ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠵᠢᠷᠭᠤᠭ᠎ᠠ)
ᠨᠡᠶ᠋ᠢᠲᠡᠯᠡᠭᠰᠡᠨ ᠴᠠᠭ᠄ 2024-04-25

     (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)

 

       ᠵᠢᠷᠭᠤᠳᠤᠭ᠋ᠠᠷ ᠪᠦᠯᠦᠭ ᠬᠠᠤᠯᠢ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ

 

     ᠳᠠᠯᠠᠨ ᠨᠠᠢ᠍ᠮᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠴᠠᠭᠳᠠᠭ᠎ᠠ ᠵᠢ ᠬᠠᠮᠢᠶᠠᠷᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠡᠪ ᠴᠢᠨᠠᠷ ᠪᠠ ᠵᠠᠮ ᠬᠠᠷᠢᠯᠴᠠᠭ᠎ᠠ ᠵᠢ ᠬᠠᠮᠢᠶᠠᠷᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃

     ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠴᠠᠭᠳᠠᠭ᠎ᠠ᠎ᠳᠤ ᠬᠠᠤᠯᠢ ᠲᠦᠷᠢᠮ᠎ᠤᠨ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠠᠵᠢᠯ᠎ᠤᠨ ᠪᠠᠶ᠋ᠢᠷᠢ᠎ᠳᠤ ᠭᠠᠷᠴᠤ ᠡᠭᠦᠷᠭᠡ ᠲᠤᠰᠢᠶᠠᠯ ᠭᠦᠢ᠍ᠴᠡᠳᠬᠡᠵᠦ ᠪᠣᠯᠬᠤ ᠦᠭᠡᠢ᠃

    ᠲᠠᠯᠠ ᠶᠢᠰᠦᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭ᠋ᠠᠨ᠎ᠤ ᠴᠠᠭᠳᠠᠭ᠎ᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠬᠡᠷᠡᠭᠵᠢᠭᠦᠯᠬᠦ᠎ᠳᠤ᠎ᠪᠠᠨ ᠬᠠᠤᠯᠢ᠎ᠳᠤ ᠲᠣᠭᠲᠠᠭ᠋ᠠᠭᠰᠠᠨ ᠡᠷᠬᠡ ᠲᠤᠰᠢᠶᠠᠯ ᠪᠠ ᠵᠢᠷᠤᠮ᠎ᠢ ᠦᠨᠳᠦᠰᠦᠯᠡᠨ᠂ ᠬᠡᠷᠡᠭ ᠡᠷᠬᠢᠯᠡᠬᠦ ᠭᠠᠷ ᠭᠦᠢ᠍ᠴᠡᠳᠬᠡᠯ᠎ᠢ ᠳᠥᠭᠦᠮᠴᠢᠯᠡᠵᠦ᠂ ᠲᠥᠪ ᠭᠤᠣᠯᠴᠢ᠂ ᠴᠢᠩᠭ᠎ᠠ᠂ ᠪᠣᠯᠪᠠᠰᠤᠨ᠂ ᠥᠨᠳᠥᠷ ᠪᠦᠲᠦᠮᠵᠢᠲᠡᠶ ᠪᠠᠶ᠋ᠢᠬᠤ ᠬᠡᠷᠡᠭᠲᠡᠶ᠃

    ᠨᠠᠶᠠᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠪᠠᠨ ᠲᠣᠭᠲᠠᠭ᠋ᠠᠯ ᠶᠣᠰᠣᠭ᠋ᠠᠷ ᠬᠤᠪᠴᠠᠰᠤᠯᠠᠵᠤ᠂ ᠠᠷᠠᠳ᠎ᠤᠨ ᠴᠠᠭᠳᠠᠭ᠋ᠠᠨ᠎ᠤ ᠢᠯᠡᠳᠬᠡᠮᠵᠢ ᠳᠡᠮᠳᠡᠭ ᠵᠡᠭᠦᠵᠦ᠂ ᠠᠷᠠᠳ᠎ᠤᠨ ᠴᠠᠭᠳᠠᠭ᠋ᠠᠨ᠎ᠤ ᠭᠡᠷᠡᠴᠢ ᠦᠨᠡᠮᠯᠡᠯ᠎ᠲᠠᠢ ᠪᠠᠶ᠋ᠢᠵᠤ᠂ ᠴᠠᠭᠳᠠᠭ᠋ᠠᠨ᠎ᠤ ᠳᠦᠷᠰᠦ ᠪᠠᠶ᠋ᠢᠳᠠᠯ᠎ᠨᠢ ᠲᠥᠪ ᠴᠢᠩᠭ᠎ᠠ᠂ ᠬᠥᠳᠡᠯᠵᠦ ᠪᠠᠷᠢᠬᠤ᠎ᠨᠢ ᠲᠥᠪᠯᠡᠭᠦᠨ ᠪᠠᠶ᠋ᠢᠬᠤ᠂ ᠵᠢᠯᠤᠭᠤᠳᠤᠯᠭ᠎ᠠ᠎ᠨᠢ ᠵᠢᠷᠤᠮᠵᠢᠯ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃

    ᠨᠠᠶᠠᠨ ᠨᠢᠭᠡᠳᠦᠭᠡᠷ ᠵᠦᠢ᠍ᠯ ᠲᠤᠰ ᠬᠠᠤᠯᠢ ᠵᠢᠨ ᠶᠣᠰᠣᠭ᠋ᠠᠷ ᠫᠠᠶ᠋ᠢᠰᠠ ᠦᠨᠡᠮᠯᠡᠯ ᠣᠯᠭᠤᠬᠤ ᠵᠡᠷᠭᠡ᠎ᠳᠤ ᠬᠥᠯᠥᠰᠥ ᠦᠷᠳᠡᠭ᠎ᠤᠨ ᠵᠠᠷᠤᠳᠠᠯ ᠬᠤᠷᠢᠶᠠᠬᠤ᠎ᠳᠤ᠎ᠪᠠᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠨ᠎ᠡ ᠬᠠᠩᠰᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠭᠰᠠᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠵᠢᠨ ᠬᠠᠮᠲᠤ ᠪᠥᠬᠦᠳᠡ ᠵᠢ ᠤᠯᠤᠰ᠎ᠤᠨ ᠰᠠᠩ᠎ᠳᠤ ᠲᠤᠰᠢᠶᠠᠬᠤ ᠬᠡᠷᠡᠭᠲᠡᠶ᠃

    ᠨᠠᠶᠠᠨ ᠬᠤᠶᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ ᠶᠣᠰᠣᠭ᠋ᠠᠷ ᠵᠣᠭᠤᠰ ᠵᠶ᠋ᠠᠷ ᠲᠣᠷᠭ᠋ᠠᠬᠤ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠬᠡᠷᠡᠭᠵᠢᠭᠦᠯᠬᠦ᠎ᠳᠤ᠎ᠪᠠᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠵᠣᠭᠤᠰ ᠵᠶ᠋ᠠᠷ ᠲᠣᠷᠭ᠋ᠠᠬᠤ ᠲᠣᠭᠲᠠᠭ᠋ᠠᠯ ᠭᠠᠷᠭ᠋ᠠᠬᠤ ᠪᠠ ᠲᠣᠷᠭ᠋ᠠᠭᠤᠯᠢ ᠵᠢᠨ ᠵᠣᠭᠤᠰ᠎ᠢ ᠬᠤᠷᠢᠶᠠᠨ ᠠᠪᠬᠤ ᠵᠢ ᠰᠠᠯᠭ᠋ᠠᠬᠤ ᠵᠢ ᠬᠡᠷᠡᠭᠵᠢᠭᠦᠯᠬᠦ ᠬᠡᠷᠡᠭᠲᠡᠶ; ᠬᠤᠷᠢᠶᠠᠨ ᠠᠪᠤᠭᠰᠠᠨ ᠲᠣᠷᠭ᠋ᠠᠭᠤᠯᠢ ᠵᠢᠨ ᠵᠣᠭᠤᠰ ᠵᠢᠴᠢ ᠬᠠᠤᠯᠢ ᠶᠣᠰᠣᠭ᠋ᠠᠷ ᠬᠤᠷᠢᠶᠠᠨ ᠠᠪᠤᠭᠰᠠᠨ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ ᠪᠥᠬᠦᠳᠡ ᠵᠢ ᠤᠯᠤᠰ᠎ᠤᠨ ᠰᠠᠩ᠎ᠳᠤ ᠲᠤᠰᠢᠶᠠᠬᠤ ᠬᠡᠷᠡᠭᠲᠡᠶ᠃

    ᠨᠠᠶᠠᠨ ᠭᠤᠷᠪᠠᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠴᠠᠭᠳᠠᠭ᠎ᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠ ᠵᠠᠮ ᠬᠠᠷᠢᠯᠴᠠᠭ᠋ᠠᠨ᠎ᠤ ᠭᠡᠨᠡᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ ᠵᠠᠶ᠋ᠢᠯᠠᠬᠤ ᠬᠡᠷᠡᠭᠲᠡᠶ᠄

    (ᠨᠢᠭᠡ) ᠲᠤᠰ ᠬᠡᠷᠡᠭ᠎ᠤᠨ ᠲᠤᠬᠠᠶ ᠵᠢᠨ ᠬᠥᠮᠦᠨ ᠪᠤᠶᠤ ᠲᠤᠬᠠᠶ ᠵᠢᠨ ᠬᠥᠮᠦᠨ᠎ᠤ ᠤᠢ᠍ᠢ᠍ᠷ᠎ᠠ ᠲᠦᠷᠦᠯ ᠰᠡᠳᠦᠠ;

    (ᠬᠤᠶᠠᠷ) ᠲᠤᠰ ᠬᠥᠮᠦᠨ ᠪᠤᠶᠤ ᠲᠡᠭᠦᠨ᠎ᠤ ᠤᠢ᠍ᠢ᠍ᠷ᠎ᠠ ᠲᠦᠷᠦᠯ ᠰᠡᠳᠦᠠ᠎ᠨᠢ ᠲᠤᠰ ᠬᠡᠷᠡᠭ᠎ᠯᠦᠭᠡ ᠠᠰᠢᠭ ᠬᠤᠣᠷ᠎ᠤᠨ ᠬᠠᠷᠢᠴᠠᠭ᠎ᠠ᠎ᠲᠠᠢ ᠪᠠᠶ᠋ᠢᠬᠤ;

    (ᠭᠤᠷᠪᠠ) ᠲᠤᠰ ᠬᠡᠷᠡᠭ᠎ᠤᠨ ᠲᠤᠬᠠᠶ ᠵᠢᠨ ᠬᠥᠮᠦᠨ᠎ᠲᠠᠢ ᠪᠤᠰᠤᠳ ᠬᠠᠷᠢᠴᠠᠭ᠎ᠠ᠎ᠲᠠᠢ ᠪᠠᠶ᠋ᠢᠵᠤ᠂ ᠬᠡᠷᠡᠭ᠎ᠢ ᠭᠤᠣᠯᠴᠢ᠎ᠪᠠᠷ ᠰᠢᠢ᠍ᠳᠪᠦᠷᠢᠯᠡᠬᠦ ᠵᠢ ᠨᠥᠯᠥᠭᠡᠯᠡᠵᠦ ᠮᠡᠳᠡᠬᠦ᠃

    ᠨᠠᠶᠠᠨ ᠳᠥᠷᠪᠡᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠨᠢ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠤᠯᠢ ᠶᠣᠰᠣᠭ᠋ᠠᠷ ᠶᠠᠪᠤᠭᠤᠯᠬᠤ ᠬᠢᠨᠠᠯᠲᠠ ᠵᠢ ᠬᠦᠯᠢᠶᠡᠬᠦ ᠬᠡᠷᠡᠭᠲᠡᠶ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ ᠪᠠ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ ᠪᠠᠶ᠋ᠢᠭ᠎ᠠ ᠪᠠᠶ᠋ᠢᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠲᠡᠶ᠃

    ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳᠤᠤᠷᠠᠳᠤ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠬᠢᠨᠠᠯᠲᠠ ᠲᠠᠯᠪᠢᠬᠤ ᠬᠡᠷᠡᠭᠳᠡᠢ᠃

     ᠨᠠᠶᠠᠨ ᠲᠠᠪᠤᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠪᠠᠨ ᠨᠡᠶ᠋ᠢᠭᠡᠮ ᠨᠡᠶ᠋ᠢᠲᠡ ᠵᠢᠨ ᠪᠠ ᠠᠷᠠᠳ ᠢᠷᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃

     ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠤᠯᠢ ᠵᠢ ᠴᠢᠩᠭ᠎ᠠ ᠬᠡᠷᠡᠭᠵᠢᠭᠦᠯᠬᠦ ᠦᠭᠡᠢ ᠪᠠᠶ᠋ᠢᠬᠤ ᠵᠢᠴᠢ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ ᠵᠢ ᠢᠯᠡᠴᠢᠯᠡᠬᠦ᠂ ᠵᠠᠭ᠋ᠠᠯᠳᠤᠬᠤ ᠡᠷᠬᠡ᠎ᠲᠠᠢ᠃ ᠢᠯᠡᠴᠢᠯᠡᠯᠲᠡ᠂ ᠵᠠᠭ᠋ᠠᠯᠳᠤᠯᠭ᠎ᠠ ᠵᠢ ᠬᠦᠯᠢᠶᠡᠵᠦ ᠠᠪᠤᠭᠰᠠᠨ ᠪᠠᠶ᠋ᠢᠭᠤᠯᠭ᠎ᠠ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃

    ᠨᠠᠶᠠᠨ ᠵᠢᠷᠭᠤᠳᠤᠭ᠋ᠠᠷ ᠵᠦᠢ᠍ᠯ ᠵᠠᠮᠠᠷᠪᠠ ᠨᠢᠭᠡᠴᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠵᠣᠭᠤᠰ ᠵᠶ᠋ᠠᠷ ᠲᠣᠷᠭ᠋ᠠᠬᠤ ᠭᠦᠢ᠍ᠴᠡᠳᠬᠡᠯ ᠲᠤᠭ᠎ᠠ ᠵᠢ ᠪᠠᠭᠤᠯᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠪᠠᠭᠤᠯᠭ᠋ᠠᠵᠤ ᠪᠣᠯᠬᠤ ᠦᠭᠡᠢ; ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠣᠭᠤᠰ ᠵᠶ᠋ᠠᠷ ᠲᠣᠷᠭ᠋ᠠᠬᠤ ᠲᠤᠭ᠎ᠠ᠎ᠪᠠᠷ ᠵᠠᠮ ᠬᠠᠷᠢᠯᠴᠠᠭ᠋ᠠᠨ᠎ᠤ ᠴᠠᠭᠳᠠᠭ᠎ᠠ ᠵᠢ ᠬᠢᠨᠠᠨ ᠰᠢᠯᠭ᠋ᠠᠬᠤ ᠪᠠᠷᠢᠮᠵᠢᠶ᠎ᠠ ᠪᠣᠯᠭ᠋ᠠᠵᠤ ᠪᠣᠯᠬᠤ ᠦᠭᠡᠢ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠠᠴᠠ ᠳᠠᠪᠠᠭᠰᠠᠨ ᠵᠠᠷᠯᠢᠭ᠎ᠢ ᠬᠡᠷᠡᠭᠵᠢᠭᠦᠯᠬᠦ ᠵᠢ ᠲᠡᠪᠴᠢᠬᠦ ᠡᠷᠬᠡ᠎ᠲᠠᠢ ᠪᠥᠭᠡᠳ ᠳᠡᠭᠡᠳᠦ ᠱᠠᠲᠤᠨ᠎ᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠶ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ