ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠬᠣᠶᠠᠷ ᠳᠡᠭᠡᠳᠦ ᠬᠣᠷᠢᠶ᠎ᠠ》 ᠬᠠᠮᠲᠤᠷᠠᠨ 《ᠮᠥᠩᠬᠦ ᠤᠬᠢᠶᠠᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠲᠣᠬᠢᠷᠠᠭᠤᠯᠤᠨ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠲᠠᠶ᠋ᠢᠯᠪᠤᠷᠢᠯᠠᠯᠲᠠ》 ᠵᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2024-10-07

      2024 ᠣᠨ᠎ᠤ 8 ᠰᠠᠷ᠎ᠠ ᠵᠢᠨ 19᠎ᠤ ᠡᠳᠦᠷ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ ᠬᠠᠮᠲᠤᠷᠠᠨ ᠰᠣᠨᠢᠨ ᠮᠡᠳᠡᠭᠡ ᠨᠡᠶ᠋ᠢᠲᠡᠯᠡᠬᠦ  ᠬᠤᠷᠠᠯ ᠬᠤᠷᠠᠯᠳᠤᠭᠤᠯᠵᠤ᠂ 《ᠠᠷᠠᠳ ᠎ᠤᠨ  ᠳᠡᠭᠡᠳᠦ   ᠰᠢᠭᠦᠬᠦ  ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ》 ᠵᠢᠨ 《ᠮᠥᠩᠬᠦ ᠤᠬᠢᠶᠠᠭᠰᠠᠨ ᠡᠷᠡᠭᠦᠤ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠲᠣᠬᠢᠷᠠᠭᠤᠯᠤᠨ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ》 (ᠠᠷᠤ᠎ᠳᠤ 《ᠲᠠᠶ᠋ᠢᠯᠪᠤᠷᠢᠯᠠᠯᠲᠠ》 ᠭᠡᠵᠦ ᠲᠣᠪᠴᠢᠯᠠᠨ᠎ᠠ) ᠵᠢ ᠨᠡᠶ᠋ᠢᠲᠡᠯᠡᠵᠦ᠂ 2024 ᠣᠨ᠎ᠤ 8 ᠰᠠᠷ᠎ᠠ ᠵᠢᠨ 20᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠡᠷᠡᠭᠦᠦ ᠵᠢᠨ ᠬᠡᠷᠡᠭ᠎ᠤᠨ ᠭᠤᠷᠪᠠᠳᠤᠭ᠋ᠠᠷ ᠲᠢᠩᠬᠢᠮ᠎ᠤᠨ ᠳᠠᠷᠤᠭ᠎ᠠ ᠴᠧᠨ ᠬᠣᠩ ᠰᠢᠶᠠᠩ᠂ ᠲᠢᠩᠬᠢᠮ᠎ᠤᠨ ᠳᠡᠳ᠋ ᠳᠠᠷᠤᠭ᠎ᠠ ᠴᠧᠨ ᠰᠢᠦᠸᠠᠢ ᠶᠦᠩ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠠᠵᠤ ᠠᠬᠤᠶ ᠵᠢᠨ ᠶᠠᠯᠠᠲᠤ ᠠᠵᠢᠯᠯᠠᠭ᠎ᠠ ᠵᠢ ᠪᠠᠶ᠋ᠢᠴᠠᠭ᠋ᠠᠬᠤ ᠲᠢᠩᠬᠢᠮ᠎ᠤᠨ ᠳᠡᠳ᠋ ᠳᠠᠷᠤᠭ᠎ᠠ ᠵᠠᠩ ᠵᠢᠶᠠᠨ ᠵᠥᠩ᠂ ᠲᠢᠩᠬᠢᠮ᠎ᠤᠨ ᠳᠡᠳ᠋ ᠳᠠᠷᠤᠭ᠎ᠠ ᠸᠠᠩ ᠰᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠰᠣᠨᠢᠨ ᠮᠡᠳᠡᠭᠡᠨ᠎ᠤ ᠲᠣᠪᠴᠢᠶᠠᠨ᠎ᠤ ᠳᠡᠳ᠋ ᠳᠠᠷᠤᠭ᠎ᠠ ᠵᠢᠶ ᠵᠥᠩ ᠪᠢᠶᠤᠤ ᠡᠷᠭᠢᠯᠡᠵᠡᠶ᠃
      ᠨᠢᠭᠡ᠂ 《ᠲᠠᠶ᠋ᠢᠯᠪᠤᠷᠢᠯᠠᠯᠲᠠ》 ᠵᠢ ᠲᠣᠭᠲᠠᠭ᠋ᠠᠭᠰᠠᠨ ᠠᠬᠤᠶ ᠪᠠᠶ᠋ᠢᠳᠠᠯ 
       ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ᠎ᠨᠢ ᠬᠣᠣᠷᠲᠤ ᠡᠳ᠋᠎ᠤᠨ ᠶᠠᠯᠠᠲᠤ ᠠᠵᠢᠯᠯᠠᠭ᠎ᠠ᠂ ᠵᠣᠬᠢᠶᠠᠨ ᠪᠠᠶ᠋ᠢᠭᠤᠯᠤᠯᠲᠠ᠎ᠲᠠᠢ ᠶᠠᠯᠠᠲᠤ ᠠᠵᠢᠯᠯᠠᠭ᠎ᠠ᠂ ᠮᠥᠩᠭᠥᠨ ᠭᠦᠢ᠍ᠯᠭᠡᠭᠡᠨ᠎ᠤ ᠶᠠᠯᠠᠲᠤ ᠠᠵᠢᠯᠯᠠᠭ᠎ᠠ᠂ ᠢᠯᠵᠠᠷᠠᠯ᠎ᠤᠨ ᠶᠠᠯᠠᠲᠤ ᠠᠵᠢᠯᠯᠠᠭ᠎ᠠ ᠵᠡᠷᠭᠡ ᠤᠭᠳᠤᠪᠤᠷᠢ ᠶᠠᠯᠠᠲᠤ ᠠᠵᠢᠯᠯᠠᠭ᠎ᠠ᠎ᠲᠠᠢ ᠨᠢᠭᠲᠠ ᠬᠣᠯᠪᠣᠭ᠎ᠠ᠎ᠲᠠᠢ ᠪᠠᠶ᠋ᠢᠵᠤ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠡᠮᠬᠢ ᠵᠢᠷᠤᠮ᠎ᠢ ᠬᠦᠨᠳᠦ ᠨᠣᠴᠢᠲᠠᠶ ᠡᠪᠳᠡᠵᠦ᠂ ᠤᠯᠤᠰ ᠣᠷᠣᠨ᠎ᠤ ᠠᠵᠤ ᠠᠬᠤᠶ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ᠂ ᠨᠡᠶ᠋ᠢᠭᠡᠮ᠎ᠳᠤ ᠬᠣᠣᠷ ᠬᠥᠨᠥᠭᠡᠯ ᠤᠴᠠᠷᠠᠭᠤᠯᠬᠤ ᠴᠢᠨᠠᠷ ᠵᠶ᠋ᠠᠷ ᠶᠡᠬᠡ ᠪᠠᠶ᠋ᠢᠳᠠᠭ ᠪᠣᠯᠬᠣᠷ ᠬᠠᠤᠯᠢ ᠶᠣᠰᠣᠭ᠋ᠠᠷ ᠰᠢᠢ᠍ᠳᠭᠡᠬᠦ ᠬᠡᠷᠡᠭᠲᠡᠶ᠃ 1997 ᠣᠨ᠎ᠤ ᠡᠷᠡᠭᠦᠦ ᠵᠢᠨ ᠬᠠᠤᠯᠢ᠎ᠳᠤ ᠮᠥᠩᠬᠦ ᠤᠬᠢᠶᠠᠭᠰᠠᠨ ᠶᠠᠯ᠎ᠠ ᠵᠢᠨ ᠲᠤᠬᠠᠶ ᠲᠣᠭᠲᠠᠭ᠋ᠠᠯ ᠭᠠᠷᠭ᠋ᠠᠵᠠᠶ᠃ 《ᠡᠷᠡᠭᠦᠦ ᠵᠢᠨ ᠬᠠᠤᠯᠢ᠎ᠳᠤ ᠵᠠᠰᠠᠪᠤᠷᠢ ᠣᠷᠣᠭᠤᠯᠤᠭᠰᠠᠨ ᠲᠥᠰᠦᠯ (ᠭᠤᠷᠪᠠ)》᠂ 《ᠡᠷᠡᠭᠦᠦ ᠵᠢᠨ ᠬᠠᠤᠯᠢ᠎ᠳᠤ ᠵᠠᠰᠠᠪᠤᠷᠢ ᠣᠷᠣᠭᠤᠯᠤᠭᠰᠠᠨ ᠲᠥᠰᠦᠯ (ᠵᠢᠷᠭᠤᠭ᠎ᠠ)》᠎ᠳᠤ ᠤᠷᠢᠳ ᠬᠣᠵᠢᠳ ᠮᠥᠩᠬᠦ ᠤᠬᠢᠶᠠᠭᠰᠠᠨ ᠶᠠᠯ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠮᠥᠩᠬᠦ ᠤᠬᠢᠶᠠᠬᠤ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠭᠡᠬᠦ ᠵᠢᠨ ᠲᠥᠯᠥᠭᠡ᠂ ᠠᠷᠠᠳ᠎ᠤᠨ ᠳᠡᠭᠡᠳᠦ ᠰᠢᠭᠦᠬᠦ ᠬᠣᠷᠢᠶ᠎ᠠ 2009 ᠣᠨ᠎ᠳᠤ 《ᠮᠥᠩᠬᠦ ᠤᠬᠢᠶᠠᠭᠰᠠᠨ ᠵᠡᠷᠭᠡ ᠡᠷᠡᠭᠦᠦ ᠵᠢᠨ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠪᠣᠳᠠᠲᠠᠶ᠎ᠪᠠᠷ ᠲᠣᠬᠢᠷᠠᠭᠤᠯᠤᠨ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ》 (ᠠᠷᠤ᠎ᠳᠤ 《2009 ᠣᠨ᠎ᠤ ᠲᠠᠶ᠋ᠢᠯᠪᠤᠷᠢᠯᠠᠯᠲᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠃ 《ᠬᠣᠶᠠᠷ ᠳᠡᠭᠡᠳᠦ ᠬᠣᠷᠢᠶ᠎ᠠ ᠨᠢᠭᠡ ᠶᠠᠮᠤᠨ》 2020 ᠣᠨ᠎ᠳᠤ 《ᠮᠥᠩᠬᠦ ᠤᠬᠢᠶᠠᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ ᠠᠰᠠᠭᠤᠳᠠᠯ᠎ᠤᠳ᠎ᠤᠨ ᠲᠤᠬᠠᠶ ᠰᠠᠨᠠᠯ》᠎ᠢ ᠨᠡᠶ᠋ᠢᠲᠡᠯᠡᠵᠦ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ᠎ᠳᠤ ᠶᠠᠯ᠎ᠠ ᠲᠣᠭᠲᠠᠭ᠋ᠠᠵᠤ ᠰᠢᠢ᠍ᠳᠭᠡᠬᠦ ᠪᠠᠷᠢᠮᠵᠢᠶ᠎ᠠ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠢ ᠲᠣᠳᠣᠷᠬᠠᠶ᠋ᠢᠯᠠᠵᠤ᠂ ᠡᠷᠡᠭᠦᠦ ᠵᠢᠨ ᠬᠠᠤᠯᠢ ᠵᠢ ᠵᠥᠪ ᠬᠡᠷᠡᠭᠵᠢᠭᠦᠯᠬᠦ ᠵᠢ ᠦᠨᠡᠨ ᠬᠦ᠌ ᠪᠠᠲᠤᠯᠠᠪᠠ᠃
      2021 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠭᠰᠡᠨ 《ᠡᠷᠡᠭᠦᠤ ᠵᠢᠨ ᠬᠠᠤᠯᠢ᠎ᠳᠤ ᠵᠠᠰᠠᠪᠤᠷᠢ ᠣᠷᠣᠭᠤᠯᠤᠭᠰᠠᠨ ᠲᠥᠰᠦᠯ (ᠠᠷᠪᠠᠨ ᠨᠢᠭᠡ)》᠎ᠳᠤ ᠮᠥᠩᠬᠦ ᠤᠬᠢᠶᠠᠭᠰᠠᠨ ᠶᠠᠯ᠎ᠠ ᠵᠢᠨ ᠡᠷᠡᠭᠦᠤ ᠵᠢᠨ ᠬᠠᠤᠯᠢ ᠵᠢᠨ ᠵᠦᠢ᠍ᠯ ᠵᠤᠷᠪᠤᠰ᠎ᠲᠤ ᠴᠢᠬᠤᠯᠠ ᠶᠡᠬᠡ ᠵᠠᠰᠠᠪᠤᠷᠢ ᠣᠷᠣᠭᠤᠯᠪᠠ᠃ ᠤᠤᠯ᠎ᠤᠨ ᠡᠷᠡᠭᠦᠦ ᠵᠢᠨ ᠬᠠᠤᠯᠢ ᠵᠢᠨ ᠵᠦᠢ᠍ᠯ ᠵᠤᠷᠪᠤᠰ᠎ᠲᠠᠬᠢ 《ᠲᠣᠳᠣᠷᠬᠠᠶ ᠮᠡᠳᠡᠬᠦ》 ᠪᠠ 《ᠬᠠᠮᠵᠢᠯᠴᠠᠬᠤ》 ᠵᠡᠷᠭᠡ ᠨᠡᠷ᠎ᠡ ᠲᠣᠮᠢᠶ᠎ᠠ ᠵᠢ ᠬᠠᠰᠤᠵᠤ᠂ 《ᠥᠪᠡᠰᠦᠪᠡᠨ ᠮᠥᠩᠬᠦ ᠤᠬᠢᠶᠠᠬᠤ》 ᠵᠢ ᠴᠣᠬᠢᠯᠲᠠ ᠥᠭᠬᠦ ᠬᠡᠪᠴᠢᠶᠡᠨ᠎ᠳᠤ ᠣᠷᠣᠭᠤᠯᠤᠭᠰᠠᠨ᠎ᠤ ᠬᠠᠮᠲᠤ ᠮᠥᠩᠭᠥ᠎ᠪᠠᠷ ᠶᠠᠯᠠᠳᠠᠬᠤ ᠡᠷᠡᠭᠦᠦ ᠵᠢᠨ ᠬᠢᠵᠠᠭ᠋ᠠᠷ ᠲᠣᠭ᠎ᠠ ᠵᠢ ᠬᠦᠴᠦᠨ ᠦᠭᠡᠢ ᠪᠣᠯᠭ᠋ᠠᠵᠤ᠂ ᠮᠥᠩᠬᠦ ᠤᠬᠢᠶᠠᠭᠰᠠᠨ ᠶᠠᠯ᠎ᠠ ᠵᠢᠨ ᠶᠠᠯ᠎ᠠ ᠲᠣᠭᠲᠠᠭ᠋ᠠᠵᠤ ᠡᠷᠡᠭᠦᠦ ᠰᠢᠢ᠍ᠳᠭᠡᠯ ᠣᠨᠣᠭᠳᠠᠭᠤᠯᠬᠤ᠎ᠳᠤ ᠴᠢᠬᠤᠯᠠ ᠶᠡᠬᠡ ᠨᠥᠯᠥᠭᠡ ᠦᠵᠡᠭᠦᠯᠵᠦ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠵᠣᠭᠣᠰ ᠤᠬᠢᠶᠠᠭᠰᠠᠨ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠲᠠᠶ᠋ᠢᠯᠪᠤᠷᠢᠯᠠᠯᠲᠠ᠎ᠳᠤ ᠵᠠᠰᠠᠪᠤᠷᠢ ᠣᠷᠣᠭᠤᠯᠬᠤ ᠵᠢ ᠲᠤᠯᠭ᠋ᠠᠮ ᠱᠠᠭ᠋ᠠᠷᠳᠠᠵᠤ ᠪᠠᠶ᠋ᠢᠨ᠎ᠠ᠃ ᠡᠭᠦᠨ᠎ᠤ ᠵᠡᠷᠭᠡᠴᠡᠭᠡᠪᠡᠷ᠂ ᠮᠥᠩᠭᠥᠨ ᠭᠦᠢ᠍ᠯᠭᠡᠭᠡᠨ᠎ᠤ ᠠᠵᠢᠯᠯᠠᠭ᠎ᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠮᠠᠨ᠎ᠤ ᠤᠯᠤᠰ᠎ᠤᠨ ᠵᠣᠭᠣᠰ ᠤᠬᠢᠶᠠᠬᠤ ᠵᠢ ᠡᠰᠡᠷᠭᠦᠴᠡᠬᠦ ᠠᠵᠢᠯ᠎ᠢ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠮᠠᠨ᠎ᠤ ᠤᠯᠤᠰ᠎ᠤᠨ ᠵᠣᠭᠣᠰ ᠤᠬᠢᠶᠠᠬᠤ ᠵᠢ ᠡᠰᠡᠷᠭᠦᠴᠡᠬᠦ ᠠᠵᠢᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ ᠪᠠ ᠪᠦᠲᠦᠮᠵᠢᠲᠦ ᠴᠢᠨᠠᠷ᠎ᠤᠨ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠵᠢᠭ᠋ᠠᠨ ᠭᠠᠷᠭ᠋ᠠᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠪᠠᠷᠢᠬᠤ ᠲᠠᠶ᠋ᠢᠯᠪᠤᠷᠢᠯᠠᠯᠲᠠ ᠪᠠ ᠬᠠᠤᠯᠢ ᠪᠠᠷᠢᠬᠤ ᠲᠦᠷᠦ ᠵᠢᠨ ᠪᠤᠳᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠣᠭᠣᠰ ᠤᠬᠢᠶᠠᠬᠤ ᠵᠢ ᠡᠰᠡᠷᠭᠦᠴᠡᠬᠦ ᠠᠵᠢᠯ᠎ᠤᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ ᠵᠢ ᠲᠤᠯᠭ᠋ᠠᠮ ᠱᠠᠭ᠋ᠠᠷᠳᠠᠵᠤ ᠪᠠᠶ᠋ᠢᠨ᠎ᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ 2021 ᠣᠨ᠎ᠳᠤ 《ᠲᠠᠶ᠋ᠢᠯᠪᠤᠷᠢᠯᠠᠯᠲᠠ》 ᠵᠢ ᠲᠣᠭᠲᠠᠭ᠋ᠠᠬᠤ ᠶᠠᠪᠤᠳᠠᠯ᠎ᠢ ᠬᠠᠤᠯᠢ ᠪᠠᠷᠢᠬᠤ ᠲᠠᠶ᠋ᠢᠯᠪᠤᠷᠢᠯᠠᠯᠲᠠ ᠵᠢᠨ ᠰᠡᠳᠦᠪ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠤᠭᠰᠠᠨ ᠪᠥᠭᠡᠳ 《ᠲᠠᠶ᠋ᠢᠯᠪᠤᠷᠢᠯᠠᠯᠲᠠ》 ᠵᠢ ᠲᠤᠭᠤᠷᠪᠢᠬᠤ ᠠᠵᠢᠯ᠎ᠢ ᠵᠢᠩᠬᠢᠨᠢ᠎ᠪᠠᠷ ᠡᠬᠢᠯᠡᠭᠦᠯᠪᠡ᠃
      《ᠲᠠᠶ᠋ᠢᠯᠪᠤᠷᠢᠯᠠᠯᠲᠠ》 ᠵᠢ ᠲᠤᠭᠤᠷᠪᠢᠵᠤ ᠲᠣᠭᠲᠠᠭ᠋ᠠᠬᠤ᠎ᠳᠤ ᠬᠣᠶᠠᠷ ᠵᠢᠯ ᠭᠠᠷᠤᠶ ᠵᠢᠨ ᠬᠤᠭᠤᠴᠠᠭ᠎ᠠ ᠵᠢ ᠬᠡᠷᠡᠭᠰᠡᠪᠡ᠃ ᠠᠷᠠᠳ᠎ᠤᠨ ᠳᠡᠭᠡᠳᠦ ᠰᠢᠭᠦᠬᠦ ᠬᠣᠷᠢᠶ᠎ᠠ ᠲᠦᠷᠦᠭᠦᠯᠡᠨ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠎ᠲᠠᠢ ᠬᠠᠮᠲᠤᠷᠠᠵᠤ᠂ ᠭᠦᠨᠵᠡᠭᠡᠶ ᠪᠠᠶ᠋ᠢᠴᠠᠭ᠋ᠠᠨ ᠰᠤᠳᠤᠯᠵᠤ ᠨᠤᠲᠠᠯᠠᠯᠲᠠ ᠬᠢᠬᠦ ᠪᠠ ᠥᠷᠭᠡᠨ ᠵᠶ᠋ᠠᠷ ᠰᠠᠨᠠᠯ ᠬᠤᠷᠢᠶᠠᠬᠤ᠎ᠪᠠᠷ ᠳᠠᠮᠵᠢᠭᠤᠯᠤᠨ᠂ ᠬᠠᠤᠯᠢ ᠴᠠᠭ᠋ᠠᠵᠠ ᠵᠢᠨ ᠦᠢ᠍ᠯᠡᠳᠦᠯᠭᠡ᠎ᠲᠠᠢ ᠤᠶᠠᠯᠳᠤᠭᠤᠯᠵᠤ᠂ ᠲᠤᠰ 《ᠲᠠᠶ᠋ᠢᠯᠪᠤᠷᠢᠯᠠᠯᠲᠠ》 ᠵᠢ ᠲᠣᠭᠲᠠᠭ᠋ᠠᠪᠠ᠃ ᠡᠨᠡ ᠬᠤᠭᠤᠴᠠᠭ᠋ᠠᠨ᠎ᠳᠤ᠂ ᠪᠦᠬᠦ ᠤᠯᠤᠰ᠎ᠤᠨ ᠰᠢᠭᠦᠬᠦ ᠬᠣᠷᠢᠶ᠎ᠠ᠂ ᠪᠠᠶ᠋ᠢᠴᠠᠭ᠋ᠠᠬᠤ ᠬᠣᠷᠢᠶᠠᠨ᠎ᠤ ᠰᠢᠰᠲ᠋ᠧᠮ ᠵᠢᠴᠢ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ ᠰᠠᠨᠠᠯ ᠰᠠᠨᠠᠭᠤᠯᠭ᠎ᠠ ᠵᠢ ᠰᠣᠨᠣᠰᠤᠭᠰᠠᠨ ᠪᠥᠭᠡᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠎ᠤᠨ ᠰᠠᠨᠠᠯ᠎ᠢ ᠬᠤᠷᠢᠶᠠᠵᠤ᠂ ᠡᠬᠡ ᠨᠤᠤᠷᠠᠭ᠎ᠢ᠎ᠨᠢ ᠬᠡᠳᠦ ᠤᠳᠠᠭ᠎ᠠ ᠰᠣᠯᠢᠵᠤ᠂ ᠲᠠᠰᠤᠷᠠᠯᠲᠠ ᠦᠭᠡᠢ ᠵᠠᠰᠠᠵᠤ ᠲᠡᠭᠦᠯᠳᠡᠷᠵᠢᠭᠦᠯᠪᠡ᠃ 《ᠲᠠᠶ᠋ᠢᠯᠪᠤᠷᠢᠯᠠᠯᠲᠠ》 ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠰᠢᠭᠦᠨ ᠲᠠᠰᠤᠯᠬᠤ ᠺᠣᠮᠢᠰ᠎ᠤᠨ 1880 ᠳ᠋ᠤᠭ᠋ᠠᠷ ᠬᠤᠷᠠᠯᠳᠤᠭ᠋ᠠᠨ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠠᠶ᠋ᠢᠴᠠᠭ᠋ᠠᠬᠤ ᠺᠣᠮᠢᠰ᠎ᠤᠨ ᠬᠣᠷᠢᠨ ᠨᠠᠢ᠍ᠮᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠭ᠋ᠠᠳ᠂ 2024 ᠣᠨ᠎ᠤ 8 ᠰᠠᠷ᠎ᠠ ᠵᠢᠨ 20᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠬᠣᠶᠠᠷ᠂ 《ᠲᠠᠶ᠋ᠢᠯᠪᠤᠷᠢᠯᠠᠯᠲᠠ》 ᠵᠢᠨ ᠭᠣᠣᠯ ᠠᠭᠤᠯᠭ᠎ᠠ
      《ᠲᠠᠶ᠋ᠢᠯᠪᠤᠷᠢᠯᠠᠯᠲᠠ》 ᠵᠢ ᠲᠣᠭᠲᠠᠭ᠋ᠠᠬᠤ ᠶᠠᠪᠤᠴᠠ᠎ᠳᠤ᠂ ᠶᠠᠯ᠎ᠠ ᠪᠠ ᠡᠷᠡᠭᠦᠦ ᠵᠢ ᠬᠠᠤᠯᠢ᠎ᠪᠠᠷ ᠲᠣᠭᠲᠠᠭ᠋ᠠᠬᠤ ᠵᠠᠷᠴᠢᠮ᠎ᠢ ᠢᠮᠠᠭᠲᠠ ᠪᠠᠷᠢᠮᠲᠠᠯᠠᠵᠤ᠂ ᠠᠭᠤᠴᠢᠯᠠᠨ ᠰᠢᠢ᠍ᠳᠭᠡᠬᠦ ᠪᠠ ᠴᠢᠩᠭ᠎ᠠ ᠰᠢᠢ᠍ᠳᠭᠡᠬᠦ ᠵᠢ ᠬᠣᠣᠰᠯᠠᠭᠤᠯᠬᠤ ᠡᠷᠡᠭᠦᠦ ᠵᠢᠨ ᠬᠡᠷᠡᠭ᠎ᠤᠨ ᠲᠦᠷᠦ ᠵᠢᠨ ᠪᠤᠳᠤᠯᠭ᠎ᠠ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠠᠤᠯᠢ ᠴᠠᠭ᠋ᠠᠵᠠ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ 《ᠲᠠᠶ᠋ᠢᠯᠪᠤᠷᠢᠯᠠᠯᠲᠠ》᠎ᠳᠤ ᠮᠥᠩᠬᠦ ᠤᠬᠢᠶᠠᠭᠰᠠᠨ ᠶᠠᠯ᠎ᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠨ ᠲᠤᠬᠠᠶ ᠲᠣᠭᠲᠠᠭ᠋ᠠᠯ ᠭᠠᠷᠭ᠋ᠠᠪᠠ᠃
      ᠲᠤᠰ 《ᠲᠠᠶ᠋ᠢᠯᠪᠤᠷᠢᠯᠠᠯᠲᠠ》᠎ᠳᠤ ᠨᠡᠢ᠍ᠢ᠍ᠳᠡ 13 ᠵᠦᠢ᠍ᠯ᠎ᠲᠠᠢ᠂ ᠭᠣᠣᠯ ᠠᠭᠤᠯᠭ᠎ᠠ᠎ᠳᠤ᠄ ᠨᠢᠭᠡ᠎ᠳᠤ᠂ 《ᠥᠪᠡᠰᠦᠪᠡᠨ ᠮᠥᠩᠬᠦ ᠤᠬᠢᠶᠠᠭᠰᠠᠨ》᠂

《ᠪᠤᠰᠤᠳ᠎ᠤᠨ ᠮᠥᠩᠬᠦ ᠤᠬᠢᠶᠠᠯᠭ᠋ᠠᠭᠰᠠᠨ》 ᠶᠠᠯ᠎ᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢᠴᠢ 《ᠪᠤᠰᠤᠳ᠎ᠤᠨ ᠮᠥᠩᠬᠦ ᠤᠬᠢᠶᠠᠯᠭ᠋ᠠᠭᠰᠠᠨ》 ᠶᠠᠯ᠎ᠠ ᠵᠢᠨ ᠪᠡᠶᠡᠴᠢ ᠲᠠᠨᠢᠯᠲᠠ ᠵᠢ ᠬᠢᠨᠠᠨ ᠪᠠᠶ᠋ᠢᠴᠠᠭ᠋ᠠᠵᠤ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠣᠳᠣᠷᠬᠠᠶ᠋ᠢᠯᠠᠪᠠ᠃ ᠬᠣᠶᠠᠷ᠎ᠲᠤ᠂ ᠮᠥᠩᠬᠦ ᠤᠬᠢᠶᠠᠭᠰᠠᠨ ᠶᠠᠯ᠎ᠠ ᠵᠢᠨ 《ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ》 ᠪᠠᠶ᠋ᠢᠬᠤ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠣᠳᠣᠷᠬᠠᠶ᠋ᠢᠯᠠᠪᠠ᠃ ᠮᠥᠩᠬᠦ ᠤᠬᠢᠶᠠᠭᠰᠠᠨ ᠲᠣᠭ᠎ᠠ᠎ᠨᠢ ᠲᠠᠪᠤᠨ ᠵᠠᠭᠤᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠬᠤ ᠮᠥᠷᠲᠡᠭᠡᠨ ᠤᠯᠠᠨ ᠤᠳᠠᠭ᠎ᠠ ᠮᠥᠩᠬᠦ ᠤᠬᠢᠶᠠᠭᠰᠠᠨ ᠠᠵᠢᠯᠯᠠᠭ᠎ᠠ᠎ᠲᠠᠢ ᠪᠠᠶ᠋ᠢᠬᠤ; ᠵᠣᠭᠣᠰ ᠮᠥᠩᠭᠥ ᠡᠳ᠋ ᠪᠣᠳᠠᠰ᠎ᠢ ᠨᠡᠬᠡᠮᠵᠢᠯᠡᠨ ᠲᠤᠰᠢᠶᠠᠯᠭ᠋ᠠᠬᠤ᠎ᠳᠤ ᠬᠠᠮᠵᠢᠯᠴᠠᠬᠤ ᠵᠢ ᠲᠡᠪᠴᠢᠭᠰᠡᠨ᠎ᠠᠴᠠ ᠪᠤᠯᠵᠤ ᠪᠤᠵᠠᠷ ᠵᠣᠭᠣᠰ ᠪᠤᠵᠠᠷ ᠡᠳ᠋᠎ᠢ ᠨᠡᠬᠡᠮᠵᠢᠯᠡᠨ ᠲᠤᠰᠢᠶᠠᠯᠭ᠋ᠠᠬᠤ ᠵᠢᠨ ᠠᠷᠭ᠎ᠠ ᠦᠭᠡᠢ ᠪᠣᠯᠭ᠋ᠠᠭᠰᠠᠨ; ᠬᠣᠶᠠᠷ ᠵᠠᠭᠤ ᠲᠠᠪᠢᠨ ᠲᠦᠮᠡᠨ ᠲᠥᠭᠥᠷᠢᠭ᠎ᠠᠴᠠ ᠳᠡᠭᠡᠭᠰᠢ ᠬᠣᠬᠢᠷᠠᠯ ᠤᠴᠠᠷᠠᠭᠤᠯᠤᠭᠰᠠᠨ; ᠡᠰᠡᠬᠦᠯ᠎ᠡ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂

《ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ》 ᠪᠠᠶ᠋ᠢᠬᠤ᠎ᠪᠠᠷ ᠮᠠᠭ᠋ᠠᠳᠯᠠᠨ ᠲᠣᠭᠲᠠᠭ᠋ᠠᠬᠤ ᠬᠡᠷᠡᠭᠲᠡᠶ᠃ ᠭᠤᠷᠪᠠ᠎ᠳᠤ᠂ 《ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢᠴᠢ ᠲᠡᠭᠦᠨ᠎ᠠᠴᠠ ᠣᠯᠤᠭᠰᠠᠨ ᠠᠰᠢᠭ ᠣᠯᠵᠠᠪᠤᠷᠢ ᠵᠢᠨ ᠢᠷᠡᠯᠳᠡ ᠪᠠ ᠰᠢᠨᠵᠢ ᠴᠢᠨᠠᠷ᠎ᠢ ᠪᠤᠰᠤᠳ ᠠᠷᠭ᠎ᠠ᠎ᠪᠠᠷ ᠨᠢᠭᠤᠨ ᠳᠠᠯᠳᠠᠯᠠᠭᠰᠠᠨ》 ᠲᠤᠯᠤᠭ᠋ᠠᠨ ᠵᠦᠢ᠍ᠯ᠎ᠤᠨ ᠪᠣᠳᠠᠲᠠᠶ ᠪᠠᠶ᠋ᠢᠳᠠᠯ᠎ᠢ ᠲᠣᠳᠣᠷᠬᠠᠶ᠋ᠢᠯᠠᠪᠠ᠃ ᠲᠦᠷᠪᠡ᠎ᠳᠤ᠂ ᠮᠥᠩᠬᠦ ᠤᠬᠢᠶᠠᠭᠰᠠᠨ ᠶᠠᠯ᠎ᠠ ᠪᠣᠯᠤᠨ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ᠂ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢ ᠨᠢᠭᠤᠨ ᠳᠠᠯᠳᠠᠯᠠᠭᠰᠠᠨ᠂ ᠨᠢᠭᠤᠨ ᠳᠠᠯᠳᠠᠯᠠᠭᠰᠠᠨ ᠶᠠᠯ᠎ᠠ ᠵᠢᠨ ᠵᠣᠬᠢᠴᠠᠯᠳᠤᠯ ᠰᠢᠢ᠍ᠳᠭᠡᠯ᠎ᠤᠨ ᠵᠠᠷᠴᠢᠮ᠎ᠢ ᠲᠣᠳᠣᠷᠬᠠᠶ᠋ᠢᠯᠠᠪᠠ᠃ ᠡᠷᠡᠭᠦᠦ ᠵᠢᠨ ᠬᠠᠤᠯᠢ ᠵᠢᠨ ᠵᠠᠭᠤ ᠶᠡᠷᠡᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠤᠭᠳᠤᠪᠤᠷᠢ ᠶᠠᠯᠠᠲᠤ ᠠᠵᠢᠯᠯᠠᠭ᠎ᠠ ᠵᠢᠨ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢᠴᠢ ᠲᠡᠭᠦᠨ᠎ᠠᠴᠠ ᠪᠤᠢ ᠪᠣᠯᠤᠭᠰᠠᠨ ᠠᠰᠢᠭ ᠣᠯᠵᠠᠪᠤᠷᠢ ᠵᠢ ᠨᠢᠭᠤᠨ ᠳᠠᠯᠳᠠᠯᠠᠵᠤ᠂ ᠮᠥᠩᠬᠦ ᠤᠬᠢᠶᠠᠭᠰᠠᠨ ᠶᠠᠯ᠎ᠠ ᠪᠤᠯᠵᠦ ᠪᠦᠷᠢᠯᠳᠦᠬᠦ ᠵᠢᠨ ᠬᠠᠮᠲᠤ ᠪᠠᠰᠠ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ᠂ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢ ᠬᠠᠯᠬᠠᠯᠠᠵᠤ᠂ ᠨᠢᠭᠤᠨ ᠳᠠᠯᠳᠠᠯᠠᠭᠰᠠᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠮᠥᠩᠬᠦ ᠤᠬᠢᠶᠠᠭᠰᠠᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃ ᠲᠠᠪᠤ᠎ᠳᠤ᠂ ᠲᠣᠷᠭ᠋ᠠᠬᠤ ᠵᠣᠭᠣᠰ᠎ᠤᠨ ᠲᠣᠭ᠎ᠠ ᠵᠢᠨ ᠪᠠᠷᠢᠮᠵᠢᠶ᠎ᠠ ᠵᠢ ᠲᠣᠳᠣᠷᠬᠠᠶ ᠪᠣᠯᠭ᠋ᠠᠪᠠ᠃ ᠬᠠᠤᠯᠢ᠎ᠳᠤ ᠲᠣᠭᠲᠠᠭ᠋ᠠᠭᠰᠠᠨ ᠠᠳᠠᠯᠢ ᠪᠤᠰᠤ ᠡᠷᠡᠭᠦᠦ ᠰᠢᠳᠬᠡᠯ᠎ᠤᠨ ᠬᠡᠮᠵᠢᠶᠡᠨ᠎ᠳᠤ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠨᠠᠭ᠋ᠠᠳᠤ ᠵᠠᠬ᠎ᠠ ᠵᠢᠨ ᠲᠣᠭ᠎ᠠ ᠵᠢ ᠲᠣᠭᠲᠠᠭ᠋ᠠᠵᠠᠶ᠃ ᠵᠢᠷᠭᠤᠭ᠎ᠠ᠎ᠳᠤ᠂ ᠠᠭᠤᠴᠢᠯᠠᠨ ᠰᠢᠢ᠍ᠳᠭᠡᠬᠦ ᠪᠠᠷᠢᠮᠵᠢᠶ᠎ᠠ ᠵᠢ ᠲᠣᠳᠣᠷᠬᠠᠶ ᠪᠣᠯᠭ᠋ᠠᠪᠠ᠃ ᠦᠢ᠍ᠯᠡ ᠠᠵᠢᠯᠯᠠᠭ᠋ᠠᠳᠠᠨ ᠮᠥᠩᠬᠦ ᠤᠬᠢᠶᠠᠭᠰᠠᠨ ᠶᠠᠯ᠎ᠠ ᠵᠢᠨ ᠪᠣᠳᠠᠲᠤ ᠶᠠᠪᠤᠳᠠᠯ ᠵᠶ᠋ᠠᠨ ᠦᠨᠡᠨ ᠮᠥᠨ ᠵᠶ᠋ᠠᠷ᠎ᠨᠢ ᠥᠴᠢᠭᠯᠡᠵᠦ᠂ ᠶᠠᠯ᠎ᠠ᠎ᠪᠠᠨ ᠮᠡᠳᠡᠷᠡᠵᠦ ᠶᠠᠯ᠎ᠠ᠎ᠳᠤ᠎ᠪᠠᠨ ᠭᠡᠮᠰᠢᠬᠦ ᠵᠢᠨ ᠬᠠᠮᠲᠤ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢᠴᠢ ᠲᠡᠭᠦᠨ᠎ᠠᠴᠠ ᠪᠤᠢ ᠪᠣᠯᠤᠭᠰᠠᠨ ᠠᠰᠢᠭ ᠣᠯᠵᠠᠪᠤᠷᠢ ᠵᠢ ᠨᠡᠬᠡᠮᠵᠢᠯᠡᠨ ᠲᠤᠰᠢᠶᠠᠯᠭ᠋ᠠᠬᠤ᠎ᠳᠤ ᠢᠳᠡᠪᠬᠢᠲᠡᠶ ᠬᠠᠮᠵᠢᠯᠴᠠᠭᠰᠠᠨ ᠪᠠᠶ᠋ᠢᠪᠠᠯ᠂ ᠬᠦᠨᠭᠭᠡᠨ ᠵᠶ᠋ᠠᠷ ᠰᠢᠢ᠍ᠳᠭᠡᠵᠦ ᠪᠣᠯᠤᠨ᠎ᠠ; ᠶᠠᠯ᠎ᠠ ᠬᠢᠭᠰᠡᠨ ᠤᠢ᠍ᠢ᠍ᠯᠠ ᠪᠠᠶ᠋ᠢᠳᠠᠯ᠎ᠨᠢ ᠬᠦᠩᠭᠡᠠ ᠪᠠᠶ᠋ᠢᠪᠠᠯ ᠬᠠᠤᠯᠢ ᠶᠣᠰᠣᠭ᠋ᠠᠷ ᠤᠢ᠍ᠯᠦ ᠵᠡᠭ᠋ᠠᠯᠳᠦᠬᠤ ᠪᠤᠶᠤ ᠡᠷᠡᠭᠦᠦ ᠵᠢᠨ ᠰᠢᠢ᠍ᠳᠭᠡᠯ᠎ᠠᠴᠠ ᠬᠡᠯᠲᠦᠷᠢᠭᠦᠯᠵᠦ ᠪᠣᠯᠤᠨ᠎ᠠ᠃
      ᠲᠣᠳᠣᠷᠬᠠᠶ᠋ᠢᠯᠠᠬᠤ ᠴᠢᠬᠤᠯᠠᠲᠠᠶ ᠵᠦᠢ᠍ᠯ ᠭᠡᠪᠡᠯ᠂ 《2009 ᠣᠨ᠎ᠤ ᠲᠠᠶ᠋ᠢᠯᠪᠤᠷᠢᠯᠠᠯᠲᠠ》᠎ᠳᠤ 《ᠶᠡᠬᠡ᠎ᠪᠠᠷ ᠮᠥᠩᠬᠦ ᠤᠬᠢᠶᠠᠬᠤ》 ᠡᠭᠦᠳᠡᠨ᠎ᠠᠴᠠ ᠡᠷᠡᠭᠦᠦ ᠵᠢᠨ ᠬᠠᠤᠯᠢ ᠵᠢᠨ ᠵᠠᠭᠤ ᠶᠡᠷᠡᠨ ᠨᠢᠭᠡᠳᠦᠭᠡᠷ ᠵᠦᠢ᠍ᠯ᠂ ᠭᠤᠷᠪᠠᠨ ᠵᠠᠭᠤ ᠠᠷᠪᠠᠨ ᠬᠣᠶᠠᠳᠤᠭ᠋ᠠᠷ ᠵᠦᠢ᠍ᠯ᠂ ᠭᠤᠷᠪᠠᠨ ᠵᠠᠭᠤ ᠳᠥᠴᠢ ᠶᠢᠰᠦᠳᠦᠭᠡᠷ ᠵᠦᠢ᠍ᠯ ᠪᠠ ᠵᠠᠭᠤ ᠬᠣᠷᠢᠳᠤᠭ᠋ᠠᠷ ᠵᠦᠢ᠍ᠯ᠎ᠤᠨ ᠨᠢᠭᠡ᠎ᠳᠠᠬᠢ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠢ ᠲᠣᠳᠣᠷᠬᠠᠶ ᠲᠣᠭᠲᠠᠭ᠋ᠠᠭᠰᠠᠨ ᠪᠠᠶ᠋ᠢᠨ᠎ᠠ᠃

《ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ》 ᠵᠢᠨ 《ᠶᠠᠯᠠᠲᠤ ᠬᠡᠷᠡᠭ᠎ᠤᠨ ᠣᠯᠵᠠᠪᠤᠷᠢ᠂ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠵᠢ ᠨᠢᠭᠤᠨ ᠳᠠᠯᠳᠠᠯᠠᠭᠰᠠᠨ ᠡᠷᠡᠭᠦᠦ ᠵᠢᠨ ᠬᠡᠷᠡᠭ᠎ᠢ ᠰᠢᠭᠦᠨ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠲᠣᠬᠢᠷᠠᠭᠤᠯᠤᠨ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠲᠠᠢ᠍ᠯᠪᠤᠷᠢᠯᠠᠯᠲᠠ》᠎ᠳᠤ ᠵᠠᠰᠠᠪᠤᠷᠢ ᠣᠷᠣᠭᠤᠯᠵᠤ ᠪᠠᠢ᠌ᠭ᠎ᠠ ᠪᠠᠢ᠌ᠳᠠᠯ᠎ᠢ ᠪᠣᠳᠣᠯᠬᠢᠯᠠᠭ᠋ᠠᠳ᠂ ᠬᠣᠶᠠᠷ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠬᠠᠷᠢᠴᠠᠭ᠎ᠠ ᠪᠠ ᠠᠭᠤᠯᠭ᠎ᠠ ᠵᠢ ᠨᠡᠩ ᠰᠠᠶ᠋ᠢᠲᠤᠷ ᠵᠣᠬᠢᠴᠠᠭᠤᠯᠬᠤ ᠵᠢᠨ ᠲᠥᠯᠥᠭᠡ᠂ 《2009 ᠣᠨ᠎ᠤ ᠲᠠᠶ᠋ᠢᠯᠪᠤᠷᠢᠯᠠᠯᠲᠠ》 ᠵᠢᠨ ᠡᠷᠡᠭᠦᠦ ᠵᠢᠨ ᠬᠠᠤᠯᠢ ᠵᠢᠨ ᠵᠠᠭᠤ ᠶᠡᠷᠡᠨ ᠨᠢᠭᠡᠳᠦᠭᠡᠷ ᠵᠦᠢ᠍ᠯ᠂ ᠭᠤᠷᠪᠠᠨ ᠵᠠᠭᠤ ᠠᠷᠪᠠᠨ ᠬᠣᠶᠠᠳᠤᠭ᠋ᠠᠷ ᠵᠦᠢ᠍ᠯ᠎ᠲᠠᠢ ᠬᠣᠯᠪᠣᠭᠳᠠᠬᠤ ᠲᠣᠭᠲᠠᠭ᠋ᠠᠯ᠎ᠢ ᠬᠣᠶᠠᠷ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ᠎ᠳᠤ ᠲᠤᠰ ᠲᠤᠰ ᠰᠢᠩᠭᠡᠭᠡᠨ ᠣᠷᠣᠭᠤᠯᠪᠠ᠂ ᠲᠤᠰ 《ᠲᠠᠶ᠋ᠢᠯᠪᠤᠷᠢᠯᠠᠯᠲᠠ》᠎ᠳᠤ ᠵᠥᠪᠬᠡᠨ ᠵᠠᠭᠤ ᠶᠡᠷᠡᠨ ᠨᠢᠭᠡᠳᠦᠭᠡᠷ ᠵᠦᠢ᠍ᠯ᠎ᠳᠠᠬᠢ ᠮᠥᠩᠬᠦ ᠤᠬᠢᠶᠠᠭᠰᠠᠨ ᠶᠠᠯ᠎ᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠢ ᠲᠣᠭᠲᠠᠭ᠋ᠠᠪᠠ᠃
      ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ
      ᠨᠠᠮ᠎ᠤᠨ ᠲᠥᠪ ᠬᠣᠷᠢᠶ᠎ᠠ᠎ᠠᠴᠠ ᠮᠥᠩᠬᠦ ᠤᠬᠢᠶᠠᠬᠤ ᠵᠢ ᠡᠰᠡᠷᠭᠦᠴᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠥᠪ᠎ᠤᠨ ᠤᠳᠤᠷᠢᠳᠬᠤ ᠨᠥᠬᠥᠳ ᠮᠥᠩᠬᠦ ᠤᠬᠢᠶᠠᠬᠤ ᠵᠢ ᠡᠰᠡᠷᠭᠦᠴᠡᠬᠦ ᠠᠵᠢᠯ᠎ᠤᠨ ᠲᠤᠬᠠᠶ ᠤᠯᠠᠨ ᠤᠳᠠᠭ᠎ᠠ ᠴᠢᠬᠤᠯᠠ ᠴᠣᠬᠣᠯᠠᠪᠤᠷᠢ ᠵᠢᠭ᠋ᠠᠪᠤᠷᠢ ᠥᠭᠭᠦᠭᠰᠡᠨ ᠪᠠᠶ᠋ᠢᠨ᠎ᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ ᠮᠥᠩᠬᠦ ᠤᠬᠢᠶᠠᠬᠤ ᠵᠢ ᠡᠰᠡᠷᠭᠦᠴᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠮᠥᠩᠬᠦ ᠤᠬᠢᠶᠠᠬᠤ ᠵᠢ ᠡᠰᠡᠷᠭᠦᠴᠡᠬᠦ ᠴᠢᠬᠤᠯᠠ ᠶᠡᠬᠡ ᠵᠦᠢ᠍ᠯᠡᠰ᠂ ᠴᠢᠬᠤᠯᠠ ᠶᠡᠬᠡ ᠠᠰᠠᠭᠤᠳᠠᠯ᠂ ᠴᠢᠬᠤᠯᠠ ᠠᠵᠢᠯ᠎ᠢ ᠴᠠᠭ ᠲᠤᠬᠠᠶ᠎ᠳᠤ᠎ᠨᠢ ᠰᠤᠳᠤᠯᠤᠨ ᠪᠠᠶ᠋ᠢᠷᠢᠯᠠᠭᠤᠯᠵᠤ᠂ ᠮᠥᠩᠬᠦ ᠤᠬᠢᠶᠠᠬᠤ ᠵᠢ ᠡᠰᠡᠷᠭᠦᠴᠡᠬᠦ ᠠᠵᠢᠯ᠎ᠢ ᠯᠠᠪᠳᠠᠭᠤᠨ ᠪᠥᠭᠡᠳ ᠪᠦᠲᠦᠮᠵᠢᠲᠡᠶ᠎ᠪᠠᠷ ᠠᠬᠢᠭᠤᠯᠪᠠ᠃ ᠠᠷᠠᠳ᠎ᠤᠨ ᠰᠢᠭᠦᠬᠦ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠵᠣᠭᠰᠣᠯᠲᠠ ᠪᠠ ᠤᠯᠤᠰ ᠲᠦᠷᠦ ᠵᠢᠨ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠭᠦᠨ ᠲᠠᠰᠤᠯᠬᠤ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠤᠨ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠭᠡᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠂ ᠤᠯᠤᠰ᠎ᠤᠨ ᠠᠵᠤ ᠠᠬᠤᠶ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠨᠡᠩ ᠬᠦᠴᠦᠲᠡᠶ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠨ᠎ᠠ᠃
      (ᠨᠢᠭᠡ) ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠭᠡᠨ᠎ᠡ᠃ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠭᠡᠬᠦ ᠬᠠᠤᠯᠢ ᠲᠣᠭᠲᠠᠭ᠋ᠠᠬᠤ ᠵᠣᠷᠢᠭ ᠰᠠᠨᠠᠭ᠎ᠠ ᠵᠢ ᠦᠨᠡᠨ ᠬᠦ᠌ ᠲᠤᠭᠤᠰᠢᠯᠠᠭᠤᠯᠵᠤ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠬᠦᠨᠳᠦ᠎ᠪᠠᠷ ᠴᠢᠩᠭ᠎ᠠ ᠵᠠᠯᠬᠠᠭ᠋ᠠᠨ ᠰᠢᠢ᠍ᠳᠭᠡᠵᠦ᠂ ᠨᠢᠭᠤᠴᠠ ᠵᠣᠭᠣᠰ᠎ᠤᠨ ᠫᠦᠰᠡ᠎ᠳᠤ ᠬᠣᠯᠪᠣᠭᠳᠠᠭᠰᠠᠨ ᠮᠥᠬᠦ ᠤᠬᠢᠶᠠᠭᠰᠠᠨ ᠶᠠᠯᠠᠲᠤ ᠠᠵᠢᠯᠯᠠᠭ᠎ᠠ᠂ ᠬᠡᠶ᠋ᠢᠰᠪᠦᠷᠢ ᠵᠣᠭᠣᠰ᠂ ᠲᠣᠭᠯᠠᠭ᠋ᠠᠮ᠎ᠤᠨ ᠵᠣᠭᠣᠰ᠎ᠢ ᠠᠰᠢᠭᠯᠠᠭᠰᠠᠨ ᠵᠡᠷᠭᠡ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ 《ᠥᠪᠡᠰᠦᠪᠡᠨ ᠮᠥᠩᠬᠦ ᠤᠬᠢᠶᠠᠬᠤ》 ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠭᠡᠨ᠎ᠡ᠃ ᠵᠣᠭᠣᠰ ᠵᠶ᠋ᠠᠷ ᠶᠠᠯᠠᠳᠠᠬᠤ ᠡᠷᠡᠭᠦᠦ ᠵᠢ ᠰᠢᠢ᠍ᠳᠭᠡᠬᠦ ᠪᠠ ᠭᠦᠢ᠍ᠴᠡᠳᠬᠡᠬᠦ ᠡᠷᠴᠢᠮ᠎ᠢ ᠴᠢᠩᠭ᠋ᠠᠷᠠᠭᠤᠯᠵᠤ᠂ ᠮᠥᠩᠬᠦ ᠤᠬᠢᠶᠠᠭᠰᠠᠨ ᠦᠢ᠍ᠯᠡ ᠠᠵᠢᠯᠯᠠᠭ᠋ᠠᠳᠠᠨ᠎ᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ ᠬᠠᠤᠯᠢ ᠶᠣᠰᠣᠭ᠋ᠠᠷ ᠨᠡᠬᠡᠮᠵᠢᠯᠡᠨ ᠲᠤᠰᠢᠶᠠᠯᠭ᠋ᠠᠵᠤ᠂ ᠶᠠᠮᠠᠷᠪᠠ ᠬᠥᠮᠦᠨ᠎ᠢ ᠶᠠᠯᠠᠲᠤ ᠠᠵᠢᠯᠯᠠᠭ᠎ᠠ ᠵᠢᠨ ᠳᠤᠮᠳᠠ᠎ᠠᠴᠠ ᠬᠠᠤᠯᠢ ᠪᠤᠰᠤ᠎ᠪᠠᠷ ᠠᠰᠢᠭ ᠤᠯᠬᠤ ᠦᠭᠡᠢ ᠪᠠᠶ᠋ᠢᠯᠭ᠋ᠠᠨ᠎ᠠ᠃ ᠡᠭᠦᠨ᠎ᠤ ᠵᠡᠷᠭᠡᠴᠡᠭᠡᠪᠡᠷ᠂ ᠠᠭᠤᠴᠢᠯᠠᠬᠤ ᠪᠠ ᠴᠢᠩᠭ᠎ᠠ ᠰᠢᠢ᠍ᠳᠭᠡᠬᠦ ᠵᠢ ᠬᠣᠣᠰᠯᠠᠭᠤᠯᠤᠭᠰᠠᠨ ᠡᠷᠡᠭᠦᠦ ᠵᠢᠨ ᠬᠡᠷᠡᠭ᠎ᠤᠨ ᠲᠦᠷᠦ ᠵᠢᠨ ᠪᠤᠳᠤᠯᠭ᠎ᠠ ᠵᠢ ᠦᠨᠡᠨ ᠬᠦ᠌ ᠲᠤᠭᠤᠰᠢᠯᠠᠭᠤᠯᠵᠤ᠂ ᠪᠠᠶ᠋ᠢᠳᠠᠯ᠎ᠢ ᠢᠯᠭ᠋ᠠᠨ᠂ ᠢᠯᠭ᠋ᠠᠭ᠎ᠠ᠎ᠲᠠᠢ᠎ᠪᠠᠷ ᠬᠠᠨᠳᠤᠵᠤ᠂ ᠬᠠᠮᠤᠭ᠎ᠤᠨ ᠰᠠᠢ᠍ᠢ᠍ᠨ ᠤᠯᠤᠰ ᠲᠦᠷᠦ ᠵᠢᠨ ᠦᠷ᠎ᠡ ᠪᠦᠲᠦᠮᠵᠢ᠂ ᠨᠡᠶ᠋ᠢᠭᠡᠮ᠎ᠤᠨ ᠦᠷ᠎ᠡ ᠪᠦᠲᠦᠮᠵᠢ ᠪᠠ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃
      (ᠬᠣᠶᠠᠷ) ᠬᠠᠤᠯᠢ ᠵᠢ ᠴᠢᠩᠭ᠎ᠠ ᠵᠢᠷᠤᠮᠯᠠᠨ ᠬᠡᠷᠡᠭ ᠰᠢᠢ᠍ᠳᠪᠦᠷᠢᠯᠡᠨ᠎ᠡ᠃ ᠪᠣᠳᠠᠲᠤ ᠬᠡᠷᠡᠭ ᠵᠶ᠋ᠠᠷ ᠦᠨᠳᠦᠰᠦᠯᠡᠯ ᠪᠣᠯᠭ᠋ᠠᠬᠤ᠂ ᠬᠠᠤᠯᠢ ᠴᠠᠭ᠋ᠠᠵᠠ᠎ᠪᠠᠷ ᠪᠠᠷᠢᠮᠵᠢᠶ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠡᠷᠡᠭᠦᠦ ᠵᠢᠨ ᠬᠠᠤᠯᠢ ᠪᠠ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢ ᠴᠢᠩᠭ᠎ᠠ ᠵᠢᠷᠤᠮᠯᠠᠨ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠵᠤ᠂ ᠣᠨᠣᠪᠴᠢᠲᠠᠶ ᠶᠠᠯ᠎ᠠ ᠲᠣᠭᠲᠠᠭ᠋ᠠᠨ ᠰᠢᠢ᠍ᠳᠭᠡᠵᠦ᠂ ᠶᠠᠯ᠎ᠠ ᠬᠠᠷᠢᠭᠤᠴᠠᠯᠭ᠎ᠠ ᠪᠠ ᠡᠷᠡᠭᠦᠦ ᠵᠢᠨ ᠬᠠᠷᠢᠯᠴᠠᠨ ᠵᠣᠬᠢᠴᠠᠯᠳᠤᠬᠤ ᠵᠢ ᠦᠨᠡᠨ ᠬᠦ᠌ ᠪᠠᠲᠤᠯᠠᠪᠠ᠃ ᠬᠡᠷᠡᠴᠢ ᠪᠠᠷᠢᠮᠲᠠ᠎ᠪᠠᠷ ᠲᠠᠰᠤᠯᠤᠨ ᠲᠣᠭᠲᠠᠭ᠋ᠠᠬᠤ ᠵᠠᠷᠴᠢᠮ᠎ᠢ ᠪᠠᠷᠢᠮᠲᠠᠯᠠᠵᠤ᠂ ᠰᠢᠭᠦᠨ ᠲᠠᠰᠤᠯᠬᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠮᠥᠩᠬᠦ ᠤᠬᠢᠶᠠᠭᠰᠠᠨ ᠡᠷᠡᠭᠦᠦ ᠵᠢᠨ ᠬᠡᠷᠡᠭ᠎ᠤᠨ ᠬᠡᠷᠡᠴᠢ ᠪᠠᠷᠢᠮᠲᠠ ᠵᠢ ᠴᠤᠭᠯᠠᠭᠤᠯᠬᠤ᠂ ᠬᠢᠨᠠᠨ ᠪᠠᠶ᠋ᠢᠴᠠᠭ᠋ᠠᠬᠤ ᠪᠠ ᠬᠡᠷᠡᠭᠯᠡᠬᠦ ᠵᠢ ᠴᠢᠩᠭ᠋ᠠᠳᠬᠠᠵᠤ᠂ ᠬᠡᠷᠡᠭ ᠰᠢᠢ᠍ᠳᠪᠦᠷᠢᠯᠡᠬᠦ ᠶᠠᠰᠤ ᠴᠢᠨᠠᠷ᠎ᠢ ᠦᠨᠡᠨ ᠬᠦ᠌ ᠪᠠᠲᠤᠯᠠᠪᠠ᠃ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠵᠢᠨ ᠠᠰᠠᠭᠤᠳᠠᠯ᠎ᠢ ᠰᠤᠳᠤᠯᠬᠤ ᠪᠠ ᠪᠠᠶ᠋ᠢᠴᠠᠭ᠋ᠠᠨ ᠰᠤᠳᠤᠯᠵᠤ ᠳ᠋ᠦᠩᠨᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠪᠤᠶᠤ ᠵᠢᠯᠤᠭᠤᠳᠤᠯᠭ᠎ᠠ ᠵᠢᠨ ᠴᠢᠨᠠᠷᠲᠠᠶ ᠬᠡᠷᠡᠭ᠎ᠤᠨ ᠵᠢᠱ᠌ᠢᠶ᠎ᠡ ᠵᠢ ᠴᠠᠭ᠎ᠲᠤ᠎ᠨᠢ ᠲᠣᠬᠢᠷᠠᠭᠤᠯᠤᠨ ᠨᠡᠶ᠋ᠢᠲᠡᠯᠡᠵᠦ᠂ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠨ᠂ ᠲᠠᠰᠤᠯᠤᠨ ᠲᠣᠭᠲᠠᠭ᠋ᠠᠬᠤ ᠪᠠᠷᠢᠮᠵᠢᠶ᠎ᠠ ᠵᠢ ᠨᠢᠭᠡᠳᠬᠡᠵᠦ᠂ ᠡᠷᠡᠭᠦᠦ ᠵᠢᠨ ᠬᠠᠤᠯᠢ ᠪᠠ ᠬᠠᠤᠯᠢ ᠪᠠᠷᠢᠬᠤ ᠲᠠᠶ᠋ᠢᠯᠪᠤᠷᠢᠯᠠᠯᠲᠠ ᠵᠢᠨ ᠵᠥᠪ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃
      (ᠭᠤᠷᠪᠠ) ᠶᠠᠯᠠᠲᠤ ᠠᠵᠢᠯᠯᠠᠭ᠎ᠠ ᠵᠢ ᠵᠠᠰᠠᠬᠤ ᠠᠵᠢᠯ᠎ᠢ ᠴᠢᠩᠭ᠋ᠠᠳᠬᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠪᠠᠶ᠋ᠢᠴᠠᠭ᠋ᠠᠬᠤ ᠪᠠᠶ᠋ᠢᠭᠤᠯᠭ᠎ᠠ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠮᠥᠩᠬᠦ ᠤᠬᠢᠶᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠲᠡᠭᠦᠨ᠎ᠢ ᠵᠠᠰᠠᠬᠤ ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠵᠢᠯᠴᠠᠭ᠋ᠠᠨ᠎ᠤ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ 《ᠨᠢᠭᠡ ᠬᠡᠷᠡᠭ᠎ᠢ ᠬᠣᠶᠠᠷ ᠪᠠᠶ᠋ᠢᠴᠠᠭ᠋ᠠᠬᠤ》 ᠠᠵᠢᠯ᠎ᠤᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠮᠥᠩᠬᠦ ᠤᠬᠢᠶᠠᠬᠤ ᠶᠠᠯᠠᠲᠤ ᠠᠵᠢᠯᠯᠠᠭ᠎ᠠ ᠵᠢ ᠴᠠᠭ ᠲᠤᠬᠠᠶ᠎ᠳᠤ᠎ᠨᠢ ᠢᠯᠡᠷᠡᠭᠦᠯᠵᠦ᠂ ᠪᠦᠲᠦᠮᠵᠢᠲᠡᠶ᠎ᠪᠠᠷ ᠤᠷᠢᠳᠴᠢᠯᠠᠨ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠨ᠎ᠡ᠃ ᠶᠠᠯᠠᠯᠠᠬᠤ ᠪᠠ ᠵᠠᠰᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠬᠡᠷᠡᠭ ᠰᠢᠢ᠍ᠳᠪᠦᠷᠢᠯᠡᠬᠦ ᠪᠣᠯ ᠳᠠᠷᠤᠶ ᠵᠠᠰᠠᠬᠤ ᠶᠠᠪᠤᠳᠠᠯ ᠮᠥᠨ ᠭᠡᠳᠡᠭ᠎ᠢ ᠪᠣᠳᠠᠲᠠᠶ᠋ᠢᠵᠢᠭᠤᠯᠵᠤ᠂ ᠰᠢᠰᠲ᠋ᠧᠮ᠎ᠲᠠᠢ᠎ᠪᠠᠷ ᠵᠠᠰᠠᠬᠤ᠂ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠲᠦᠯᠬᠢᠨ ᠠᠬᠢᠭᠤᠯᠵᠤ᠂ ᠮᠥᠩᠬᠦ ᠤᠬᠢᠶᠠᠬᠤ ᠵᠢ ᠡᠰᠡᠷᠭᠦᠴᠡᠬᠦ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠶᠡᠬᠡ᠎ᠪᠠᠷ ᠠᠬᠢᠭᠤᠯᠵᠤ᠂ ᠮᠥᠩᠬᠦ ᠤᠬᠢᠶᠠᠬᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠥᠩᠬᠦ ᠤᠬᠢᠶᠠᠬᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠲᠡᠭᠦᠨ᠎ᠢ ᠵᠠᠰᠠᠬᠤ ᠦᠢ᠍ᠯᠡᠳᠦᠯ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠦᠨ᠎ᠡ᠃
      (ᠳᠥᠷᠪᠡ) ᠮᠥᠩᠬᠦ ᠤᠬᠢᠶᠠᠬᠤ ᠵᠢ ᠡᠰᠡᠷᠭᠦᠴᠡᠬᠦ ᠣᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃ ᠬᠠᠤᠯᠢ ᠴᠠᠭ᠋ᠠᠵᠠ ᠵᠢᠨ ᠵᠡᠪᠰᠡᠭ᠎ᠢ ᠭᠦᠢ᠍ᠴᠡᠳ ᠪᠥᠭᠡᠳ ᠰᠠᠶ᠋ᠢᠲᠤᠷ ᠬᠡᠷᠡᠭᠯᠡᠵᠦ᠂ ᠤᠯᠤᠰ ᠠᠯᠤᠰᠯᠠᠭᠰᠠᠨ (ᠬᠢᠯᠢ) ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠤᠯᠤᠰ ᠠᠯᠤᠰᠯᠠᠭᠰᠠᠨ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠠ ᠠᠷᠭ᠎ᠠ ᠮᠠᠶᠢᠭ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠮᠥᠩᠬᠦ ᠤᠬᠢᠶᠠᠬᠤ ᠵᠢ ᠡᠰᠡᠷᠭᠦᠴᠡᠬᠦ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠢᠮ᠎ᠤᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠵᠢᠴᠢ ᠤᠯᠤᠰ ᠠᠯᠤᠰᠯᠠᠭᠰᠠᠨ ᠡᠳ᠋ ᠬᠦᠷᠦᠨᠭᠭᠡ ᠵᠢᠨ ᠰᠢᠯᠵᠢᠯᠲᠡ ᠵᠢ ᠳᠥᠭᠥᠮ ᠳᠥᠲᠡ᠎ᠪᠠᠷ ᠪᠠᠶ᠋ᠢᠴᠠᠭ᠋ᠠᠨ ᠲᠤᠳᠤᠯᠠᠬᠤ ᠰᠠᠢ᠍ᠢ᠍ᠨ ᠰᠠᠶ᠋ᠢᠬᠠᠨ ᠬᠠᠮᠲᠤᠷᠠᠯᠴᠠᠭ᠋ᠠᠨ᠎ᠤ ᠲᠣᠭᠲᠠᠴᠠ ᠵᠢ ᠪᠤᠢ ᠪᠣᠯᠭ᠋ᠠᠵᠤ᠂ ᠤᠯᠤᠰ ᠠᠯᠤᠰᠯᠠᠭᠰᠠᠨ ᠵᠣᠭᠣᠰ ᠤᠬᠢᠶᠠᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠬᠦᠴᠦᠲᠡᠶ ᠵᠠᠯᠬᠠᠭ᠋ᠠᠨ ᠰᠢᠢ᠍ᠳᠭᠡᠨ᠎ᠡ᠃ ᠤᠯᠠᠨ ᠤᠯᠤᠰ᠎ᠤᠨ ᠬᠠᠤᠯᠢ ᠴᠠᠭ᠋ᠠᠵᠠ ᠵᠢᠨ ᠬᠠᠮᠵᠢᠯᠴᠠᠭ᠎ᠠ ᠵᠢ ᠶᠡᠬᠡᠪᠡᠷ ᠴᠢᠩᠭ᠋ᠠᠳᠬᠠᠵᠤ᠂ ᠮᠥᠩᠬᠦ ᠤᠬᠢᠶᠠᠬᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠢᠳᠡᠪᠬᠢᠲᠡᠶ ᠣᠷᠣᠯᠴᠠᠵᠤ᠂ ᠤᠯᠠᠨ ᠤᠯᠤᠰ᠎ᠤᠨ ᠭᠠᠳᠠᠭ᠋ᠠᠳᠤ᠎ᠳᠤ ᠳᠤᠲᠠᠭ᠋ᠠᠭᠰᠠᠨ ᠣᠷᠭᠤᠳᠠᠭᠤᠯ ᠬᠡᠷᠡᠭᠲᠡᠨ᠎ᠢ ᠨᠡᠬᠡᠮᠵᠢᠯᠡᠬᠦ ᠪᠠ ᠪᠤᠵᠠᠷ ᠵᠣᠭᠣᠰ ᠪᠤᠵᠠᠷ ᠡᠳ᠋᠎ᠢ ᠨᠡᠬᠡᠮᠵᠢᠯᠡᠬᠦ ᠠᠵᠢᠯ᠎ᠢ ᠴᠢᠩᠭ᠋ᠠᠳᠬᠠᠵᠤ᠂ ᠮᠠᠨ᠎ᠤ ᠤᠯᠤᠰ᠎ᠤᠨ ᠠᠵᠤ ᠠᠬᠤᠶ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ ᠪᠠ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠨ᠎ᠠ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ