ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠠᠭᠲᠠᠭ᠋ᠠᠮᠵᠢᠲᠠᠶ ᠪᠣᠯᠭᠣᠮᠵᠢᠲᠠᠶ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠨᠠᠷᠢᠨ ᠳᠠᠩᠰᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-12-02

      ᠨᠢᠭᠡ᠂ 《ᠨᠠᠷᠢᠨ ᠳᠠᠩᠰᠠ》 ᠵᠢ ᠲᠤᠭᠤᠷᠪᠢᠬᠤ ᠵᠢᠨ ᠴᠢᠬᠤᠯᠠ ᠴᠢᠨᠠᠷ
      《ᠵᠣᠭᠣᠰ ᠵᠶ᠋ᠠᠷ ᠲᠣᠷᠭ᠋ᠠᠬᠤ ᠵᠢ ᠲᠣᠭᠲᠠᠭ᠋ᠠᠬᠤ ᠪᠠ ᠬᠡᠷᠡᠭᠵᠢᠭᠦᠯᠬᠦ ᠵᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠢᠯᠣᠭᠣᠳᠬᠤ ᠰᠠᠨᠠᠯ》᠎ᠢ ᠭᠦᠨᠵᠡᠭᠡᠶ ᠲᠤᠭᠤᠰᠢᠯᠠᠭᠤᠯᠵᠤ᠂ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠤᠮᠳᠠᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠠᠭᠲᠠᠭ᠋ᠠᠮᠵᠢᠲᠠᠶ ᠪᠣᠯᠭᠣᠮᠵᠢᠲᠠᠶ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠨᠠᠷᠢᠨ ᠳᠠᠩᠰᠠ》 ᠵᠢ ᠲᠣᠭᠲᠠᠭ᠋ᠠᠵᠤ᠂ 《ᠤᠶᠠᠨ ᠴᠢᠨᠠᠷᠲᠠᠶ ᠬᠠᠤᠯᠢ ᠬᠡᠷᠡᠭᠵᠢᠭᠦᠯᠬᠦ》 ᠬᠠᠮᠢᠶ᠎ᠠ ᠪᠥᠬᠥᠶ ᠲᠦᠷᠢᠮ᠎ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ᠎ᠪᠠᠷ ᠵᠣᠷᠢᠯᠭ᠎ᠠ᠎ᠪᠠᠨ ᠪᠣᠯᠭ᠋ᠠᠪᠠ᠃
      ᠬᠣᠶᠠᠷ᠂ 《ᠨᠠᠷᠢᠨ ᠳᠠᠩᠰᠠ》 ᠵᠢᠨ ᠭᠤᠤᠯ ᠠᠭᠤᠯᠭ᠎ᠠ 
      《ᠨᠠᠷᠢᠨ ᠳᠠᠩᠰᠠ》᠎ᠳᠤ 《ᠬᠠᠤᠯᠢ ᠵᠢ ᠵᠥᠷᠢᠴᠡᠭᠰᠡᠨ ᠬᠥᠩᠭᠡᠪᠲᠦᠷ ᠦᠢ᠍ᠯᠡ ᠠᠵᠢᠯᠯᠠᠭ᠎ᠠ ᠵᠢ   ᠦᠯᠦ   ᠰᠢᠢ᠍ᠳᠭᠡᠬᠦ   ᠲᠣᠳᠣᠷᠬᠠᠢ   ᠬᠠᠭᠤᠳᠠᠰᠤ》 (33 ᠵᠦᠢ᠍ᠯ) 《ᠬᠠᠤᠯᠢ ᠵᠢ ᠵᠥᠷᠢᠴᠡᠭᠰᠡᠨ ᠬᠥᠩᠭᠡᠪᠲᠦᠷ ᠦᠢ᠍ᠯᠡ ᠠᠵᠢᠯᠯᠠᠭ᠎ᠠ ᠵᠢ ᠬᠦᠨᠭᠭᠡᠨ ᠰᠢᠢ᠍ᠳᠭᠡᠬᠦ ᠲᠣᠳᠣᠷᠬᠠᠢ ᠬᠠᠭᠤᠳᠠᠰᠤ》 (6 ᠵᠦᠢ᠍ᠯ) ᠪᠠ 《ᠬᠠᠤᠯᠢ ᠵᠢ ᠬᠥᠩᠭᠡᠪᠲᠦᠷ ᠵᠥᠷᠢᠴᠡᠭᠰᠡᠨ᠎ᠢ ᠮᠡᠳᠡᠭᠳᠡᠬᠦ ᠠᠮᠠᠯᠠᠯᠲᠠ ᠵᠢᠨ ᠪᠢᠴᠢᠭ》 (《ᠰᠢᠢ᠍ᠳᠭᠡᠯ ᠦᠯᠦ ᠥᠭᠬᠦ ᠨᠠᠷᠢᠨ ᠳᠠᠩᠰᠠ》᠎ᠲᠠᠢ ᠢᠵᠢ ᠪᠦᠷᠢᠳᠦᠭᠦᠯᠦᠨ ᠬᠡᠷᠡᠭᠯᠡᠨ᠎ᠡ) ᠵᠡᠷᠭᠡ ᠪᠠᠭᠲᠠᠨ᠎ᠠ᠃ 《ᠨᠠᠷᠢᠨ ᠲᠠᠩᠰᠠ》᠎ᠳᠤ ᠬᠠᠤᠯᠢ᠎ᠠᠴᠠ ᠵᠥᠷᠢᠴᠡᠭᠰᠡᠨ ᠵᠦᠢ᠍ᠯᠡᠰ᠎ᠲᠤ ᠬᠣᠯᠪᠣᠭᠳᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠤᠨ ᠲᠠᠯ᠎ᠠ᠎ᠠᠴᠠ ᠦᠵᠡᠪᠡᠯ᠂ 《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》 ᠵᠡᠷᠭᠡ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ 3 ᠵᠦᠢ᠍ᠯ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ 2 ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ 1 ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ 1 ᠵᠦᠢ᠍ᠯ ᠪᠠᠶ᠋ᠢᠨ᠎ᠠ᠃ ᠴᠠᠭᠳᠠᠭ᠋ᠠᠨ᠎ᠤ ᠰᠠᠯᠠᠭ᠎ᠠ ᠮᠥᠴᠢᠷ᠎ᠠᠴᠠ ᠦᠵᠡᠪᠡᠯ᠂ ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ 16 ᠵᠦᠢ᠍ᠯ᠂ ᠰᠦᠯᠵᠢᠶᠡᠨ᠎ᠤ ᠠᠮᠤᠷ ᠲᠦᠪᠰᠢᠨ᠎ᠤ ᠰᠠᠯᠠᠭ᠎ᠠ ᠮᠥᠴᠢᠷ 6 ᠵᠦᠢ᠍ᠯ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 12 ᠵᠦᠢ᠍ᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠰᠠᠯᠠᠭ᠎ᠠ ᠮᠥᠴᠢᠷ 5 ᠵᠦᠢ᠍ᠯ ᠪᠠᠶ᠋ᠢᠨ᠎ᠠ; ᠦᠯᠦ ᠰᠢᠳᠬᠡᠬᠦ᠂ ᠬᠦᠩᠭᠡᠨ ᠵᠶ᠋ᠠᠷ ᠰᠢᠳᠬᠡᠬᠦ ᠬᠠᠤᠯᠢ ᠴᠠᠭ᠋ᠠᠵᠠ ᠵᠢᠨ ᠦᠨᠳᠦᠰᠦᠯᠡᠯ᠎ᠠᠴᠠ ᠦᠵᠡᠪᠡᠯ᠂ ᠴᠥᠮ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠬᠠᠤᠯᠢ》 ᠵᠢᠨ ᠭᠤᠴᠢᠨ ᠬᠣᠶᠠᠳᠤᠭ᠋ᠠᠷ ᠵᠦᠢ᠍ᠯ᠂ ᠭᠤᠴᠢᠨ ᠭᠤᠷᠪᠠᠳᠤᠭ᠋ᠠᠷ ᠵᠦᠢ᠍ᠯ᠎ᠤᠨ ᠦᠯᠦ ᠰᠢᠢ᠍ᠳᠭᠡᠬᠦ᠂ ᠬᠦᠩᠭᠡᠨ ᠵᠶ᠋ᠠᠷ ᠰᠢᠢ᠍ᠳᠭᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠵᠦ ᠪᠠᠶ᠋ᠢᠨ᠎ᠠ᠃ ᠳᠦᠷᠢᠮ᠎ᠤᠨ ᠲᠠᠯ᠎ᠠ᠎ᠪᠠᠷ ᠰᠢᠨ᠎ᠡ ᠵᠢ ᠡᠭᠦᠳᠬᠦ ᠲᠠᠯ᠎ᠠ᠎ᠠᠴᠠ ᠦᠵᠡᠪᠡᠯ᠂ ᠬᠠᠤᠯᠢ ᠵᠢ ᠬᠥᠩᠭᠡᠪᠲᠦᠷ ᠵᠥᠷᠢᠴᠡᠭᠰᠡᠨ ᠠᠵᠢᠯᠯᠠᠭ᠎ᠠ ᠵᠢ ᠮᠡᠳᠡᠭᠳᠡᠬᠦ ᠠᠮᠠᠯᠠᠯᠲᠠ ᠵᠢᠨ ᠳᠦᠷᠢᠮ᠎ᠢ ᠠᠩᠬ᠎ᠠ ᠤᠳᠠᠭ᠎ᠠ ᠬᠡᠷᠡᠭᠵᠢᠭᠦᠯᠵᠦ᠂ ᠰᠢᠢ᠍ᠳᠭᠡᠯ ᠥᠭᠬᠦ ᠦᠭᠡᠶ ᠭᠡᠵᠦ ᠲᠣᠭᠲᠠᠭ᠋ᠠᠭᠰᠠᠨ᠎ᠤ ᠳᠠᠷᠠᠭ᠎ᠠ ᠲᠤᠬᠠᠶ ᠵᠢᠨ ᠬᠥᠮᠦᠨ᠎ᠢ ᠰᠢᠭᠦᠮᠵᠢᠯᠡᠨ ᠰᠤᠷᠭ᠋ᠠᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠬᠠᠤᠯᠢ ᠲᠣᠭᠲᠠᠭ᠋ᠠᠯ᠎ᠢ ᠵᠥᠷᠢᠴᠡᠭᠰᠡᠨ ᠠᠭᠤᠯᠭ᠎ᠠ ᠵᠢ ᠲᠣᠳᠣᠷᠬᠠᠶ ᠮᠡᠳᠡᠭᠳᠡᠬᠦ ᠵᠢᠨ ᠬᠠᠮᠲᠤ ᠴᠡᠭᠴᠡᠯᠡᠨ ᠥᠭᠡᠷᠡᠴᠢᠯᠡᠬᠦ ᠱᠠᠭ᠋ᠠᠷᠳᠠᠯᠭ᠎ᠠ ᠵᠢ ᠲᠣᠳᠣᠷᠬᠠᠶ ᠮᠡᠳᠡᠭᠳᠡᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠬᠠᠤᠯᠢ ᠬᠡᠷᠡᠭᠵᠢᠭᠦᠯᠬᠦ ᠪᠦᠬᠦ ᠶᠠᠪᠤᠴᠠ᠎ᠳᠤ ᠭᠦᠢ᠍ᠴᠡᠳ ᠠᠭᠤᠰᠬᠠᠨ ᠣᠷᠣᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠤᠯᠢ ᠶᠣᠰᠣᠭ᠋ᠠᠷ ᠡᠵᠡᠩᠨᠡᠬᠦ᠂ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠬᠥᠲᠥᠯᠥᠨ ᠵᠢᠯᠣᠭᠣᠳᠪᠠ᠃
      ᠭᠤᠷᠪᠠ᠂ 《ᠲᠣᠳᠣᠷᠬᠠᠢ ᠬᠠᠭᠤᠳᠠᠰᠤ》 ᠵᠢ ᠲᠤᠭᠤᠷᠪᠢᠭᠰᠠᠨ ᠶᠠᠪᠤᠴᠠ 
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ᠂ ᠡᠯ᠎ᠡ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠎ᠤᠨ ᠰᠠᠨᠠᠯ᠎ᠢ ᠥᠷᠭᠡᠨ ᠵᠶ᠋ᠠᠷ ᠬᠤᠷᠢᠶᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠨᠲ᠋ᠧᠷ ᠰᠦᠯᠵᠢᠶᠡᠨ᠎ᠤ ᠠᠯᠪᠠᠨ ᠰᠦᠯᠵᠢᠶ᠎ᠡ ᠵᠢᠨ ᠴᠠᠭᠳᠠᠭ᠎ᠠ ᠠᠷᠠᠳ᠎ᠤᠨ ᠬᠠᠷᠢᠯᠴᠠᠨ ᠬᠥᠳᠡᠯᠦᠯᠴᠡᠬᠦ ᠪᠤᠯᠤᠩ᠎ᠳᠤ 15 ᠠᠵᠢᠯᠯᠠᠬᠤ ᠡᠳᠦᠷ᠎ᠤᠨ ᠠᠯᠪᠠᠨ ᠵᠠᠷ ᠨᠡᠶ᠋ᠢᠲᠡᠯᠡᠵᠦ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠪᠠ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠶᠡᠷᠦᠩᠬᠡᠶ᠋ᠢᠯᠡᠭᠰᠡᠨ ᠪᠥᠭᠡᠳ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠨ ᠶᠠᠷᠢᠯᠴᠠᠵᠤ ᠪᠠᠲᠤᠯᠠᠬᠤ᠎ᠪᠠᠷ ᠳᠠᠮᠵᠢᠭᠤᠯᠤᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ