(2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠵᠠᠮ ᠬᠠᠷᠢᠯᠴᠠᠭ᠋ᠠᠨ᠎ᠤ ᠡᠮᠬᠢ ᠵᠢᠷᠤᠮ᠎ᠢ ᠬᠠᠮᠠᠭ᠋ᠠᠯᠠᠵᠤ᠂ ᠵᠠᠮ ᠬᠠᠷᠢᠯᠴᠠᠭ᠋ᠠᠨ᠎ᠤ ᠭᠡᠨᠡᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠪᠠᠭ᠋ᠠᠰᠬᠠᠵᠤ᠂ ᠬᠥᠮᠦᠨ᠎ᠤ ᠪᠡᠶ᠎ᠡ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠳ᠋ ᠬᠦᠷᠦᠩᠭᠡ ᠵᠢᠨ ᠠᠮᠤᠷ ᠲᠦᠪᠰᠢᠨ ᠵᠢᠴᠢ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠵᠠᠮ ᠨᠡᠪᠲᠡᠷᠡᠯᠭᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠲᠡᠷᠭᠡᠨ᠎ᠤ ᠵᠢᠯᠣᠭᠤᠴᠢ᠂ ᠶᠠᠪᠠᠭ᠋ᠠᠨ ᠬᠥᠮᠦᠨ᠂ ᠲᠡᠷᠭᠡᠨ᠎ᠳᠤ ᠰᠠᠭᠤᠭᠴᠢ ᠵᠢᠴᠢ ᠵᠠᠮ ᠬᠠᠷᠢᠯᠴᠠᠭ᠋ᠠᠨ᠎ᠤ ᠠᠵᠢᠯᠯᠠᠭ᠎ᠠ᠎ᠲᠠᠢ ᠬᠤᠯᠪᠣᠭᠳᠠᠬᠤ ᠨᠢᠭᠡᠴᠢ ᠪᠠ ᠬᠤᠪᠢ ᠬᠥᠮᠦᠨ ᠴᠥᠮ ᠲᠤᠰ ᠬᠠᠤᠯᠢ ᠵᠢ ᠵᠢᠷᠤᠮᠯᠠᠬᠤ ᠬᠡᠷᠡᠭᠲᠡᠶ᠃
ᠭᠤᠷᠪᠠᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠵᠢᠯ᠎ᠨᠢ ᠬᠠᠤᠯᠢ ᠶᠣᠰᠣᠭ᠋ᠠᠷ ᠬᠠᠮᠢᠶᠠᠷᠬᠤ᠂ ᠣᠯᠠᠨ ᠲᠦᠮᠡᠨ᠎ᠳᠤ ᠳᠥᠭᠥᠮ ᠦᠵᠡᠭᠦᠯᠬᠦ ᠵᠠᠷᠴᠢᠮ᠎ᠢ ᠵᠢᠷᠤᠮᠯᠠᠵᠤ᠂ ᠵᠠᠮ ᠬᠠᠷᠢᠯᠴᠠᠭ᠋ᠠᠨ᠎ᠤ ᠡᠮᠬᠢ ᠵᠢᠷᠤᠮ᠎ᠲᠠᠢ᠂ ᠠᠮᠤᠷ ᠲᠦᠪᠰᠢᠨ᠂ ᠰᠠᠭ᠋ᠠᠳ ᠦᠭᠡᠶ ᠨᠡᠪᠲᠡᠷᠡᠬᠦ ᠵᠢ ᠪᠠᠲᠤᠯᠠᠬᠤ ᠬᠡᠷᠡᠭᠲᠡᠶ᠃
ᠳᠥᠷᠪᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠪᠣᠯᠤᠨ ᠨᠡᠶ᠋ᠢᠭᠡᠮ᠎ᠤᠨ ᠬᠥᠭᠵᠢᠯᠲᠡ᠎ᠯᠦᠭᠡ ᠬᠠᠷᠢᠯᠴᠠᠨ ᠵᠣᠬᠢᠴᠠᠯᠳᠤᠬᠤ ᠵᠢ ᠪᠠᠲᠤᠯᠠᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠮ ᠬᠠᠷᠢᠯᠴᠠᠭ᠋ᠠᠨ᠎ᠤ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠤᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠤᠯᠤᠰ᠎ᠤᠨ ᠬᠤᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠦᠨᠳᠦᠰᠦᠯᠡᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠪᠦᠬᠦ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ᠂ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠬᠣᠯᠪᠣᠭᠳᠠᠯ ᠪᠦᠬᠦᠢ ᠵᠠᠮ ᠬᠠᠷᠢᠯᠴᠠᠭ᠋ᠠᠨ᠎ᠤ ᠠᠵᠢᠯ᠎ᠢ ᠬᠠᠷᠢᠭᠤᠴᠠᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠥᠮᠦᠵᠢᠯ᠎ᠢ ᠦᠷᠭᠦᠯᠵᠢ ᠬᠢᠵᠦ᠂ ᠠᠷᠠᠳ ᠢᠷᠭᠡᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠶ᠃
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠤ᠎ᠪᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠶ ᠪᠥᠭᠡᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠱ᠌ᠢᠶᠡᠴᠢ᠎ᠪᠠᠷ ᠵᠢᠷᠤᠮᠯᠠᠬᠤ ᠬᠡᠷᠡᠭᠲᠡᠶ᠃
ᠪᠠᠶ᠋ᠢᠭᠤᠯᠭ᠎ᠠ᠂ ᠴᠡᠷᠢᠭ ᠠᠩᠬᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠵᠣᠬᠢᠶᠠᠨ ᠪᠠᠶ᠋ᠢᠭᠤᠯᠤᠯᠲᠠ᠎ᠨᠤᠭᠤᠳ ᠲᠤᠰ ᠨᠢᠭᠡᠴᠢ ᠵᠢᠨ ᠵᠶ᠋ᠠᠨ ᠬᠥᠮᠦᠰ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠥᠮᠦᠵᠢᠯ ᠬᠢᠬᠦ ᠬᠡᠷᠡᠭᠲᠡᠶ᠃
ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠭᠤᠯᠢ᠎ᠨᠤᠭᠤᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠢ ᠬᠠᠤᠯᠢ ᠳᠦᠷᠢᠮ᠎ᠤᠨ ᠬᠥᠮᠦᠵᠢᠯ᠎ᠤᠨ ᠠᠭᠤᠯᠭ᠎ᠠ᠎ᠳᠤ ᠣᠷᠣᠭᠤᠯᠬᠤ ᠬᠡᠷᠡᠭᠲᠡᠶ᠃
ᠰᠣᠨᠢᠨ ᠮᠡᠳᠡᠭᠡᠯᠡᠯ᠂ ᠬᠡᠪᠯᠡᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠬᠤᠯᠪᠣᠭᠳᠠᠯ ᠪᠦᠬᠦᠢ ᠨᠢᠭᠡᠴᠢ᠎ᠨᠦᠭᠦᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠥᠮᠦᠵᠢᠯ ᠬᠢᠬᠦ ᠡᠭᠦᠷᠭᠡ᠎ᠲᠠᠢ᠃
ᠳᠣᠯᠣᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠲᠤᠬᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠵᠤ᠂ ᠲᠡᠷᠢᠭᠦᠨ᠎ᠤ ᠬᠠᠮᠢᠶᠠᠷᠤᠯᠲᠠ ᠵᠢᠨ ᠠᠷᠭ᠎ᠠ᠂ ᠮᠡᠷᠭᠡᠵᠢᠯ᠂ ᠲᠤᠨᠤᠭ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃