ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠭᠤᠷᠪᠠ)
ᠨᠡᠶ᠋ᠢᠲᠡᠯᠡᠭᠰᠡᠨ ᠴᠠᠭ᠄ 2024-04-25

       (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)     

 

         ᠭᠤᠷᠪᠠᠳᠤᠭ᠋ᠠᠷ ᠪᠦᠯᠦᠭ    ᠵᠠᠮ ᠨᠡᠪᠲᠡᠷᠡᠯᠭᠡ ᠵᠢᠨ ᠨᠥᠬᠦᠴᠡᠯ

 

        ᠬᠤᠷᠢᠨ ᠲᠠᠪᠤᠳᠤᠭ᠋ᠠᠷ ᠵᠦᠢ᠍ᠯ   ᠪᠦ᠍ᠬᠦ ᠤᠯᠤᠰ᠎ᠲᠤ ᠵᠠᠮ ᠬᠠᠷᠢᠯᠴᠠᠭ᠋ᠠᠨ᠎ᠤ ᠨᠢᠭᠡᠳᠦᠯᠲᠡᠶ ᠳᠤᠬᠢᠶᠠᠨ ᠳᠡᠮᠳᠡᠭ᠎ᠢ ᠬᠡᠷᠡᠭᠵᠢᠭᠦᠯᠦᠨ᠎ᠡ᠃

       ᠵᠠᠮ ᠬᠠᠷᠢᠯᠴᠠᠭ᠋ᠠᠨ᠎ᠤ ᠳᠤᠬᠢᠶᠠᠨ ᠳᠡᠮᠳᠡᠭ᠎ᠲᠤ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠪᠠ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠢᠯᠤᠭᠤᠳᠤᠯᠭ᠎ᠠ ᠪᠠᠭᠲᠠᠨ᠎ᠠ᠃

      ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠵᠢ ᠪᠠᠶ᠋ᠢᠷᠢᠯᠠᠭᠤᠯᠬᠤ᠎ᠳᠤ᠎ᠪᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠰᠠᠭ᠋ᠠᠳ ᠦᠭᠡᠢ ᠨᠡᠪᠲᠡᠷᠡᠬᠦ ᠱᠠᠭ᠋ᠠᠷᠳᠠᠯᠭ᠎ᠠ ᠪᠠ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ ᠪᠥᠭᠡᠳ ᠲᠣᠳᠣᠷᠬᠠᠶ᠂ ᠢᠯᠡ ᠲᠣᠳᠣ᠂ ᠣᠨᠣᠪᠴᠢᠲᠠᠶ᠂ ᠪᠦᠷᠢᠨ ᠪᠦᠲᠦᠨ ᠪᠠᠶ᠋ᠢᠬᠤ ᠵᠢ ᠪᠠᠲᠤᠯᠠᠬᠤ ᠬᠡᠷᠡᠭᠲᠡᠶ᠃

    ᠵᠠᠮ ᠨᠡᠪᠲᠡᠷᠡᠯᠭᠡ ᠵᠢᠨ ᠬᠡᠷᠡᠭᠴᠡᠭᠡ ᠵᠢ ᠦᠨᠳᠦᠰᠦᠯᠡᠨ᠂ ᠵᠠᠮ ᠬᠠᠷᠢᠯᠴᠠᠭ᠋ᠠᠨ᠎ᠤ ᠳᠤᠬᠢᠶ᠎ᠠ ᠵᠢ ᠴᠠᠭ ᠲᠤᠬᠠᠶ᠎ᠳᠤ᠎ᠨᠢ ᠨᠡᠮᠡᠵᠦ᠂ ᠰᠣᠯᠢᠵᠤ᠂ ᠰᠢᠨᠡᠳᠬᠡᠬᠦ ᠬᠡᠷᠡᠭᠲᠡᠶ᠃ ᠵᠠᠮ ᠬᠠᠷᠢᠯᠴᠠᠭ᠋ᠠᠨ᠎ᠤ ᠬᠢᠵᠠᠭ᠋ᠠᠷᠯᠠᠯ᠎ᠤᠨ ᠴᠢᠨᠠᠷᠲᠠᠶ ᠳᠤᠬᠢᠶ᠎ᠠ ᠵᠢ ᠨᠡᠮᠡᠵᠦ ᠭᠠᠷᠭ᠋ᠠᠬᠤ᠂ ᠰᠣᠯᠢᠬᠤ᠂ ᠰᠢᠨᠡᠳᠬᠡᠬᠦ᠎ᠳᠤ᠎ᠪᠠᠨ ᠨᠡᠶ᠋ᠢᠭᠡᠮ ᠨᠡᠶ᠋ᠢᠲᠡ᠎ᠳᠤ ᠤᠷᠢᠳᠴᠢᠯᠠᠨ ᠵᠠᠷᠯᠠᠨ ᠨᠡᠶ᠋ᠢᠲᠡᠯᠡᠵᠦ᠂ ᠥᠷᠭᠡᠨ ᠵᠶ᠋ᠠᠷ ᠤᠬᠠᠭᠤᠯᠬᠤ ᠬᠡᠷᠡᠭᠲᠡᠶ᠃

    ᠬᠤᠷᠢᠨ ᠵᠢᠷᠭᠤᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠎ᠨᠢ ᠤᠯᠠᠭ᠋ᠠᠨ ᠳ᠋ᠧᠩ᠂ ᠨᠣᠭᠤᠭ᠋ᠠᠨ ᠳ᠋ᠧᠩ᠂ ᠰᠢᠷ᠎ᠠ ᠳ᠋ᠧᠩ ᠵᠶ᠋ᠠᠷ ᠪᠦᠷᠢᠯᠳᠦᠨ᠎ᠡ᠃ ᠤᠯᠠᠭ᠋ᠠᠨ ᠳ᠋ᠧᠩ᠎ᠨᠢ ᠨᠡᠪᠲᠡᠷᠡᠬᠦ ᠵᠢ ᠴᠠᠭ᠋ᠠᠵᠠᠯᠠᠬᠤ᠂ ᠨᠣᠭᠤᠭ᠋ᠠᠨ ᠳ᠋ᠧᠩ᠎ᠨᠢ ᠨᠡᠪᠲᠡᠷᠡᠬᠦ ᠵᠢ ᠵᠥᠪᠰᠢᠶᠡᠷᠡᠬᠦ᠂ ᠰᠢᠷ᠎ᠠ ᠳ᠋ᠧᠩ᠎ᠨᠢ ᠰᠡᠷᠡᠮᠵᠢᠯᠡᠭᠦᠯᠬᠦ ᠵᠢ ᠢᠯᠡᠳᠬᠡᠨ᠎ᠡ᠃

     ᠬᠤᠷᠢᠨ ᠳᠣᠯᠣᠳᠤᠭ᠋ᠠᠷ ᠵᠦᠢ᠍ᠯ ᠲᠡᠮᠦᠷ ᠵᠠᠮ ᠪᠣᠯᠤᠨ ᠵᠠᠮ᠎ᠤᠨ ᠲᠡᠭᠰᠢ ᠣᠭᠲᠣᠯᠣᠯᠴᠠᠬᠤ ᠵᠠᠮ᠎ᠤᠨ ᠠᠭᠤᠯᠵᠠᠷ᠎ᠲᠤ ᠰᠡᠷᠡᠮᠵᠢ ᠵᠢᠨ ᠳ᠋ᠧᠩ᠂ ᠰᠡᠷᠡᠮᠵᠢ ᠵᠢᠨ ᠢᠯᠡᠳᠬᠡᠮᠵᠢ ᠳᠡᠮᠳᠡᠭ ᠪᠤᠶᠤ ᠠᠶᠤᠯᠭᠦᠶ ᠵᠢᠨ ᠬᠠᠮᠠᠭ᠋ᠠᠯᠠᠯᠲᠠ ᠵᠢᠨ ᠲᠥᠬᠦᠭᠡᠷᠦᠮᠵᠢ ᠲᠠᠭ᠋ᠠᠷᠠᠭᠤᠯᠬᠤ ᠬᠡᠷᠡᠭᠲᠡᠶ᠃ ᠬᠥᠮᠦᠨ ᠰᠠᠬᠢᠨ ᠬᠠᠷᠠᠵᠤ ᠪᠠᠶ᠋ᠢᠬᠤ ᠦᠭᠡᠶ ᠲᠡᠮᠦᠷ ᠵᠠᠮ᠎ᠤᠨ ᠠᠭᠤᠯᠵᠠᠷ᠎ᠠᠴᠠ ᠵᠣᠬᠢᠬᠤ ᠵᠠᠶ᠎ᠲᠠᠢ ᠭᠠᠵᠠᠷ᠎ᠲᠤ ᠰᠡᠷᠡᠮᠵᠢᠯᠡᠭᠦᠯᠬᠦ ᠲᠡᠮᠳᠡᠭ ᠭᠠᠷᠭ᠋ᠠᠬᠤ ᠬᠡᠷᠡᠭᠲᠡᠶ᠃

    ᠬᠤᠷᠢᠨ ᠨᠠᠢ᠍ᠮᠠᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠵᠢ ᠳᠤᠷ᠎ᠠ᠎ᠪᠠᠷ ᠵᠶ᠋ᠠᠨ ᠲᠠᠯᠪᠢᠵᠤ᠂ ᠰᠢᠯᠵᠢᠭᠦᠯᠵᠦ᠂ ᠡᠵᠡᠯᠡᠨ ᠬᠡᠷᠡᠭᠯᠡᠵᠦ᠂ ᠡᠪᠳᠡᠨ ᠰᠦᠢ᠍ᠳᠬᠡᠵᠦ ᠪᠣᠯᠬᠤ ᠦᠬᠡᠢ᠃

     ᠵᠠᠮ᠎ᠤᠨ ᠬᠤᠶᠠᠷ ᠲᠠᠯ᠎ᠠ ᠵᠢᠴᠢ ᠲᠤᠰᠠᠭ᠋ᠠᠷᠯᠠᠬᠤ ᠪᠦᠰᠡ ᠳᠡᠭᠡᠷ᠎ᠡ ᠲᠠᠷᠢᠭᠰᠠᠨ ᠮᠣᠳᠣ ᠪᠤᠶᠤ ᠪᠤᠰᠤᠳ ᠤᠷᠭᠤᠮᠠᠯ᠂ ᠲᠠᠯᠪᠢᠭᠰᠠᠨ ᠵᠠᠷ᠎ᠤᠨ ᠫᠠᠶ᠋ᠢᠰᠠ᠂ ᠬᠤᠭᠤᠯᠠᠢ ᠱᠤᠭᠤᠮ ᠵᠡᠷᠭᠡ ᠵᠢ ᠵᠠᠮ ᠬᠠᠷᠢᠯᠴᠠᠭ᠋ᠠᠨ᠎ᠤ ᠲᠥᠬᠦᠭᠡᠷᠦᠮᠵᠢ᠎ᠠᠴᠠ ᠴᠢᠬᠤᠯᠠ ᠪᠦᠬᠦᠢ ᠵᠠᠶ᠎ᠲᠠᠢ ᠪᠠᠶ᠋ᠢᠯᠭ᠋ᠠᠬᠤ ᠬᠡᠷᠡᠭᠲᠡᠶ᠂ ᠵᠠᠮ᠎ᠤᠨ ᠳ᠋ᠧᠩ᠂ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠎ᠢ ᠬᠠᠯᠬᠠᠯᠠᠵᠤ ᠪᠣᠯᠬᠤ ᠦᠭᠡᠢ᠂ ᠠᠮᠤᠷ ᠲᠦᠪᠰᠢᠨ᠎ᠤ ᠬᠠᠷᠠᠭ᠋ᠠᠨ ᠵᠠᠶ ᠵᠢ ᠬᠠᠷᠰᠢᠯᠠᠵᠤ ᠪᠣᠯᠬᠤ ᠦᠭᠡᠢ᠂ ᠵᠠᠮ ᠨᠡᠪᠲᠡᠷᠡᠯᠭᠡ ᠵᠢ ᠨᠥᠯᠥᠭᠡᠯᠡᠵᠦ ᠪᠣᠯᠬᠤ ᠦᠭᠡᠢ᠃

    ᠬᠤᠷᠢ ᠶᠢᠰᠦᠳᠦᠭᠡᠷ ᠵᠦᠢ᠍ᠯ ᠵᠠᠮ᠂ ᠲᠡᠷᠭᠡᠨ ᠵᠣᠭᠰᠣᠭ᠋ᠠᠯ ᠪᠣᠯᠤᠨ ᠵᠠᠮ᠎ᠤᠨ ᠢᠵᠢ ᠪᠦᠷᠢᠳᠦᠭᠦᠯᠬᠦ ᠲᠥᠬᠦᠭᠡᠷᠦᠮᠵᠢ ᠵᠢ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠪᠦᠳᠦᠭᠡᠨ ᠪᠠᠶ᠋ᠢᠭᠤᠯᠬᠤ᠎ᠳᠤ᠎ᠪᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠰᠠᠭ᠋ᠠᠳ ᠦᠭᠡᠢ ᠨᠡᠪᠲᠡᠷᠡᠬᠦ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ ᠪᠥᠭᠡᠳ ᠵᠠᠮ ᠬᠠᠷᠢᠯᠴᠠᠭ᠋ᠠᠨ᠎ᠤ ᠬᠡᠷᠡᠭᠴᠡᠭᠡ ᠵᠢ ᠦᠨᠳᠦᠰᠦᠯᠡᠨ ᠴᠠᠭ ᠲᠤᠬᠠᠶ᠎ᠳᠤ᠎ᠨᠢ ᠲᠤᠬᠢᠷᠠᠭᠤᠯᠤᠯᠳᠠ ᠬᠢᠬᠦ ᠬᠡᠷᠡᠭᠲᠡᠶ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠵᠠᠮ ᠪᠠᠶ᠋ᠢᠨ ᠳᠠᠬᠢᠨ ᠡᠡᠳᠡᠯ ᠭᠠᠷᠴᠤ ᠪᠠᠶ᠋ᠢᠬᠤ ᠬᠡᠰᠡᠭ ᠪᠤᠶᠤ ᠲᠡᠷᠭᠡᠨ ᠵᠣᠭᠰᠣᠭ᠋ᠠᠯ᠂ ᠵᠠᠮ᠎ᠤᠨ ᠢᠵᠢ ᠪᠦᠷᠢᠳᠦᠭᠦᠯᠬᠦ ᠪᠡᠯᠡᠳᠬᠡᠮᠵᠢ᠎ᠳᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠦᠨᠳᠦ ᠨᠣᠴᠢᠲᠠᠶ ᠳᠠᠯᠳᠠ ᠭᠡᠮ ᠣᠷᠣᠰᠢᠵᠤ ᠪᠠᠶ᠋ᠢᠬᠤ ᠵᠢ ᠣᠯᠵᠤ ᠮᠡᠳᠡᠪᠡᠯ ᠴᠠᠭ ᠲᠤᠬᠠᠶ᠎ᠳᠤ᠎ᠨᠢ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠵᠠᠮ ᠬᠠᠷᠢᠯᠴᠠᠭ᠋ᠠᠨ᠎ᠤ ᠡᠨᠳᠡᠯ᠎ᠢ ᠰᠡᠷᠭᠡᠶ᠋ᠢᠯᠡᠬᠦ᠂ ᠳᠠᠯᠳᠠ ᠭᠡᠮ᠎ᠢ ᠠᠷᠢᠯᠭ᠋ᠠᠬᠤ ᠰᠠᠨᠠᠭᠤᠯᠭ᠎ᠠ ᠳᠤᠷᠠᠳᠴᠤ᠂ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠴᠠᠭ ᠲᠤᠬᠠᠶ᠎ᠳᠤ᠎ᠨᠢ ᠲᠣᠭᠲᠠᠭ᠋ᠠᠯ ᠭᠠᠷᠭ᠋ᠠᠬᠤ ᠬᠡᠷᠡᠭᠲᠡᠶ᠃

    ᠭᠤᠴᠢᠳᠤᠭ᠋ᠠᠷ ᠵᠦᠢ᠍ᠯ ᠵᠠᠮ ᠶᠡᠭᠦᠷᠡᠬᠦ᠂ ᠬᠤᠨᠭ᠌ᠬᠢᠯ ᠲᠠᠲᠠᠬᠤ᠂ ᠦᠶᠡᠷ ᠤᠰᠤᠨ᠎ᠳᠤ ᠠᠪᠲᠠᠬᠤ᠂ ᠭᠦᠳᠦ᠋ᠢ᠍ᠬᠦ ᠵᠡᠷᠭᠡ ᠡᠪᠳᠡᠷᠡᠵᠦ ᠰᠦᠢ᠍ᠳᠦᠭᠰᠡᠨ ᠪᠤᠶᠤ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠵᠡᠷᠭᠡ ᠵᠠᠮ ᠬᠠᠷᠢᠯᠴᠠᠭ᠋ᠠᠨ᠎ᠤ ᠲᠥᠬᠦᠭᠡᠷᠦᠮᠵᠢ ᠡᠪᠳᠡᠷᠡᠵᠦ ᠰᠦᠢ᠍ᠳᠦᠭᠰᠡᠨ᠂ ᠤᠰᠠᠳᠴᠤ ᠭᠡᠭᠡᠭᠳᠡᠭᠰᠡᠨ ᠪᠠᠶ᠋ᠢᠪᠠᠯ᠂ ᠵᠠᠮ᠂ ᠵᠠᠮ ᠬᠠᠷᠢᠯᠴᠠᠭ᠋ᠠᠨ᠎ᠤ ᠲᠥᠬᠦᠭᠡᠷᠦᠮᠵᠢ ᠵᠢ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ ᠪᠤᠶᠤ ᠬᠠᠮᠢᠶᠠᠷᠤᠯᠲᠠ ᠵᠢᠨ ᠰᠠᠯᠠᠭ᠎ᠠ ᠮᠥᠴᠢᠷ ᠰᠡᠷᠡᠮᠵᠢ ᠵᠢᠨ ᠢᠯᠡᠳᠬᠡᠮᠵᠢ ᠳᠡᠮᠳᠡᠭ ᠲᠠᠯᠪᠢᠬᠤ ᠬᠡᠷᠡᠭᠲᠡᠶ ᠪᠥᠭᠡᠳ ᠴᠠᠭ ᠲᠤᠬᠠᠶ᠎ᠳᠤ᠎ᠨᠢ ᠵᠠᠰᠠᠵᠤ ᠰᠡᠷᠭᠦᠭᠡᠬᠦ ᠬᠡᠷᠡᠭᠲᠡᠶ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠡᠮᠦᠨᠡᠬᠢ ᠪᠠᠳᠠᠭ᠎ᠲᠤ ᠳᠤᠷᠠᠳᠤᠭᠰᠠᠨ ᠪᠠᠶ᠋ᠢᠳᠠᠯ᠎ᠲᠠᠢ᠎ᠢ ᠣᠯᠵᠤ ᠮᠡᠳᠡᠪᠡᠯ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠳᠤ ᠠᠶᠤᠯ ᠬᠥᠨᠥᠭᠡᠯ ᠤᠴᠠᠷᠠᠭᠤᠯᠬᠤ ᠵᠢ ᠣᠯᠵᠤ ᠮᠡᠳᠡᠭᠡᠳ᠂ ᠰᠡᠷᠡᠮᠵᠢ ᠵᠢᠨ ᠢᠯᠡᠳᠬᠡᠮᠵᠢ ᠳᠡᠮᠳᠡᠭ ᠬᠠᠷᠠᠬᠠᠨ ᠲᠠᠯᠪᠢᠭ᠋ᠠᠳᠤᠶ ᠪᠠᠶ᠋ᠢᠪᠠᠯ᠂ ᠴᠠᠭ ᠲᠤᠬᠠᠶ᠎ᠳᠤ᠎ᠨᠢ ᠠᠶᠤᠯᠭᠦᠶ ᠵᠢᠨ ᠠᠷᠭ᠎ᠠ ᠬᠡᠮᠵᠢᠶ᠎ᠡ ᠠᠪᠴᠤ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ ᠬᠡᠷᠡᠭᠲᠡᠶ ᠪᠥᠭᠡᠳ ᠵᠠᠮ᠂ ᠵᠠᠮ ᠬᠠᠷᠢᠯᠴᠠᠭ᠋ᠠᠨ᠎ᠤ ᠲᠥᠬᠦᠭᠡᠷᠦᠮᠵᠢ ᠵᠢ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ ᠪᠤᠶᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ᠃

     ᠭᠤᠴᠢᠨ ᠨᠢᠭᠡᠳᠦᠭᠡᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ ᠵᠥᠪᠰᠢᠶᠡᠷᠡᠯ ᠦᠭᠡᠢ᠎ᠪᠠᠷ ᠵᠠᠮ᠎ᠢ ᠡᠵᠡᠯᠡᠨ ᠬᠡᠷᠡᠭᠯᠡᠵᠦ ᠵᠠᠮ ᠬᠠᠷᠢᠯᠴᠠᠭ᠋ᠠᠨ᠎ᠤ ᠪᠤᠰᠤ ᠠᠵᠢᠯᠯᠠᠭ᠎ᠠ ᠬᠢᠵᠦ ᠪᠣᠯᠬᠤ ᠦᠭᠡᠢ᠃

     ᠭᠤᠴᠢᠨ ᠬᠤᠶᠠᠳᠤᠭ᠋ᠠᠷ ᠵᠦᠢ᠍ᠯ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠠᠴᠠ ᠪᠣᠯᠵᠤ ᠵᠠᠮ᠎ᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠵᠠᠮ᠎ᠢ ᠳᠠᠪᠠᠵᠤ ᠬᠤᠭᠤᠯᠠᠢ ᠭᠤᠤᠷᠰᠤ ᠵᠢᠨ ᠲᠦᠬᠦᠭᠡᠷᠦᠮᠵᠢ ᠨᠡᠮᠡᠵᠦ ᠲᠣᠬᠢᠷᠠᠭᠤᠯᠬᠤ᠎ᠳᠤ ᠤᠷᠢᠳᠠᠪᠠᠷ ᠵᠠᠮ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠦᠪᠰᠢᠶᠡᠷᠡᠯ᠎ᠢ ᠣᠯᠬᠤ ᠬᠡᠷᠡᠭᠲᠡᠢ; ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠨᠥᠯᠥᠭᠡᠯᠡᠬᠦ᠎ᠳᠤ ᠬᠦᠷᠪᠡᠯ᠂ ᠪᠠᠰᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠬᠤ ᠬᠡᠷᠡᠭᠳᠡᠢ᠃

     ᠪᠠᠷᠢᠯᠭ᠎ᠠ ᠵᠢᠨ ᠠᠵᠢᠯ᠎ᠤᠨ ᠨᠢᠭᠡᠴᠢ ᠵᠦᠪᠰᠢᠶᠡᠷᠡᠭᠳᠡᠭᠰᠡᠨ ᠵᠠᠮ᠎ᠤᠨ ᠭᠡᠰᠡᠭ ᠪᠠ ᠴᠠᠭ᠎ᠤᠨ ᠲᠣᠳᠣᠷ᠎ᠠ ᠪᠠᠷᠢᠯᠭ᠎ᠠ ᠵᠢᠨ ᠠᠵᠢᠯ ᠬᠢᠭᠦ ᠵᠢᠨ ᠬᠠᠮᠳᠣ᠂ ᠠᠵᠢᠯᠯᠠᠬᠤ ᠭᠠᠵᠡᠷ᠎ᠠᠴᠠ ᠲᠡᠷᠭᠡ ᠢᠷᠡᠭᠦ ᠴᠢᠭᠯᠡᠯ᠎ᠳᠤ ᠠᠮᠣᠷ ᠲᠦᠪᠰᠢᠨ᠎ᠤ ᠰᠡᠷᠡᠮᠵᠢᠯᠡᠬᠦᠯᠬᠦ ᠲᠡᠮᠳᠡᠭ ᠲᠠᠯᠪᠢᠵᠤ᠂ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠭᠡᠮᠵᠢᠶ᠎ᠠ ᠠᠪᠬᠤ ᠬᠡᠷᠡᠭᠳᠡᠢ; ᠪᠠᠷᠢᠯᠭ᠎ᠠ ᠵᠢᠨ ᠠᠵᠢᠯ ᠳᠠᠭᠤᠰᠤᠭᠰᠠᠨ᠎ᠤ ᠳᠠᠷᠠᠭ᠎ᠠ᠂ ᠵᠠᠮ ᠳᠡᠭᠡᠷᠡᠬᠢ ᠬᠠᠷᠰᠢ ᠰᠠᠭ᠋ᠠᠳ᠎ᠢ ᠪᠤᠰᠢᠭᠤᠬᠠᠨ ᠠᠷᠢᠯᠭ᠋ᠠᠵᠤ᠂ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠨ᠂ ᠵᠠᠮ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠰᠢᠯᠭ᠋ᠠᠨ ᠬᠤᠷᠢᠶᠠᠯᠭ᠋ᠠᠭ᠋ᠠᠳ ᠬᠢᠷᠢ ᠲᠡᠩᠴᠡᠪᠡᠯ᠂ ᠵᠠᠮ ᠨᠡᠪᠲᠡᠷᠡᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ᠎ᠤ ᠳᠠᠷᠠᠭ᠎ᠠ ᠰᠠᠶᠢ ᠨᠡᠪᠲᠡᠷᠡᠬᠦ ᠵᠠᠮ᠎ᠢ ᠰᠡᠷᠭᠦᠭᠡᠵᠦ ᠪᠣᠯᠤᠨ᠎ᠠ᠃

     ᠵᠠᠮ ᠬᠠᠷᠢᠯᠴᠠᠭ᠎ᠠ ᠵᠢ ᠲᠠᠰᠤᠯᠳᠠᠭᠤᠯᠬᠤ ᠦᠭᠡᠶ ᠪᠠᠷᠢᠯᠭ᠎ᠠ ᠪᠠᠷᠢᠬᠤ ᠠᠵᠢᠯ᠎ᠤᠨ ᠵᠠᠮ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠪᠠᠶ᠋ᠢᠴᠠᠭ᠋ᠠᠯᠲᠠ᠎ᠪᠠᠨ ᠴᠢᠩᠭ᠋ᠠᠳᠬᠠᠵᠤ᠂ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠬᠠᠮᠠᠭ᠋ᠠᠯᠠᠬᠤ ᠬᠡᠷᠡᠭᠲᠡᠶ᠃

     ᠭᠤᠴᠢᠨ ᠭᠤᠷᠪᠠᠳᠣᠭ᠋ᠠᠷ ᠵᠦᠢ᠍ᠯ ᠰᠢᠨ᠎ᠡ᠎ᠪᠠᠷ ᠪᠠᠢ᠌ᠭᠤᠯᠬᠤ᠂ ᠦᠭᠡᠷᠡᠴᠢᠯᠡᠨ ᠪᠠᠢ᠌ᠭᠤᠯᠬᠤ᠂ ᠦᠷᠭᠡᠳᠭᠡᠨ ᠪᠠᠢ᠌ᠭᠤᠯᠬᠤ ᠣᠯᠠᠨ ᠨᠡᠶ᠋ᠢᠳᠡ ᠵᠢᠨ ᠪᠠᠷᠢᠯᠭ᠎ᠠ᠂ ᠬᠤᠳᠠᠯᠳᠣᠭ᠋ᠠᠨ᠎ᠤ ᠲᠣᠭᠤᠷᠢᠭ᠂ ᠣᠷᠣᠨ ᠰᠠᠭᠤᠴᠠ ᠵᠢᠨ ᠲᠣᠭᠤᠷᠢᠭ᠂ ᠲᠣᠮᠣ (ᠳᠤᠮᠳᠠ) ᠬᠡᠯᠪᠡᠷᠢ ᠵᠢᠨ ᠪᠠᠷᠢᠯᠭ᠎ᠠ ᠵᠡᠷᠭᠡ᠎ᠳᠤ ᠲᠡᠷᠭᠡᠨ ᠵᠣᠭᠰᠣᠭ᠋ᠠᠯ᠎ᠢ ᠲᠦᠭᠦᠷᠵᠢᠭᠦᠯᠬᠦ ᠪᠠ ᠨᠡᠮᠡᠵᠦ ᠪᠠᠶ᠋ᠢᠭᠤᠯᠬᠤ ᠬᠡᠷᠡᠭᠲᠡᠢ; ᠲᠡᠷᠭᠡ ᠵᠣᠭᠰᠣᠬᠤ ᠭᠠᠵᠠᠷ᠎ᠨᠢ ᠬᠦᠷᠦᠯᠴᠡᠬᠦ ᠦᠭᠡᠢ ᠪᠠᠶ᠋ᠢᠪᠠᠯ᠂ ᠴᠠᠭ ᠲᠤᠬᠠᠶ᠎ᠳᠤ᠎ᠨᠢ ᠥᠭᠡᠷᠡᠴᠢᠯᠡᠨ ᠪᠠᠶ᠋ᠢᠭᠤᠯᠬᠤ ᠪᠤᠶᠤ ᠥᠷᠭᠡᠳᠬᠡᠨ ᠪᠠᠶ᠋ᠢᠭᠤᠯᠬᠤ ᠬᠡᠷᠡᠭᠲᠡᠶ; ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠠᠶ᠋ᠢᠭ᠎ᠠ ᠲᠡᠷᠭᠡᠨ ᠵᠣᠭᠰᠣᠭ᠋ᠠᠯ᠎ᠢ ᠬᠡᠷᠡᠭᠯᠡᠬᠦ᠎ᠳᠤ᠂ ᠳᠤᠷ᠎ᠠ᠎ᠪᠠᠷ ᠵᠶ᠋ᠠᠨ ᠵᠣᠭᠰᠣᠭ᠋ᠠᠬᠤ ᠪᠤᠶᠤ ᠥᠭᠡᠷᠡᠴᠢᠯᠡᠭᠡᠳ ᠪᠤᠰᠤᠳ ᠵᠦᠢ᠍ᠯ᠎ᠳᠤ ᠬᠡᠷᠡᠭᠯᠡᠵᠦ ᠪᠣᠯᠬᠤ ᠦᠭᠡᠶ᠃

    ᠬᠤᠳᠠ ᠵᠢᠨ ᠵᠠᠮ᠎ᠤᠨ ᠬᠡᠪᠴᠢᠶᠡᠨ ᠳᠣᠲᠣᠷ᠎ᠠ᠂ ᠶᠠᠪᠠᠭ᠋ᠠᠨ ᠬᠥᠮᠦᠨ᠂ ᠲᠡᠷᠭᠡ ᠬᠥᠰᠬᠡ ᠵᠢᠨ ᠨᠡᠪᠲᠡᠷᠡᠬᠦ ᠵᠢ ᠨᠥᠯᠥᠭᠡᠯᠡᠬᠦ ᠦᠭᠡᠢ ᠪᠠᠶ᠋ᠢᠳᠠᠯ᠎ᠤᠨ ᠳᠣᠣᠷ᠎ᠠ᠂ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠡᠷᠭᠡ ᠵᠣᠭᠰᠣᠬᠤ ᠭᠠᠵᠠᠷ᠎ᠢ ᠵᠠᠭ᠋ᠠᠭᠯᠠᠨ ᠵᠢᠷᠤᠵᠤ ᠪᠣᠯᠤᠨ᠎ᠠ᠃

      ᠭᠤᠴᠢᠨ ᠳᠥᠷᠪᠡᠳᠦᠭᠡᠷ ᠵᠦᠢ᠍ᠯ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠂ ᠡᠮᠨᠡᠯᠭᠡ ᠵᠢᠨ ᠬᠣᠷᠢᠶ᠎ᠠ᠂ ᠨᠠᠰᠤᠲᠠᠶ᠋ᠢᠴᠤᠳ᠎ᠢ ᠠᠰᠠᠷᠠᠬᠤ ᠬᠦᠷᠢᠶᠡᠯᠡᠩ᠎ᠤᠨ ᠡᠭᠦᠳᠡᠨ ᠡᠮᠦᠨᠡᠬᠢ ᠵᠠᠮ᠎ᠳᠤ ᠶᠠᠪᠠᠭ᠋ᠠᠨ ᠬᠥᠮᠦᠨ᠎ᠤ ᠵᠡᠭᠡᠯᠢ ᠥᠩᠭᠡᠷᠡᠬᠦ ᠪᠡᠯᠡᠳᠬᠡᠮᠵᠢ ᠦᠭᠡᠶ ᠪᠣᠯ᠂ ᠬᠥᠮᠦᠨ ᠶᠠᠪᠤᠬᠤ ᠬᠥᠨᠳᠡᠯᠡᠨ ᠵᠠᠮ᠎ᠤᠨ ᠱᠤᠭᠤᠮ ᠵᠢᠷᠤᠵᠤ ᠭᠠᠷᠭ᠋ᠠᠵᠤ᠂ ᠰᠠᠨᠠᠭᠤᠯᠬᠤ ᠲᠡᠮᠳᠡᠭ ᠲᠠᠯᠪᠢᠬᠤ ᠬᠡᠷᠡᠭᠲᠡᠶ᠃

    ᠬᠤᠳᠠ ᠵᠢᠨ ᠭᠤᠣᠯ ᠵᠠᠮ᠎ᠤᠨ ᠶᠠᠪᠠᠭ᠋ᠠᠨ ᠬᠥᠮᠦᠨ᠎ᠤ ᠵᠠᠮ᠎ᠳᠤ ᠲᠥᠯᠥᠪᠵᠢᠭᠦᠯᠭᠡ ᠶᠣᠰᠣᠭ᠋ᠠᠷ ᠰᠣᠬᠤᠷ ᠬᠥᠮᠦᠨ᠎ᠤ ᠵᠠᠮ ᠭᠠᠷᠭ᠋ᠠᠬᠤ ᠬᠡᠷᠡᠭᠲᠡᠶ᠃ ᠰᠣᠬᠤᠷ ᠬᠥᠮᠦᠨ᠎ᠤ ᠵᠠᠮ ᠭᠠᠷᠭ᠋ᠠᠬᠤ᠎ᠳᠤ᠎ᠪᠠᠨ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠭᠦᠯᠦᠭᠰᠡᠨ ᠪᠠᠶ᠋ᠢᠬᠤ ᠬᠡᠷᠡᠭᠲᠡᠶ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ