(2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)
ᠳᠥᠷᠪᠡᠳᠦᠭᠡᠷ ᠪᠦᠯᠦᠭ ᠵᠠᠮ ᠨᠡᠪᠲᠡᠷᠡᠯᠭᠡ ᠵᠢᠨ ᠲᠣᠭᠲᠠᠭ᠋ᠠᠯ
ᠨᠢᠭᠡᠳᠦᠭᠡᠷ ᠬᠡᠰᠡᠭ ᠡ᠊ᠩ᠎ᠤᠨ ᠲᠣᠭᠲᠠᠭ᠋ᠠᠯ
ᠭᠤᠴᠢᠨ ᠲᠠᠪᠤᠳᠤᠭ᠋ᠠᠷ ᠵᠦᠢ᠍ᠯ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠᠷᠠᠭᠤᠨ ᠲᠠᠯ᠎ᠠ᠎ᠪᠠᠷ ᠨᠡᠪᠲᠡᠷᠡᠬᠦ ᠵᠢ ᠬᠡᠷᠡᠭᠵᠢᠭᠦᠯᠦᠨ᠎ᠡ᠃
ᠭᠤᠴᠢᠨ ᠵᠢᠷᠭᠤᠳᠤᠭ᠋ᠠᠷ ᠵᠦᠢ᠍ᠯ ᠵᠠᠮ᠎ᠤᠨ ᠨᠥᠬᠦᠴᠡᠯ ᠪᠠ ᠵᠠᠮ ᠨᠡᠪᠲᠡᠷᠡᠯᠭᠡ ᠵᠢᠨ ᠬᠡᠷᠡᠭᠴᠡᠭᠡ ᠵᠢ ᠦᠨᠳᠦᠰᠦᠯᠡᠨ᠂ ᠵᠠᠮ᠎ᠢ ᠮᠠᠰᠢᠨᠲᠤ ᠲᠡᠷᠭᠡᠨ᠎ᠤ ᠵᠠᠮ᠂ ᠮᠠᠰᠢᠨᠲᠤ ᠪᠤᠰᠤ ᠲᠡᠷᠭᠡᠨ᠎ᠤ ᠵᠠᠮ ᠪᠠ ᠶᠠᠪᠠᠭ᠋ᠠᠨ ᠬᠥᠮᠦᠨ᠎ᠤ ᠵᠠᠮ ᠭᠡᠵᠦ ᠬᠤᠪᠢᠶᠠᠭᠰᠠᠨ ᠪᠠᠶ᠋ᠢᠪᠠᠯ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠ ᠶᠠᠪᠠᠭ᠋ᠠᠨ ᠬᠥᠮᠦᠨ ᠵᠠᠮ ᠬᠤᠪᠢᠶᠠᠨ ᠨᠡᠪᠲᠡᠷᠡᠬᠦ ᠵᠢ ᠬᠡᠷᠡᠭᠵᠢᠭᠦᠯᠦᠨ᠎ᠡ᠃ ᠮᠠᠰᠢᠨᠲᠤ ᠲᠡᠷᠭᠡᠨ᠎ᠤ ᠵᠠᠮ᠂ ᠮᠠᠰᠢᠨᠲᠤ ᠪᠤᠰᠤ ᠲᠡᠷᠭᠡᠨ᠎ᠤ ᠵᠠᠮ ᠪᠠ ᠶᠠᠪᠠᠭ᠋ᠠᠨ ᠬᠥᠮᠦᠨ᠎ᠤ ᠵᠠᠮ ᠭᠡᠵᠦ ᠬᠤᠪᠢᠶᠠᠭᠰᠠᠨ ᠦᠭᠡᠢ ᠪᠠᠶ᠋ᠢᠪᠠᠯ᠂ ᠮᠠᠰᠢᠨᠲᠤ ᠲᠡᠷᠭᠡ ᠵᠠᠮ᠎ᠤᠨ ᠳᠤᠮᠳᠠᠭᠤᠷ ᠶᠠᠪᠤᠵᠤ᠂ ᠮᠠᠰᠢᠨᠲᠤ ᠪᠤᠰᠤ ᠲᠡᠷᠭᠡ ᠪᠠ ᠶᠠᠪᠠᠭ᠋ᠠᠨ ᠬᠥᠮᠦᠨ ᠵᠠᠮ᠎ᠤᠨ ᠬᠤᠶᠠᠷ ᠬᠠᠵᠠᠭᠤ᠎ᠪᠠᠷ ᠶᠠᠪᠤᠨ᠎ᠠ᠃
ᠭᠤᠴᠢᠨ ᠳᠣᠯᠣᠳᠤᠭ᠋ᠠᠷ ᠵᠦᠢ᠍ᠯ ᠵᠠᠮ ᠳᠡᠭᠡᠷ᠎ᠡ ᠲᠤᠰᠬᠠᠶ ᠬᠡᠷᠡᠭᠯᠡᠬᠦ ᠲᠡᠷᠭᠡᠨ ᠵᠠᠮ᠎ᠢ ᠵᠠᠭ᠋ᠠᠭᠯᠠᠨ ᠲᠣᠭᠲᠠᠭ᠋ᠠᠭᠰᠠᠨ ᠪᠠᠶ᠋ᠢᠪᠠᠯ᠂ ᠲᠤᠰᠬᠠᠶ ᠬᠡᠷᠡᠭᠯᠡᠬᠦ ᠲᠡᠷᠭᠡᠨ ᠵᠠᠮ ᠵᠶ᠋ᠠᠷ ᠲᠣᠭᠲᠠᠭᠰᠠᠨ ᠲᠡᠷᠭᠡ ᠨᠡᠪᠲᠡᠷᠡᠬᠦ ᠵᠢ ᠯᠡ ᠵᠥᠪᠰᠢᠶᠡᠷᠡᠨ᠎ᠡ᠂ ᠪᠤᠰᠤᠳ ᠲᠡᠷᠭᠡ ᠲᠤᠰᠬᠠᠶ ᠬᠡᠷᠡᠭᠯᠡᠬᠦ ᠲᠡᠷᠭᠡᠨ ᠵᠠᠮ ᠵᠶ᠋ᠠᠷ ᠶᠠᠪᠤᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠲᠡᠷᠭᠡ ᠬᠥᠰᠬᠡ᠂ ᠶᠠᠪᠠᠭ᠋ᠠᠨ ᠬᠥᠮᠦᠨ ᠵᠠᠮ ᠬᠠᠷᠢᠯᠴᠠᠭ᠋ᠠᠨ᠎ᠤ ᠳᠤᠬᠢᠶ᠎ᠠ᠎ᠪᠠᠷ ᠶᠠᠪᠤᠬᠤ ᠬᠡᠷᠡᠭᠲᠡᠶ; ᠵᠠᠮ ᠬᠠᠷᠢᠯᠴᠠᠭ᠋ᠠᠨ᠎ᠤ ᠴᠠᠭᠳᠠᠭ᠎ᠠ ᠲᠤᠬᠠᠶ ᠵᠢᠨ ᠭᠠᠵᠠᠷ᠎ᠲᠤ ᠵᠢᠯᠣᠭᠤᠳᠴᠤ ᠪᠠᠶ᠋ᠢᠬᠤ᠎ᠲᠠᠢ ᠲᠣᠬᠢᠶᠠᠯᠳᠤᠪᠠᠯ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠢᠯᠤᠭᠤᠳᠤᠯᠭ᠎ᠠ᠎ᠪᠠᠷ ᠶᠠᠪᠤᠬᠤ ᠬᠡᠷᠡᠭᠲᠡᠶ; ᠵᠠᠮ ᠬᠠᠷᠢᠯᠴᠠᠭ᠋ᠠᠨ᠎ᠤ ᠳᠤᠬᠢᠶᠠᠨ ᠳᠡᠮᠳᠡᠭ ᠪᠠᠶ᠋ᠢᠬᠤ ᠦᠬᠡᠢ ᠵᠠᠮ ᠵᠶ᠋ᠠᠷ ᠪᠣᠯ ᠠᠶᠤᠯᠭᠦᠶ ᠪᠠᠶ᠋ᠢᠬᠤ᠂ ᠰᠠᠭ᠋ᠠᠳ ᠦᠬᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠵᠠᠷᠴᠢᠮ᠎ᠤᠨ ᠳᠣᠣᠷ᠎ᠠ ᠶᠠᠪᠤᠬᠤ ᠬᠡᠷᠡᠭᠲᠡᠶ᠃
ᠭᠤᠴᠢ ᠶᠢᠰᠦᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠪᠠ ᠵᠠᠮ ᠬᠠᠷᠢᠯᠴᠠᠭ᠋ᠠᠨ᠎ᠤ ᠨᠡᠪᠳᠡᠷᠡᠯ᠎ᠤᠨ ᠪᠣᠳᠠᠲᠠᠶ ᠪᠠᠶ᠋ᠢᠳᠠᠯ᠎ᠢ ᠦᠨᠳᠦᠰᠦᠯᠡᠨ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠ ᠶᠠᠪᠠᠭ᠋ᠠᠨ ᠬᠥᠮᠦᠨ᠎ᠳᠤ ᠵᠠᠯᠠᠵᠤ ᠵᠢᠯᠣᠭᠤᠳᠬᠤ᠂ ᠨᠡᠪᠲᠡᠷᠡᠬᠦ ᠵᠢ ᠬᠢᠵᠠᠭ᠋ᠠᠷᠯᠠᠬᠤ᠂ ᠨᠡᠪᠲᠡᠷᠡᠬᠦ ᠵᠢ ᠴᠠᠭ᠋ᠠᠵᠠᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠤᠨ᠎ᠠ᠃ ᠤᠯᠠᠨ ᠲᠦᠮᠡᠨᠴᠢ ᠴᠢᠨᠠᠷᠲᠠᠶ ᠲᠤᠮᠤ ᠬᠡᠯᠪᠡᠷᠢ ᠵᠢᠨ ᠠᠵᠢᠯᠯᠠᠭ᠎ᠠ᠂ ᠶᠡᠭᠡ ᠬᠡᠪᠴᠢᠶᠡᠨ᠎ᠤ ᠪᠠᠷᠢᠯᠭ᠎ᠠ ᠵᠢᠨ ᠠᠵᠢᠯ ᠵᠡᠷᠭᠡ ᠪᠠᠶ᠋ᠢᠳᠠᠯ ᠲᠣᠬᠢᠶᠠᠯᠳᠤᠵᠤ᠂ ᠵᠠᠮ ᠬᠠᠷᠢᠯᠴᠠᠭ᠎ᠠ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠪᠤᠶᠤ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠠᠵᠢᠯᠯᠠᠭ᠎ᠠ᠎ᠲᠠᠢ ᠰᠢᠭᠤᠳ ᠬᠤᠯᠪᠣᠭᠳᠠᠬᠤ ᠲᠣᠭᠲᠠᠭ᠋ᠠᠯ ᠭᠠᠷᠭ᠋ᠠᠬᠤ᠎ᠳᠤ ᠬᠦᠷᠪᠡᠯ᠂ ᠨᠡᠶ᠋ᠢᠭᠡᠮ ᠨᠡᠶ᠋ᠢᠲᠡ᠎ᠳᠤ ᠤᠷᠢᠳᠴᠢᠯᠠᠨ ᠵᠠᠷᠯᠠᠨ ᠨᠡᠶ᠋ᠢᠲᠡᠯᠡᠬᠦ ᠬᠡᠷᠡᠭᠲᠡᠶ᠃
ᠳᠥᠴᠢᠳᠦᠭᠡᠷ ᠵᠦᠢ᠍ᠯ ᠪᠠᠶ᠋ᠢᠭ᠋ᠠᠯᠢ ᠵᠢᠨ ᠭᠠᠮᠰᠢᠭ᠂ ᠴᠠᠭ ᠠᠭᠤᠷ᠎ᠤᠨ ᠮᠠᠭᠤ ᠨᠥᠬᠦᠴᠡᠯ ᠪᠤᠶᠤ ᠵᠠᠮ ᠬᠠᠷᠢᠯᠴᠠᠭ᠋ᠠᠨ᠎ᠤ ᠬᠦᠨᠳᠦ ᠶᠡᠭᠡ ᠭᠡᠨᠡᠳᠡᠯ ᠵᠡᠷᠭᠡ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠬᠦᠨᠳᠦ ᠨᠣᠴᠢᠲᠠᠶ ᠨᠥᠯᠥᠭᠡᠯᠡᠬᠦ ᠪᠠᠶ᠋ᠢᠳᠠᠯ ᠲᠣᠬᠢᠶᠠᠯᠳᠤᠵᠤ᠂ ᠪᠤᠰᠤᠳ ᠠᠷᠭ᠎ᠠ ᠬᠡᠮᠵᠢᠶ᠎ᠡ ᠠᠪᠤᠭ᠋ᠠᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠪᠡᠷᠬᠡᠲᠡᠶ ᠪᠣᠯᠤᠭᠰᠠᠨ ᠦᠶ᠎ᠡ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠶᠠᠪᠤᠭᠤᠯᠵᠤ ᠪᠣᠯᠤᠨ᠎ᠠ᠃
ᠳᠥᠴᠢᠨ ᠨᠢᠭᠡᠳᠦᠭᠡᠷ ᠵᠦᠢ᠍ᠯ ᠵᠠᠮ ᠨᠡᠪᠲᠡᠷᠡᠯᠭᠡ᠎ᠳᠤ ᠬᠤᠯᠪᠣᠭᠳᠠᠬᠤ ᠪᠤᠰᠤᠳ ᠪᠣᠳᠠᠲᠠᠶ ᠲᠣᠭᠲᠠᠭ᠋ᠠᠯ᠎ᠢ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠲᠣᠭᠲᠠᠭ᠋ᠠᠨ᠎ᠠ᠃
ᠬᠤᠶᠠᠳᠤᠭ᠋ᠠᠷ ᠬᠡᠰᠡᠭ ᠮᠠᠰᠢᠨᠲᠤ ᠲᠡᠷᠭᠡ ᠨᠡᠪᠲᠡᠷᠡᠬᠦ ᠲᠣᠭᠲᠠᠭ᠋ᠠᠯ
ᠳᠥᠴᠢᠨ ᠬᠤᠶᠠᠳᠤᠭ᠋ᠠᠷ ᠵᠦᠢ᠍ᠯ ᠮᠠᠰᠢᠨᠲᠤ ᠲᠡᠷᠭᠡ ᠵᠠᠮ᠎ᠳᠤ ᠭᠠᠷᠴᠤ ᠶᠠᠪᠤᠬᠤ᠎ᠳᠤ᠎ᠪᠠᠨ ᠬᠤᠷᠳᠤᠴᠠ ᠵᠢ ᠬᠢᠵᠠᠭ᠋ᠠᠷᠯᠠᠬᠤ ᠢᠯᠡᠳᠬᠡᠮᠵᠢ ᠳᠡᠮᠳᠡᠭ᠎ᠲᠤ ᠲᠣᠳᠣᠷᠬᠠᠶ᠋ᠢᠯᠠᠭᠰᠠᠨ ᠬᠠᠮᠤᠭ᠎ᠤᠨ ᠳᠡᠭᠡᠳᠦ ᠬᠤᠷᠳᠤᠴᠠ᠎ᠠᠴᠠ ᠬᠡᠲᠦᠷᠡᠭᠦᠯᠵᠦ ᠪᠣᠯᠬᠤ ᠦᠬᠡᠢ᠃ ᠬᠤᠷᠳᠤᠴᠠ ᠵᠢ ᠬᠢᠵᠠᠭ᠋ᠠᠷᠯᠠᠬᠤ ᠢᠯᠡᠳᠬᠡᠮᠵᠢ ᠳᠡᠮᠳᠡᠭ ᠪᠠᠶ᠋ᠢᠬᠤ ᠦᠬᠡᠢ ᠵᠠᠮ᠎ᠤᠨ ᠬᠡᠰᠡᠭ᠎ᠲᠤ ᠠᠶᠤᠯᠭᠦᠶ ᠪᠠᠶ᠋ᠢᠬᠤ ᠲᠡᠷᠭᠡᠨ᠎ᠤ ᠬᠤᠷᠳᠤᠴᠠ ᠵᠢ ᠪᠠᠲᠤᠯᠠᠬᠤ ᠬᠡᠷᠡᠭᠲᠡᠶ᠃
ᠰᠥᠨᠢ᠎ᠪᠠᠷ ᠶᠠᠪᠤᠬᠤ ᠪᠤᠶᠤ ᠠᠮᠠᠷᠬᠠᠨ ᠠᠶᠤᠯ ᠭᠠᠷᠳᠠᠭ ᠵᠠᠮ᠎ᠤᠨ ᠬᠡᠰᠡᠭ ᠵᠶ᠋ᠠᠷ ᠶᠠᠪᠤᠬᠤ ᠵᠢᠴᠢ ᠡᠯᠡᠰᠦ ᠲᠣᠭᠤᠰᠣ ᠳᠡᠭᠳᠡᠬᠦ᠂ ᠮᠥᠨᠳᠥᠷ᠂ ᠪᠣᠷᠣᠭ᠋ᠠᠨ᠂ ᠴᠠᠰᠤ ᠣᠷᠣᠬᠤ᠂ ᠮᠠᠨᠠᠨ ᠭᠠᠷᠬᠤ᠂ ᠮᠥᠰᠥ ᠬᠥᠯᠳᠡᠬᠦ ᠵᠡᠷᠭᠡ ᠴᠠᠭ ᠠᠭᠤᠷ᠎ᠤᠨ ᠨᠥᠬᠦᠴᠡᠯ ᠲᠣᠬᠢᠶᠠᠯᠳᠤᠬᠤ ᠦᠶ᠎ᠡ᠎ᠳᠤ ᠶᠠᠪᠤᠬᠤ ᠬᠤᠷᠳᠤᠴᠠ᠎ᠪᠠᠨ ᠤᠳᠠᠭ᠋ᠠᠰᠢᠷᠠᠭᠤᠯᠬᠤ ᠬᠡᠷᠡᠭᠲᠡᠶ᠃
ᠳᠥᠴᠢᠨ ᠭᠤᠷᠪᠠᠳᠤᠭ᠋ᠠᠷ ᠵᠦᠢ᠍ᠯ ᠠᠳᠠᠯᠢ ᠵᠠᠮ ᠵᠶ᠋ᠠᠷ ᠶᠠᠪᠤᠵᠤ ᠪᠠᠶ᠋ᠢᠭ᠎ᠠ ᠮᠠᠰᠢᠨᠲᠤ ᠲᠡᠷᠭᠡ ᠵᠢᠨ ᠬᠤᠶ᠋ᠢᠨᠠᠬᠢ ᠲᠡᠷᠭᠡ᠎ᠨᠢ ᠡᠮᠦᠨᠡᠬᠢ ᠲᠡᠷᠭᠡ᠎ᠠᠴᠠ᠎ᠪᠠᠨ ᠪᠠᠴᠢᠮ ᠲᠣᠷᠣᠮᠰᠤᠯᠠᠬᠤ ᠠᠷᠭ᠎ᠠ ᠬᠡᠮᠵᠢᠶ᠎ᠡ ᠠᠪᠴᠤ ᠳᠡᠶ᠋ᠢᠯᠬᠦ ᠠᠶᠤᠯᠭᠦᠶ ᠵᠢᠨ ᠵᠠᠶ᠎ᠲᠠᠢ ᠪᠠᠶ᠋ᠢᠬᠤ ᠬᠡᠷᠡᠭᠲᠡᠶ᠃ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠷᠭᠡ᠎ᠠᠴᠠ ᠳᠠᠪᠠᠭᠤᠯᠵᠤ ᠪᠣᠯᠬᠤ ᠦᠭᠡᠶ᠄
(ᠨᠢᠭᠡ) ᠡᠮᠦᠨᠡᠬᠢ ᠲᠡᠷᠭᠡ ᠶᠠᠭ ᠵᠡᠭᠦᠨᠰᠢ ᠮᠤᠷᠦ᠋ᠢ᠍ᠵᠤ᠂ ᠡᠷᠭᠢᠵᠦ᠂ ᠲᠡᠷᠭᠡ ᠳᠠᠪᠠᠵᠤ ᠪᠠᠶ᠋ᠢᠬᠤ;
(ᠬᠤᠶᠠᠷ) ᠡᠰᠡᠷᠭᠦ ᠲᠠᠯ᠎ᠠ᠎ᠠᠴᠠ ᠢᠷᠡᠭᠰᠡᠨ ᠲᠡᠷᠭᠡ᠎ᠲᠠᠢ ᠵᠥᠷᠢᠬᠦ ᠪᠣᠯᠤᠯᠴᠠᠭ᠎ᠠ᠎ᠲᠠᠢ ᠪᠠᠶ᠋ᠢᠬᠤ;
(ᠭᠤᠷᠪᠠ) ᠡᠮᠦᠨᠡᠬᠢ ᠲᠡᠷᠭᠡ᠎ᠨᠢ ᠪᠠᠴᠢᠮ ᠡᠭᠦᠷᠭᠡ ᠭᠦᠢ᠍ᠴᠡᠳᠬᠡᠵᠦ ᠪᠠᠶ᠋ᠢᠭ᠎ᠠ ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠪᠣᠯᠬᠤ;
(ᠲᠦᠷᠪᠡ) ᠲᠡᠮᠦᠷ ᠵᠡᠮ᠎ᠤᠨ ᠠᠭᠤᠯᠵᠠᠷ᠂ ᠣᠭᠲᠣᠯᠣᠯᠴᠠᠬᠤ ᠵᠡᠮ᠎ᠤᠨ ᠠᠭᠤᠯᠵᠠᠷ᠂ ᠨᠠᠷᠢᠨ ᠬᠥᠭᠦᠷᠭᠡ᠂ ᠮᠤᠷᠤᠶ ᠵᠡᠮ᠂ ᠡᠭᠴᠡ ᠬᠥᠲᠥᠯ᠂ ᠨᠦᠭᠡᠠ ᠵᠡᠮ᠂ ᠶᠠᠪᠠᠭ᠋ᠠᠨ ᠬᠥᠮᠦᠨ᠎ᠤ ᠬᠥᠨᠳᠡᠯᠡᠨ ᠵᠡᠮ᠂ ᠬᠤᠳᠠ ᠵᠢᠨ ᠲᠣᠭᠤᠷᠢᠭ᠎ᠤᠨ ᠵᠡᠮ ᠬᠠᠷᠢᠯᠴᠠᠭ᠋ᠠᠨ᠎ᠤ ᠴᠤᠪᠤᠷᠠᠯᠲᠠ ᠵᠢᠨ ᠬᠡᠮᠵᠢᠶ᠎ᠡ ᠶᠡᠭᠡ ᠵᠡᠮ᠎ᠤᠨ ᠬᠡᠰᠡᠭ ᠵᠡᠷᠭᠡ ᠲᠡᠷᠭᠡ ᠳᠠᠪᠠᠭ᠍ᠤ ᠨᠥᠬᠦᠴᠡᠯ ᠤᠢ᠍ᠭᠡᠢ ᠭᠠᠵᠠᠷ ᠵᠶ᠋ᠠᠷ ᠥᠩᠭᠡᠷᠡᠬᠦ᠃
ᠳᠥᠴᠢᠨ ᠳᠥᠷᠪᠡᠳᠦᠭᠡᠷ ᠵᠦᠢ᠍ᠯ ᠮᠠᠰᠢᠨᠲᠤ ᠲᠡᠷᠭᠡ ᠣᠭᠲᠣᠯᠣᠯᠴᠠᠬᠤ ᠵᠠᠮ᠎ᠤᠨ ᠠᠭᠤᠯᠵᠠᠷ ᠵᠶ᠋ᠠᠷ ᠥᠩᠭᠡᠷᠡᠬᠦ᠎ᠳᠤ᠎ᠪᠠᠨ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠪᠤᠶᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠢᠯᠤᠭᠤᠳᠤᠯᠭ᠎ᠠ᠎ᠪᠠᠷ ᠥᠩᠭᠡᠷᠡᠬᠦ ᠬᠡᠷᠡᠭᠲᠡᠶ; ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠪᠤᠶᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠢᠯᠤᠭᠤᠳᠤᠯᠭ᠎ᠠ ᠪᠠᠶ᠋ᠢᠬᠤ ᠦᠬᠡᠢ ᠣᠭᠲᠣᠯᠣᠯᠴᠠᠬᠤ ᠵᠠᠮ᠎ᠤᠨ ᠠᠭᠤᠯᠵᠠᠷ ᠵᠶ᠋ᠠᠷ ᠥᠩᠭᠡᠷᠡᠬᠦ᠎ᠳᠤ᠎ᠪᠠᠨ ᠬᠤᠷᠳᠤᠴᠠ᠎ᠪᠠᠨ ᠪᠠᠭ᠋ᠠᠰᠬᠠᠵᠤ ᠤᠳᠠᠭ᠋ᠠᠨ ᠶᠠᠪᠤᠬᠤ ᠬᠡᠷᠡᠭᠲᠡᠶ ᠪᠥᠭᠡᠳ ᠶᠠᠪᠠᠭ᠋ᠠᠨ ᠬᠥᠮᠦᠨ ᠪᠣᠯᠤᠨ ᠤᠷᠢᠳᠠᠪᠠᠷ ᠨᠡᠪᠲᠡᠷᠡᠬᠦ ᠲᠡᠷᠭᠡ ᠬᠥᠰᠬᠡ ᠵᠢ ᠤᠷᠢᠳᠠᠪᠠᠷ ᠶᠠᠪᠤᠭᠤᠯᠬᠤ ᠬᠡᠷᠡᠭᠲᠡᠶ᠃
ᠳᠥᠴᠢᠨ ᠲᠠᠪᠤᠳᠤᠭ᠋ᠠᠷ ᠵᠦᠢ᠍ᠯ ᠡᠮᠦᠨ᠎ᠡ ᠲᠠᠯ᠎ᠠ ᠵᠢᠨ ᠲᠡᠷᠭᠡ ᠵᠣᠭᠰᠣᠵᠤ ᠮᠥᠷᠯᠡᠨ ᠬᠦᠯᠢᠶᠡᠵᠦ ᠪᠠᠶ᠋ᠢᠬᠤ ᠪᠤᠶᠤ ᠤᠳᠠᠭ᠋ᠠᠨ ᠶᠠᠪᠤᠵᠤ ᠪᠠᠶ᠋ᠢᠬᠤ᠎ᠲᠠᠢ ᠲᠠᠭ᠋ᠠᠷᠠᠯᠳᠤᠪᠠᠯ᠂ ᠮᠠᠰᠢᠨᠲᠤ ᠲᠡᠷᠭᠡ ᠵᠠᠮ ᠵᠢᠭᠡᠯᠡᠨ ᠲᠡᠷᠭᠡ ᠳᠠᠪᠠᠭ᠍ᠤ ᠪᠤᠶᠤ ᠡᠰᠡᠷᠭᠦ ᠲᠠᠯ᠎ᠠ ᠵᠢᠨ ᠲᠡᠷᠭᠡᠨ ᠵᠠᠮ᠎ᠢ ᠡᠵᠡᠯᠡᠨ ᠶᠠᠪᠤᠵᠤ ᠪᠣᠯᠬᠤ ᠦᠭᠡᠢ᠂ ᠬᠦᠯᠢᠶᠡᠵᠦ ᠪᠠᠶ᠋ᠢᠭ᠎ᠠ ᠲᠡᠷᠭᠡᠨ᠎ᠤ ᠳᠤᠮᠳᠠᠭᠤᠷ ᠰᠣᠯᠪᠢᠴᠠᠵᠤ ᠪᠣᠯᠬᠤ ᠦᠭᠡᠢ᠃
ᠲᠡᠷᠭᠡᠨ ᠵᠠᠮ ᠪᠠᠭ᠋ᠠᠰᠤᠭᠰᠠᠨ ᠵᠠᠮ᠎ᠤᠨ ᠬᠡᠰᠡᠭ᠂ ᠵᠠᠮ᠎ᠤᠨ ᠠᠭᠤᠯᠵᠠᠷ᠂ ᠡᠰᠡᠬᠦᠯ᠎ᠡ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠪᠤᠶᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠢᠯᠤᠭᠤᠳᠤᠯᠭ᠎ᠠ ᠪᠠᠶ᠋ᠢᠬᠤ ᠦᠬᠡᠢ ᠣᠭᠲᠣᠯᠣᠯᠴᠠᠬᠤ ᠵᠠᠮ᠎ᠤᠨ ᠠᠭᠤᠯᠵᠠᠷ᠎ᠲᠤ ᠲᠡᠷᠭᠡ ᠵᠣᠭᠰᠣᠵᠤ ᠮᠥᠷᠯᠡᠨ ᠬᠦᠯᠢᠶᠡᠬᠦ ᠪᠤᠶᠤ ᠤᠳᠠᠭ᠋ᠠᠨ ᠶᠠᠪᠤᠬᠤ ᠶᠠᠪᠤᠳᠠᠯ ᠲᠣᠬᠢᠶᠠᠯᠳᠤᠪᠠᠯ᠂ ᠮᠠᠰᠢᠨᠲᠤ ᠲᠡᠷᠭᠡ ᠳᠡᠰ ᠳᠠᠷᠠᠭ᠋ᠠᠯᠠᠨ ᠰᠣᠯᠪᠢᠴᠠᠨ ᠨᠡᠪᠲᠡᠷᠡᠬᠦ ᠬᠡᠷᠡᠭᠲᠡᠶ᠃
ᠳᠥᠴᠢᠨ ᠵᠢᠷᠭᠤᠳᠤᠭ᠋ᠠᠷ ᠵᠦᠢ᠍ᠯ ᠮᠠᠰᠢᠨᠲᠤ ᠲᠡᠷᠭᠡ ᠳᠡᠮᠦᠷ ᠵᠠᠮ᠎ᠤᠨ ᠠᠭᠤᠯᠵᠠᠷ ᠵᠶ᠋ᠠᠷ ᠥᠩᠭᠡᠷᠡᠬᠦ᠎ᠳᠤ᠎ᠪᠠᠨ ᠵᠠᠮ ᠬᠠᠷᠢᠯᠴᠠᠭ᠋ᠠᠨ᠎ᠤ ᠳᠤᠬᠢᠶ᠎ᠠ ᠪᠤᠶᠤ ᠬᠠᠮᠢᠶᠠᠷᠤᠯᠲᠠ ᠵᠢᠨ ᠠᠵᠢᠯᠳᠠᠨ᠎ᠤ ᠵᠢᠯᠤᠭᠤᠳᠤᠯᠭ᠎ᠠ᠎ᠪᠠᠷ ᠨᠡᠪᠲᠡᠷᠡᠬᠦ ᠬᠡᠷᠡᠭᠲᠡᠶ; ᠵᠠᠮ ᠬᠠᠷᠢᠯᠴᠠᠭ᠋ᠠᠨ᠎ᠤ ᠳᠤᠬᠢᠶ᠎ᠠ ᠪᠤᠶᠤ ᠬᠠᠮᠢᠶᠠᠷᠤᠯᠲᠠ ᠵᠢᠨ ᠠᠵᠢᠯᠳᠠᠨ ᠪᠠᠶ᠋ᠢᠬᠤ ᠦᠬᠡᠢ ᠪᠣᠯ ᠬᠤᠷᠳᠤᠴᠠ᠎ᠪᠠᠨ ᠪᠠᠭᠤᠷᠠᠭᠤᠯᠬᠤ ᠪᠤᠶᠤ ᠲᠡᠷᠭᠡ᠎ᠪᠠᠨ ᠵᠣᠭᠰᠣᠭ᠋ᠠᠵᠤ᠂ ᠠᠶᠤᠯᠭᠦᠶ ᠪᠠᠶ᠋ᠢᠬᠤ ᠵᠢ ᠨᠤᠲᠠᠯᠠᠭᠰᠠᠨ᠎ᠤ ᠳᠠᠷᠠᠭ᠎ᠠ ᠥᠩᠭᠡᠷᠡᠬᠦ ᠬᠡᠷᠡᠭᠲᠡᠶ᠃
ᠳᠥᠴᠢᠨ ᠳᠣᠯᠣᠳᠤᠭ᠋ᠠᠷ ᠵᠦᠢ᠍ᠯ ᠮᠠᠰᠢᠨᠲᠤ ᠲᠡᠷᠭᠡ ᠶᠠᠪᠠᠭ᠋ᠠᠨ ᠬᠥᠮᠦᠨ᠎ᠤ ᠬᠥᠨᠳᠡᠯᠡᠨ ᠵᠠᠮ ᠵᠶ᠋ᠠᠷ ᠥᠩᠭᠡᠷᠡᠬᠦ᠎ᠳᠤ᠎ᠪᠠᠨ ᠬᠤᠷᠳᠤᠴᠠ᠎ᠪᠠᠨ ᠪᠠᠭᠤᠷᠠᠭᠤᠯᠬᠤ ᠬᠡᠷᠡᠭᠲᠡᠶ; ᠶᠠᠪᠠᠭ᠋ᠠᠨ ᠬᠥᠮᠦᠨ ᠶᠠᠭ ᠶᠠᠪᠠᠭ᠋ᠠᠨ ᠬᠥᠮᠦᠨ᠎ᠤ ᠬᠥᠨᠳᠡᠯᠡᠨ ᠵᠠᠮ ᠵᠶ᠋ᠠᠷ ᠥᠩᠭᠡᠷᠡᠵᠦ ᠪᠠᠶ᠋ᠢᠬᠤ᠎ᠲᠠᠢ ᠲᠠᠭ᠋ᠠᠷᠠᠯᠳᠤᠪᠠᠯ᠂ ᠲᠡᠷᠭᠡ᠎ᠪᠠᠨ ᠵᠣᠭᠰᠣᠭ᠋ᠠᠵᠤ ᠵᠠᠮ ᠲᠠᠯᠪᠢᠵᠤ ᠥᠭᠬᠦ ᠬᠡᠷᠡᠭᠲᠡᠶ᠃
ᠮᠠᠰᠢᠨᠲᠤ ᠲᠡᠷᠭᠡ ᠵᠠᠮ ᠬᠠᠷᠢᠯᠴᠠᠭ᠋ᠠᠨ᠎ᠤ ᠳᠤᠬᠢᠶ᠎ᠠ ᠦᠬᠡᠢ ᠵᠠᠮ ᠵᠶ᠋ᠠᠷ ᠥᠩᠭᠡᠷᠡᠬᠦ᠎ᠳᠤ᠎ᠪᠠᠨ ᠶᠠᠪᠠᠭ᠋ᠠᠨ ᠬᠥᠮᠦᠨ ᠵᠠᠮ ᠣᠭᠲᠣᠯᠵᠤ ᠭᠠᠷᠬᠤ᠎ᠲᠠᠢ ᠲᠠᠭ᠋ᠠᠷᠠᠯᠳᠤᠪᠠᠯ ᠵᠠᠮ ᠲᠠᠯᠪᠢᠵᠤ ᠥᠭᠬᠦ ᠬᠡᠷᠡᠭᠲᠡᠶ᠃
ᠳᠥᠴᠢᠨ ᠨᠠᠢ᠍ᠮᠠᠳᠤᠭ᠋ᠠᠷ ᠵᠦᠢ᠍ᠯ ᠮᠠᠰᠢᠨᠲᠤ ᠲᠡᠷᠭᠡ ᠶᠠᠭᠤᠮ᠎ᠠ ᠲᠡᠭᠡᠭᠡᠪᠦᠷᠢᠯᠡᠬᠦ᠎ᠳᠤ᠎ᠪᠠᠨ ᠬᠢᠨᠠᠨ ᠲᠣᠭᠲᠠᠭ᠋ᠠᠭᠰᠠᠨ ᠳᠠᠭ᠋ᠠᠭ᠋ᠠᠴᠠ ᠵᠢᠨ ᠬᠡᠮᠵᠢᠶ᠎ᠡ᠎ᠳᠤ ᠨᠡᠶ᠋ᠢᠴᠡᠭᠦᠯᠬᠦ ᠬᠡᠷᠡᠭᠲᠡᠶ᠂ ᠳᠠᠭ᠋ᠠᠭ᠋ᠠᠴᠠ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠨ᠎ᠠ; ᠠᠴᠢᠶᠠᠯᠠᠬᠤ ᠶᠠᠭᠤᠮ᠎ᠠ ᠵᠢᠨ ᠤᠷᠳᠤ᠂ ᠥᠷᠭᠡᠨ᠂ ᠥᠨᠳᠥᠷ᠎ᠨᠢ ᠠᠴᠢᠶᠠᠯᠠᠬᠤ ᠱᠠᠭ᠋ᠠᠷᠳᠠᠯᠭ᠎ᠠ᠎ᠠᠴᠠ ᠵᠥᠷᠢᠴᠡᠵᠦ ᠪᠣᠯᠬᠤ ᠤᠢ᠍ᠭᠡᠢ᠂ ᠲᠡᠭᠡᠭᠡᠪᠦᠷᠢᠯᠡᠭᠰᠡᠨ ᠶᠠᠭᠤᠮ᠎ᠠ᠎ᠪᠠᠨ ᠠᠰᠬᠠᠵᠤ᠂ ᠪᠤᠲᠠᠷᠠᠭᠤᠯᠵᠤ ᠪᠣᠯᠬᠤ ᠤᠢ᠍ᠭᠡᠢ᠃
ᠮᠠᠰᠢᠨᠲᠤ ᠲᠡᠷᠭᠡ ᠬᠡᠮᠵᠢᠶ᠎ᠡ᠎ᠠᠴᠠ ᠬᠡᠲᠦᠷᠡᠭᠰᠡᠨ ᠵᠠᠳᠠᠯᠵᠤ ᠰᠠᠯᠭ᠋ᠠᠵᠤ ᠪᠣᠯᠬᠤ ᠦᠬᠡᠢ ᠡᠳ᠋ ᠪᠣᠳᠠᠰ᠎ᠢ ᠲᠡᠭᠡᠭᠡᠪᠦᠷᠢᠯᠡᠭᠡᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠨᠥᠯᠥᠭᠡᠯᠡᠬᠦ᠎ᠳᠤ ᠬᠦᠷᠪᠡᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠴᠠᠭ᠂ ᠱᠤᠭᠤᠮ᠂ ᠬᠤᠷᠳᠤᠴᠠ᠎ᠪᠠᠷ ᠶᠠᠪᠤᠵᠤ᠂ ᠢᠯᠡᠷᠬᠡᠶ ᠢᠯᠡᠳᠬᠡᠮᠵᠢ ᠳᠡᠮᠳᠡᠭ ᠡᠯᠭᠦᠬᠦ ᠬᠡᠷᠡᠭᠲᠡᠶ᠃ ᠵᠠᠰᠠᠮᠠᠯ ᠵᠡᠮ ᠳᠡᠭᠡᠷ᠎ᠡ ᠬᠡᠮᠵᠢᠶ᠎ᠡ᠎ᠠᠴᠠ ᠬᠡᠲᠦᠷᠡᠭᠰᠡᠨ ᠵᠠᠳᠠᠯᠵᠤ ᠰᠠᠯᠭ᠋ᠠᠵᠤ ᠪᠣᠯᠬᠤ ᠤᠢ᠍ᠭᠡᠢ ᠡᠳ᠋ ᠪᠣᠳᠠᠰ᠎ᠢ ᠲᠡᠭᠡᠭᠡᠪᠦᠷᠢᠯᠡᠬᠦ᠎ᠳᠤ᠎ᠪᠠᠨ ᠵᠠᠰᠠᠮᠠᠯ ᠵᠡᠮ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠶ᠃
ᠮᠠᠰᠢᠨᠲᠤ ᠲᠡᠷᠭᠡ᠎ᠪᠠᠷ ᠳᠡᠯᠪᠡᠷᠡᠬᠦ ᠪᠣᠳᠠᠰ᠂ ᠰᠢᠲᠠᠮᠠᠲᠠᠬᠠᠢ ᠳᠡᠯᠪᠡᠷᠡᠮᠡᠲᠡᠭᠡᠶ ᠬᠢᠮᠢ ᠵᠢᠨ ᠪᠣᠳᠠᠰ ᠵᠢᠴᠢ ᠲᠤᠬᠰᠢᠨ ᠬᠤᠣᠷᠲᠠᠢ᠂ ᠰᠠᠴᠤᠷᠠᠭ ᠢᠳᠡᠪᠬᠢ ᠴᠢᠨᠠᠷᠲᠠᠢ ᠵᠡᠷᠭᠡ ᠠᠶᠤᠯᠲᠠᠢ ᠪᠣᠳᠠᠰ᠎ᠢ ᠠᠴᠢᠶᠠᠯᠠᠨ ᠲᠡᠭᠡᠭᠡᠪᠦᠷᠢᠯᠡᠬᠦ᠎ᠳᠤ᠎ᠪᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠰᠡᠨ᠎ᠤ ᠲᠠᠷᠠᠭ᠎ᠠ᠂ ᠵᠢᠭ᠋ᠠᠨ ᠲᠣᠭᠲᠠᠭ᠋ᠠᠭᠰᠠᠨ ᠴᠠᠭ᠂ ᠵᠠᠮ ᠱᠤᠭᠤᠮ᠂ ᠬᠤᠷᠳᠤᠴᠠ᠎ᠪᠠᠷ ᠶᠠᠪᠤᠵᠤ᠂ ᠰᠡᠷᠡᠮᠵᠢ ᠵᠢᠨ ᠢᠯᠡᠳᠬᠡᠮᠵᠢ ᠳᠡᠮᠳᠡᠭ ᠡᠯᠭᠦᠬᠦ ᠬᠡᠷᠡᠭᠲᠡᠢ ᠪᠥᠭᠡᠳ ᠴᠢᠬᠤᠯᠠ ᠪᠦᠬᠦᠢ ᠠᠶᠤᠯᠭᠦᠢ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠮᠠᠰᠢᠨᠲᠤ ᠲᠡᠷᠭᠡ ᠬᠥᠮᠦᠨ ᠲᠡᠭᠡᠭᠡᠪᠦᠷᠢᠯᠡᠬᠦ᠎ᠳᠤ᠎ᠪᠠᠨ ᠬᠢᠨᠠᠨ ᠲᠣᠭᠲᠠᠭ᠋ᠠᠭᠰᠠᠨ ᠬᠥᠮᠦᠨ᠎ᠤ ᠲᠤᠭ᠎ᠠ᠎ᠠᠴᠠ ᠬᠡᠲᠦᠷᠡᠭᠦᠯᠵᠦ ᠪᠣᠯᠬᠤ ᠦᠭᠡᠢ᠂ ᠠᠶᠠᠨᠴᠢᠨ᠎ᠤ ᠮᠠᠰᠢᠨᠲᠤ ᠲᠡᠷᠭᠡ ᠲᠣᠭᠲᠠᠭ᠋ᠠᠯ᠎ᠢ ᠵᠥᠷᠢᠴᠡᠨ ᠪᠠᠷᠠᠭ᠎ᠠ ᠲᠡᠭᠡᠭᠡᠪᠦᠷᠢᠯᠡᠵᠦ ᠪᠣᠯᠬᠤ ᠦᠭᠡᠢ᠃
ᠲᠠᠪᠢᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ᠎ᠪᠠᠷ ᠠᠶᠠᠨᠴᠢᠳ᠎ᠢ ᠲᠡᠭᠡᠭᠡᠪᠦᠷᠢᠯᠡᠬᠦ ᠵᠢ ᠴᠠᠭ᠋ᠠᠵᠠᠯᠠᠨ᠎ᠠ᠃
ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ᠎ᠨᠢ ᠠᠵᠢᠯᠯᠠᠭᠰᠠᠳ᠎ᠢ ᠳᠠᠭ᠋ᠠᠯᠳᠤᠭᠤᠯᠤᠨ ᠲᠡᠭᠡᠭᠡᠬᠦ ᠴᠢᠬᠤᠯᠠᠲᠠᠶ ᠪᠠᠶ᠋ᠢᠪᠠᠯ᠂ ᠠᠵᠢᠯᠯᠠᠭᠰᠠᠳ᠎ᠢ ᠬᠠᠮᠠᠭ᠋ᠠᠯᠠᠬᠤ ᠠᠶᠤᠯᠭᠦᠶ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃
ᠲᠠᠪᠢᠨ ᠨᠢᠭᠡᠳᠦᠭᠡᠷ ᠵᠦᠢ᠍ᠯ ᠮᠠᠰᠢᠨᠲᠤ ᠲᠡᠷᠭᠡ ᠶᠠᠪᠤᠬᠤ᠎ᠳᠤ᠎ᠪᠠᠨ ᠵᠢᠯᠣᠭᠤᠴᠢ᠂ ᠲᠡᠷᠭᠡᠨ᠎ᠳᠤ ᠰᠠᠭᠤᠭᠴᠢ ᠲᠣᠭᠲᠠᠭ᠋ᠠᠯ ᠶᠣᠰᠣᠭ᠋ᠠᠷ ᠠᠶᠤᠯᠭᠦᠶ ᠵᠢᠨ ᠪᠦᠰᠡ ᠬᠡᠷᠡᠭᠯᠡᠬᠦ ᠬᠡᠷᠡᠭᠲᠡᠶ᠂ ᠮᠣᠲ᠋ᠣᠷ ᠲᠡᠷᠭᠡᠨ᠎ᠤ ᠵᠢᠯᠣᠭᠤᠴᠢ ᠵᠢᠴᠢ ᠲᠡᠷᠭᠡᠨ᠎ᠳᠤ ᠰᠠᠭᠤᠭᠴᠢ ᠲᠣᠭᠲᠠᠭ᠋ᠠᠯ ᠶᠣᠰᠣᠭ᠋ᠠᠷ ᠠᠶᠤᠯᠭᠦᠶ ᠵᠢᠨ ᠳᠤᠭᠤᠯᠠᠭ᠎ᠠ ᠵᠡᠭᠦᠬᠦ ᠬᠡᠷᠡᠭᠲᠡᠶ᠃
ᠲᠠᠪᠢᠨ ᠬᠤᠶᠠᠳᠤᠭ᠋ᠠᠷ ᠵᠦᠢ᠍ᠯ ᠮᠠᠰᠢᠨᠲᠤ ᠲᠡᠷᠭᠡ ᠵᠠᠮ ᠳᠡᠭᠡᠷ᠎ᠡ ᠭᠡᠮᠲᠦᠯ ᠭᠠᠷᠴᠤ᠂ ᠲᠡᠷᠭᠡ᠎ᠪᠠᠨ ᠵᠣᠭᠰᠣᠭ᠋ᠠᠵᠤ ᠭᠡᠮᠲᠦᠯ᠎ᠢ ᠠᠷᠢᠯᠭ᠋ᠠᠬᠤ ᠴᠢᠬᠤᠯᠠᠲᠠᠶ ᠦᠶ᠎ᠡ᠎ᠳᠤ᠂ ᠵᠢᠯᠣᠭᠤᠴᠢ ᠲᠡᠷᠡ ᠳᠠᠷᠤᠶᠳᠤᠨᠢ ᠲᠦᠭᠰᠢᠭᠦᠷᠢ ᠵᠢᠨ ᠰᠡᠷᠡᠮᠵᠢ ᠵᠢᠨ ᠳᠤᠬᠢᠶᠠᠨ᠎ᠤ ᠭᠢᠯᠪᠠᠭ᠋ᠠᠨ ᠳ᠋ᠧᠩ ᠵᠶ᠋ᠠᠨ ᠠᠰᠠᠭ᠋ᠠᠵᠤ᠂ ᠮᠠᠰᠢᠨᠲᠤ ᠲᠡᠷᠭᠡ᠎ᠪᠠᠨ ᠵᠠᠮ ᠬᠠᠷᠢᠯᠴᠠᠭ᠎ᠠ ᠵᠢ ᠬᠠᠷᠰᠢᠯᠠᠬᠤ ᠦᠭᠡᠢ ᠭᠠᠵᠠᠷ᠎ᠲᠤ ᠰᠢᠯᠵᠢᠭᠦᠯᠦᠨ ᠲᠠᠯᠪᠢᠬᠤ ᠬᠡᠷᠡᠭᠲᠡᠶ; ᠰᠢᠯᠵᠢᠭᠦᠯᠬᠦ᠎ᠳᠤ ᠪᠡᠷᠬᠡᠲᠡᠶ ᠪᠠᠶ᠋ᠢᠪᠠᠯ᠂ ᠲᠦᠭᠰᠢᠭᠦᠷᠢ ᠵᠢᠨ ᠰᠡᠷᠡᠮᠵᠢ ᠵᠢᠨ ᠳᠤᠬᠢᠶᠠᠨ᠎ᠤ ᠭᠢᠯᠪᠠᠭ᠋ᠠᠨ ᠳ᠋ᠧᠩ᠎ᠢ ᠦᠷᠭᠦᠯᠵᠢᠯᠡᠨ ᠠᠰᠠᠭ᠋ᠠᠬᠤ ᠵᠢᠨ ᠬᠠᠮᠲᠤ ᠲᠡᠷᠭᠡ ᠢᠷᠡᠬᠦ ᠴᠢᠭᠯᠡᠯ᠎ᠳᠤ ᠰᠡᠷᠡᠮᠵᠢ ᠵᠢᠨ ᠢᠯᠡᠳᠬᠡᠮᠵᠢ ᠳᠡᠮᠳᠡᠭ ᠲᠠᠯᠪᠢᠬᠤ ᠵᠡᠷᠭᠡ ᠠᠷᠭ᠎ᠠ ᠬᠡᠮᠵᠢᠶ᠎ᠡ ᠠᠪᠴᠤ ᠰᠡᠷᠡᠮᠵᠢᠯᠡᠭᠦᠯᠬᠦ ᠵᠠᠶ ᠵᠢ ᠥᠷᠭᠡᠳᠬᠡᠵᠦ᠂ ᠴᠢᠬᠤᠯᠠᠲᠠᠶ ᠦᠶ᠎ᠡ᠎ᠳᠤ ᠳᠠᠷᠤᠶ ᠲᠦᠷᠭᠡᠨ ᠲᠦᠭᠰᠢᠭᠦᠷᠢ ᠮᠡᠳᠡᠭᠦᠯᠬᠦ ᠬᠡᠷᠡᠭᠲᠡᠶ᠃
ᠲᠠᠪᠢᠨ ᠭᠤᠷᠪᠠᠳᠤᠭ᠋ᠠᠷ ᠵᠦᠢ᠍ᠯ ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠪᠠᠴᠢᠮ ᠡᠭᠦᠷᠭᠡ ᠭᠦᠢ᠍ᠴᠡᠳᠬᠡᠬᠦ᠎ᠳᠤ᠎ᠪᠠᠨ ᠰᠡᠷᠡᠮᠵᠢ ᠵᠢᠨ ᠳᠤᠬᠢᠶᠠᠨ᠎ᠤ ᠡᠭᠦᠰᠬᠡᠭᠦᠷ᠂ ᠢᠯᠡᠳᠬᠡᠮᠵᠢ ᠳᠡᠮᠳᠡᠭ᠎ᠤᠨ ᠳ᠋ᠧᠩ ᠬᠡᠷᠡᠭᠰᠡᠯ᠎ᠢ ᠬᠡᠷᠡᠭᠯᠡᠵᠦ ᠪᠣᠯᠤᠨ᠎ᠠ; ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ᠎ᠤᠨ ᠳᠣᠣᠷ᠎ᠠ᠂ ᠶᠠᠪᠤᠬᠤ ᠵᠠᠮ᠂ ᠴᠢᠭᠯᠡᠯ᠂ ᠶᠠᠪᠤᠬᠤ ᠬᠤᠷᠳᠤᠴᠠ ᠪᠠ ᠳᠤᠬᠢᠶᠠᠨ ᠳ᠋ᠧᠩ᠎ᠳᠤ ᠬᠢᠵᠠᠭ᠋ᠠᠷᠯᠠᠭᠳᠠᠬᠤ ᠦᠭᠡᠢ᠂ ᠪᠤᠰᠤᠳ ᠲᠡᠷᠭᠡ ᠪᠠ ᠶᠠᠪᠠᠭ᠋ᠠᠨ ᠬᠥᠮᠦᠨ ᠵᠠᠮ ᠲᠠᠯᠪᠢᠵᠤ ᠥᠭᠬᠦ ᠬᠡᠷᠡᠭᠲᠡᠶ᠃
ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠪᠠᠴᠢᠮ ᠡᠭᠦᠷᠭᠡ ᠭᠦᠢ᠍ᠴᠡᠳᠬᠡᠬᠦ ᠦᠭᠡᠢ ᠦᠶ᠎ᠡ᠎ᠳᠤ ᠰᠡᠷᠡᠮᠵᠢ ᠵᠢᠨ ᠳᠤᠬᠢᠶᠠᠨ᠎ᠤ ᠡᠭᠦᠰᠬᠡᠭᠦᠷ᠂ ᠢᠯᠡᠳᠬᠡᠮᠵᠢ ᠳᠡᠮᠳᠡᠭ᠎ᠤᠨ ᠳ᠋ᠧᠩ᠎ᠤᠨ ᠵᠦᠢ᠍ᠯ᠎ᠢ ᠬᠡᠷᠡᠭᠯᠡᠵᠦ ᠪᠣᠯᠬᠤ ᠦᠭᠡᠢ᠂ ᠡᠮᠦᠨᠡᠬᠢ ᠪᠠᠳᠠᠭ᠎ᠲᠤ ᠲᠣᠭᠲᠠᠭ᠋ᠠᠭᠰᠠᠨ ᠵᠠᠮ ᠵᠶ᠋ᠠᠷ ᠤᠷᠢᠳᠠᠪᠠᠷ ᠨᠡᠪᠲᠡᠷᠡᠬᠦ ᠡᠷᠬᠡ ᠵᠢ ᠡᠳ᠋ᠯᠡᠬᠦ ᠦᠭᠡᠢ᠃
ᠲᠠᠪᠢᠨ ᠳᠥᠷᠪᠡᠳᠦᠭᠡᠷ ᠵᠦᠢ᠍ᠯ ᠵᠠᠮ ᠠᠷᠠᠴᠢᠯᠠᠨ ᠬᠠᠮᠠᠭ᠋ᠠᠯᠠᠬᠤ ᠲᠡᠷᠭᠡ ᠬᠥᠰᠬᠡ᠂ ᠪᠠᠷᠢᠯᠭ᠎ᠠ ᠵᠢᠨ ᠠᠵᠢᠯ᠎ᠤᠨ ᠲᠡᠷᠭᠡ ᠠᠵᠢᠯᠯᠠᠬᠤ᠎ᠳᠤ᠎ᠪᠠᠨ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠵᠢᠨ ᠨᠡᠪᠲᠡᠷᠡᠬᠦ ᠵᠢ ᠦᠯᠦ ᠨᠥᠯᠥᠭᠡᠯᠡᠬᠦ ᠤᠷᠢᠲᠠᠯ᠎ᠤᠨ ᠳᠣᠣᠷ᠎ᠠ᠂ ᠲᠡᠭᠦᠨ᠎ᠤ ᠶᠠᠪᠤᠬᠤ ᠵᠠᠮ ᠱᠤᠭᠤᠮ ᠪᠠ ᠴᠢᠭᠯᠡᠯ᠎ᠨᠢ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠳᠡᠮᠳᠡᠭ ᠵᠢᠷᠤᠭ᠋ᠠᠰᠤ᠎ᠳᠤ ᠬᠢᠵᠠᠭ᠋ᠠᠷᠯᠠᠭᠳᠠᠬᠤ ᠦᠭᠡᠢ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠪᠠ ᠬᠥᠮᠦᠰ ᠵᠠᠶ᠋ᠢᠯᠠᠵᠤ ᠶᠠᠪᠤᠬᠤ ᠵᠢ ᠠᠩᠬᠠᠷᠬᠤ ᠬᠡᠷᠡᠭᠲᠡᠶ᠃
ᠤᠰᠤ ᠰᠦᠷᠴᠢᠬᠦ ᠲᠡᠷᠭᠡ᠂ ᠴᠡᠪᠡᠷᠯᠡᠨ ᠱᠦᠭᠦᠷᠳᠡᠬᠦ ᠲᠡᠷᠭᠡ ᠵᠡᠷᠭᠡ ᠮᠠᠰᠢᠨᠲᠤ ᠲᠡᠷᠭᠡ ᠠᠶᠤᠯᠭᠦᠶ᠎ᠪᠠᠷ ᠠᠵᠢᠯᠯᠠᠬᠤ ᠪᠠᠷᠢᠮᠵᠢᠶ᠎ᠠ ᠶᠣᠰᠣᠭ᠋ᠠᠷ ᠠᠵᠢᠯᠯᠠᠬᠤ ᠬᠡᠷᠡᠭᠲᠡᠶ; ᠪᠤᠰᠤᠳ ᠲᠡᠷᠭᠡᠨ᠎ᠤ ᠨᠡᠪᠲᠡᠷᠡᠬᠦ ᠵᠢ ᠨᠥᠯᠥᠭᠡᠯᠡᠬᠦ ᠤᠢ᠍ᠭᠡᠢ ᠪᠠᠶ᠋ᠢᠳᠠᠯ᠎ᠤᠨ ᠳᠣᠣᠷ᠎ᠠ᠂ ᠲᠡᠷᠭᠡ ᠵᠡᠮ ᠬᠤᠪᠢᠶᠠᠨ ᠶᠠᠪᠤᠬᠤ ᠬᠢᠵᠠᠭ᠋ᠠᠷᠯᠠᠯ᠎ᠳᠤ ᠬᠢᠵᠠᠭ᠋ᠠᠷᠯᠠᠭᠳᠠᠬᠤ ᠤᠢ᠍ᠭᠡᠢ ᠪᠠᠶ᠋ᠢᠵᠤ ᠪᠣᠯᠤᠨ᠎ᠠ᠂ ᠭᠡᠪᠡᠴᠦ ᠰᠥᠷᠭᠡᠦ ᠴᠢᠭᠯᠡᠯ ᠵᠶ᠋ᠠᠷ ᠶᠠᠪᠤᠵᠤ ᠪᠣᠯᠬᠤ ᠤᠢ᠍ᠭᠡᠢ᠃
ᠲᠠᠪᠢᠨ ᠲᠠᠪᠤᠳᠤᠭ᠋ᠠᠷ ᠵᠦᠢ᠍ᠯ ᠲᠦ᠍ᠷᠭᠡᠨ ᠳᠠᠪᠬᠢᠬᠤ ᠵᠠᠰᠠᠮᠠᠯ ᠵᠠᠮ᠂ ᠶᠡᠭᠡ ᠳᠤᠮᠳᠠ ᠬᠤᠳᠠ ᠵᠢᠨ ᠭᠤᠣᠯ ᠬᠤᠳᠠ ᠵᠢᠨ ᠲᠣᠭᠤᠷᠢᠭ᠎ᠤᠨ ᠳᠣᠲᠣᠷᠠᠬᠢ ᠵᠠᠮ ᠵᠶ᠋ᠠᠷ ᠲᠷᠠᠺᠲ᠋ᠣᠷ ᠨᠡᠪᠲᠡᠷᠡᠬᠦ ᠵᠢ ᠴᠠᠭ᠋ᠠᠵᠠᠯᠠᠨ᠎ᠠ᠃ ᠲᠷᠠᠺᠲ᠋ᠣᠷ ᠨᠡᠪᠲᠡᠷᠡᠬᠦ ᠵᠢ ᠴᠠᠭ᠋ᠠᠵᠠᠯᠠᠬᠤ ᠪᠤᠰᠤᠳ ᠵᠠᠮ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠵᠦ ᠲᠣᠭᠲᠠᠭ᠋ᠠᠨ᠎ᠠ᠃
ᠲᠷᠠᠺᠲ᠋ᠣᠷ ᠨᠡᠪᠲᠡᠷᠡᠬᠦ ᠵᠢ ᠵᠥᠪᠰᠢᠶᠡᠷᠡᠭᠰᠡᠨ ᠵᠠᠮ ᠵᠶ᠋ᠠᠷ ᠲᠷᠠᠺᠲ᠋ᠣᠷ ᠵᠶ᠋ᠠᠷ ᠪᠠᠷᠠᠭ᠎ᠠ ᠲᠡᠭᠡᠭᠡᠪᠦᠷᠢᠯᠡᠵᠦ ᠪᠣᠯᠤᠨ᠎ᠠ᠂ ᠭᠡᠪᠡᠴᠦ ᠬᠥᠮᠦᠨ ᠲᠡᠭᠡᠭᠡᠪᠦᠷᠢᠯᠡᠬᠦ᠎ᠳᠤ ᠬᠡᠷᠡᠭᠯᠡᠵᠦ ᠪᠣᠯᠬᠤ ᠦᠭᠡᠢ᠃
ᠲᠠᠪᠢᠨ ᠵᠢᠷᠭᠤᠳᠤᠭ᠋ᠠᠷ ᠵᠦᠢ᠍ᠯ ᠮᠠᠰᠢᠨᠲᠤ ᠲᠡᠷᠭᠡ ᠵᠢ ᠲᠣᠭᠲᠠᠭᠰᠠᠨ ᠭᠠᠵᠠᠷ᠎ᠲᠤ ᠵᠣᠭᠰᠣᠭ᠋ᠠᠬᠤ ᠬᠡᠷᠡᠭᠲᠡᠶ᠃ ᠶᠠᠪᠠᠭ᠋ᠠᠨ ᠬᠥᠮᠦᠨ᠎ᠤ ᠵᠠᠮ ᠳᠡᠭᠡᠷ᠎ᠡ ᠮᠠᠰᠢᠨᠲᠤ ᠲᠡᠷᠭᠡ ᠵᠣᠭᠰᠣᠭ᠋ᠠᠬᠤ ᠵᠢ ᠴᠠᠭ᠋ᠠᠵᠠᠯᠠᠨ᠎ᠠ; ᠭᠡᠪᠡᠴᠦ ᠲᠤᠰ ᠬᠠᠤᠯᠢ ᠵᠢᠨ ᠭᠤᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠵᠠᠭ᠋ᠠᠭᠯᠠᠨ ᠵᠢᠷᠤᠭᠰᠠᠨ ᠲᠡᠷᠭᠡ ᠵᠣᠭᠰᠣᠬᠤ ᠭᠠᠵᠠᠷ ᠡᠭᠦᠨ᠎ᠳᠤ ᠪᠠᠭᠲᠠᠬᠤ ᠤᠢ᠍ᠭᠡᠢ᠃
ᠵᠡᠮ ᠳᠡᠭᠡᠷ᠎ᠡ ᠲᠡᠷᠭᠡ᠎ᠪᠠᠨ ᠲᠦᠷ ᠵᠣᠭᠰᠣᠭ᠋ᠠᠬᠤ᠎ᠳᠤ ᠪᠤᠰᠤᠳ ᠲᠡᠷᠭᠡ ᠤᠨᠤᠭ᠎ᠠ ᠪᠠ ᠶᠠᠪᠠᠭ᠋ᠠᠨ ᠬᠥᠮᠦᠨ᠎ᠤ ᠨᠡᠪᠲᠡᠷᠡᠬᠦ ᠵᠢ ᠬᠠᠷᠰᠢᠯᠠᠵᠤ ᠪᠣᠯᠬᠤ ᠤᠢ᠍ᠭᠡᠢ᠃
ᠭᠤᠷᠪᠠᠳᠤᠭ᠋ᠠᠷ ᠬᠡᠰᠡᠭ ᠮᠠᠰᠢᠨᠲᠤ ᠪᠤᠰᠤ ᠲᠡᠷᠭᠡ ᠨᠡᠪᠲᠡᠷᠡᠬᠦ ᠲᠣᠭᠲᠠᠭ᠋ᠠᠯ
ᠲᠠᠪᠢᠨ ᠳᠣᠯᠣᠳᠤᠭ᠋ᠠᠷ ᠵᠦᠢ᠍ᠯ ᠮᠠᠰᠢᠨᠲᠤ ᠪᠤᠰᠤ ᠲᠡᠷᠭᠡ ᠵᠢᠯᠣᠭᠤᠳᠴᠤ ᠵᠠᠮ ᠵᠶ᠋ᠠᠷ ᠶᠠᠪᠤᠬᠤ᠎ᠳᠤ᠎ᠪᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠤᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃ ᠮᠠᠰᠢᠨᠲᠤ ᠪᠤᠰᠤ ᠲᠡᠷᠭᠡ᠎ᠨᠢ ᠮᠠᠰᠢᠨᠲᠤ ᠪᠤᠰᠤ ᠲᠡᠷᠭᠡᠨ᠎ᠤ ᠵᠠᠮ ᠵᠶ᠋ᠠᠷ ᠶᠠᠪᠤᠬᠤ ᠬᠡᠷᠡᠭᠲᠡᠶ; ᠮᠠᠰᠢᠨᠲᠤ ᠪᠤᠰᠤ ᠲᠡᠷᠭᠡᠨ᠎ᠤ ᠵᠠᠮ ᠪᠠᠶ᠋ᠢᠬᠤ ᠦᠬᠡᠢ ᠵᠠᠮ ᠵᠶ᠋ᠠᠷ ᠶᠠᠪᠤᠬᠤ᠎ᠳᠤ᠎ᠪᠠᠨ ᠲᠡᠷᠭᠡᠨ᠎ᠤ ᠵᠠᠮ᠎ᠤᠨ ᠪᠠᠷᠠᠭᠤᠨ ᠲᠠᠯ᠎ᠠ᠎ᠪᠠᠷ ᠶᠠᠪᠤᠬᠤ ᠬᠡᠷᠡᠭᠲᠡᠶ᠃
ᠲᠠᠪᠢᠨ ᠨᠠᠢ᠍ᠮᠠᠳᠤᠭ᠋ᠠᠷ ᠵᠦᠢ᠍ᠯ ᠵᠡᠮᠳᠡᠭᠴᠦᠳ᠎ᠤᠨ ᠮᠠᠰᠢᠨᠲᠤ ᠰᠠᠭᠤᠳᠠᠯᠲᠤ ᠲᠡᠷᠭᠡ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠮᠠᠰᠢᠨᠲᠤ ᠪᠤᠰᠤ ᠲᠡᠷᠭᠡᠨ ᠵᠠᠮ ᠵᠶ᠋ᠠᠷ ᠶᠠᠪᠤᠬᠤ᠎ᠳᠤ᠎ᠪᠠᠨ ᠬᠠᠮᠤᠭ᠎ᠤᠨ ᠳᠡᠭᠡᠳᠦ ᠴᠠᠭ᠎ᠤᠨ ᠬᠤᠷᠳᠤᠴᠠ ᠵᠢ ᠠᠷᠪᠠᠨ ᠲᠠᠪᠤᠨ ᠺᠢᠯᠦᠮᠸᠲᠷ᠎ᠠᠴᠠ ᠬᠡᠲᠦᠷᠡᠭᠦᠯᠵᠦ ᠪᠣᠯᠬᠤ ᠦᠭᠡᠢ᠃
ᠲᠠᠪᠢ ᠶᠢᠰᠦᠳᠦᠭᠡᠷ ᠵᠦᠢ᠍ᠯ ᠮᠠᠰᠢᠨᠲᠤ ᠪᠤᠰᠤ ᠲᠡᠷᠭᠡ ᠵᠢ ᠲᠣᠭᠲᠠᠭᠰᠠᠨ ᠭᠠᠵᠠᠷ᠎ᠲᠤ ᠵᠣᠭᠰᠣᠭ᠋ᠠᠬᠤ ᠬᠡᠷᠡᠭᠲᠡᠶ᠃ ᠲᠠᠯᠪᠢᠬᠤ ᠭᠠᠵᠠᠷ ᠭᠠᠷᠭ᠋ᠠᠭᠰᠠᠨ ᠦᠭᠡᠢ ᠪᠠᠶ᠋ᠢᠪᠠᠯ᠂ ᠮᠠᠰᠢᠨᠲᠤ ᠪᠤᠰᠤ ᠲᠡᠷᠭᠡ ᠵᠢ ᠲᠠᠯᠪᠢᠬᠤ᠎ᠳᠤ᠎ᠪᠠᠨ ᠪᠤᠰᠤᠳ ᠲᠡᠷᠭᠡ ᠪᠠ ᠶᠠᠪᠠᠭ᠋ᠠᠨ ᠬᠥᠮᠦᠨ᠎ᠤ ᠨᠡᠪᠲᠡᠷᠡᠬᠦ ᠵᠢ ᠬᠠᠷᠰᠢᠯᠠᠵᠤ ᠪᠣᠯᠬᠤ ᠦᠭᠡᠢ᠃
ᠵᠢᠷᠠᠳᠤᠭ᠋ᠠᠷ ᠵᠦᠢ᠍ᠯ ᠤᠨᠤᠭ᠎ᠠ ᠵᠢᠨ ᠬᠦᠴᠦᠨ᠎ᠤ ᠲᠡᠷᠭᠡ ᠶᠠᠪᠤᠭᠤᠯᠬᠤ᠎ᠳᠤ᠎ᠪᠠᠨ ᠰᠤᠷᠭ᠋ᠠᠭᠰᠠᠨ ᠤᠨᠤᠭ᠎ᠠ ᠵᠢ ᠬᠡᠷᠡᠭᠯᠡᠬᠦ ᠬᠡᠷᠡᠭᠲᠡᠶ; ᠤᠨᠤᠭ᠎ᠠ ᠵᠢᠨ ᠬᠦᠴᠦᠨ᠎ᠤ ᠲᠡᠷᠭᠡ᠎ᠪᠠᠷ ᠵᠡᠮ ᠣᠭᠲᠣᠯᠬᠤ᠎ᠳᠤ᠎ᠪᠠᠨ ᠲᠡᠷᠭᠡᠴᠢᠨ ᠲᠡᠷᠭᠡᠨ᠎ᠠᠴᠠ᠎ᠪᠠᠨ ᠪᠠᠭᠤᠵᠤ ᠤᠨᠤᠭ᠎ᠠ᠎ᠪᠠᠨ ᠬᠦᠲᠦᠯᠬᠦ ᠬᠡᠷᠡᠭᠲᠡᠶ; ᠳᠡᠷᠭᠡᠴᠢᠨ᠎ᠨᠢ ᠲᠡᠷᠭᠡ᠎ᠠᠴᠠ᠎ᠪᠠᠨ ᠰᠠᠯᠵᠤ ᠶᠠᠪᠤᠬᠤ᠎ᠳᠤ᠎ᠪᠠᠨ ᠤᠨᠤᠭ᠎ᠠ᠎ᠪᠠᠨ ᠤᠶᠠᠬᠤ ᠬᠡᠷᠡᠭᠲᠡᠶ᠃
ᠳᠥᠷᠪᠡᠳᠦᠭᠡᠷ ᠬᠡᠰᠡᠭ ᠶᠠᠪᠠᠭ᠋ᠠᠨ ᠬᠥᠮᠦᠨ ᠪᠠ ᠲᠡᠷᠭᠡᠨ᠎ᠳᠤ ᠰᠠᠭᠤᠭᠴᠢ ᠵᠢᠨ ᠵᠠᠮ ᠨᠡᠪᠲᠡᠷᠡᠯᠭᠡ ᠵᠢᠨ ᠲᠣᠭᠲᠠᠭ᠋ᠠᠯ
ᠵᠢᠷᠠᠨ ᠨᠢᠭᠡᠳᠦᠭᠡᠷ ᠵᠦᠢ᠍ᠯ ᠶᠠᠪᠠᠭ᠋ᠠᠨ ᠬᠥᠮᠦᠨ ᠶᠠᠪᠠᠭ᠋ᠠᠨ ᠬᠥᠮᠦᠨ᠎ᠤ ᠵᠠᠮ ᠵᠶ᠋ᠠᠷ ᠶᠠᠪᠤᠬᠤ ᠬᠡᠷᠡᠭᠲᠡᠶ᠂ ᠶᠠᠪᠠᠭ᠋ᠠᠨ ᠬᠥᠮᠦᠨ᠎ᠤ ᠵᠠᠮ ᠪᠠᠶ᠋ᠢᠬᠤ ᠦᠭᠡᠢ᠎ᠨᠢ ᠵᠠᠮ᠎ᠤᠨ ᠬᠠᠵᠠᠭᠤ᠎ᠪᠠᠷ ᠶᠠᠪᠤᠬᠤ ᠬᠡᠷᠡᠭᠲᠡᠶ᠃
ᠵᠢᠷᠠᠨ ᠬᠤᠶᠠᠳᠤᠭ᠋ᠠᠷ ᠵᠦᠢ᠍ᠯ ᠶᠠᠪᠠᠭ᠋ᠠᠨ ᠬᠥᠮᠦᠨ ᠵᠠᠮ᠎ᠤᠨ ᠠᠭᠤᠯᠵᠠᠷ ᠵᠶ᠋ᠠᠷ ᠥᠩᠭᠡᠷᠡᠬᠦ ᠪᠤᠶᠤ ᠵᠠᠮ ᠣᠭᠲᠣᠯᠬᠤ᠎ᠳᠤ᠎ᠪᠠᠨ ᠶᠠᠪᠠᠭ᠋ᠠᠨ ᠬᠥᠮᠦᠨ᠎ᠤ ᠬᠥᠨᠳᠡᠯᠡᠨ ᠵᠠᠮ ᠪᠤᠶᠤ ᠵᠡᠭᠡᠯᠢ ᠥᠩᠭᠡᠷᠡᠬᠦ ᠲᠥᠬᠦᠭᠡᠷᠦᠮᠵᠢ᠎ᠪᠠᠷ ᠶᠠᠪᠤᠬᠤ ᠬᠡᠷᠡᠭᠲᠡᠢ; ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠎ᠲᠠᠢ ᠶᠠᠪᠠᠭ᠋ᠠᠨ ᠬᠥᠮᠦᠨ᠎ᠤ ᠬᠥᠨᠳᠡᠯᠡᠨ ᠵᠠᠮ ᠵᠶ᠋ᠠᠷ ᠥᠩᠭᠡᠷᠡᠬᠦ᠎ᠳᠤ᠎ᠪᠠᠨ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠎ᠤᠨ ᠵᠢᠭ᠋ᠠᠪᠤᠷᠢ᠎ᠪᠠᠷ ᠶᠠᠪᠤᠬᠤ ᠬᠡᠷᠡᠭᠲᠡᠶ; ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠶᠠᠪᠠᠭ᠋ᠠᠨ ᠬᠥᠮᠦᠨ᠎ᠤ ᠬᠥᠨᠳᠡᠯᠡᠨ ᠵᠠᠮ ᠪᠠᠶ᠋ᠢᠬᠤ ᠦᠬᠡᠢ ᠵᠠᠮ᠎ᠤᠨ ᠠᠭᠤᠯᠵᠠᠷ ᠵᠶ᠋ᠠᠷ ᠥᠩᠭᠡᠷᠡᠬᠦ ᠪᠤᠶᠤ ᠵᠡᠭᠡᠯᠢ᠎ᠪᠠᠷ ᠥᠩᠭᠡᠷᠡᠬᠦ ᠲᠥᠬᠦᠭᠡᠷᠦᠮᠵᠢ ᠪᠠᠶ᠋ᠢᠬᠤ ᠦᠬᠡᠢ ᠵᠠᠮ᠎ᠤᠨ ᠬᠡᠰᠡᠭ ᠵᠶ᠋ᠠᠷ ᠵᠠᠮ ᠣᠭᠲᠣᠯᠬᠤ᠎ᠳᠤ᠎ᠪᠠᠨ ᠠᠶᠤᠯᠭᠦᠶ ᠪᠠᠶ᠋ᠢᠬᠤ ᠵᠢ ᠨᠤᠲᠠᠯᠠᠭᠰᠠᠨ᠎ᠤ ᠳᠠᠷᠠᠭ᠎ᠠ ᠥᠩᠭᠡᠷᠡᠬᠦ ᠬᠡᠷᠡᠭᠲᠡᠶ᠃
ᠵᠢᠷᠠᠨ ᠭᠤᠷᠪᠠᠳᠤᠭ᠋ᠠᠷ ᠵᠦᠢ᠍ᠯ ᠶᠠᠪᠠᠭ᠋ᠠᠨ ᠬᠥᠮᠦᠨ ᠵᠠᠮ᠎ᠢ ᠲᠤᠰᠠᠭ᠋ᠠᠷᠯᠠᠬᠤ ᠲᠥᠬᠦᠭᠡᠷᠦᠮᠵᠢ ᠵᠢ ᠳᠠᠪᠠᠭ᠍ᠤ ᠪᠤᠶᠤ ᠲᠦᠰᠢᠨ ᠰᠠᠭᠤᠵᠤ ᠪᠣᠯᠬᠤ ᠦᠭᠡᠢ᠂ ᠲᠡᠷᠭᠡᠨ᠎ᠳᠤ ᠠᠪᠠᠷᠢᠬᠤ᠂ ᠲᠡᠷᠭᠡ ᠵᠢ ᠠᠯᠪᠠ᠎ᠪᠠᠷ ᠬᠠᠰᠢᠬᠤ ᠪᠤᠶᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠬᠠᠷᠰᠢᠯᠠᠬᠤ ᠪᠤᠰᠤᠳ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠃
ᠵᠢᠷᠠᠨ ᠳᠥᠷᠪᠡᠳᠦᠭᠡᠷ ᠵᠦᠢ᠍ᠯ ᠰᠤᠷᠬᠤ ᠨᠠᠰᠤᠨ᠎ᠠᠴᠠ ᠡᠮᠦᠨᠡᠬᠢ ᠬᠡᠦᠬᠡᠳ ᠵᠢᠴᠢ ᠥᠪᠡᠷ᠎ᠤᠨ ᠦᠢ᠍ᠯᠡ ᠠᠵᠢᠯᠯᠠᠭ᠎ᠠ᠎ᠪᠠᠨ ᠢᠯᠭ᠋ᠠᠨ ᠲᠠᠨᠢᠵᠤ ᠴᠢᠳᠠᠬᠤ ᠦᠭᠡᠢ ᠪᠤᠶᠤ ᠡᠵᠡᠮᠳᠡᠵᠦ ᠴᠢᠳᠠᠬᠤ ᠦᠭᠡᠢ ᠮᠡᠳᠡᠷᠡᠯ᠎ᠤᠨ ᠡᠪᠡᠳᠴᠢᠲᠡᠨ᠂ ᠤᠶᠤᠨ᠎ᠤ ᠰᠠᠭ᠋ᠠᠳ᠎ᠲᠠᠢ ᠬᠥᠮᠦᠨ ᠵᠠᠮ ᠵᠶ᠋ᠠᠷ ᠶᠠᠪᠤᠬᠤ᠎ᠳᠤ ᠲᠡᠭᠦᠨ᠎ᠤ ᠬᠢᠨᠠᠨ ᠬᠠᠮᠠᠭ᠋ᠠᠯᠠᠭᠴᠢ᠂ ᠬᠢᠨᠠᠨ ᠬᠠᠮᠠᠭ᠋ᠠᠯᠠᠭᠴᠢ ᠵᠢᠨ ᠨᠠᠶ᠋ᠢᠳᠠᠭᠰᠠᠨ ᠬᠥᠮᠦᠨ ᠪᠤᠶᠤ ᠲᠡᠭᠦᠨ᠎ᠢ ᠬᠠᠮᠢᠶᠠᠷᠬᠤ᠂ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ᠎ᠲᠠᠢ ᠬᠥᠮᠦᠨ ᠳᠠᠭ᠋ᠠᠭᠤᠯᠬᠤ ᠬᠡᠷᠡᠭᠲᠡᠢ᠃
ᠰᠣᠬᠤᠷ ᠬᠥᠮᠦᠨ ᠵᠠᠮ ᠵᠶ᠋ᠠᠷ ᠶᠠᠪᠤᠬᠤ᠎ᠳᠤ᠎ᠪᠠᠨ ᠰᠣᠬᠤᠷ ᠬᠥᠮᠦᠨ᠎ᠤ ᠲᠠᠶᠠᠭ ᠬᠡᠷᠡᠭᠯᠡᠬᠦ ᠪᠤᠶᠤ ᠰᠣᠬᠤᠷ ᠬᠥᠮᠦᠨ᠎ᠢ ᠵᠠᠮᠴᠢᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠂ ᠲᠡᠷᠭᠡ ᠰᠣᠬᠤᠷ ᠬᠥᠮᠦᠨ᠎ᠳᠤ ᠵᠠᠮ ᠲᠠᠯᠪᠢᠵᠤ ᠥᠭᠬᠦ ᠬᠡᠷᠡᠭᠲᠡᠶ᠃
ᠵᠢᠷᠠᠨ ᠲᠠᠪᠤᠳᠤᠭ᠋ᠠᠷ ᠵᠦᠢ᠍ᠯ ᠶᠠᠪᠠᠭ᠋ᠠᠨ ᠬᠥᠮᠦᠨ ᠲᠡᠮᠦᠷ ᠵᠠᠮ᠎ᠤᠨ ᠠᠭᠤᠯᠵᠠᠷ ᠵᠶ᠋ᠠᠷ ᠥᠩᠭᠡᠷᠡᠬᠦ᠎ᠳᠤ᠎ᠪᠠᠨ ᠵᠠᠮ ᠬᠠᠷᠢᠯᠴᠠᠭ᠋ᠠᠨ᠎ᠤ ᠳᠤᠬᠢᠶ᠎ᠠ ᠪᠤᠶᠤ ᠬᠠᠮᠢᠶᠠᠷᠤᠯᠲᠠ ᠵᠢᠨ ᠠᠵᠢᠯᠳᠠᠨ᠎ᠤ ᠵᠢᠯᠤᠭᠤᠳᠤᠯᠭ᠎ᠠ᠎ᠪᠠᠷ ᠶᠠᠪᠤᠬᠤ ᠬᠡᠷᠡᠭᠲᠡᠢ; ᠵᠠᠮ ᠬᠠᠷᠢᠯᠴᠠᠭ᠋ᠠᠨ᠎ᠤ ᠳᠤᠬᠢᠶ᠎ᠠ ᠪᠠ ᠬᠠᠮᠢᠶᠠᠷᠤᠯᠲᠠ ᠵᠢᠨ ᠠᠵᠢᠯᠳᠠᠨ ᠪᠠᠶ᠋ᠢᠬᠤ ᠦᠬᠡᠢ ᠪᠣᠯ ᠭᠠᠯᠲᠤ ᠲᠡᠷᠭᠡ ᠬᠦᠷᠴᠦ ᠢᠷᠡᠬᠦ ᠦᠬᠡᠢ ᠭᠡᠵᠦ ᠨᠤᠲᠠᠯᠠᠭᠰᠠᠨ᠎ᠤ ᠳᠠᠷᠠᠭ᠎ᠠ ᠳᠠᠷᠤᠶ ᠲᠦᠷᠭᠡᠨ ᠥᠩᠭᠡᠷᠡᠬᠦ ᠬᠡᠷᠡᠭᠲᠡᠶ᠃
ᠵᠢᠷᠠᠨ ᠵᠢᠷᠭᠤᠳᠤᠭ᠋ᠠᠷ ᠵᠦᠢ᠍ᠯ ᠲᠡᠷᠭᠡᠨ᠎ᠳᠤ ᠰᠠᠭᠤᠭᠴᠢ ᠨᠣᠴᠣᠮᠠᠲᠠᠭ᠋ᠠᠶ ᠳᠡᠯᠪᠡᠷᠡᠮᠡᠲᠡᠭᠡᠶ ᠵᠡᠷᠭᠡ ᠠᠶᠤᠯᠲᠠᠶ ᠪᠣᠳᠠᠰ᠎ᠢ ᠠᠪᠴᠤ ᠶᠠᠪᠤᠵᠤ ᠪᠣᠯᠬᠤ ᠦᠭᠡᠢ᠂ ᠲᠡᠷᠭᠡᠨ᠎ᠠᠴᠠ ᠭᠠᠳᠠᠭᠰᠢ ᠶᠠᠭᠤᠮ᠎ᠠ ᠬᠠᠶᠠᠵᠤ ᠠᠰᠬᠠᠵᠤ ᠪᠣᠯᠬᠤ ᠦᠭᠡᠢ᠂ ᠵᠢᠯᠣᠭᠤᠴᠢ ᠵᠢᠨ ᠠᠶᠤᠯᠭᠦᠶ᠎ᠪᠠᠷ ᠵᠢᠯᠣᠭᠤᠳᠬᠤ ᠵᠢ ᠨᠥᠯᠥᠭᠡᠯᠡᠬᠦ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠢ᠃
ᠲᠠᠪᠤᠳᠤᠭ᠋ᠠᠷ ᠬᠡᠰᠡᠭ ᠳᠡᠭᠡᠲᠦ ᠬᠤᠷᠲᠤ ᠵᠢᠨ ᠵᠠᠰᠠᠮᠠᠯ ᠵᠠᠮ᠎ᠤᠨ ᠲᠤᠬᠠᠶ ᠣᠨᠴᠠᠭ᠋ᠠᠶ ᠲᠣᠭᠲᠠᠭ᠋ᠠᠯ
ᠵᠢᠷᠠᠨ ᠳᠣᠯᠣᠳᠤᠭ᠋ᠠᠷ ᠵᠦᠢ᠍ᠯ ᠶᠠᠪᠠᠭ᠋ᠠᠨ ᠬᠥᠮᠦᠨ᠂ ᠮᠠᠰᠢᠨᠲᠤ ᠪᠤᠰᠤ ᠲᠡᠷᠭᠡ᠂ ᠲᠷᠠᠺᠲ᠋ᠣᠷ᠂ ᠲᠤᠰᠬᠠᠶ ᠬᠡᠷᠡᠭᠯᠡᠭᠡᠨ᠎ᠤ ᠬᠦᠷᠳᠦᠲᠦ ᠮᠧᠬᠠᠨᠢᠭ ᠲᠡᠷᠭᠡ᠂ ᠠᠶᠠᠨᠴᠢᠳ᠎ᠤᠨ ᠲᠡᠷᠭᠡ᠂ ᠪᠦᠷᠢᠨ ᠴᠢᠷᠭᠡᠦᠯ ᠲᠡᠷᠭᠡ ᠵᠢᠴᠢ ᠵᠢᠷᠤᠵᠤ ᠲᠥᠯᠥᠪᠯᠡᠭᠰᠡᠨ ᠬᠠᠮᠤᠭ᠎ᠤᠨ ᠳᠡᠭᠡᠳᠦ ᠴᠠᠭ᠎ᠤᠨ ᠬᠤᠷᠳᠤᠴᠠ᠎ᠨᠢ ᠲᠠᠯᠠᠨ ᠺᠢᠯᠤᠮᠸᠲᠷ᠎ᠠᠴᠠ ᠳᠣᠣᠷ᠎ᠠ ᠪᠠᠶ᠋ᠢᠬᠤ ᠪᠤᠰᠤᠳ ᠮᠠᠰᠢᠨᠲᠤ ᠲᠡᠷᠭᠡ ᠳᠡᠭᠡᠲᠦ ᠬᠤᠷᠲᠤ ᠵᠢᠨ ᠵᠠᠰᠠᠮᠠᠯ ᠵᠠᠮ᠎ᠳᠤ ᠭᠠᠷᠴᠤ ᠪᠣᠯᠬᠤ ᠦᠭᠡᠢ᠃ ᠳᠡᠭᠡᠲᠦ ᠬᠤᠷᠲᠤ ᠵᠢᠨ ᠵᠠᠰᠠᠮᠠᠯ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠢᠯᠡᠳᠬᠡᠮᠵᠢ ᠳᠡᠮᠳᠡᠭ᠎ᠲᠤ ᠲᠣᠳᠣᠷᠬᠠᠶ᠋ᠢᠯᠠᠭᠰᠠᠨ ᠬᠠᠮᠤᠭ᠎ᠤᠨ ᠳᠡᠭᠡᠳᠦ ᠴᠠᠭ᠎ᠤᠨ ᠬᠤᠷᠳᠤᠴᠠ᠎ᠨᠢ ᠵᠠᠭᠤ ᠬᠤᠷᠢᠨ ᠺᠢᠯᠤᠮᠸᠲᠷ᠎ᠠᠴᠠ ᠬᠡᠲᠦᠷᠡᠵᠦ ᠪᠣᠯᠬᠤ ᠦᠬᠡᠢ᠃
ᠵᠢᠷᠠᠨ ᠨᠠᠢ᠍ᠮᠠᠳᠤᠭ᠋ᠠᠷ ᠵᠦᠢ᠍ᠯ ᠮᠠᠰᠢᠨᠲᠤ ᠲᠡᠷᠭᠡ ᠳᠡᠭᠡᠲᠦ ᠬᠤᠷᠲᠤ ᠵᠢᠨ ᠵᠠᠰᠠᠮᠠᠯ ᠵᠠᠮ ᠳᠡᠭᠡᠷ᠎ᠡ ᠭᠡᠮᠲᠦᠯ ᠭᠠᠷᠪᠠᠯ᠂ ᠳᠤᠰ ᠬᠠᠤᠯᠢ ᠵᠢᠨ ᠳᠠᠪᠢᠨ ᠬᠤᠶᠠᠳᠤᠭ᠋ᠠᠷ ᠵᠦᠢ᠍ᠯ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ; ᠭᠡᠬᠦ᠎ᠳᠤ᠎ᠪᠠᠨ ᠰᠡᠷᠡᠮᠵᠢ ᠵᠢᠨ ᠢᠯᠡᠳᠬᠡᠮᠵᠢ ᠳᠡᠮᠳᠡᠭ᠎ᠢ ᠡᠪᠳᠡᠷᠡᠭᠰᠡᠨ ᠲᠡᠷᠭᠡ ᠵᠢᠨ ᠢᠷᠡᠬᠦ ᠴᠢᠭᠯᠡᠯ᠎ᠠᠴᠠ ᠵᠠᠭᠤ ᠲᠠᠪᠢᠨ ᠮᠸᠲᠷ᠎ᠤᠨ ᠭᠠᠳᠠᠨ᠎ᠠ ᠲᠠᠯᠪᠢᠵᠤ᠂ ᠲᠡᠷᠭᠡᠨ ᠳᠡᠭᠡᠷᠡᠬᠢ ᠬᠥᠮᠦᠰ ᠪᠠᠷᠠᠭᠤᠨ ᠲᠠᠯ᠎ᠠ ᠵᠢᠨ ᠵᠠᠮ᠎ᠤᠨ ᠮᠥᠷᠥ ᠳᠡᠭᠡᠷ᠎ᠡ ᠪᠤᠶᠤ ᠪᠠᠴᠢᠮ ᠪᠠᠶ᠋ᠢᠳᠠᠯ᠎ᠢ ᠠᠷᠭ᠋ᠠᠴᠠᠬᠤ ᠲᠡᠷᠭᠡᠨ ᠵᠠᠮ᠎ᠳᠤ ᠦᠳᠲᠡᠷ ᠲᠦᠷᠭᠡᠨ ᠰᠢᠯᠵᠢᠬᠦ ᠬᠡᠷᠡᠭᠲᠡᠶ ᠪᠥᠭᠡᠳ ᠦᠳᠲᠡᠷ ᠲᠦᠷᠭᠡᠨ ᠵᠶ᠋ᠠᠷ ᠲᠦᠭᠰᠢᠭᠦᠷᠢ ᠮᠡᠳᠡᠭᠦᠯᠬᠦ ᠬᠡᠷᠡᠭᠲᠡᠶ᠃
ᠮᠠᠰᠢᠨᠲᠤ ᠲᠡᠷᠭᠡ ᠳᠡᠭᠡᠲᠦ ᠬᠤᠷᠲᠤ ᠵᠢᠨ ᠵᠠᠰᠠᠮᠠᠯ ᠵᠠᠮ ᠳᠡᠭᠡᠷ᠎ᠡ ᠭᠡᠮᠲᠦᠯ ᠭᠠᠷᠤᠭᠰᠠᠨ ᠪᠤᠶᠤ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭ᠋ᠠᠳ ᠬᠡᠪ᠎ᠤᠨ ᠪᠠᠶ᠋ᠢᠳᠠᠯ ᠵᠶ᠋ᠠᠷ ᠶᠠᠪᠤᠵᠤ ᠴᠢᠳᠠᠬᠤ ᠦᠭᠡᠢ ᠪᠣᠯᠤᠭᠰᠠᠨ ᠪᠠᠶ᠋ᠢᠪᠠᠯ᠂ ᠠᠪᠤᠷᠠᠨ ᠲᠤᠰᠠᠯᠠᠬᠤ ᠲᠡᠷᠭᠡ᠂ ᠰᠠᠭ᠋ᠠᠳ ᠠᠷᠢᠯᠭ᠋ᠠᠬᠤ ᠲᠡᠷᠭᠡ᠎ᠪᠠᠷ ᠴᠢᠷᠦᠭᠦᠯᠬᠦ ᠬᠡᠷᠡᠭᠲᠡᠶ᠃
ᠵᠢᠷᠠ ᠶᠢᠰᠦᠳᠦᠭᠡᠷ ᠵᠦᠢ᠍ᠯ ᠶᠠᠮᠠᠷᠪᠠ ᠨᠢᠭᠡᠴᠢ᠂ ᠬᠤᠪᠢ ᠬᠥᠮᠦᠨ ᠳᠡᠭᠡᠲᠦ ᠬᠤᠷᠲᠤ ᠵᠢᠨ ᠵᠠᠰᠠᠮᠠᠯ ᠵᠠᠮ ᠳᠡᠭᠡᠷ᠎ᠡ ᠶᠠᠪᠤᠵᠤ ᠪᠠᠶ᠋ᠢᠭ᠎ᠠ ᠲᠡᠷᠭᠡ ᠵᠢ ᠬᠠᠰᠢᠵᠤ ᠪᠠᠶ᠋ᠢᠴᠠᠭ᠋ᠠᠵᠤ ᠪᠣᠯᠬᠤ ᠦᠭᠡᠢ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠬᠠᠤᠯᠢ ᠶᠣᠰᠣᠭ᠋ᠠᠷ ᠪᠠᠴᠢᠮ ᠠᠯᠪᠠᠨ ᠡᠭᠦᠷᠭᠡ ᠭᠦᠢ᠍ᠴᠡᠳᠬᠡᠬᠦ ᠶᠠᠪᠤᠳᠠᠯ ᠡᠭᠦᠨ᠎ᠳᠤ ᠪᠠᠭᠲᠠᠬᠤ ᠦᠭᠡᠢ᠃