ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ (ᠨᠢᠭᠡ)
ᠨᠡᠶ᠋ᠢᠲᠡᠯᠡᠭᠰᠡᠨ ᠴᠠᠭ᠄ 2023-11-20

    1995 ᠣᠨ᠎ᠤ 2 ᠰᠠᠷ᠎ᠠ ᠵᠢᠨ 28᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠪᠠᠲᠤᠯᠠᠪᠠ᠃

     2012 ᠣᠨ᠎ᠤ 10 ᠰᠠᠷ᠎ᠠ ᠵᠢᠨ 26᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢ ᠶᠢᠰᠦᠳᠦᠭᠡᠷ ᠬᠤᠷᠠᠯᠳᠤᠭ᠋ᠠᠨ᠎ᠤ 《〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ (ᠲᠡᠷᠢᠭᠦᠯᠡᠭᠴᠢ ᠵᠢᠨ ᠵᠠᠷᠯᠢᠭ 69 ᠳ᠋ᠤᠭᠡᠷ ᠲᠣᠭ᠋ᠠᠲᠤ)


          ᠨᠢᠭᠡᠳᠦᠭᠡᠷ ᠪᠦᠯᠦᠭ   ᠶᠡᠷᠦᠩᠬᠡᠢ ᠲᠦᠷᠢᠮ


      ᠨᠢᠭᠡᠳᠦᠭᠡᠷ ᠵᠦᠢ᠍ᠯ ᠤᠯᠤᠰ ᠣᠷᠣᠨ᠎ᠤ ᠠᠮᠤᠷ ᠲᠦᠪᠰᠢᠨ ᠪᠠ ᠨᠡᠶ᠋ᠢᠭᠡᠮ᠎ᠤᠨ ᠠᠮᠤᠷ ᠲᠦᠪᠰᠢᠨ ᠡᠮᠬᠢ ᠵᠢᠷᠤᠮ᠎ᠢ ᠬᠠᠮᠠᠭ᠋ᠠᠯᠠᠵᠤ᠂ ᠠᠷᠠᠳ ᠢᠷᠭᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠠᠷᠠᠳ᠎ᠤᠨ ᠴᠠᠭᠳᠠᠭ᠋ᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭᠳᠠᠭ᠎ᠠ ᠵᠢ ᠴᠢᠩᠭ᠎ᠠ ᠵᠠᠰᠠᠵᠤ᠂ ᠠᠷᠠᠳ᠎ᠤᠨ ᠴᠠᠭᠳᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠦᠨ᠂ ᠠᠷᠠᠳ᠎ᠤᠨ ᠴᠠᠭᠳᠠᠭ᠋ᠠᠨ᠎ᠤ ᠬᠠᠤᠯᠢ ᠶᠣᠰᠣᠭ᠋ᠠᠷ ᠡᠷᠬᠡ ᠲᠤᠰᠢᠶᠠᠯ ᠵᠶ᠋ᠠᠨ ᠬᠡᠷᠡᠭᠵᠢᠭᠦᠯᠬᠦ ᠵᠢ ᠪᠠᠲᠤᠯᠠᠵᠤ᠂ ᠥᠭᠡᠷᠡᠴᠢᠯᠡᠯᠲᠡ ᠨᠡᠭᠡᠭᠡᠯᠳᠠ ᠪᠠ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠠ ᠪᠠᠶ᠋ᠢᠭᠤᠯᠤᠯᠲᠠ ᠵᠢᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠦᠨᠳᠦᠰᠦᠨ ᠬᠠᠤᠯᠢ ᠵᠢ ᠦᠨᠳᠦᠰᠦᠯᠡᠵᠦ ᠲᠤᠰ ᠬᠠᠤᠯᠢ ᠵᠢ ᠲᠣᠭᠲᠠᠭ᠋ᠠᠪᠠ᠃

     ᠬᠤᠶᠠᠳᠤᠭ᠋ᠠᠷ ᠵᠦᠢ᠍ᠯ ᠠᠷᠠᠳ᠎ᠤᠨ ᠴᠠᠭᠳᠠᠭ᠋ᠠᠨ᠎ᠤ ᠡᠭᠦᠷᠭᠡ ᠪᠣᠯ ᠤᠯᠤᠰ ᠣᠷᠣᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠨᠡᠢ᠍ᠭᠡᠮ᠎ᠤᠨ ᠠᠮᠤᠷ ᠲᠦᠪᠰᠢᠨ ᠡᠮᠬᠢ ᠵᠢᠷᠤᠮ᠎ᠢ ᠬᠠᠮᠠᠭ᠋ᠠᠯᠠᠬᠤ᠂ ᠠᠷᠠᠳ ᠢᠷᠭᠡᠳ᠎ᠤᠨ ᠪᠡᠶ᠎ᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠵᠢᠨ ᠡᠷᠬᠡ ᠴᠢᠯᠥᠭᠡ ᠪᠠ ᠬᠠᠤᠯᠢ ᠶᠣᠰᠣᠨ᠎ᠤ ᠡᠳ᠋ ᠬᠥᠷᠥᠩᠭᠡ ᠵᠢ ᠬᠠᠮᠠᠭ᠋ᠠᠯᠠᠬᠤ᠂ ᠣᠯᠠᠨ ᠨᠡᠢ᠍ᠲᠡ ᠵᠢᠨ ᠡᠳ᠋ ᠬᠥᠷᠥᠩᠭᠡ ᠵᠢ ᠬᠠᠮᠠᠭ᠋ᠠᠯᠠᠬᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠤᠷᠢᠳᠴᠢᠯᠠᠨ ᠰᠡᠷᠭᠡᠢ᠌ᠯᠡᠬᠦ᠂ ᠬᠣᠷᠢᠭᠯᠠᠨ ᠵᠣᠭᠰᠣᠭ᠋ᠠᠬᠤ ᠪᠠ ᠶᠠᠯᠠᠯᠠᠨ ᠰᠢᠢ᠍ᠳᠭᠡᠬᠦ ᠶᠠᠪᠤᠳᠠᠯ ᠪᠣᠯᠤᠨ᠎ᠠ᠃

     ᠠᠷᠠᠳ᠎ᠤᠨ ᠴᠠᠭᠳᠠᠭ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ᠂ ᠭᠢᠨᠳᠠᠨ᠂ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ ᠬᠠᠮᠢᠶᠠᠷᠤᠯᠲᠠ ᠵᠢᠨ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠪᠠ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠬᠠᠤᠯᠢ ᠵᠢᠨ ᠴᠠᠭᠳᠠᠭ᠎ᠠ ᠪᠠᠭᠲᠠᠨ᠎ᠠ᠃

     ᠭᠤᠷᠪᠠᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠡᠷᠬᠡᠪᠰᠢ ᠠᠷᠠᠳ ᠲᠦᠮᠡᠨ᠎ᠤ ᠳᠡᠮᠵᠢᠯᠭᠡ᠎ᠳᠤ ᠲᠦᠰᠢᠭᠯᠡᠨ᠂ ᠠᠷᠠᠳ ᠲᠦᠮᠡᠨ᠎ᠲᠠᠢ ᠢᠮᠠᠭᠲᠠ ᠨᠢᠭᠲᠠ ᠬᠠᠷᠢᠯᠴᠠᠵᠤ᠂ ᠠᠷᠠᠳ ᠲᠦᠮᠡᠨ᠎ᠤ ᠰᠠᠨᠠᠯ ᠰᠠᠨᠠᠭᠤᠯᠭ᠎ᠠ ᠵᠢ ᠰᠣᠨᠣᠰᠤᠨ᠂ ᠠᠷᠠᠳ ᠲᠦᠮᠡᠨ᠎ᠤ ᠬᠢᠨᠠᠯᠲᠠ ᠵᠢ ᠬᠦᠯᠢᠶᠡᠵᠦ᠂ ᠠᠷᠠᠳ ᠲᠦᠮᠡᠨ᠎ᠤ ᠠᠰᠢᠭ ᠲᠤᠰᠠ ᠵᠢ ᠬᠠᠮᠠᠭ᠋ᠠᠯᠠᠨ᠂ ᠪᠥᠬᠦ ᠰᠡᠳᠬᠢᠯ ᠪᠥᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠬᠡᠷᠡᠭᠲᠡᠶ

      ᠳᠥᠷᠪᠡᠳᠦᠭᠡᠷ ᠵᠦᠢ᠍ᠯ ᠠᠷᠠᠳ᠎ᠤᠨ ᠴᠠᠭᠳᠠᠭ᠎ᠠ ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠪᠠᠷ ᠠᠵᠢᠯᠯᠠᠭ᠋ᠠᠨ᠎ᠤ᠎ᠪᠠᠨ ᠪᠠᠷᠢᠮᠵᠢᠶ᠎ᠠ ᠪᠣᠯᠭ᠋ᠠᠵᠤ᠂ ᠡᠭᠦᠷᠭᠡ ᠲᠤᠰᠢᠶᠠᠯ ᠵᠶ᠋ᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠠᠷᠢᠭᠤᠨ ᠴᠢᠬᠡᠴᠢ ᠪᠠᠶ᠋ᠢᠵᠤ᠂ ᠰᠠᠬᠢᠯᠭ᠎ᠠ ᠪᠠᠲᠤ᠎ᠪᠠᠷ ᠴᠢᠩᠭ᠎ᠠ ᠪᠠᠶ᠋ᠢᠵᠤ᠂ ᠵᠠᠷᠯᠢᠭ᠎ᠢ ᠲᠡᠭ᠋ᠠᠵᠦ᠂ ᠬᠠᠤᠯᠢ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠃

     ᠲᠠᠪᠤᠳᠤᠭ᠋ᠠᠷ ᠵᠦᠢ᠍ᠯ ᠠᠷᠠᠳ᠎ᠤᠨ ᠴᠠᠭᠳᠠᠭ᠋ᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠬᠠᠤᠯᠢ᠎ᠪᠠᠷ ᠬᠠᠮᠠᠭ᠋ᠠᠯᠠᠨ᠎ᠠ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ