ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ (ᠲᠠᠪᠤ)
ᠨᠡᠶ᠋ᠢᠲᠡᠯᠡᠭᠰᠡᠨ ᠴᠠᠭ᠄ 2023-11-20

    1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃

     2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)

 

         ᠲᠠᠪᠤᠳᠤᠭ᠋ᠠᠷ ᠪᠦᠯᠦᠭ    ᠴᠠᠭᠳᠠᠭ᠋ᠠᠨ᠎ᠤ ᠶᠠᠪᠤᠳᠠᠯ᠎ᠤᠨ ᠪᠠᠲᠤᠯᠠᠭ᠎ᠠ

 

     ᠭᠤᠴᠢᠨ ᠬᠤᠶᠠᠳᠤᠭ᠋ᠠᠷ ᠵᠦᠢ᠍ᠯ  ᠠᠷᠠᠳ᠎ᠤᠨ ᠴᠠᠭᠳᠠᠭ᠎ᠠ ᠡᠷᠬᠡᠪᠰᠢ ᠳᠡᠭᠡᠳᠦ ᠱᠠᠳᠤᠨ᠎ᠤ ᠲᠣᠭᠲᠠᠭ᠋ᠠᠯ ᠪᠠ ᠵᠠᠷᠯᠢᠭ᠎ᠢ ᠬᠡᠷᠡᠭᠵᠢᠭᠦᠯᠬᠦ ᠬᠡᠷᠡᠭᠲᠡᠶ᠃

     ᠠᠷᠠᠳ᠎ᠤᠨ ᠴᠠᠭᠳᠠᠭ᠎ᠠ ᠲᠣᠭᠲᠠᠭ᠋ᠠᠯ ᠪᠠ ᠵᠠᠷᠯᠢᠭ᠎ᠲᠤ ᠪᠤᠷᠤᠭᠤ᠎ᠲᠠᠢ ᠭᠡᠵᠦ ᠦᠵᠡᠪᠡᠯ ᠲᠣᠭᠲᠠᠭ᠋ᠠᠯ ᠶᠣᠰᠣᠭ᠋ᠠᠷ ᠰᠠᠨᠠᠯ ᠵᠶ᠋ᠠᠨ ᠳᠤᠷᠠᠳᠴᠤ ᠪᠣᠯᠤᠨ᠎ᠠ᠂ ᠭᠡᠪᠡᠴᠦ ᠲᠣᠭᠲᠠᠭ᠋ᠠᠯ ᠪᠠ ᠵᠠᠷᠯᠢᠭ᠎ᠢ ᠬᠡᠷᠡᠭᠵᠢᠭᠦᠯᠬᠦ ᠵᠢ ᠵᠣᠭᠰᠣᠭ᠋ᠠᠬᠤ ᠪᠤᠶᠤ ᠬᠤᠪᠢᠷᠠᠭᠤᠯᠵᠤ ᠪᠣᠯᠬᠤ ᠤᠢ᠍ᠭᠡᠢ; ᠳᠤᠷᠠᠳᠤᠭᠰᠠᠨ ᠰᠠᠨᠠᠯ᠎ᠢ᠎ᠨᠢ ᠬᠦᠯᠢᠶᠡᠠ ᠠᠪᠴᠤ ᠬᠡᠷᠡᠭᠯᠡᠬᠦ ᠤᠢ᠍ᠭᠡᠢ ᠪᠣᠯ ᠡᠷᠬᠡᠪᠰᠢ ᠲᠣᠭᠲᠠᠭ᠋ᠠᠯ ᠪᠠ ᠵᠠᠷᠯᠢᠭ᠎ᠢ ᠲᠡᠭ᠋ᠠᠬᠤ ᠬᠡᠷᠡᠭᠲᠡᠶ; ᠲᠣᠭᠲᠠᠭ᠋ᠠᠯ ᠪᠠ ᠵᠠᠷᠯᠢᠭ᠎ᠢ ᠬᠡᠷᠡᠭᠵᠢᠭᠦᠯᠦᠭᠰᠡᠨ᠎ᠤ ᠦᠷ᠎ᠡ ᠳ᠋ᠦᠩ᠎ᠢ ᠲᠣᠭᠲᠠᠭ᠋ᠠᠯ ᠪᠠ ᠵᠠᠷᠯᠢᠭ ᠭᠠᠷᠭ᠋ᠠᠭᠰᠠᠨ ᠳᠡᠭᠡᠳᠦ ᠱᠠᠲᠤᠨ᠎ᠠᠴᠠ ᠬᠠᠷᠢᠭᠤᠴᠠᠨ᠎ᠠ᠃

     ᠭᠤᠴᠢᠨ ᠭᠤᠷᠪᠠᠳᠤᠭ᠋ᠠᠷ ᠵᠦᠢ᠍ᠯ  ᠠᠷᠠᠳ᠎ᠤᠨ ᠴᠠᠭᠳᠠᠭ᠎ᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠠᠷᠠᠳ᠎ᠤᠨ ᠴᠠᠭᠳᠠᠭ᠋ᠠᠨ᠎ᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠠᠴᠠ ᠳᠠᠪᠠᠭᠰᠠᠨ ᠵᠠᠷᠯᠢᠭ᠎ᠢ ᠬᠡᠷᠡᠭᠵᠢᠭᠦᠯᠬᠦ ᠵᠢ ᠲᠡᠪᠴᠢᠬᠦ ᠡᠷᠬᠡ᠎ᠲᠠᠢ ᠪᠥᠭᠡᠳ ᠳᠡᠭᠡᠲᠦ ᠱᠠᠳᠤᠨ᠎ᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠶ᠃

     ᠭᠤᠴᠢᠨ ᠳᠥᠷᠪᠡᠳᠦᠭᠡᠷ ᠵᠦᠢ᠍ᠯ  ᠠᠷᠠᠳ᠎ᠤᠨ ᠴᠠᠭᠳᠠᠭ᠋ᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠠᠷᠠᠳ ᠢᠷᠭᠡᠨ ᠪᠠ ᠵᠣᠬᠢᠶᠠᠨ ᠪᠠᠢ᠍ᠭᠤᠯᠤᠯᠲᠠ ᠳᠠᠮᠵᠢᠵᠤ ᠬᠠᠮᠵᠢᠬᠤ ᠬᠡᠷᠡᠭᠲᠡᠶ᠃ ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠴᠠᠭᠳᠠᠭ᠋ᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠨᠢ ᠬᠠᠮᠵᠢᠬᠤ ᠠᠵᠢᠯᠯᠠᠭ᠎ᠠ ᠵᠢ ᠬᠠᠤᠯᠢ᠎ᠪᠠᠷ ᠬᠠᠮᠠᠭ᠋ᠠᠯᠠᠨ᠎ᠠ᠃ ᠠᠷᠠᠳ᠎ᠤᠨ ᠴᠠᠭᠳᠠᠭ᠋ᠠᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠨᠢ ᠬᠠᠮᠵᠢᠨ ᠲᠤᠰᠠᠯᠠᠭ᠋ᠠᠳ ᠮᠡᠳᠡᠭᠳᠡᠬᠦ᠋ᠢ᠍ᠴᠡ ᠠᠮᠵᠢᠯᠲᠠ ᠣᠯᠤᠭᠰᠠᠳ᠎ᠢ ᠬᠥᠬᠢᠭᠦᠯᠦᠨ ᠱᠠᠩᠨᠠᠨ᠎ᠠ᠃

     ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠠᠷᠠᠳ᠎ᠤᠨ ᠴᠠᠭᠳᠠᠭ᠋ᠠᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠨᠢ ᠬᠠᠮᠵᠢᠨ ᠲᠤᠰᠠᠯᠠᠭᠰᠠᠨ᠎ᠠᠴᠠ ᠪᠤᠯᠵᠦ ᠬᠥᠮᠦᠨ᠎ᠢ ᠦᠬᠦᠭᠦᠯᠵᠦ ᠰᠢᠷᠬᠠᠲᠤᠭᠤᠯᠤᠭᠰᠠᠨ ᠪᠤᠶᠤ ᠡᠳ᠋ ᠬᠦᠷᠦᠩᠭᠡ ᠵᠢᠨ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠰᠠᠷᠠᠮᠵᠢ ᠥᠭᠬᠦ ᠪᠤᠶᠤ ᠨᠥᠬᠦᠪᠥᠷᠢ ᠥᠭᠬᠦ ᠬᠡᠷᠡᠭᠲᠡᠶ᠃

    ᠭᠤᠴᠢᠨ ᠲᠠᠪᠤᠳᠤᠭ᠋ᠠᠷ ᠵᠦᠢ᠍ᠯ   ᠠᠷᠠᠳ᠎ᠤᠨ ᠴᠠᠭᠳᠠᠭ᠋ᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠲᠡᠪᠴᠢᠬᠦ ᠪᠤᠶᠤ ᠬᠠᠷᠰᠢᠯᠠᠵᠤ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ᠄

    (ᠨᠢᠭᠡ) ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ ᠪᠠᠶ᠋ᠢᠭ᠎ᠠ ᠠᠷᠠᠳ᠎ᠤᠨ ᠴᠠᠭᠳᠠᠭ᠎ᠠ ᠵᠢ ᠢᠯᠡ᠎ᠪᠠᠷ ᠭᠤᠲᠤᠭ᠋ᠠᠵᠤ ᠲᠤᠷᠦᠮᠵᠢᠯᠡᠭ᠍ᠰᠡᠠ;

    (ᠬᠤᠶᠠᠷ) ᠠᠷᠠᠳ᠎ᠤᠨ ᠴᠠᠭᠳᠠᠭ᠋ᠠᠨ᠎ᠤ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠵᠢ ᠬᠠᠷᠰᠢᠯᠠᠭᠰᠠᠨ;

    (ᠭᠤᠷᠪᠠ) ᠠᠷᠠᠳ᠎ᠤᠨ ᠴᠠᠭᠳᠠᠭ᠋ᠠᠨ᠎ᠤ ᠨᠡᠬᠡᠮᠵᠢᠯᠡᠨ ᠪᠠᠷᠢᠪᠴᠢᠯᠠᠬᠤ᠂ ᠨᠡᠩᠵᠢᠬᠦ᠂ ᠠᠶᠤᠯ᠎ᠠᠴᠠ ᠠᠪᠦᠷᠡᠬᠤ ᠵᠡᠷᠭᠡ ᠡᠭᠦᠷᠭᠡ ᠭᠦᠢ᠍ᠴᠡᠳᠬᠡᠵᠦ ᠬᠤᠯᠪᠣᠭᠳᠠᠯ ᠪᠦᠬᠦᠢ ᠣᠷᠣᠨ ᠰᠠᠭᠤᠴᠠ᠂ ᠲᠠᠯᠠᠪᠤᠷ᠎ᠲᠤ ᠣᠷᠣᠬᠤ ᠵᠢ ᠲᠡᠪᠴᠢᠭᠰᠡᠨ ᠪᠤᠶᠤ ᠬᠠᠷᠰᠢᠯᠠᠭᠰᠠᠨ;

    (ᠲᠦᠷᠪᠡ) ᠬᠥᠮᠦᠨ᠎ᠢ ᠠᠪᠦᠷᠡᠬᠤ᠂ ᠠᠶᠤᠯ᠎ᠠᠴᠠ ᠠᠪᠦᠷᠡᠬᠤ᠂ ᠨᠡᠬᠡᠮᠵᠢᠯᠡᠨ ᠪᠠᠷᠢᠪᠴᠢᠯᠠᠬᠤ᠂ ᠰᠡᠷᠭᠡᠶ᠋ᠢᠯᠡᠨ ᠬᠠᠮᠠᠭ᠋ᠠᠯᠠᠬᠤ ᠵᠡᠷᠭᠡ ᠪᠠᠴᠢᠮ ᠡᠭᠦᠷᠭᠡ ᠭᠦᠢ᠍ᠴᠡᠳᠬᠡᠵᠦ ᠪᠠᠶ᠋ᠢᠭ᠎ᠠ ᠴᠠᠭᠳᠠᠭ᠋ᠠᠨ᠎ᠤ ᠲᠡᠷᠭᠡᠨ᠎ᠳᠤ ᠵᠣᠷᠢᠭᠤᠳᠠ ᠬᠠᠷᠰᠢ ᠰᠠᠭ᠋ᠠᠳ ᠲᠠᠯᠪᠢᠭᠰᠠᠨ;

    (ᠲᠠᠪᠤ) ᠠᠷᠠᠳ᠎ᠤᠨ ᠴᠠᠭᠳᠠᠭ᠋ᠠᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠲᠡᠪᠴᠢᠭᠰᠡᠨ ᠪᠤᠶᠤ ᠬᠠᠷᠰᠢᠯᠠᠭᠰᠠᠨ ᠪᠤᠰᠤᠳ ᠠᠵᠢᠯᠯᠠᠭ᠎ᠠ᠎ᠲᠠᠢ ᠪᠠᠶ᠋ᠢᠬᠤ᠃

    ᠬᠦᠴᠦᠷᠬᠡᠭᠯᠡᠯ᠂ ᠰᠦᠷᠳᠡᠭᠦᠯᠦᠯ᠎ᠤᠨ ᠠᠷᠭ᠎ᠠ᠎ᠪᠠᠷ ᠡᠮᠦᠨᠡᠬᠢ ᠪᠠᠳᠠᠭ᠎ᠲᠤ ᠲᠣᠭᠲᠠᠭ᠋ᠠᠭᠰᠠᠨ ᠠᠵᠢᠯᠯᠠᠭ᠎ᠠ ᠵᠢ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠭᠤᠴᠢᠨ ᠵᠢᠷᠭᠤᠳᠤᠭ᠋ᠠᠷ ᠵᠦᠢ᠍ᠯ  ᠠᠷᠠᠳ᠎ᠤᠨ ᠴᠠᠭᠳᠠᠭ᠋ᠠᠨ᠎ᠤ ᠴᠠᠭᠳᠠᠯᠭ᠎ᠠ ᠵᠢᠨ ᠲᠡᠮᠳᠡᠭ᠂ ᠠᠵᠢᠯ᠎ᠤᠨ ᠬᠤᠪᠴᠠᠰᠤ ᠪᠣᠯᠣᠨ ᠴᠠᠭᠳᠠᠯᠭ᠎ᠠ ᠵᠢᠨ ᠪᠠᠭ᠋ᠠᠵᠢ ᠬᠡᠷᠡᠭᠰᠡᠯ᠎ᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠠᠴᠠ ᠨᠢᠭᠡᠳᠦᠯᠲᠡᠢ ᠬᠢᠨᠠᠨ ᠦᠶ᠋ᠢᠯᠡᠳᠴᠦ᠂ ᠪᠤᠰᠤᠳ ᠬᠤᠯᠪᠣᠭᠳᠠᠯ ᠪᠥᠬᠦᠶ ᠲᠥᠷᠥ ᠵᠢᠨ ᠪᠠᠶ᠋ᠢᠭᠤᠯᠭ᠎ᠠ᠎ᠲᠠᠢ ᠬᠠᠮᠳᠤᠷᠠᠨ ᠬᠠᠮᠢᠶᠠᠷᠴᠤ᠂ ᠪᠤᠰᠤᠳ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠬᠠᠤᠯᠢ ᠪᠤᠰᠤ᠎ᠪᠠᠷ ᠦᠶ᠋ᠢᠯᠡᠳᠴᠦ ᠬᠤᠳᠠᠯᠳᠤᠭ᠋ᠠᠯᠠᠵᠤ ᠪᠣᠯᠬᠤ ᠦᠭᠡᠢ᠃

    ᠠᠷᠠᠳ᠎ᠤᠨ ᠴᠠᠭᠳᠠᠭ᠋ᠠᠨ᠎ᠤ ᠴᠠᠭᠳᠠᠯᠭ᠎ᠠ ᠵᠢᠨ ᠲᠡᠮᠳᠡᠭ᠂ ᠳᠦᠷᠢᠮᠲᠦ ᠬᠤᠪᠴᠠᠰᠤ᠂ ᠴᠠᠭᠳᠠᠭ᠋ᠠᠨ᠎ᠤ ᠪᠠᠭ᠋ᠠᠵᠢ᠂ ᠭᠡᠷᠡᠴᠢ ᠦᠨᠡᠮᠯᠡᠯ᠎ᠢ ᠠᠷᠠᠳ᠎ᠤᠨ ᠴᠠᠭᠳᠠᠭ᠎ᠠ ᠲᠤᠰᠬᠠᠶ ᠬᠡᠷᠡᠭᠯᠡᠨ᠎ᠡ᠂ ᠪᠤᠰᠤᠳ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠪᠡᠶ᠎ᠡ᠎ᠳᠤ᠎ᠪᠠᠨ ᠠᠪᠴᠤ ᠬᠡᠷᠡᠭᠯᠡᠵᠦ ᠪᠣᠯᠬᠤ ᠤᠢ᠍ᠭᠡᠢ᠃

     ᠡᠮᠦᠨᠡᠬᠢ ᠬᠤᠶᠠᠷ ᠪᠠᠳᠠᠭ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠠᠤᠯᠢ ᠪᠤᠰᠤ᠎ᠪᠠᠷ ᠦᠢ᠍ᠯᠡᠳᠦᠭᠰᠡᠨ᠂ ᠫᠠᠨᠽᠠᠯᠠᠭᠰᠠᠨ᠂ ᠡᠵᠡᠮᠰᠢᠭᠰᠡᠨ᠂ ᠬᠡᠷᠡᠭᠯᠡᠭᠰᠡᠨ ᠠᠷᠠᠳ᠎ᠤᠨ ᠴᠠᠭᠳᠠᠭ᠋ᠠᠨ᠎ᠤ ᠴᠠᠭᠳᠠᠯᠭ᠎ᠠ ᠵᠢᠨ ᠲᠡᠮᠳᠡᠭ᠂ ᠳᠦᠷᠢᠮᠲᠦ ᠬᠤᠪᠴᠠᠰᠤ᠂ ᠴᠠᠭᠳᠠᠭ᠋ᠠᠨ᠎ᠤ ᠪᠠᠭ᠋ᠠᠵᠢ ᠵᠡᠪᠰᠡᠭ᠂ ᠭᠡᠷᠡᠴᠢ ᠦᠨᠡᠮᠯᠡᠯ᠎ᠢ᠎ᠨᠢ ᠬᠤᠷᠢᠶᠡᠠ ᠠᠪᠴᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠷᠪᠠᠨ ᠲᠠᠪᠤᠨ ᠡᠳᠦᠷ᠎ᠠᠴᠠ ᠳᠣᠭᠤᠭᠰᠢ ᠲᠦᠷ ᠬᠤᠷᠢᠬᠤ ᠪᠤᠶᠤ ᠳᠣᠩᠭᠤᠳᠬᠤ᠎ᠪᠠᠷ ᠰᠢᠢ᠍ᠳᠭᠡᠬᠦ ᠪᠥᠭᠡᠳ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠬᠢᠨᠢ ᠲᠠᠪᠤᠨ ᠲᠡᠬᠢᠠ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     ᠭᠤᠴᠢᠨ ᠳᠣᠯᠣᠳᠤᠭ᠋ᠠᠷ ᠵᠦᠢ᠍ᠯ  ᠤᠯᠤᠰ᠎ᠠᠴᠠ ᠠᠷᠠᠳ᠎ᠤᠨ ᠴᠠᠭᠳᠠᠭ᠎ᠠ ᠵᠢᠨ ᠵᠠᠷᠤᠳᠠᠯ᠎ᠢ ᠪᠠᠲᠤᠯᠠᠨ᠎ᠠ᠃ ᠠᠷᠠᠳ᠎ᠤᠨ ᠴᠠᠭᠳᠠᠭ᠎ᠠ ᠵᠢᠨ ᠵᠠᠷᠤᠳᠠᠯ᠎ᠢ ᠠᠵᠢᠯ ᠶᠠᠪᠤᠳᠠᠯ᠎ᠤᠨ ᠡᠷᠬᠡ ᠵᠢ ᠬᠤᠪᠢᠶᠠᠷᠢᠯᠠᠬᠤ ᠵᠠᠷᠴᠢᠮ ᠵᠶ᠋ᠠᠷ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠥᠪ᠎ᠲᠤ ᠲᠤᠰ ᠲᠤᠰ ᠣᠷᠣᠭᠤᠯᠤᠨ᠎ᠠ᠃

     ᠭᠤᠴᠢᠨ ᠨᠠᠢ᠍ᠮᠠᠳᠤᠭ᠋ᠠᠷ ᠵᠦᠢ᠍ᠯ  ᠠᠷᠠᠳ᠎ᠤᠨ ᠴᠠᠭᠳᠠᠭ᠋ᠠᠨ᠎ᠤ ᠠᠵᠢᠯ᠎ᠳᠤ ᠴᠢᠬᠤᠯᠠ ᠪᠦᠬᠦᠢ ᠮᠡᠳᠡᠭᠡ ᠬᠤᠯᠪᠣᠭ᠎ᠠ᠂ ᠪᠣᠯᠪᠠᠰᠤᠷᠠᠯ᠎ᠤᠨ ᠲᠥᠬᠦᠭᠡᠷᠦᠮᠵᠢ ᠪᠠ ᠵᠠᠮ ᠬᠠᠷᠢᠯᠴᠠᠭ᠎ᠠ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠢᠴᠢ ᠲᠣᠮᠢᠯᠠᠭᠰᠠᠨ ᠰᠠᠯᠪᠤᠷᠢ᠂ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠶᠡᠷᠦᠩᠬᠡᠢ ᠲᠥᠯᠥᠪᠵᠢᠭᠦᠯᠭᠡ᠎ᠳᠤ ᠣᠷᠣᠭᠤᠯᠬᠤ ᠬᠡᠷᠡᠭᠲᠡᠢ᠃

      ᠭᠤᠴᠢ ᠶᠢᠰᠦᠳᠦᠭᠡᠷ ᠵᠦᠢ᠍ᠯ  ᠤᠯᠤᠰ᠎ᠠᠴᠠ ᠠᠷᠠᠳ᠎ᠤᠨ ᠴᠠᠭᠳᠠᠭ᠋ᠠᠨ᠎ᠤ ᠵᠡᠪᠰᠡᠭ ᠲᠣᠨᠣᠭᠯᠠᠯ᠎ᠤᠨ ᠣᠳᠣᠬᠢᠴᠢᠯᠠᠬᠤ ᠪᠦᠳᠦᠭᠡᠠ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠴᠢᠷᠮᠠᠶ᠋ᠢᠨ ᠳᠡᠯᠭᠡᠷᠡᠭᠦᠯᠦᠨ ᠬᠡᠷᠡᠭᠯᠡᠨ᠎ᠡ᠃

     ᠳᠥᠴᠢᠳᠦᠭᠡᠷ ᠵᠦᠢ᠍ᠯ   ᠠᠷᠠᠳ᠎ᠤᠨ ᠴᠠᠭᠳᠠᠭ᠎ᠠ᠎ᠳᠤ ᠲᠦᠷᠦ ᠵᠢᠨ ᠠᠯᠪᠠᠲᠠᠨ᠎ᠤ ᠴᠠᠯᠢᠩ᠎ᠤᠨ ᠲᠦᠷᠢᠮ᠎ᠢ ᠬᠡᠷᠡᠭᠵᠢᠭᠦᠯᠬᠦ ᠪᠥᠭᠡᠳ ᠤᠯᠤᠰ᠎ᠠᠴᠠ ᠲᠣᠭᠲᠠᠭ᠋ᠠᠭᠰᠠᠨ ᠴᠠᠭᠳᠠᠭ᠋ᠠᠨ᠎ᠤ ᠴᠣᠯᠠ ᠵᠢᠨ ᠨᠥᠬᠦᠪᠥᠷᠢ ᠮᠥᠩᠭᠦ ᠪᠠ ᠪᠤᠰᠤᠳ ᠨᠥᠬᠦᠪᠥᠷᠢ ᠮᠥᠩᠭᠦ᠂ ᠨᠥᠬᠦᠪᠥᠷᠢ ᠮᠥᠩᠭᠦ ᠵᠢᠴᠢ ᠳᠠᠭ᠋ᠠᠳᠬᠠᠯ ᠠᠰᠠᠷᠠᠮᠵᠢ ᠵᠢᠨ ᠬᠠᠷᠠᠭ᠋ᠠᠯᠵᠠᠯ᠎ᠢ ᠬᠦᠷᠳᠡᠨ᠎ᠠ᠃

    ᠳᠥᠴᠢᠨ ᠨᠢᠭᠡᠳᠦᠭᠡᠷ ᠵᠦᠢ᠍ᠯ   ᠠᠷᠠᠳ᠎ᠤᠨ ᠴᠠᠭᠳᠠᠭ᠎ᠠ ᠠᠯᠪᠠᠨ ᠶᠠᠪᠤᠳᠠᠯ ᠵᠶ᠋ᠠᠷ ᠵᠡᠮᠳᠡᠭ ᠪᠣᠯᠤᠭᠰᠠᠨ ᠪᠠᠶ᠋ᠢᠪᠠᠯ᠂ ᠠᠯᠪᠠᠨ ᠶᠠᠪᠤᠳᠠᠯ ᠵᠶ᠋ᠠᠷ ᠵᠡᠮᠳᠡᠭ ᠪᠣᠯᠤᠭᠰᠠᠨ ᠠᠯᠪᠠᠨ ᠴᠡᠷᠢᠭ᠎ᠲᠠᠢ ᠠᠳᠠᠯᠢ᠎ᠪᠠᠷ ᠤᠯᠤᠰ᠎ᠤᠨ ᠠᠰᠠᠷᠠᠮᠵᠢ ᠪᠠ ᠬᠠᠷᠠᠭ᠋ᠠᠯᠵᠠᠯ᠎ᠢ ᠬᠦᠷᠳᠡᠨ᠎ᠠ᠃

    ᠠᠷᠠᠳ᠎ᠤᠨ ᠴᠠᠭᠳᠠᠭ᠎ᠠ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠪᠤᠶᠤ ᠡᠪᠡᠳᠴᠢᠨ ᠵᠶ᠋ᠠᠷ ᠨᠠᠰᠤ ᠪᠠᠷᠠᠭᠰᠠᠨ ᠪᠠᠶ᠋ᠢᠪᠠᠯ᠂ ᠲᠡᠭᠦᠨ᠎ᠤ ᠭᠡᠷ ᠪᠦᠯᠢ ᠵᠢᠨ᠎ᠬᠢᠨ᠎ᠨᠢ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠪᠤᠶᠤ ᠡᠪᠡᠳᠴᠢᠨ ᠵᠶ᠋ᠠᠷ ᠨᠠᠰᠤ ᠪᠠᠷᠠᠭᠰᠠᠨ ᠠᠯᠪᠠᠨ ᠴᠡᠷᠢᠭ᠎ᠤᠨ ᠭᠡᠷ ᠪᠦᠯᠢ ᠵᠢᠨ᠎ᠬᠢᠨ᠎ᠲᠠᠢ ᠠᠳᠠᠯᠢ᠎ᠪᠠᠷ ᠤᠯᠤᠰ᠎ᠤᠨ ᠠᠰᠠᠷᠠᠮᠵᠢ ᠪᠠ ᠬᠠᠷᠠᠭ᠋ᠠᠯᠵᠠᠯ᠎ᠢ ᠬᠦᠷᠳᠡᠨ᠎ᠠ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ