ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ (ᠭᠤᠷᠪᠠ)
ᠨᠡᠶ᠋ᠢᠲᠡᠯᠡᠭᠰᠡᠨ ᠴᠠᠭ᠄ 2023-11-20

     1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃

     2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)

 

          ᠭᠤᠷᠪᠠᠳᠤᠭ᠋ᠠᠷ ᠪᠦᠯᠦᠭ   ᠡᠭᠦᠷᠭᠡ ᠪᠠ ᠰᠠᠬᠢᠯᠭ᠎ᠠ ᠪᠠᠲᠤ

 

       ᠬᠤᠷᠢᠳᠤᠭ᠋ᠠᠷ ᠵᠦᠢ᠍ᠯ   ᠠᠷᠠᠳ᠎ᠤᠨ ᠴᠠᠭᠳᠠᠭ᠎ᠠ ᠳᠣᠣᠷᠠᠬᠢ ᠵᠦᠢ᠍ᠯ᠎ᠤᠳ᠎ᠢ ᠡᠷᠬᠡᠪᠰᠢ ᠭᠦᠢ᠍ᠴᠡᠳᠬᠡᠬᠦ ᠬᠡᠷᠡᠭᠲᠡᠶ :

      (ᠨᠢᠭᠡ) ᠬᠠᠤᠯᠢ ᠵᠢ ᠭᠤᠣᠯᠴᠢ᠎ᠪᠠᠷ ᠬᠡᠷᠡᠭᠵᠢᠭᠦᠯᠵᠦ᠂ ᠤᠴᠢᠷ ᠶᠠᠪᠤᠳᠠᠯ᠎ᠢ ᠭᠤᠣᠯᠴᠢ᠎ᠪᠠᠷ ᠰᠢᠢ᠍ᠳᠪᠦᠷᠢᠯᠡᠬᠦ;

      (ᠬᠤᠶᠠᠷ) ᠨᠡᠶ᠋ᠢᠭᠡᠮ ᠨᠡᠶ᠋ᠢᠲᠡ ᠵᠢᠨ ᠶᠣᠰᠣ ᠮᠣᠷᠠᠯ᠎ᠢ ᠵᠢᠱ᠌ᠢᠶᠡᠴᠢ᠎ᠪᠠᠷ ᠰᠠᠬᠢᠬᠤ;

      (ᠭᠤᠷᠪᠠ) ᠬᠥᠮᠦᠨ᠎ᠳᠤ ᠶᠣᠰᠣᠷᠬᠠᠭ ᠵᠶ᠋ᠠᠷ ᠬᠠᠨᠳᠤᠵᠤ᠂ ᠪᠣᠯᠪᠠᠰᠤᠨ ᠵᠶ᠋ᠠᠷ ᠵᠢᠵᠢᠭᠦᠷᠯᠡᠬᠦ;

      (ᠲᠦᠷᠪᠡ) ᠠᠷᠠᠳ ᠤᠯᠡᠠ᠎ᠤ ᠵᠠᠩ ᠳᠠᠳᠬᠠᠯ᠎ᠢ ᠬᠦᠨᠳᠦᠳᠬᠡᠬᠦ ᠬᠡᠷᠡᠭᠲᠡᠶ᠃

       ᠬᠤᠷᠢᠨ ᠨᠢᠭᠡᠳᠦᠭᠡᠷ ᠵᠦᠢ᠍ᠯ   ᠠᠷᠠᠳ᠎ᠤᠨ ᠴᠠᠭᠳᠠᠭ᠎ᠠ ᠠᠷᠠᠳ ᠢᠷᠭᠡᠨ᠎ᠤ ᠪᠡᠶ᠎ᠡ ᠵᠢᠨ ᠪᠠ ᠡᠳ᠋ ᠬᠥᠷᠥᠩᠭᠡ ᠵᠢᠨ ᠠᠮᠤᠷ ᠲᠦᠪᠰᠢᠨ ᠬᠠᠯᠳᠠᠯᠭ᠎ᠠ᠎ᠳᠤ ᠤᠴᠠᠷᠠᠭᠰᠠᠨ ᠪᠤᠶᠤ ᠪᠤᠰᠤᠳ ᠠᠶᠤᠯ ᠲᠦᠭᠰᠢᠭᠦᠷᠢ᠎ᠳᠤ ᠤᠴᠠᠷᠠᠭᠰᠠᠨ ᠪᠠᠢ᠌ᠳᠠᠯ᠎ᠳᠤ ᠲᠣᠬᠢᠶᠠᠯᠳᠤᠪᠠᠯ ᠲᠡᠷᠡ ᠳᠠᠷᠤᠶ᠎ᠳᠤ᠎ᠨᠢ ᠠᠪᠤᠷᠠᠨ ᠲᠤᠰᠠᠯᠠᠬᠤ ᠬᠡᠷᠡᠭᠲᠡᠶ; ᠠᠷᠠᠳ ᠢᠷᠭᠡᠨ᠎ᠤ ᠳᠤᠷᠠᠳᠤᠭᠰᠠᠨ ᠵᠠᠭᠤᠷᠠᠯᠳᠤᠭ᠋ᠠᠨ᠎ᠢ ᠰᠢᠢ᠍ᠳᠪᠦᠷᠢᠯᠡᠭᠦᠯᠬᠦ ᠱᠠᠭ᠋ᠠᠷᠳᠠᠯᠭ᠎ᠠ᠎ᠳᠤ ᠬᠠᠪᠰᠤᠷᠤᠯᠭ᠎ᠠ ᠦᠵᠡᠭᠦᠯᠬᠦ ᠬᠡᠷᠡᠭᠲᠡᠶ; ᠠᠷᠠᠳ ᠢᠷᠭᠡᠨ᠎ᠤ ᠲᠦᠭᠰᠢᠭᠦᠷᠢ ᠮᠡᠳᠡᠭᠦᠯᠦᠭᠰᠡᠨ ᠬᠡᠷᠡᠭ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃

      ᠠᠷᠠᠳ᠎ᠤᠨ ᠴᠠᠭᠳᠠᠭ᠎ᠠ ᠠᠶᠤᠯ ᠭᠠᠮᠰᠢᠭ᠎ᠠᠴᠠ ᠠᠪᠤᠷᠠᠬᠤ ᠪᠠ ᠨᠡᠶ᠋ᠢᠭᠡᠮ ᠨᠡᠶ᠋ᠢᠲᠡ ᠵᠢᠨ ᠠᠰᠠᠷᠠᠮᠵᠢ ᠵᠢᠨ ᠠᠵᠢᠯ᠎ᠳᠤ ᠢᠳᠡᠪᠬᠢᠲᠡᠶ ᠣᠷᠣᠯᠴᠠᠬᠤ ᠬᠡᠷᠡᠭᠲᠡᠶ᠃

       ᠬᠤᠷᠢᠨ ᠬᠤᠶᠠᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠢᠵᠦ ᠪᠣᠯᠬᠤ ᠦᠭᠡᠢ :

     (ᠨᠢᠭᠡ) ᠤᠯᠤᠰ᠎ᠤᠨ ᠨᠡᠷ᠎ᠡ ᠬᠦᠨᠳᠦ ᠵᠢ ᠭᠤᠲᠤᠭ᠋ᠠᠬᠤ ᠦᠭᠡ ᠶᠠᠷᠢᠶ᠎ᠠ ᠲᠠᠷᠬᠠᠭ᠋ᠠᠬᠤ᠂ ᠬᠠᠤᠯᠢ ᠪᠤᠰᠤ ᠵᠣᠬᠢᠶᠠᠨ ᠪᠠᠶ᠋ᠢᠭᠤᠯᠤᠯᠲᠠ᠎ᠳᠤ ᠣᠷᠣᠯᠴᠠᠬᠤ᠂ ᠲᠦᠷᠦ ᠵᠢ ᠡᠰᠡᠷᠭᠦᠴᠡᠬᠦ ᠵᠣᠷᠢᠯᠭ᠎ᠠ᠎ᠲᠠᠢ ᠬᠤᠷᠠᠯ ᠴᠤᠭᠯᠠᠭ᠎ᠠ ᠬᠢᠬᠦ᠂ ᠵᠢᠭᠰᠠᠭ᠋ᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ᠎ᠳᠤ ᠣᠷᠣᠯᠴᠠᠬᠤ᠂ ᠠᠵᠢᠯ ᠬᠠᠶᠠᠯᠲᠠ᠎ᠳᠤ ᠣᠷᠣᠯᠴᠠᠬᠤ;

     (ᠬᠤᠶᠠᠷ) ᠤᠯᠤᠰ᠎ᠤᠨ ᠨᠢᠭᠤᠴᠠ᠂ ᠴᠠᠭᠳᠠᠭ᠋ᠠᠨ᠎ᠤ ᠠᠵᠢᠯ᠎ᠤᠨ ᠨᠢᠭᠤᠴᠠ ᠵᠢ ᠵᠠᠳᠠᠷᠠᠭᠤᠯᠬᠤ;

     (ᠭᠤᠷᠪᠠ) ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠡᠷᠡᠭ᠎ᠤᠨ ᠪᠠᠶ᠋ᠢᠳᠠᠯ᠎ᠢ ᠨᠢᠭᠤᠨ ᠳᠠᠯᠳᠠᠯᠠᠬᠤ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠥᠮᠥᠭᠯᠡᠬᠦ᠂ ᠳᠤᠷ᠎ᠠ᠎ᠪᠠᠷ᠎ᠨᠢ ᠲᠠᠯᠪᠢᠬᠤ;

     (ᠲᠦᠷᠪᠡ) ᠬᠡᠷᠡᠭᠳᠡᠠ᠎ᠢ ᠡᠷᠡᠭᠦᠳᠡᠨ ᠰᠢᠬᠠᠵᠤ ᠥᠴᠢᠭᠯᠡᠭᠦᠯᠬᠦ ᠪᠤᠶᠤ ᠬᠠᠷᠠᠳᠠᠵᠤ ᠲᠠᠮᠤᠯᠠᠬᠤ᠂ ᠬᠠᠯᠠ ᠦᠵᠡᠭᠦᠯᠬᠦ;

     (ᠲᠠᠪᠤ) ᠪᠤᠰᠤᠳ᠎ᠤᠨ ᠪᠡᠶ᠎ᠡ ᠵᠢᠨ ᠡᠷᠬᠡ ᠴᠢᠯᠥᠭᠡ ᠵᠢ ᠬᠠᠤᠯᠢ ᠪᠤᠰᠤ᠎ᠪᠠᠷ ᠬᠠᠰᠤᠬᠤ ᠪᠠ ᠬᠢᠵᠠᠭ᠋ᠠᠷᠯᠠᠬᠤ᠂ ᠪᠤᠰᠤᠳ᠎ᠤᠨ ᠪᠡᠶ᠎ᠡ᠂ ᠡᠳ᠋ ᠪᠣᠳᠠᠰ᠂ ᠣᠷᠣᠨ ᠰᠠᠭᠤᠴᠠ ᠪᠤᠶᠤ ᠲᠠᠯᠠᠪᠤᠷ ᠭᠠᠵᠠᠷ᠎ᠢ ᠬᠠᠤᠯᠢ ᠪᠤᠰᠤ᠎ᠪᠠᠷ ᠨᠡᠩᠵᠢᠬᠦ;

     (ᠵᠢᠷᠭᠤᠭ᠎ᠠ) ᠬᠢᠬᠠᠵᠤ ᠠᠪᠬᠤ ᠪᠤᠶᠤ ᠬᠡᠭᠡᠯᠢ ᠠᠪᠴᠤ ᠬᠠᠭ᠍ᠤᠤᠯᠢ ᠢᠳᠡᠬᠦ;

     (ᠲᠤᠯᠤᠭ᠎ᠠ) ᠪᠤᠰᠤᠳ᠎ᠢ ᠵᠣᠳᠣᠬᠤ ᠪᠤᠶᠤ ᠪᠤᠰᠤᠳ᠎ᠢ ᠥᠳᠥᠭᠡᠵᠦ ᠪᠠᠶ᠋ᠢᠭ᠋ᠠᠳ ᠬᠥᠮᠦᠨ᠎ᠢ ᠵᠣᠳᠣᠭᠤᠯᠬᠤ;

     (ᠨᠠᠢ᠍ᠮᠠ) ᠬᠠᠤᠯᠢ ᠵᠢ ᠵᠥᠷᠢᠴᠡᠨ ᠰᠢᠢ᠍ᠳᠭᠡᠯ ᠥᠭᠬᠦ ᠪᠤᠶᠤ ᠰᠦᠢ᠍ᠳᠬᠡᠯ ᠬᠤᠷᠢᠶᠠᠬᠤ;

     (ᠶᠢᠰᠦ) ᠲᠤᠬᠠᠶ ᠵᠢᠨ ᠬᠥᠮᠦᠨ ᠪᠠ ᠲᠡᠭᠦᠨ᠎ᠤ ᠣᠷᠣᠯᠠᠭᠴᠢ ᠵᠢᠨ ᠳᠠᠶ᠋ᠢᠯᠠᠯᠭ᠎ᠠ᠎ᠳᠤ ᠣᠷᠣᠯᠴᠠᠨ ᠪᠡᠯᠡᠭ᠎ᠢ᠎ᠨᠢ ᠬᠦᠯᠢᠶᠡᠠ ᠠᠪᠬᠤ;

     (ᠠᠷᠪᠠ) ᠠᠰᠢᠭ ᠬᠤᠨᠵᠢᠪᠣᠷᠢ ᠤᠯᠬᠤ ᠴᠢᠨᠠᠷᠲᠠᠶ ᠡᠵᠡᠩᠨᠡᠯᠲᠡ ᠵᠢᠨ ᠠᠵᠢᠯᠯᠠᠭ᠎ᠠ ᠬᠢᠬᠦ ᠪᠤᠶᠤ ᠶᠠᠮᠠᠷᠪᠠ ᠬᠤᠪᠢ ᠬᠥᠮᠦᠨ ᠪᠤᠶᠤ ᠵᠣᠬᠢᠶᠠᠨ ᠪᠠᠶ᠋ᠢᠭᠤᠯᠤᠯᠲᠠ᠎ᠳᠤ ᠬᠥᠯᠥᠰᠥᠯᠡᠭᠳᠡᠬᠦ;

     (ᠠᠷᠪᠠᠨ ᠨᠢᠭᠡ) ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠠᠤᠯᠢ᠎ᠳᠤ ᠲᠣᠭᠲᠠᠭ᠋ᠠᠭᠰᠠᠨ ᠡᠭᠦᠷᠭᠡ᠎ᠪᠠᠨ ᠤᠢ᠍ᠯᠦ ᠭᠦᠢ᠍ᠴᠡᠳᠬᠡᠬᠦ;

     (ᠠᠷᠪᠠᠨ ᠬᠤᠶᠠᠷ) ᠬᠠᠤᠯᠢ ᠵᠢ ᠵᠥᠷᠢᠴᠡᠵᠦ ᠰᠠᠬᠢᠯᠭ᠎ᠠ ᠵᠢ ᠰᠠᠮᠠᠭᠤᠷᠠᠭᠤᠯᠤᠭᠰᠠᠨ ᠪᠤᠰᠤᠳ ᠠᠵᠢᠯᠯᠠᠭ᠎ᠠ᠎ᠨᠤᠭᠤᠳ᠃

     ᠬᠤᠷᠢᠨ ᠭᠤᠷᠪᠠᠳᠤᠭ᠋ᠠᠷ ᠵᠦᠢ᠍ᠯ   ᠠᠷᠠᠳ᠎ᠤᠨ ᠴᠠᠭᠳᠠᠭ᠎ᠠ ᠡᠷᠬᠡᠪᠰᠢ ᠲᠣᠭᠲᠠᠭ᠋ᠠᠯ ᠶᠣᠰᠣᠭ᠋ᠠᠷ ᠬᠤᠪᠴᠠᠰᠤᠯᠠᠵᠤ᠂ ᠠᠷᠠᠳ᠎ᠤᠨ ᠴᠠᠭᠳᠠᠭ᠋ᠠᠨ᠎ᠤ ᠲᠡᠮᠳᠡᠭ ᠵᠶ᠋ᠠᠨ ᠵᠡᠭᠦᠬᠦ ᠪᠤᠶᠤ ᠠᠷᠠᠳ᠎ᠤᠨ ᠴᠠᠭᠳᠠᠭ᠎ᠠ ᠵᠢᠨ ᠭᠡᠷᠡᠴᠢ ᠲᠡᠮᠳᠡᠭ ᠵᠶ᠋ᠠᠨ ᠠᠪᠴᠤ᠂ ᠴᠠᠭᠳᠠᠭ᠋ᠠᠨ᠎ᠤ ᠳᠦᠷᠢ ᠲᠥᠷᠬᠦ᠎ᠪᠠᠨ ᠲᠥᠪ ᠴᠢᠩᠭ᠎ᠠ ᠪᠠᠶ᠋ᠢᠯᠭ᠋ᠠᠵᠤ᠂ ᠬᠥᠳᠡᠯᠵᠦ ᠪᠠᠷᠢᠬᠤ᠎ᠳᠤ᠎ᠪᠠᠨ ᠲᠥᠪ ᠭᠣᠣᠯᠴᠢ ᠪᠠᠢ᠌ᠬᠤ ᠬᠡᠷᠡᠭᠲᠡᠢ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ