ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 8 ᠵᠦᠢ᠍ᠯ᠎ᠤᠨ ᠥᠭᠡᠷᠡᠴᠢᠯᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2024-08-13

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ  ᠲᠤᠭᠤᠰᠢᠯᠠᠭᠤᠯᠬᠤ᠂ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠡᠮᠦᠨᠡᠬᠢ ᠬᠤᠭᠤᠴᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢᠨ ᠰᠠᠭᠤᠷᠢᠨ ᠳᠡᠭᠡᠷ᠎ᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 8 ᠵᠦᠢ᠍ᠯ᠎ᠤᠨ ᠥᠭᠡᠷᠡᠴᠢᠯᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠠᠭᠤᠯᠭ᠎ᠠ᠎ᠨᠢ ᠡᠯᠧᠺᠲᠷᠣᠨ ᠦᠨᠡᠮᠯᠡᠯ᠎ᠤᠨ ᠬᠡᠷᠡᠭᠯᠡᠯᠲᠡ᠂ ᠫᠠᠶ᠋ᠢᠰᠠ ᠦᠨᠡᠮᠯᠡᠯ ᠭᠦᠢ᠍ᠴᠡᠳᠬᠡᠬᠦ ᠭᠠᠷ ᠭᠦᠢ᠍ᠴᠡᠳᠬᠡᠯ᠎ᠢ ᠳᠥᠭᠥᠮᠴᠢᠯᠡᠬᠦ᠂ ᠬᠣᠲᠠ ᠵᠢᠨ ᠵᠠᠮ ᠬᠠᠷᠢᠯᠴᠠᠭ᠋ᠠᠨ᠎ᠤ ᠡᠮᠬᠢ ᠵᠢᠷᠤᠮ᠎ᠤᠨ ᠬᠠᠮᠢᠶᠠᠷᠤᠯᠲᠠ ᠵᠢ ᠰᠢᠯᠢᠳᠡᠭᠵᠢᠭᠦᠯᠬᠦ᠂ 《ᠢᠨᠲᠸᠷ ᠰᠦᠯᠵᠢᠶ᠎ᠡ + ᠵᠠᠮ ᠬᠠᠷᠢᠯᠴᠠᠭ᠋ᠠᠨ᠎ᠤ ᠬᠠᠮᠢᠶᠠᠷᠤᠯᠲᠠ》 ᠵᠢᠨ ᠦᠢ᠍ᠯᠡᠴᠢᠯᠡᠭᠡ ᠵᠢᠨ ᠰᠢᠨ᠎ᠡ ᠵᠢ ᠡᠭᠦᠳᠬᠦ ᠵᠡᠷᠭᠡ ᠲᠠᠯ᠎ᠠ ᠵᠢ ᠬᠠᠮᠤᠷᠴᠤ᠂ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠨᠠᠩ ᠲᠥᠬᠥᠮ ᠦᠵᠡᠭᠦᠯᠵᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠬᠡᠷᠡᠭᠯᠡᠭᠡ ᠵᠢ ᠠᠬᠢᠭᠤᠯᠬᠤ᠂ ᠨᠡᠮᠡᠭᠳᠡᠯ᠎ᠢ ᠲᠣᠭᠲᠠᠪᠤᠷᠢᠵᠢᠭᠤᠯᠬᠤ ᠠᠵᠢᠯ᠎ᠤᠨ ᠶᠡᠬᠡ ᠲᠠᠯ᠎ᠠ᠎ᠳᠤ ᠨᠠᠩ ᠰᠠᠶ᠋ᠢᠨ ᠦᠢ᠍ᠯᠡᠴᠢᠯᠡᠨ᠎ᠡ᠃


      ᠠᠷᠭ᠎ᠠ ᠬᠡᠮᠵᠢᠶ᠎ᠡ ᠨᠢᠭᠡ᠂  ᠮᠠᠰᠢᠨᠲᠤ ᠲᠡᠷᠭᠡᠨ᠎ᠤ ᠠᠶᠠᠯᠠᠨ ᠶᠠᠪᠤᠬᠤ ᠦᠨᠡᠮᠯᠡᠯ᠎ᠢ ᠡᠯᠸᠺᠲᠷᠦᠨᠴᠢᠯᠡᠭᠰᠡᠨ
      ᠮᠠᠰᠢᠨᠲᠤ ᠲᠡᠷᠭᠡᠨ᠎ᠤ ᠰᠢᠯᠭ᠋ᠠᠨ ᠪᠠᠶ᠋ᠢᠴᠠᠭ᠋ᠠᠯᠲᠠ ᠵᠢᠨ ᠲᠡᠮᠳᠡᠭ᠂ ᠵᠢᠯᠣᠭᠣᠴᠢ ᠵᠢᠨ ᠦᠨᠡᠮᠯᠡᠯ᠎ᠢ  ᠡᠯᠸᠺᠲᠷᠦᠨᠴᠢᠯᠡᠬᠦ ᠵᠢ ᠪᠦᠬᠦ ᠲᠠᠯ᠎ᠠ᠎ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠮᠠᠰᠢᠨᠲᠤ ᠲᠡᠷᠭᠡᠨ᠎ᠤ ᠠᠶᠠᠯᠠᠨ ᠶᠠᠪᠤᠬᠤ ᠦᠨᠡᠮᠯᠡᠯ᠎ᠢ ᠡᠯᠸᠺᠲᠷᠦᠨᠴᠢᠯᠡᠬᠦ ᠵᠢ ᠣᠯᠠᠨ ᠲᠦᠮᠡᠨ᠎ᠤ ᠠᠵᠤ ᠠᠬᠤᠶ᠋ᠢᠯᠠᠯ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠯᠧᠺᠲᠷᠣᠨ ᠦᠨᠡᠮᠯᠡᠯ᠎ᠢ ᠬᠡᠷᠡᠭᠯᠡᠨ ᠲᠡᠷᠭᠡ ᠬᠥᠰᠬᠡ ᠵᠢ ᠳᠠᠩᠰᠠᠯᠠᠬᠤ᠂ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ᠂ ᠡᠨᠳᠡᠯ᠎ᠢ ᠰᠢᠢ᠍ᠳᠪᠦᠷᠢᠯᠡᠬᠦ ᠵᠡᠷᠭᠡ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠴᠣᠩᠬᠣᠪᠴᠢ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠨᠠᠩ ᠲᠥᠬᠥᠮ ᠦᠵᠡᠭᠦᠯᠬᠦ ᠵᠢᠨ ᠬᠠᠮᠲᠤ᠂ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠦᠨᠡᠮᠯᠡᠯ᠂ ᠳᠠᠭ᠋ᠠᠳᠬᠠᠯ᠎ᠤᠨ ᠲᠥᠯᠥᠪᠦᠷᠢ᠂ ᠲᠡᠷᠭᠡ ᠬᠥᠰᠬᠡ ᠵᠢ ᠪᠠᠷᠢᠴᠠᠭ᠋ᠠᠯᠠᠬᠤ᠂ ᠭᠠᠷ ᠳᠠᠮᠵᠢᠭᠰᠠᠨ ᠲᠡᠷᠭᠡ ᠵᠢ ᠠᠷᠠᠯᠵᠢᠶᠠᠯᠠᠬᠤ ᠵᠡᠷᠭᠡ ᠬᠡᠷᠡᠭᠯᠡᠭᠡᠨ᠎ᠤ ᠲᠠᠯᠠᠪᠤᠷ᠎ᠢ ᠢᠳᠡᠪᠬᠢᠲᠡᠶ᠎ᠪᠠᠷ ᠥᠷᠭᠡᠳᠬᠡᠨ᠂ ᠲᠤᠰᠢᠶᠠᠬᠤ ᠴᠢᠬᠤᠯᠠᠲᠠᠶ ᠴᠠᠭ᠋ᠠᠰᠤᠨ ᠮᠠᠲ᠋ᠧᠷᠢᠶᠠᠯ᠎ᠢ ᠪᠠᠭ᠋ᠠᠰᠬᠠᠵᠤ᠂ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ ᠨᠠᠩ ᠲᠥᠬᠥᠮ ᠦᠵᠡᠭᠦᠯᠪᠡ᠃
      ᠣᠨᠴᠠ ᠰᠠᠨᠠᠭᠤᠯᠤᠮᠵᠢ᠄
     1. ᠡᠯᠧᠺᠲᠷᠣᠨ ᠠᠶᠠᠯᠠᠨ ᠶᠠᠪᠤᠬᠤ ᠦᠨᠡᠮᠯᠡᠯ᠎ᠨᠢ ᠪᠥᠬᠥ ᠤᠯᠤᠰ᠎ᠤᠨ ᠬᠡᠪᠴᠢᠶᠡᠨ᠎ᠳᠤ ᠬᠦᠴᠦᠨ᠎ᠲᠠᠢ᠃
     2. ᠡᠯᠧᠺᠲᠷᠣᠨ ᠠᠶᠠᠯᠠᠨ ᠶᠠᠪᠤᠬᠤ ᠦᠨᠡᠮᠯᠡᠯ᠎ᠢ ᠪᠥᠬᠥ ᠤᠯᠤᠰ᠎ᠲᠤ ᠨᠢᠭᠡᠳᠦᠯᠲᠡᠶ ᠬᠡᠪ ᠵᠠᠭᠪᠤᠷ᠎ᠲᠠᠢ ᠪᠣᠯᠭ᠋ᠠᠵᠤ᠂ 《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP᠎ᠪᠠᠷ ᠨᠢᠭᠡᠳᠦᠯᠲᠡᠶ ᠭᠤᠶᠤᠴᠢᠯᠠᠨ ᠠᠪᠤᠨ᠎ᠠ᠃
     3. ᠴᠠᠭ᠋ᠠᠰᠤᠨ ᠠᠶᠠᠯᠠᠨ ᠶᠠᠪᠤᠬᠤ ᠦᠨᠡᠮᠯᠡᠯ ᠵᠶ᠋ᠠᠨ ᠲᠡᠷᠭᠡᠨ᠎ᠳᠤ᠎ᠪᠠᠨ ᠠᠪᠴᠤ ᠶᠠᠪᠤᠬᠤ ᠬᠡᠷᠡᠭᠲᠡᠶ᠃


      ᠠᠷᠭ᠎ᠠ ᠬᠡᠮᠵᠢᠶ᠎ᠡ ᠬᠣᠶᠠᠷ᠂  ᠮᠣᠲ᠋ᠣᠷ ᠲᠡᠷᠭᠡ ᠵᠢ ᠳᠠᠩᠰᠠᠯᠠᠬᠤ᠎ᠳᠤ 《ᠨᠢᠭᠡ ᠦᠨᠡᠮᠯᠡᠯ ᠵᠶ᠋ᠠᠷ ᠨᠡᠶ᠋ᠢᠳᠡᠮ ᠭᠦᠢ᠍ᠴᠡᠳᠬᠡᠬᠦ》 ᠠᠷᠭ᠎ᠠ ᠵᠢ ᠬᠡᠷᠡᠭᠵᠢᠭᠦᠯᠦᠭᠰᠡᠨ
      ᠮᠣᠲ᠋ᠣᠷ ᠲᠡᠷᠭᠡ ᠳᠠᠩᠰᠠᠯᠠᠬᠤ ᠵᠢ ᠨᠢᠭᠡᠨᠲᠡ ᠬᠡᠷᠡᠭᠵᠢᠭᠦᠯᠦᠭᠰᠡᠨ ᠮᠤᠵᠢ ᠵᠢᠨ ᠳᠣᠲᠣᠷᠠᠬᠢ 《ᠨᠢᠭᠡ ᠦᠨᠡᠮᠯᠡᠯ ᠵᠶ᠋ᠡᠷ ᠨᠡᠶ᠋ᠢᠳᠡᠮ ᠭᠦᠢ᠍ᠴᠡᠳᠬᠡᠬᠦ》 ᠰᠠᠭᠤᠷᠢᠨ ᠳᠡᠭᠡᠷ᠎ᠡ᠂ ᠮᠤᠵᠢ ᠠᠯᠤᠰᠯᠠᠨ ᠣᠨᠳᠣᠤ ᠭᠠᠵᠠᠷ᠎ᠲᠤ ᠮᠣᠲ᠋ᠣᠷ ᠲᠡᠷᠭᠡ ᠳᠠᠩᠰᠠᠯᠠᠭᠤᠯᠬᠤ᠂ ᠰᠢᠯᠵᠢᠭᠦᠯᠦᠨ ᠥᠭᠴᠦ ᠳᠠᠩᠰᠠᠯᠠᠭᠤᠯᠬᠤ᠂ ᠣᠷᠣᠨ ᠰᠠᠭᠤᠴᠠ᠎ᠪᠠᠨ ᠨᠡᠭᠦᠯᠭᠡᠨ ᠣᠷᠣᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠭᠡᠪᠡᠯ᠂ ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠷ ᠵᠶ᠋ᠠᠨ 《ᠨᠢᠭᠡ ᠦᠨᠡᠮᠯᠡᠯ ᠵᠶ᠋ᠡᠷ ᠨᠡᠶ᠋ᠢᠳᠡᠮ ᠭᠦᠢ᠍ᠴᠡᠳᠬᠡᠬᠦ》 ᠬᠡᠷᠡᠭᠲᠡᠶ᠂ ᠲᠦᠷ ᠰᠠᠭᠤᠬᠤ ᠭᠠᠵᠠᠷ᠎ᠤᠨ ᠦᠨᠡᠮᠯᠡᠯ ᠵᠶ᠋ᠠᠨ ᠳᠠᠭᠢᠵᠤ ᠲᠤᠰᠢᠶᠠᠬᠤ ᠴᠢᠬᠤᠯᠠ ᠥᠬᠡᠶ ᠪᠠᠶ᠋ᠢᠵᠤ᠂ ᠣᠯᠠᠨ ᠲᠦᠮᠡᠨ᠎ᠤ ᠣᠨᠳᠣᠤ ᠭᠠᠵᠠᠷ᠎ᠠᠴᠠ ᠮᠠᠰᠢᠨ ᠲᠡᠷᠭᠡ ᠬᠤᠳᠠᠯᠳᠤᠨ ᠠᠪᠬᠤ ᠳᠡᠩᠰᠡᠯᠡᠯᠲᠡ᠎ᠳᠤ ᠲᠥᠬᠥᠮ ᠦᠵᠡᠭᠦᠯᠦᠨ᠎ᠡ᠃ ᠣᠷᠣᠨ ᠨᠤᠲᠤᠭ᠎ᠠᠴᠠ ᠮᠣᠲ᠋ᠣᠷ ᠲᠡᠷᠭᠡ ᠵᠢ ᠲᠤᠰᠠᠭ᠋ᠠᠷ᠎ᠨᠢ ᠬᠠᠮᠢᠶᠠᠷᠬᠤ ᠲᠤᠢ᠍ᠷᠦ ᠵᠢᠨ ᠪᠤᠳᠦᠯᠭ᠎ᠠ ᠵᠢ ᠬᠡᠷᠡᠭᠵᠢᠭᠦᠯᠦᠭᠰᠡᠨ ᠪᠠᠶ᠋ᠢᠪᠠᠯ᠂ ᠲᠤᠬᠠᠶ ᠵᠢᠨ ᠭᠠᠵᠠᠷ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠪᠡ᠃


      ᠠᠷᠭ᠎ᠠ ᠬᠡᠮᠵᠢᠶ᠎ᠡ ᠭᠤᠷᠪᠠ᠂  ᠣᠯᠠᠨ ᠲᠦᠮᠡᠨ᠎ᠤ ᠰᠦᠯᠵᠢᠶᠡᠨ ᠳᠡᠭᠡᠷ᠎ᠡ ᠮᠠᠰᠢᠨ ᠲᠡᠷᠭᠡ ᠵᠢ ᠬᠦᠴᠦᠨ ᠥᠬᠡᠶ ᠪᠣᠯᠭ᠋ᠠᠬᠤ ᠭᠠᠷᠳᠠᠮ ᠭᠦᠢ᠍ᠴᠡᠳᠭᠡᠬᠦ᠎ᠳᠤ ᠲᠥᠬᠥᠮ ᠦᠵᠡᠭᠦᠯᠦᠭᠰᠡᠨ
      ᠮᠠᠰᠢᠨᠲᠤ ᠲᠡᠷᠭᠡᠨ᠎ᠤ ᠥᠮᠴᠢᠯᠡᠭᠴᠢ ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨᠲᠤ ᠲᠡᠷᠭᠡ ᠵᠢ ᠡᠭᠡᠭᠦᠯᠦᠨ ᠬᠤᠷᠢᠶᠠᠬᠤ ᠠᠵᠤ ᠠᠬᠤᠶ᠋ᠢᠯᠠᠯ᠎ᠳᠤ ᠬᠠᠭᠤᠴᠢᠨ ᠲᠡᠷᠭᠡ᠎ᠪᠠᠨ ᠲᠤᠰᠢᠶᠠᠨ ᠬᠤᠳᠠᠯᠳᠤᠪᠠᠯ᠂ ᠬᠦᠴᠦᠨ ᠥᠬᠡᠶ ᠪᠣᠯᠭ᠋ᠠᠬᠤ ᠳᠡᠩᠰᠡᠯᠡᠯᠲᠡ ᠬᠢᠯᠭᠡᠬᠦ᠎ᠪᠠᠷ ᠭᠤᠶᠤᠴᠢᠯᠠᠭᠰᠠᠨ᠎ᠤ ᠳᠠᠷᠠᠭ᠎ᠠ᠂ 《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP᠎ᠪᠠᠷ ᠳᠠᠮᠵᠢᠭᠤᠯᠤᠨ ᠮᠠᠰᠢᠨᠲᠤ ᠲᠡᠷᠭᠡ ᠵᠢ ᠬᠦᠴᠦᠨ ᠥᠬᠡᠶ ᠪᠣᠯᠭ᠋ᠠᠭᠰᠠᠨ ᠭᠡᠷᠡᠴᠢ ᠵᠢᠨ ᠡᠯᠧᠺᠲᠷᠣᠨ ᠬᠡᠪᠯᠡᠯ᠎ᠢ ᠪᠠᠭᠤᠯᠭ᠋ᠠᠵᠤ ᠪᠣᠯᠤᠨ᠎ᠠ᠂ ᠲᠡᠷᠭᠡ ᠬᠥᠰᠬᠡ ᠵᠢᠨ ᠬᠠᠮᠢᠶᠠᠷᠤᠯᠲᠠ ᠵᠢᠨ ᠭᠠᠵᠠᠷ᠎ᠤᠨ ᠴᠣᠩᠬᠣᠪᠴᠢ᠎ᠳᠤ ᠬᠦᠷᠴᠦ ᠬᠦᠴᠦᠨ ᠥᠬᠡᠶ ᠪᠣᠯᠭ᠋ᠠᠭᠰᠠᠨ ᠴᠠᠭ᠋ᠠᠰᠤᠨ ᠭᠡᠷᠡᠴᠢ ᠵᠢ ᠠᠪᠬᠤ ᠴᠢᠬᠤᠯᠠ ᠥᠬᠡᠶ ᠪᠣᠯᠵᠣ᠂ ᠣᠯᠠᠨ ᠲᠦᠮᠡᠨ᠎ᠤ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠥᠷᠢ ᠵᠡᠷᠭᠡ ᠭᠠᠷᠳᠠᠮ ᠭᠦᠢ᠍ᠴᠡᠳᠬᠡᠬᠦ᠎ᠳᠤ ᠲᠥᠬᠥᠮ ᠦᠵᠡᠭᠦᠯᠪᠡ᠃


      ᠠᠷᠭ᠎ᠠ ᠬᠡᠮᠵᠢᠶ᠎ᠡ ᠳᠥᠷᠪᠡ᠂  ᠲᠦᠷᠭᠡᠨ ᠬᠦᠷᠭᠡᠯᠲᠡ᠎ᠪᠠᠷ ᠬᠡᠷ᠎ᠲᠤ᠎ᠨᠢ ᠬᠦᠷᠭᠡᠵᠦ ᠦᠢ᠍ᠯᠡᠴᠢᠯᠡᠭᠦᠯᠬᠦ ᠵᠢ ᠬᠡᠷᠡᠭᠵᠢᠭᠦᠯᠵᠦ ᠣᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ᠎ᠳᠤ ᠲᠥᠬᠥᠮ ᠦᠵᠡᠭᠦᠯᠦᠭᠰᠡᠨ
      ᠴᠠᠭᠳᠠᠭ᠎ᠠ ᠪᠣᠯᠤᠨ ᠠᠵᠤ ᠠᠬᠤᠶ᠋ᠢᠯᠠᠯ᠎ᠤᠨ ᠬᠠᠮᠵᠢᠯᠴᠠᠭ᠎ᠠ ᠵᠢ ᠭᠦᠨᠵᠡᠭᠡᠶ ᠠᠬᠢᠭᠤᠯᠵᠤ᠂ ᠲᠦᠷᠭᠡᠨ ᠬᠦᠷᠭᠡᠯᠲᠡ ᠵᠢᠨ ᠠᠵᠤ ᠠᠬᠤᠶ᠋ᠢᠯᠠᠯ᠎ᠤᠨ ᠬᠡᠷ᠎ᠲᠤ᠎ᠨᠢ ᠬᠦᠷᠴᠦ ᠦᠢ᠍ᠯᠡᠴᠢᠯᠡᠬᠦ ᠳᠠᠪᠠᠭᠤᠯᠢᠭ᠎ᠢ ᠨᠠᠩ ᠰᠠᠶ᠋ᠢᠨ ᠪᠠᠳᠠᠷᠠᠭᠤᠯᠵᠤ᠂ ᠣᠯᠠᠨ ᠲᠦᠮᠡᠨ ᠫᠠᠶ᠋ᠢᠰᠠ ᠦᠨᠡᠮᠯᠡᠯ ᠨᠥᠬᠥᠨ ᠰᠣᠯᠢᠵᠤ ᠠᠪᠬᠤ ᠵᠡᠷᠭᠡ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ᠎ᠪᠠᠨ ᠲᠦᠷᠭᠡᠨ ᠬᠦᠷᠭᠡᠯᠲᠡ ᠵᠢᠨ ᠬᠡᠷ᠎ᠲᠤ᠎ᠨᠢ ᠬᠦᠷᠴᠦ ᠦᠢ᠍ᠯᠡᠴᠢᠯᠡᠬᠦ ᠠᠷᠭ᠎ᠠ ᠮᠠᠶᠢᠭ᠎ᠢ ᠥᠪᠡᠰᠦᠪᠡᠨ ᠰᠣᠩᠭᠣᠵᠤ᠂ ᠲᠦᠷᠭᠡᠨ ᠬᠦᠷᠭᠡᠭᠴᠢ ᠬᠡᠷ᠎ᠲᠤ᠎ᠨᠢ ᠬᠦᠷᠴᠦ ᠭᠤᠶᠤᠴᠢᠯᠠᠯ᠎ᠤᠨ ᠮᠠᠲ᠋ᠧᠷᠢᠶᠠᠯ᠎ᠢ ᠬᠣᠷᠢᠶᠠᠨ ᠠᠪᠴᠤ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠨᠤᠲᠠᠯᠠᠭᠰᠠᠨ᠎ᠤ ᠳᠠᠷᠠᠭ᠎ᠠ ᠮᠠᠰᠢᠨᠲᠤ ᠲᠡᠷᠭᠡᠨ᠎ᠤ ᠫᠠᠶ᠋ᠢᠰᠠ ᠦᠨᠡᠮᠯᠡᠯ᠎ᠢ ᠭᠤᠶᠤᠴᠢᠯᠠᠭᠴᠢ᠎ᠳᠤ ᠲᠦᠷᠭᠡᠨ ᠬᠦᠷᠭᠡᠯᠲᠡ᠎ᠪᠠᠷ ᠬᠦᠷᠭᠡᠵᠦ᠂ ᠣᠯᠠᠨ ᠲᠦᠮᠡᠨ᠎ᠤ ᠬᠡᠷ᠎ᠲᠤ᠎ᠪᠠᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠨᠠᠩ ᠲᠥᠬᠥᠮ ᠦᠵᠡᠭᠦᠯᠪᠡ᠃


      ᠠᠷᠭ᠎ᠠ ᠬᠡᠮᠵᠢᠶ᠎ᠡ ᠲᠠᠪᠤ᠂  ᠵᠢᠯᠣᠭᠣᠴᠢ ᠵᠢᠨ ᠦᠨᠡᠮᠯᠡᠯ᠎ᠢ ᠳᠠᠭᠢᠵᠤ ᠭᠤᠶᠤᠴᠢᠯᠠᠨ ᠠᠪᠬᠤ ᠰᠢᠯᠭ᠋ᠠᠯᠲᠠ ᠵᠢᠨ ᠬᠢᠴᠢᠶᠡᠯ ᠲᠥᠷᠥᠯ᠎ᠢ ᠰᠢᠯᠢᠳᠡᠭᠵᠢᠭᠦᠯᠦᠭᠰᠡᠨ
      ᠬᠤᠭᠤᠴᠠᠭ᠎ᠠ᠎ᠨᠢ ᠭᠤᠷᠪᠠᠨ ᠵᠢᠯ ᠥᠩᠭᠡᠷᠡᠭᠡᠳ ᠦᠨᠡᠮᠯᠡᠯ ᠵᠶ᠋ᠠᠨ ᠰᠣᠯᠢᠭᠰᠠᠨ ᠥᠬᠡᠶ᠎ᠪᠠᠷ ᠬᠦᠴᠦᠨ ᠥᠬᠡᠶ ᠪᠣᠯᠤᠭᠰᠠᠨ᠂ ᠵᠢᠵᠢᠭ ᠬᠡᠯᠪᠡᠷᠢ ᠵᠢᠨ ᠮᠠᠰᠢᠨ ᠲᠡᠷᠭᠡ (C ᠲᠥᠷᠥᠯ) ᠵᠢᠨ ᠵᠢᠯᠣᠭᠣᠳᠬᠤ ᠵᠢ ᠵᠥᠪᠰᠢᠶᠡᠷᠡᠬᠦ ᠵᠢᠯᠣᠭᠣᠴᠢ ᠵᠢᠨ ᠦᠨᠡᠮᠯᠡᠯ᠎ᠢ ᠰᠢᠨ᠎ᠡ᠎ᠪᠠᠷ ᠭᠤᠶᠤᠴᠢᠯᠠᠨ ᠠᠪᠬᠤ ᠭᠡᠪᠡᠯ᠂ ᠵᠠᠮ᠎ᠤᠨ ᠵᠢᠯᠣᠭᠣᠴᠢ ᠵᠢᠨ ᠮᠡᠷᠭᠡᠵᠢᠯ ᠴᠢᠳᠠᠪᠤᠷᠢ ᠵᠢᠨ ᠰᠢᠯᠭ᠋ᠠᠯᠲᠠ ᠪᠠ ᠠᠮᠤᠷ ᠲᠦᠪᠰᠢᠨ ᠪᠣᠯᠪᠠᠰᠤᠨ᠎ᠤ ᠶᠡᠷᠦ ᠵᠢᠨ ᠮᠡᠳᠡᠯᠭᠡ ᠵᠢᠨ ᠬᠢᠴᠢᠶᠡᠯ ᠲᠥᠷᠥᠯ ᠨᠢᠭᠡ᠂ ᠬᠣᠶᠠᠷ᠂ ᠭᠤᠷᠪᠠ ᠵᠢ ᠰᠢᠯᠭ᠋ᠠᠬᠤ᠎ᠠᠴᠠ ᠵᠠᠮ᠎ᠤᠨ ᠵᠢᠯᠣᠭᠣᠴᠢ ᠵᠢᠨ ᠮᠡᠷᠭᠡᠵᠢᠯ ᠴᠢᠳᠠᠪᠤᠷᠢ ᠵᠢᠨ ᠬᠢᠴᠢᠶᠡᠯ ᠲᠥᠷᠥᠯ ᠨᠢᠭᠡ᠂ ᠭᠤᠷᠪᠠ ᠵᠢ ᠰᠢᠯᠭ᠋ᠠᠬᠤ ᠪᠣᠯᠭ᠋ᠠᠨ ᠥᠭᠡᠷᠡᠴᠢᠯᠡᠪᠡ᠃


      ᠠᠷᠭ᠎ᠠ ᠬᠡᠮᠵᠢᠶ᠎ᠡ ᠵᠢᠷᠭᠤᠭ᠎ᠠ᠂  ᠬᠣᠲᠠ ᠵᠢᠨ ᠵᠠᠮ᠎ᠤᠨ ᠠᠭᠤᠯᠵᠠᠷ᠎ᠤᠨ ᠮᠠᠰᠢᠨᠲᠤ ᠪᠤᠰᠤ ᠲᠡᠷᠭᠡᠨ᠎ᠤ ᠵᠠᠮ ᠬᠠᠷᠢᠯᠴᠠᠭ᠋ᠠᠨ᠎ᠤ ᠵᠣᠬᠢᠶᠠᠨ ᠪᠠᠢ᠌ᠭᠤᠯᠬᠤ ᠵᠢ ᠰᠢᠯᠢᠳᠡᠭᠵᠢᠭᠦᠯᠦᠭᠰᠡᠨ
      ᠬᠤᠳᠠ ᠵᠢᠨ ᠵᠠᠮ᠎ᠤᠨ ᠠᠭᠤᠯᠵᠠᠷ᠎ᠲᠤ ᠤᠳᠠᠭ᠋ᠠᠨ ᠶᠠᠪᠤᠬᠤ ᠵᠢ ᠨᠢᠭᠡ ᠴᠤᠭᠴᠠᠵᠢᠭᠤᠯᠤᠨ ᠵᠢᠷᠤᠵᠤ ᠲᠥᠯᠥᠪᠯᠡᠬᠦ ᠵᠢ ᠳᠡᠯᠭᠡᠷᠡᠭᠦᠯᠵᠦ᠂ ᠮᠠᠰᠢᠨᠲᠤ ᠪᠤᠰᠤ ᠲᠡᠷᠭᠡ ᠵᠢᠨ ᠬᠦᠯᠢᠶᠡᠬᠦ ᠣᠷᠣᠨ ᠵᠠᠶ ᠵᠢ ᠥᠷᠭᠡᠳᠬᠡᠨ᠂ ᠮᠠᠰᠢᠨᠲᠤ ᠲᠡᠷᠭᠡ ᠪᠠ ᠮᠠᠰᠢᠨᠲᠤ ᠪᠤᠰᠤ ᠲᠡᠷᠭᠡ ᠵᠢᠨ ᠲᠤᠰᠠᠭ᠋ᠠᠷᠯᠠᠬᠤ ᠲᠥᠬᠥᠭᠡᠷᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠮᠠᠰᠢᠨᠲᠤ ᠪᠤᠰᠤ ᠲᠡᠷᠭᠡ ᠵᠢᠨ ᠡᠮᠬᠢ ᠵᠢᠷᠤᠮ᠎ᠲᠠᠢ᠎ᠪᠠᠷ ᠬᠦᠯᠢᠶᠡᠬᠦ᠂ ᠰᠠᠭ᠋ᠠᠳ ᠦᠭᠡᠶ ᠨᠡᠪᠳᠡᠷᠡᠬᠦ ᠵᠢ ᠬᠥᠲᠥᠯᠥᠨ ᠵᠢᠯᠣᠭᠣᠳᠴᠤ᠂ ᠵᠠᠮ ᠨᠡᠪᠲᠡᠷᠡᠯᠭᠡ ᠵᠢᠨ ᠬᠠᠷᠰᠢᠯᠠᠯ᠎ᠢ ᠪᠠᠭ᠋ᠠᠰᠬᠠᠪᠠ᠃
      ᠨᠥᠬᠥᠴᠡᠯ ᠪᠦᠷᠢᠳᠦᠭᠰᠡᠨ ᠵᠠᠮ᠎ᠤᠨ ᠠᠭᠤᠯᠵᠠᠷ᠎ᠲᠤ ᠮᠠᠰᠢᠨᠲᠤ ᠪᠤᠰᠤ ᠲᠡᠷᠭᠡ ᠵᠢᠨ ᠵᠡᠭᠦᠨᠰᠢ ᠡᠷᠭᠢᠬᠦ᠎ᠳᠤ ᠨᠢᠭᠡ ᠤᠳᠠᠭ᠎ᠠ᠎ᠳᠤ ᠵᠡᠭᠡᠯᠢ ᠥᠩᠭᠡᠷᠡᠬᠦ ᠠᠷᠭ᠎ᠠ ᠬᠡᠮᠵᠢᠶ᠎ᠡ ᠵᠢ ᠳᠡᠯᠭᠡᠷᠡᠭᠦᠯᠵᠦ᠂ ᠮᠠᠰᠢᠨᠲᠤ ᠪᠤᠰᠤ ᠲᠡᠷᠭᠡ ᠵᠢᠨ ᠠᠮᠤᠷ ᠲᠦᠪᠰᠢᠨ ᠵᠶ᠋ᠠᠷ ᠲᠦᠷᠭᠡᠨ ᠥᠩᠭᠡᠷᠡᠬᠦ᠎ᠳᠤ ᠲᠦᠬᠦᠮ ᠦᠵᠡᠭᠦᠯᠦᠨ᠎ᠡ᠃
      ᠵᠢᠱ᠌ᠢᠶᠡᠯᠡᠪᠡᠯ᠄ ᠬᠣᠲᠠ ᠵᠢᠨ ᠵᠠᠮ᠎ᠤᠨ ᠠᠭᠤᠯᠵᠠᠷ᠎ᠲᠤ ᠤᠳᠠᠭ᠋ᠠᠨ ᠶᠠᠪᠤᠬᠤ ᠵᠢ ᠨᠢᠭᠡ ᠴᠤᠭᠴᠠᠵᠢᠭᠤᠯᠤᠭᠰᠠᠨ ᠵᠢᠷᠤᠭ ᠲᠥᠯᠥᠪᠯᠡᠭᠡ ᠵᠢ ᠳᠡᠯᠭᠡᠷᠡᠭᠦᠯᠬᠦ ᠂ ᠮᠠᠰᠢᠨᠲᠤ ᠪᠤᠰᠤ ᠲᠡᠷᠭᠡ ᠵᠢᠨ ᠵᠡᠭᠦᠨᠰᠢ ᠡᠷᠭᠢᠬᠦ᠎ᠳᠤ ᠨᠢᠭᠡ ᠤᠳᠠᠭ᠎ᠠ᠎ᠳᠤ ᠵᠡᠭᠡᠯᠢ ᠥᠩᠭᠡᠷᠡᠬᠦ ᠵᠢ ᠳᠡᠯᠭᠡᠷᠡᠭᠦᠯᠬᠦ


      ᠠᠷᠭ᠎ᠠ ᠬᠡᠮᠵᠢᠶ᠎ᠡ ᠳᠣᠯᠣᠭ᠎ᠠ᠂  ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠨᠠᠷᠢᠯᠢᠭ ᠣᠨᠣᠴᠠᠲᠠᠶ᠎ᠪᠠᠷ ᠬᠥᠲᠥᠯᠦᠨ ᠵᠢᠯᠣᠭᠣᠳᠬᠤ ᠦᠢ᠍ᠯᠡᠴᠢᠯᠡᠭᠡ ᠵᠢ ᠬᠡᠷᠡᠭᠵᠢᠭᠦᠯᠦᠭᠰᠡᠨ
     《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP᠎ᠳᠤ ᠲᠦᠰᠢᠭᠯᠡᠨ ᠲᠤᠬᠠᠶ᠋ᠢᠯᠠᠭᠰᠠᠨ ᠠᠵᠢᠯ᠎ᠤᠨ ᠮᠡᠳᠡᠭᠳᠡᠬᠦ ᠪᠠ ᠬᠥᠲᠥᠯᠦᠨ ᠵᠢᠯᠣᠭᠣᠳᠬᠤ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ 《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP᠎ᠳᠤ ᠭᠠᠷᠴᠤ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ ᠦᠶ᠎ᠡ᠎ᠳᠤ᠂ ᠮᠠᠰᠢᠨ ᠲᠡᠷᠭᠡᠨ᠎ᠤ ᠪᠠᠶ᠋ᠢᠴᠠᠭ᠋ᠠᠯᠲᠠ᠂ ᠦᠨᠡᠮᠯᠡᠯ ᠵᠶ᠋ᠠᠨ ᠰᠣᠯᠢᠵᠤ ᠭᠦᠢ᠍ᠴᠡᠳᠬᠡᠬᠦ᠎ᠪᠠᠷ ᠬᠦᠯᠢᠶᠡᠵᠦ ᠪᠠᠶ᠋ᠢᠭ᠎ᠠ ᠲᠤᠬᠠᠶ᠋ᠢᠯᠠᠭᠰᠠᠨ ᠠᠵᠢᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠰᠠᠨᠠᠭᠤᠯᠵᠤ᠂ ᠲᠤᠬᠠᠶ᠋ᠢᠯᠠᠭᠰᠠᠨ ᠠᠵᠢᠯ᠎ᠤᠨ ᠭᠦᠢ᠍ᠴᠡᠳᠬᠡᠬᠦ ᠲᠣᠤᠷ ᠴᠡᠭ᠂ ᠴᠤᠪᠤᠷᠠᠯ᠂ ᠮᠠᠲ᠋ᠧᠷᠢᠶᠠᠯ ᠵᠡᠷᠭᠡ ᠠᠵᠢᠯ ᠭᠦᠢ᠍ᠴᠡᠳᠬᠡᠬᠦ ᠵᠦᠭᠯᠡᠭᠦᠷ᠎ᠢ ᠨᠠᠷᠢᠯᠢᠭ ᠣᠨᠣᠴᠠᠲᠠᠶ᠎ᠪᠠᠷ ᠮᠡᠳᠡᠭᠳᠡᠨ᠂ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠪᠠ ᠰᠦᠯᠵᠢᠶᠡᠨ ᠭᠠᠳᠠᠨᠠᠬᠢ ᠬᠥᠲᠥᠯᠦᠨ ᠵᠢᠯᠣᠭᠣᠳᠬᠤ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ 《ᠨᠢᠭᠡ ᠤᠳᠠᠭ᠎ᠠ ᠣᠷᠣᠪᠠᠯ᠂ ᠪᠥᠬᠥ ᠭᠦᠢ᠍ᠴᠡᠳᠬᠡᠬᠦ ᠵᠦᠢ᠍ᠯ᠎ᠢ ᠰᠠᠨᠠᠭᠤᠯᠬᠤ᠂ ᠨᠢᠭᠡ ᠵᠦᠢ᠍ᠯ᠎ᠢ ᠭᠦᠢ᠍ᠴᠡᠳᠬᠡᠪᠡᠯ᠂ ᠪᠥᠬᠥ ᠶᠠᠪᠤᠴᠠ᠎ᠪᠠᠷ ᠬᠥᠲᠥᠯᠦᠨ ᠵᠢᠯᠣᠭᠣᠳᠬᠤ》 ᠵᠢ ᠪᠡᠶᠡᠯᠡᠭᠦᠯᠪᠡ᠃


      ᠠᠷᠭ᠎ᠠ ᠬᠡᠮᠵᠢᠶ᠎ᠡ ᠨᠠᠢ᠍ᠮᠠ᠂  《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP ᠪᠠᠢ᠌ᠭᠤᠯᠭ᠎ᠠ ᠨᠢᠭᠡᠴᠢ ᠵᠢᠨ ᠬᠡᠷᠡᠭᠯᠡᠭᠴᠢ ᠵᠢᠨ ᠬᠡᠪᠯᠡᠯ᠎ᠢ ᠨᠡᠢ᠌ᠳᠡᠯᠡᠭᠰᠡᠨ
      ᠪᠠᠢ᠌ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠬᠠᠷᠢᠶ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠨ ᠨᠣᠮᠧᠷ ᠨᠡᠭᠡᠭᠡᠭᠰᠡᠨ᠎ᠤ ᠳᠠᠷᠠᠭ᠎ᠠ᠂ 《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP᠎ᠪᠠᠷ ᠳᠠᠮᠵᠢᠭᠤᠯᠤᠨ ᠲᠤᠰ ᠨᠢᠭᠡᠴᠢ ᠵᠢᠨ ᠵᠶ᠋ᠠᠨ ᠨᠡᠷ᠎ᠡ ᠳᠣᠣᠷᠠᠬᠢ ᠲᠡᠷᠭᠡ ᠵᠢᠴᠢ ᠲᠡᠷᠭᠡᠨ᠎ᠤ ᠳᠠᠩᠰᠠᠯᠠᠭᠤᠯᠤᠭᠰᠠᠨ ᠵᠢᠯᠣᠭᠣᠴᠢ ᠵᠢᠨ ᠮᠡᠳᠡᠭᠡ ᠵᠠᠩᠭᠢ ᠵᠢ ᠬᠠᠮᠢᠶᠠᠷᠴᠤ ᠪᠣᠯᠤᠨ᠎ᠠ᠃ ᠲᠡᠷᠭᠡ ᠬᠥᠰᠬᠡ ᠵᠢᠨ ᠪᠠᠶ᠋ᠢᠳᠠᠯ᠂ ᠵᠠᠮ ᠬᠠᠷᠢᠯᠴᠠᠭ᠋ᠠᠨ᠎ᠤ ᠬᠠᠤᠯᠢ ᠵᠥᠷᠢᠴᠡᠭᠰᠡᠨ ᠲᠡᠮᠳᠡᠭᠯᠡᠯ ᠵᠡᠷᠭᠡ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ᠂ ᠲᠡᠷᠭᠡ ᠬᠥᠰᠬᠡ ᠵᠢᠨ ᠨᠣᠮᠧᠷ ᠰᠣᠩᠭᠣᠬᠤ᠂ ᠫᠠᠶ᠋ᠢᠰᠠ ᠦᠨᠡᠮᠯᠡᠯ ᠨᠥᠬᠥᠵᠦ ᠰᠣᠯᠢᠬᠤ᠂ ᠲᠡᠷᠭᠡ ᠬᠥᠰᠬᠡ ᠵᠢᠨ ᠥᠯᠥ ᠪᠠᠶ᠋ᠢᠴᠠᠭ᠋ᠠᠬᠤ ᠲᠡᠮᠳᠡᠭ ᠭᠤᠶᠤᠴᠢᠯᠠᠨ ᠠᠪᠬᠤ᠂ ᠬᠠᠷᠢᠯᠴᠠᠬᠤ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢ᠍ᠴᠡᠳᠬᠡᠵᠦ᠂ ᠫᠠᠶ᠋ᠢᠰᠠ ᠦᠨᠡᠮᠯᠡᠯ ᠭᠦᠢ᠍ᠴᠡᠳᠬᠡᠬᠦ᠂ ᠦᠨᠡᠮᠯᠡᠯ ᠨᠣᠮᠧᠷ ᠵᠶ᠋ᠠᠨ ᠦᠵᠡᠭᠦᠯᠬᠦ᠂ ᠠᠵᠢᠯ ᠶᠠᠪᠤᠳᠠᠯ ᠭᠦᠢ᠍ᠴᠡᠳᠬᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠪᠡ᠃


     8 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ 2024 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ᠎ᠳᠤ᠂ ᠠᠶᠠᠯᠠᠨ ᠶᠠᠪᠤᠬᠤ ᠦᠨᠡᠮᠯᠡᠯ᠎ᠢ ᠡᠯᠸᠺᠲᠷᠦᠨᠴᠢᠯᠡᠬᠦ᠂ ᠲᠦᠷᠭᠡᠨ ᠬᠦᠷᠭᠡᠯᠲᠡ᠎ᠪᠠᠷ ᠬᠡᠷ᠎ᠲᠤ᠎ᠨᠢ ᠬᠦᠷᠭᠡᠬᠦ ᠦᠢ᠍ᠯᠡᠴᠢᠯᠡᠭᠡ ᠵᠢ 7 ᠰᠠᠷ᠎ᠠ ᠵᠢᠨ 1᠎ᠤ ᠡᠳᠦᠷ᠎ᠠᠴᠠ ᠡᠬᠢᠯᠡᠨ ᠲᠤᠷᠰᠢᠨ ᠬᠡᠷᠡᠭᠵᠢᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ