1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃
2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)
ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠳᠥᠴᠢᠨ ᠨᠠᠢ᠍ᠮᠠᠳᠤᠭ᠋ᠠᠷ ᠵᠦᠢ᠍ᠯ ᠠᠷᠠᠳ᠎ᠤᠨ ᠴᠠᠭᠳᠠᠭ᠎ᠠ᠎ᠳᠤ ᠲᠤᠰ ᠬᠠᠤᠯᠢ ᠵᠢᠨ ᠬᠤᠷᠢᠨ ᠬᠤᠶᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠬᠡᠷᠡᠭᠲᠡᠶ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠵᠠᠰᠠᠭ ᠵᠠᠬᠢᠷᠭ᠋ᠠᠨ᠎ᠤ ᠰᠢᠢ᠍ᠳᠭᠡᠯ᠎ᠢ ᠳᠣᠩᠭᠤᠳᠬᠤ᠂ ᠤᠰᠦᠯ ᠲᠡᠮᠳᠡᠭᠯᠡᠬᠦ᠂ ᠶᠡᠭᠡ ᠤᠰᠦᠯ ᠲᠡᠮᠳᠡᠭᠯᠡᠬᠦ᠂ ᠵᠡᠷᠭᠡ ᠳᠡᠰ᠎ᠢ᠎ᠨᠢ ᠪᠠᠭᠤᠷᠠᠭᠤᠯᠬᠤ᠂ ᠲᠤᠰᠢᠶᠠᠯ᠎ᠠᠴᠠ᠎ᠨᠢ ᠤᠭᠴᠠᠷᠠᠭᠤᠯᠬᠤ᠂ ᠠᠵᠢᠯ᠎ᠠᠴᠠ ᠬᠥᠭᠡᠭᠡᠬᠦ ᠭᠡᠵᠦ ᠬᠤᠪᠢᠶᠠᠨ᠎ᠠ᠃ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠴᠣᠯᠠ ᠵᠢ᠎ᠨᠢ ᠪᠠᠭᠤᠷᠠᠭᠤᠯᠵᠤ᠂ ᠴᠠᠭᠳᠠᠭ᠋ᠠᠨ᠎ᠤ ᠴᠣᠯᠠ ᠵᠢ᠎ᠨᠢ ᠬᠠᠰᠤᠵᠤ ᠪᠣᠯᠤᠨ᠎ᠠ᠃
ᠰᠠᠬᠢᠯᠭ᠎ᠠ ᠪᠠᠲᠤ ᠵᠢ ᠵᠥᠷᠢᠴᠡᠭᠰᠡᠨ ᠠᠷᠠᠳ᠎ᠤᠨ ᠴᠠᠭᠳᠠᠭ᠎ᠠ᠎ᠳᠤ ᠴᠢᠬᠤᠯᠠᠲᠠᠢ ᠦᠶ᠎ᠡ᠎ᠳᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ᠎ᠨᠢ ᠵᠣᠭᠰᠣᠭ᠋ᠠᠬᠤ᠂ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃
ᠳᠥᠴᠢ ᠶᠢᠰᠦᠳᠦᠭᠡᠷ ᠵᠦᠢ᠍ᠯ ᠠᠷᠠᠳ᠎ᠤᠨ ᠴᠠᠭᠳᠠᠭ᠎ᠠ ᠲᠣᠭᠲᠠᠭ᠋ᠠᠯ᠎ᠢ ᠵᠥᠷᠢᠴᠡᠨ ᠵᠡᠪᠰᠡᠭ᠂ ᠴᠠᠭᠳᠠᠭ᠋ᠠᠨ᠎ᠤ ᠪᠠᠭ᠋ᠠᠵᠢ ᠵᠡᠪᠰᠡᠭ᠎ᠢ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠬᠡᠷᠡᠭᠲᠡᠶ᠃
ᠲᠠᠪᠢᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠶᠠᠪᠤᠴᠠ᠎ᠳᠤ᠎ᠪᠠᠨ ᠠᠷᠠᠳ ᠢᠷᠭᠡᠨ ᠪᠤᠶᠤ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭ᠋ᠠᠳ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠥᠯᠥᠪᠦᠷᠢ ᠵᠢᠨ ᠬᠠᠤᠯᠢ》 ᠪᠣᠯᠤᠨ ᠪᠤᠰᠤᠳ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠲᠥᠯᠥᠪᠦᠷᠢ ᠥᠭᠬᠦ ᠬᠡᠷᠡᠭᠲᠡᠶ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ
ᠲᠠᠪᠢᠨ ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠤᠯᠤᠰ᠎ᠠᠴᠠ ᠳᠠᠭ᠋ᠠᠭ᠋ᠠᠯᠭ᠋ᠠᠭᠰᠠᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠨ᠎ᠡ᠃
ᠲᠠᠪᠢᠨ ᠬᠤᠶᠠᠳᠤᠭ᠋ᠠᠷ ᠵᠦᠢ᠍ᠯ ᠲᠤᠰ ᠬᠠᠤᠯᠢ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 1957 ᠣᠨ᠎ᠤ 6 ᠰᠠᠷ᠎ᠠ ᠵᠢᠨ 25᠎ᠤ ᠡᠳᠦᠷ ᠨᠡᠶ᠋ᠢᠲᠡᠯᠡᠭᠰᠡᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠋ᠠᠨ᠎ᠤ ᠲᠦᠷᠢᠮ》᠎ᠢ ᠳᠠᠭ᠋ᠠᠤ᠎ᠳᠤ᠎ᠨᠢ ᠬᠦᠴᠦᠨ ᠦᠭᠡᠢ ᠪᠣᠯᠭ᠋ᠠᠨ᠎ᠠ᠃