠤᠶᠤ ᠵᠣᠭᠰᠣᠬᠤ ᠵᠢ ᠬᠢᠵᠠᠭ᠋ᠠᠷᠯᠠᠵᠤ ᠪᠣᠯᠬᠤ ᠮᠥᠷᠳᠡᠬᠡᠨ ᠴᠢᠬᠤᠯᠠᠲᠠᠢ ᠦᠶ᠎ᠡ᠎ᠳᠤ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠶᠠᠪᠤᠭᠤᠯᠵᠤ ᠪᠣᠯᠤᠨ᠎ᠠ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠵᠡᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠬᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠣᠯᠤᠨ᠎ᠠ᠃

    ᠠᠷᠪᠠᠨ ᠵᠢᠷᠭᠤᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠬᠡᠷᠡᠭᠴᠡᠭᠡ᠎ᠠᠴᠠ ᠪᠤᠯᠵᠦ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠴᠢᠩᠭ᠎ᠠ ᠨᠢᠮᠪᠠᠶ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠥᠩᠭᠡᠷᠡᠭᠡᠭᠡᠳ᠂ ᠮᠡᠷᠭᠡᠵᠢᠯ᠎ᠤᠨ ᠲᠤᠷᠰᠢᠨ ᠪᠠᠶ᠋ᠢᠴᠠᠭ᠋ᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃

    ᠠᠷᠪᠠᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠨᠡᠶ᠋ᠢᠭᠡᠮ᠎ᠤᠨ ᠠᠮᠤᠷ ᠲᠦᠪᠰᠢᠨ ᠡᠮᠬᠢ ᠵᠢᠷᠤᠮ᠎ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠭᠡᠨᠡᠳᠲᠡ ᠵᠢᠨ ᠬᠡᠷᠡᠭ᠎ᠢ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠲᠤᠬᠠᠶ ᠵᠢᠨ ᠭᠠᠵᠠᠷ᠎ᠲᠤ᠎ᠨᠢ ᠵᠠᠬᠢᠷᠤᠨ ᠬᠠᠮᠢᠶᠠᠷᠴᠤ ᠪᠣᠯᠤᠨ᠎ᠠ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠠᠯᠪᠡᠳᠡᠠ ᠲᠠᠷᠬᠠᠭ᠋ᠠᠵᠤ ᠪᠣᠯᠬᠤ ᠪᠥᠭᠡᠳ ᠤᠢ᠍ᠯᠦ ᠲᠡᠭ᠋ᠠᠬᠰᠡᠦᠠ᠎ᠢ ᠲᠤᠬᠠᠶ ᠵᠢᠨ ᠭᠠᠵᠠᠷ᠎ᠠᠴᠠ ᠠᠯᠪᠡᠳᠡᠠ ᠵᠠᠶ᠋ᠢᠯᠠᠭᠤᠯᠬᠤ ᠪᠤᠶᠤ ᠲᠡᠷᠡ ᠳᠠᠷᠤᠶ᠎ᠳᠤ᠎ᠨᠢ ᠲᠦᠷ ᠬᠤᠷᠢᠵᠤ ᠪᠣᠯᠤᠨ᠎ᠠ᠃

    ᠠᠷᠪᠠᠨ ᠨᠠᠢ᠍ᠮᠠᠳᠤᠭ᠋ᠠᠷ ᠵᠦᠢ᠍ᠯ ᠤᠯᠤᠰ᠎ᠤᠨ ᠠᠮᠤᠷ᠎ᠢ ᠬᠠᠮᠠᠭ᠋ᠠᠯᠠᠬᠤ ᠪᠠᠢ᠍ᠭᠤᠯᠭ᠎ᠠ᠂ ᠭᠢᠨᠳᠠᠨ ᠪᠠ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ ᠬᠠᠮᠢᠶᠠᠷᠤᠯᠲᠠ ᠵᠢᠨ ᠪᠠᠢ᠌ᠭᠤᠯᠭ᠎ᠠ ᠵᠢᠨ ᠠᠷᠠᠳ᠎ᠤᠨ ᠴᠠᠭᠳᠠᠭ᠎ᠠ ᠪᠠ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠬᠠᠤᠯᠢ ᠵᠢᠨ ᠴᠠᠭᠳᠠᠭ᠎ᠠ ᠬᠤᠯᠪᠣᠭᠳᠠᠯ ᠪᠥᠬᠦᠶ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠲᠤᠰ ᠲᠤᠰ ᠡᠷᠬᠡ ᠲᠤᠰᠢᠶᠠᠯ ᠵᠶ᠋ᠠᠨ ᠭᠦᠢ᠍ᠴᠡᠳᠬᠡᠨ᠎ᠡ᠃

    ᠠᠷᠪᠠ ᠶᠢᠰᠦᠳᠦᠭᠡᠷ ᠵᠦᠢ᠍ᠯ ᠠᠷᠠᠳ᠎ᠤᠨ ᠴᠠᠭᠳᠠᠭ᠎ᠠ ᠦᠯᠦ ᠠᠵᠢᠯᠯᠠᠵᠤ ᠪᠠᠢ᠌ᠭ᠎ᠠ ᠴᠠᠭ᠎ᠲᠤ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠪᠠᠴᠢᠮ ᠪᠠᠢ᠌ᠳᠠᠯ ᠲᠣᠬᠢᠶᠠᠯᠳᠤᠪᠠᠯ ᠡᠭᠦᠷᠭᠡ ᠬᠠᠷᠢᠭᠤᠴᠠᠯᠭ᠎ᠠ᠎ᠪᠠᠨ ᠭᠦᠶ᠋ᠢᠴᠡᠳᠬᠡᠬᠦ ᠬᠡᠷᠡᠭᠲᠡᠢ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ