1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃
2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)
ᠳᠥᠷᠪᠡᠳᠦᠭᠡᠷ ᠪᠦᠯᠦᠭ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ
ᠬᠤᠷᠢᠨ ᠳᠥᠷᠪᠡᠳᠦᠭᠡᠷ ᠵᠦᠢ᠍ᠯ ᠤᠯᠤᠰ᠎ᠠᠴᠠ ᠠᠷᠠᠳ᠎ᠤᠨ ᠴᠠᠭᠳᠠᠭ᠋ᠠᠨ᠎ᠤ ᠠᠵᠢᠯ᠎ᠤᠨ ᠰᠢᠨᠵᠢ ᠴᠢᠨᠠᠷ᠂ ᠡᠭᠦᠷᠭᠡ ᠪᠠ ᠣᠨᠴᠠᠯᠢᠭ᠎ᠢ ᠦᠨᠳᠦᠰᠦᠯᠡᠵᠦ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠪᠠ ᠲᠤᠰᠢᠶᠠᠯ᠎ᠤᠨ ᠳᠠᠷᠠᠭ᠋ᠠᠯᠠᠯ᠎ᠢ ᠲᠣᠭᠲᠠᠭ᠋ᠠᠨ᠎ᠠ᠃
ᠬᠤᠷᠢᠨ ᠲᠠᠪᠤᠳᠤᠭ᠋ᠠᠷ ᠵᠦᠢ᠍ᠯ ᠠᠷᠠᠳ᠎ᠤᠨ ᠴᠠᠭᠳᠠᠭ᠎ᠠ᠎ᠳᠤ ᠴᠠᠭᠳᠠᠭ᠎ᠠ ᠵᠢᠨ ᠴᠣᠯᠠ ᠵᠢᠨ ᠳᠦᠷᠢᠮ᠎ᠢ ᠬᠠᠤᠯᠢ ᠶᠣᠰᠣᠭ᠋ᠠᠷ ᠬᠡᠷᠡᠭᠵᠢᠭᠦᠯᠦᠨ᠎ᠡ᠃
ᠬᠤᠷᠢᠨ ᠵᠢᠷᠭᠤᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠵᠢᠨ ᠲᠤᠰᠢᠶᠠᠯ᠎ᠢ ᠡᠭᠦᠷᠭᠡᠯᠡᠬᠦ᠎ᠳᠤ ᠳᠣᠣᠷᠠᠬᠢ ᠨᠥᠬᠦᠴᠡᠯ᠎ᠤᠳ᠎ᠢ ᠪᠦᠷᠢᠯᠳᠦᠭᠦᠯᠬᠦ ᠬᠡᠷᠡᠭᠲᠡᠶ :
(ᠨᠢᠭᠡ) ᠪᠦᠬᠦᠯᠢ ᠠᠷᠪᠠᠨ ᠨᠠᠢ᠍ᠮᠠᠨ ᠨᠠᠰᠤᠨ᠎ᠳᠤ ᠬᠦᠷᠦᠭᠰᠡᠠ ᠠᠷᠠᠳ ᠲᠦᠮᠡᠨ;
(ᠬᠤᠶᠠᠷ) ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠬᠦ;
(ᠭᠤᠷᠪᠠ) ᠰᠠᠢ᠌ᠨ ᠰᠠᠢ᠌ᠬᠠᠨ ᠤᠯᠤᠰ ᠲᠦᠷᠦ᠂ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠪᠠ ᠰᠠᠢ᠌ᠨ ᠰᠠᠢ᠌ᠬᠠᠨ ᠵᠠᠩ ᠰᠤᠷᠲᠠᠯ᠎ᠲᠠᠢ ᠪᠠᠶ᠋ᠢᠬᠤ;
(ᠲᠦᠷᠪᠡ) ᠡᠷᠡᠭᠦᠯ ᠴᠢᠭᠢᠷᠠᠭ ᠪᠡᠶ᠎ᠡ ᠮᠠᠬᠠᠪᠣᠳ᠎ᠲᠠᠢ ᠪᠠᠶ᠋ᠢᠬᠤ;
(ᠲᠠᠪᠤ) ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠨ᠎ᠠᠴᠠ ᠳᠡᠭᠡᠭᠰᠢ ᠰᠣᠶᠣᠯ᠎ᠤᠨ ᠬᠢᠷᠢ ᠬᠡᠮᠵᠢᠶ᠎ᠡ᠎ᠲᠠᠢ ᠪᠠᠶ᠋ᠢᠬᠤ;
(ᠵᠢᠷᠭᠤᠭ᠎ᠠ) ᠠᠷᠠᠳ᠎ᠤᠨ ᠴᠠᠭᠳᠠᠭ᠋ᠠᠨ᠎ᠤ ᠠᠵᠢᠯ᠎ᠢ ᠰᠡᠶ᠋ᠢᠠ ᠳᠤᠷ᠎ᠠ᠎ᠠᠴᠠ᠎ᠪᠠᠨ ᠬᠢᠬᠦ᠃
ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ ᠠᠷᠠᠳ᠎ᠤᠨ ᠴᠠᠭᠳᠠᠭ᠎ᠠ ᠵᠢᠨ ᠲᠤᠰᠢᠶᠠᠯ᠎ᠢ ᠡᠭᠦᠷᠭᠡᠯᠡᠵᠦ ᠪᠣᠯᠬᠤ ᠤᠢ᠍ᠭᠡᠢ᠄
(ᠨᠢᠭᠡ) ᠶᠠᠯ᠎ᠠ ᠬᠢᠭᠰᠡᠨ᠎ᠠᠴᠠ ᠪᠤᠯᠵᠦ ᠡᠷᠡᠭᠦᠦ ᠵᠢᠨ ᠰᠢᠢ᠍ᠳᠭᠡᠯ ᠣᠯᠵᠤ ᠥᠩᠭᠡᠷᠡᠭᠰᠡᠨ;
(ᠬᠤᠶᠠᠷ) ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠵᠦ ᠥᠩᠭᠡᠷᠡᠭᠰᠡᠨ᠃
ᠬᠤᠷᠢᠨ ᠳᠣᠯᠣᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠵᠢ ᠡᠯᠰᠡᠵᠦ ᠬᠡᠷᠡᠭᠯᠡᠬᠦ᠎ᠳᠤ᠎ᠪᠠᠨ ᠡᠷᠬᠡᠪᠰᠢ ᠤᠯᠤᠰ᠎ᠤᠨ ᠲᠣᠭᠲᠠᠭ᠋ᠠᠯ ᠶᠣᠰᠣᠭ᠋ᠠᠷ ᠢᠯᠠ᠎ᠪᠠᠷ ᠰᠢᠯᠭ᠋ᠠᠵᠤ᠂ ᠴᠢᠩᠭ᠎ᠠ ᠬᠢᠨᠠᠨ ᠰᠢᠯᠭ᠋ᠠᠵᠤ᠂ ᠰᠢᠯᠢᠳᠡᠭ᠎ᠢ᠎ᠨᠢ ᠰᠢᠯᠢᠵᠦ ᠬᠡᠷᠡᠭᠯᠡᠬᠦ ᠬᠡᠷᠡᠭᠲᠡᠶ᠃
ᠬᠤᠷᠢᠨ ᠨᠠᠢ᠍ᠮᠠᠳᠤᠭ᠋ᠠᠷ ᠵᠦᠢ᠍ᠯ ᠠᠷᠠᠳ᠎ᠤᠨ ᠴᠠᠭᠳᠠᠭ᠋ᠠᠨ᠎ᠤ ᠤᠳᠤᠷᠢᠳᠬᠤ ᠲᠤᠰᠢᠶᠠᠯ᠎ᠢ ᠡᠭᠦᠷᠭᠡᠯᠡᠵᠦ ᠪᠠᠢ᠌ᠭ᠎ᠠ ᠬᠥᠮᠦᠰ ᠳᠣᠣᠷᠠᠬᠢ ᠨᠥᠬᠦᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ :
(ᠨᠢᠭᠡ) ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯ᠎ᠤᠨ ᠮᠡᠳᠡᠯᠭᠡ᠎ᠲᠠᠢ ᠪᠠᠶ᠋ᠢᠬᠤ;
(ᠬᠤᠶᠠᠷ) ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠲᠤᠷᠰᠢᠯᠭ᠎ᠠ᠎ᠲᠠᠢ ᠪᠥᠭᠡᠳ ᠵᠣᠬᠢᠬᠤ ᠬᠡᠮᠵᠢᠶᠡᠨ᠎ᠤ ᠵᠣᠬᠢᠶᠠᠨ ᠪᠠᠶ᠋ᠢᠭᠤᠯᠵᠤ ᠬᠠᠮᠢᠶᠠᠷᠬᠤ᠂ ᠵᠢᠯᠣᠭᠤᠳᠬᠤ ᠴᠢᠳᠠᠪᠤᠷᠢ᠎ᠲᠠᠢ ᠪᠠᠶ᠋ᠢᠬᠤ;
(ᠭᠤᠷᠪᠠ) ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠬᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠶ᠋ᠢᠬᠤ;
(ᠲᠦᠷᠪᠡ) ᠠᠷᠠᠳ᠎ᠤᠨ ᠴᠠᠭᠳᠠᠭ᠋ᠠᠨ᠎ᠤ ᠶᠡᠭᠡ ᠳᠡᠭᠡᠳᠦ ᠰᠤᠷᠭ᠋ᠠᠭᠤᠯᠢ᠎ᠳᠤ ᠪᠣᠯᠪᠠᠰᠤᠷᠠᠯ᠎ᠳᠤ ᠣᠷᠣᠯᠴᠠᠭ᠋ᠠᠳ ᠰᠢᠯᠭ᠋ᠠᠯᠲᠠ᠎ᠳᠤ ᠬᠢᠷᠢ ᠲᠡᠩᠴᠡᠭᠰᠡᠨ᠃
ᠬᠣᠷᠢ ᠶᠢᠰᠦᠳᠦᠭᠡᠷ ᠵᠦᠢ᠍ᠯ ᠤᠯᠤᠰ᠎ᠠᠴᠠ ᠠᠷᠠᠳ᠎ᠤᠨ ᠴᠠᠭᠳᠠᠭ᠋ᠠᠨ᠎ᠤ ᠰᠤᠷᠭ᠋ᠠᠨ ᠬᠥᠮᠦᠵᠢᠯ᠎ᠤᠨ ᠦᠶ᠋ᠢᠯᠡᠰᠢ ᠬᠥᠭᠵᠢᠭᠦᠯᠵᠦ᠂ ᠠᠷᠠᠳ᠎ᠤᠨ ᠴᠠᠭᠳᠠᠭ᠎ᠠ᠎ᠳᠤ ᠲᠥᠯᠥᠪᠯᠡᠭᠡ᠎ᠲᠠᠢ᠎ᠪᠠᠷ ᠤᠯᠤᠰ ᠲᠥᠷᠥ ᠦᠵᠡᠯ ᠰᠠᠨᠠᠭ᠎ᠠ᠂ ᠬᠠᠤᠯᠢ ᠳᠦᠷᠢᠮ᠂ ᠴᠠᠭᠳᠠᠭ᠋ᠠᠨ᠎ᠤ ᠲᠤᠬᠠᠢ᠍ᠯᠠᠭᠰᠠᠨ ᠠᠵᠢᠯ ᠵᠡᠷᠭᠡ ᠵᠢᠨ ᠬᠥᠮᠦᠵᠢᠯ ᠪᠣᠯᠪᠠᠰᠤᠷᠠᠯ᠎ᠢ ᠬᠢᠨ᠎ᠡ᠃
ᠭᠤᠴᠢᠳᠤᠭ᠋ᠠᠷ ᠵᠦᠢ᠍ᠯ ᠤᠯᠤᠰ᠎ᠠᠴᠠ ᠠᠷᠠᠳ᠎ᠤᠨ ᠴᠠᠭᠳᠠᠭ᠋ᠠᠨ᠎ᠤ ᠠᠵᠢᠯ᠎ᠤᠨ ᠰᠢᠨᠵᠢ ᠴᠢᠨᠠᠷ᠂ ᠡᠭᠦᠷᠭᠡ ᠪᠠ ᠣᠨᠴᠠᠯᠢᠭ᠎ᠢ ᠦᠨᠳᠦᠰᠦᠯᠡᠵᠦ᠂ ᠠᠳᠠᠯᠢ ᠪᠤᠰᠤ ᠠᠵᠢᠯ᠎ᠤᠨ ᠪᠠᠢ᠌ᠷᠢ᠎ᠳᠤ ᠦᠢ᠍ᠯᠡᠴᠢᠯᠡᠬᠦ ᠵᠢᠯ ᠬᠤᠭᠤᠴᠠᠭ᠎ᠠ ᠪᠠ ᠠᠳᠠᠯᠢ ᠪᠤᠰᠤ ᠲᠤᠰᠢᠶᠠᠯ᠎ᠤᠨ ᠲᠤᠰᠢᠶᠠᠯ ᠡᠭᠦᠷᠭᠡᠯᠡᠬᠦ ᠬᠠᠮᠤᠭ᠎ᠤᠨ ᠶᠡᠭᠡ ᠨᠠᠰᠤ ᠵᠢ ᠲᠤᠰ ᠲᠤᠰ ᠲᠣᠭᠲᠠᠭ᠋ᠠᠨ᠎ᠠ᠃
ᠭᠤᠴᠢᠨ ᠨᠢᠭᠡᠳᠦᠭᠡᠷ ᠵᠦᠢ᠍ᠯ ᠠᠷᠠᠳ᠎ᠤᠨ ᠴᠠᠭᠳᠠᠭ᠋ᠠᠨ᠎ᠤ ᠬᠤᠪᠢ ᠬᠥᠮᠦᠨ ᠪᠤᠶᠤ ᠬᠠᠮᠲᠤ ᠨᠡᠶ᠋ᠢᠳᠡ ᠠᠵᠢᠯ᠎ᠤᠨ ᠳᠤᠮᠳᠠ᠎ᠪᠠᠨ ᠲᠤᠪᠤᠶ᠋ᠢᠮ᠎ᠠ ᠢᠯᠡᠷᠡᠯ᠎ᠲᠠᠢ ᠪᠠᠶ᠋ᠢᠵᠤ᠂ ᠢᠯᠡᠳᠲᠡ ᠠᠮᠵᠢᠯᠲᠠ ᠪᠦᠲᠦᠮᠵᠢ ᠭᠠᠷᠭ᠋ᠠᠭᠰᠠᠨ ᠪᠠ ᠣᠨᠴᠠᠭ᠋ᠠᠶ ᠬᠤᠪᠢ ᠨᠡᠮᠡᠷᠢ ᠦᠵᠡᠭᠦᠯᠦᠭᠰᠡᠨ ᠪᠠᠶ᠋ᠢᠪᠠᠯ᠂ ᠬᠥᠬᠢᠭᠦᠯᠦᠨ ᠱᠠᠩᠨᠠᠨ᠎ᠠ᠃ ᠬᠥᠬᠢᠭᠦᠯᠦᠨ ᠱᠠᠩᠨᠠᠬᠤ᠎ᠳᠤ᠄ ᠬᠥᠬᠢᠭᠦᠯᠦᠨ ᠰᠠᠶ᠋ᠢᠰᠢᠶᠠᠬᠤ᠂ ᠭᠤᠷᠪᠠᠳᠤᠭ᠋ᠠᠷ ᠳᠡᠰ᠎ᠤᠨ ᠭᠠᠪᠢᠶ᠎ᠠ᠂ ᠬᠤᠶᠠᠳᠤᠭ᠋ᠠᠷ ᠳᠡᠰ᠎ᠤᠨ ᠭᠠᠪᠢᠶ᠎ᠠ᠂ ᠨᠢᠭᠡᠳᠦᠭᠡᠷ ᠳᠡᠰ᠎ᠤᠨ ᠭᠠᠪᠢᠶ᠎ᠠ᠂ ᠢᠷᠠᠭᠤ ᠠᠯᠳᠠᠷ᠎ᠤᠨ ᠴᠣᠯᠠ ᠣᠯᠭᠤᠬᠤ ᠭᠡᠵᠦ ᠬᠤᠪᠢᠶᠠᠨ᠎ᠠ᠃
ᠬᠥᠬᠢᠭᠦᠯᠦᠨ ᠱᠠᠩᠨᠠᠭᠳᠠᠭᠰᠠᠨ ᠠᠷᠠᠳ᠎ᠤᠨ ᠴᠠᠭᠳᠠᠭ᠎ᠠ᠎ᠳᠤ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭᠳᠠᠭ᠎ᠠ ᠵᠢᠨ ᠴᠣᠯᠠ ᠵᠢ᠎ᠨᠢ ᠤᠷᠢᠳᠴᠢᠯᠠᠨ ᠳᠡᠪᠰᠢᠭᠦᠯᠵᠦ ᠪᠣᠯᠬᠤ ᠪᠥᠭᠡᠳ ᠵᠣᠬᠢᠬᠤ ᠡᠳ᠋ ᠪᠣᠳᠠᠰ᠎ᠤᠨ ᠱᠠᠩᠨᠠᠯ ᠣᠯᠭᠤᠨ᠎ᠠ᠃